《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠭᠰᠠᠨ ᠪᠣᠳᠠᠲᠤ ᠲᠡᠮᠳᠡᠭ᠌ᠯᠡᠯ》 ᠤ᠋ᠨ ᠨᠢᠭᠡᠳᠦᠭᠡᠷ ᠪᠤᠳᠢ᠎ᠶ᠋ᠢᠨ ᠬᠢᠲᠠᠳ ᠠᠨᠭ᠌ᠭ᠌ᠯᠢ ᠬᠡᠯᠡᠨ᠎ᠦ ᠬᠡᠪᠯᠡᠯ᠎ᠢ ᠬᠡᠪᠯᠡᠨ ᠲᠠᠷᠬᠠᠭᠠᠪᠠ
2026-02-26 09:38:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠴᠢᠮᠡᠭᠡᠯᠡᠯ᠎ᠦᠨ ᠬᠣᠷᠢᠶ᠎ᠠ᠎ᠶ᠋ᠢᠨ ᠨᠠᠢᠷᠠᠭᠤᠯᠤᠨ ᠪᠢᠴᠢᠭ᠌ᠰᠡᠨ 《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠭᠰᠠᠨ ᠪᠣᠳᠠᠲᠤ ᠲᠡᠮᠳᠡᠭ᠌ᠯᠡᠯ》 ᠤ᠋ᠨ ᠨᠢᠭᠡᠳᠦᠭᠡᠷ ᠪᠣᠲᠢ᠎ᠶ᠋ᠢ ᠣᠢᠷ᠎ᠠ᠎ᠳᠤ ᠱᠢᠨᠬᠤᠸᠠ ᠬᠡᠪᠯᠡᠯ᠎ᠦᠨ ᠬᠣᠷᠢᠶ᠎ᠠ ᠡᠴᠡ ᠬᠢᠲᠠᠳ ᠠᠨᠭ᠌ᠭ᠌ᠯᠢ ᠬᠡᠯᠡ᠎ᠪᠡᠷ ᠬᠡᠪᠯᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠳᠤ ᠲᠠᠷᠬᠠᠭᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠠᠭᠤᠤ ᠶᠡᠬᠡ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠯᠤᠲᠤ ᠶᠡᠬᠡ ᠤᠯᠤᠰ ᠲᠦᠷᠦ᠍᠎ᠶ᠋ᠢᠨ ᠰᠥᠰᠥ᠍ ᠵᠣᠷᠢᠭ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶ᠋ᠢ ᠠᠬᠢᠭᠤᠯᠪᠠ᠃ ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠦᠢᠯᠡᠳᠦᠯᠭᠡ ᠳᠤᠮᠳᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠤᠢ ᠪᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠱᠢᠨᠵᠢᠯᠡᠬᠦ᠌ ᠤᠬᠠᠭᠠᠨᠴᠢ ᠠᠵᠢᠯᠯᠠᠭᠠᠨ᠎ᠤ ᠵᠦᠭ᠌ᠯᠡᠭᠦᠷ ᠬᠠᠩᠭᠠᠪᠠ᠃

ᠡᠨᠡ ᠬᠦ᠌ ᠠᠬᠢᠴᠠ᠎ᠳᠤ᠂ ᠱᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠶᠡᠷᠦᠩᠬᠡᠢ ᠱᠦᠵᠢ ᠰᠢ ᠵᠢᠨ ᠫᠢᠩ᠎ᠦᠨ ᠲᠦᠷᠦ᠍᠎ᠶ᠋ᠢ ᠵᠠᠰᠠᠭᠰᠠᠨ ᠭᠦᠨ ᠭᠦᠨᠵᠡᠭᠡᠢ ᠦᠵᠡᠯ ᠰᠠᠨᠠᠭ᠎ᠠ᠂ ᠠᠤᠭ᠎ᠠ ᠦᠢᠯᠡᠳᠦᠯᠭᠡ᠂ ᠭᠦᠨ ᠵᠤᠵᠠᠭᠠᠨ ᠬᠠᠢᠷ᠎ᠠ ᠰᠡᠳᠭᠢᠯᠭᠡ᠂ ᠭᠢᠯᠠᠯᠵᠠᠮ᠎ᠠ ᠠᠮᠵᠢᠯᠳᠠ᠎ᠶ᠋ᠢ ᠲᠤᠰᠭᠠᠭ᠍ᠰᠠᠨ ᠦᠯᠡᠮᠵᠢ ᠤᠯᠠᠨ ᠰᠣᠨᠢᠨ ᠮᠡᠳᠡᠭᠡᠨ᠎ᠦ ᠪᠣᠳᠠᠲᠤ ᠲᠡᠮᠳᠡᠭ᠌ᠯᠡᠯ᠎ᠢ ᠰᠤᠷᠪᠤᠯᠵᠢᠯᠠᠨ ᠪᠢᠴᠢᠪᠡ᠃ 《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠭᠰᠠᠨ ᠪᠣᠳᠠᠲᠤ ᠲᠡᠮᠳᠡᠭ᠌ᠯᠡᠯ》 ᠤ᠋ᠨ ᠨᠢᠭᠡᠳᠦᠭᠡᠷ ᠪᠤᠳᠢ᠎ᠳᠤ ᠱᠢᠨᠬᠤᠸᠠ ᠬᠤᠷᠢᠶ᠎ᠠ᠎ᠶᠢᠨ 26 ᠤᠷᠳᠤ ᠴᠢᠮᠡᠭᠡᠯᠡᠯ ᠵᠢᠴᠢ ᠶᠡᠷᠦᠩᠬᠡᠢ ᠱᠦᠵᠢ ᠰᠢ ᠵᠢᠨ ᠫᠢᠩ᠎ᠦᠨ ᠰᠣᠨᠢᠨ ᠮᠡᠳᠡᠭᠡᠨ᠎ᠦ 41 ᠵᠢᠷᠤᠭ᠎ᠢ ᠣᠷᠣᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ ᠳᠤᠮᠳᠠᠳᠤ ᠤᠯᠤᠰ᠎ᠤᠨ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠬᠤ ᠠᠶᠠᠯᠠᠯ᠎ᠢ ᠵᠢᠯᠤᠭᠤᠳᠤᠭᠰᠠᠨ ᠶᠡᠷᠦ᠍ ᠪᠤᠰᠤ ᠎ᠶ᠋ᠢᠨ ᠲᠡᠦᠬᠡᠨ ᠶᠠᠪᠤᠴᠠ ᠎ᠶ᠋ᠢ  ᠵᠢᠷᠤᠭ᠍ᠯᠠᠵᠤ ᠂  ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠦᠨᠡᠨ ᠶᠣᠰᠣᠨ᠎ᠤ ᠬᠦᠴᠦᠨ ᠪᠣᠯᠤᠨ ᠦᠢᠯᠡᠳᠦᠯᠭᠡ᠎ᠶ᠋ᠢᠨ ᠠᠤᠭ᠎ᠠ ᠬᠦᠴᠦᠨ᠎ᠢ ᠠᠮᠢᠳᠤᠯᠢᠭ᠎ᠢᠶᠠᠷ ᠢᠯᠡᠷᠡᠭᠦᠯᠪᠡ᠃

ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠤᠳᠤᠯᠤᠨ ᠶᠠᠷᠢᠯᠴᠠᠬᠤ ᠬᠤᠷᠠᠯ ᠵᠢᠴᠢ 《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠭᠰᠠᠨ ᠪᠣᠳᠠᠲᠤ ᠲᠡᠮᠳᠡᠭ᠌ᠯᠡᠯ》 ᠤ᠋ᠨ ᠨᠢᠭᠡᠳᠦᠭᠡᠷ ᠪᠤᠳᠢ᠎ᠶ᠋ᠢᠨ ᠠᠨᠭ᠌ᠭ᠌ᠯᠢ ᠬᠡᠯᠡᠨ᠎ᠦ ᠬᠡᠪᠯᠡᠯ᠎ᠢ ᠨᠡᠢᠲᠡᠯᠡᠬᠦ᠌ ᠬᠤᠷᠠᠯ 24 ᠤ᠋ ᠡᠳᠦᠷ ᠰᠸᠢᠰ᠎ᠦᠨ ᠵᠧᠨᠧᠸᠠ᠎ᠳᠤ ᠶᠠᠪᠤᠭ᠍ᠳᠠᠪᠠ᠃ ᠬᠤᠷᠠᠯ᠎ᠳᠤ ᠣᠷᠣᠯᠴᠠᠭ᠍ᠰᠠᠨ ᠬᠦᠨᠳᠦᠲᠦ ᠵᠣᠴᠢᠳ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠰᠠᠯᠲᠠ᠎ᠶ᠋ᠢᠨ ᠬᠦᠷᠢᠶᠡᠨ᠎ᠳᠡᠬᠢ ᠰᠦᠪᠡᠭ᠌ᠴᠢᠯᠡᠯ ᠪᠠ ᠪᠣᠳᠣᠯᠬᠢᠯᠠᠯ᠎ᠢ ᠳᠡᠭᠡᠳᠦ ᠬᠡᠮᠵᠢᠶ᠎ᠡ ᠪᠡᠷ ᠨᠤᠲᠠᠯᠠᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠬᠦᠷᠢᠶᠡᠨ᠎ᠳᠡᠬᠢ ᠰᠣᠯᠢᠯᠴᠠᠭ᠎ᠠ ᠪᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠦᠨ᠎ᠡ ᠭᠡᠵᠦ᠍ ᠢᠯᠡᠳᠭᠡᠪᠡ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 2 ᠰᠠᠷ᠎ᠠ᠎ᠶ᠋ᠢᠨ 24᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号