ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠴᠢᠭᠡᠴᠢ ᠵᠠᠰᠠᠭ ᠤ᠋ᠨ ᠠᠵᠢᠯ ᠵᠢᠴᠢ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠤᠯᠤᠨ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠠᠵᠢᠯ᠎ᠤᠨ ᠬᠤᠷᠠᠯ ᠬᠤᠷᠠᠯᠳᠤᠭᠤᠯᠪᠠ
2026-02-26 09:59:38
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠪᠤᠤ ᠭᠠᠩ ᠪᠠᠢᠷᠢᠯᠠᠭᠤᠯᠤᠯᠲᠠ ᠬᠢᠵᠠᠢ


2 ᠰᠠᠷ᠎ᠠ᠎ᠶ᠋ᠢᠨ 25 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠴᠢᠬᠡᠴᠢ ᠵᠠᠰᠠᠭ᠎ᠤᠨ ᠠᠵᠢᠯ ᠵᠢᠴᠢ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠴᠡᠭ᠌ᠴᠡᠯᠡᠨ ᠵᠠᠰᠠᠬᠤ ᠠᠵᠢᠯ᠎ᠤᠨ ᠬᠤᠷᠠᠯ ᠬᠤᠷᠠᠯᠳᠤᠭᠤᠯᠵᠤ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠥᠷᠪᠡᠳᠦᠭᠡᠷ ᠤᠳᠠᠭ᠎ᠠ᠎ᠶ᠋ᠢᠨ ᠴᠢᠬᠡᠴᠢ ᠵᠠᠰᠠᠭ᠎ᠤᠨ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠵᠠᠰᠠᠭ᠎ᠤᠨ ᠣᠷᠳᠣᠨ᠎ᠤ ᠱᠢᠰᠲ᠋ᠧᠮ᠎ᠦᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠬᠦᠯᠦᠨ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠱᠢᠢᠳᠪᠦᠷᠢᠲᠦ ᠳᠠᠢᠯᠠᠯᠳᠤᠭᠠᠨ ᠬᠢᠵᠦ᠍ ᠱᠢᠢᠳᠪᠦᠷᠢᠲᠦ ᠢᠯᠠᠯᠲᠠ᠎ᠶ᠋ᠢ ᠲᠡᠮᠡᠴᠡᠨ ᠣᠯᠬᠤ ᠪᠡᠷ ᠲᠠᠮᠵᠢᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠠᠷᠪᠡᠨ ᠲᠠᠪᠤᠳᠤᠭᠠᠷ ᠲᠠᠪᠤᠨ ᠵᠢᠯ》 ᠤ᠋ᠨ ᠰᠠᠢᠨ ᠰᠠᠢᠬᠠᠨ ᠡᠬᠢᠯᠡᠯᠳᠠ ᠵᠢ ᠪᠠᠶᠠᠯᠡᠬᠦᠯᠬᠦ ᠪᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠪᠠᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠯᠢᠦ ᠱᠤᠸᠠᠩ ᠤᠷᠢᠯᠭ᠎ᠠ᠎ᠪᠠᠷ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ᠂ ᠵᠧᠩ ᠭᠤᠸᠠᠩ ᠵᠣᠣ᠂ ᠶᠤᠤ ᠶᠦᠩ ᠪᠥᠸᠧ᠂ ᠳᠠᠢᠴᠢᠨ᠂ ᠰᠦᠨ ᠵᠢᠶᠦ᠋ᠨ ᠴᠢᠩ᠂ ᠲᠠᠩ ᠢ ᠬᠤᠷᠠᠯ᠎ᠳᠤ ᠣᠷᠣᠯᠴᠠᠵᠠᠶ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ ᠂ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠂ ᠲᠡᠦᠬᠡ ᠵᠢᠨ ᠡᠭᠦᠷᠭᠡ ᠬᠠᠷᠢᠭᠤᠴᠠᠯᠭᠠᠳᠤ ᠰᠡᠳᠬᠢᠯᠭᠡ ᠪᠡᠨ ᠤᠯᠠᠮ ᠨᠢᠭᠡ ᠠᠯᠬᠤᠮ ᠴᠢᠩᠭᠠᠳᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠢ᠃ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠨᠠᠢᠳᠠᠪᠤᠷᠢᠵᠢᠭᠤᠯᠵᠤ᠂ ᠲᠥᠪ᠎ᠦᠨ ᠡᠯ᠎ᠡ ᠲᠥᠷᠥᠯ᠎ᠦᠨ ᠬᠢᠨᠠᠠ ᠪᠠᠢᠴᠠᠭᠠᠯᠳᠠ ᠱᠢᠯᠭᠠᠨ ᠬᠢᠨᠡᠯᠳᠠ ᠵᠢᠨ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠳᠤ ᠴᠤᠬᠴᠠᠯᠠᠬᠤ ᠭᠤᠤᠯ ᠰᠢᠵᠢᠮ ᠢ᠋ ᠲᠤᠭᠤᠱᠢᠯᠠᠭᠤᠯᠬᠤ ᠪᠠ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠲᠠᠯ᠎ᠠ ᠪᠡᠷ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠶ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠨᠢᠭᠤᠭ᠍ᠳᠠᠮᠠᠯ ᠬᠡᠯᠪᠡᠷᠢ ᠨᠢ ᠦᠬᠡᠷᠡᠳᠦᠭᠰᠡᠨ ᠰᠤᠷᠲᠠᠯ᠎ᠤᠨ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ᠃ ᠡᠳ᠋᠎ᠦᠨ ᠵᠠᠰᠠᠭ ᠠᠵᠤ ᠠᠬᠤᠢ᠎ᠶ᠋ᠢᠨ ᠰᠠᠬᠢᠯᠭ᠎ᠠ ᠪᠠᠲᠤ᠎ᠶ᠋ᠢ ᠴᠢᠩᠭ᠎ᠠ ᠬᠡᠷᠡᠭ᠌ᠵᠢᠭᠦᠯᠵᠦ᠍᠂ ᠠᠷᠪᠢᠴᠢ ᠭᠠᠮᠲᠠᠢ᠎ᠪᠠᠷ ᠠᠮᠢᠳᠤᠷᠠᠬᠤ᠎ᠶ᠋ᠢ ᠪᠠᠷᠢᠮᠲᠠᠯᠠᠵᠤ᠂ ᠲᠡᠭ ᠡᠴᠡ ᠡᠬᠢᠯᠡᠬᠦᠯᠬᠦ ᠲᠥᠰᠦᠪ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ ᠬᠡᠷᠡᠭ᠌ᠯᠡᠬᠦ᠌ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠯᠠᠪᠳᠠᠭᠤᠨ᠎ᠢᠶᠠᠷ ᠠᠷᠢᠯᠭᠠᠬᠤ ᠬᠡᠷᠡᠭ᠌ᠲᠡᠢ᠃ ᠡᠷᠬᠡ ᠲᠥᠪᠯᠡᠷᠡᠭ᠌ᠰᠡᠨ᠂ ᠪᠡᠯᠡ ᠮᠥᠩᠭᠥ᠌ ᠲᠥᠪᠯᠡᠷᠡᠭ᠌ᠰᠡᠨ᠂ ᠡᠬᠢ ᠪᠠᠶᠠᠯᠢᠭ ᠲᠥᠪᠯᠡᠷᠡᠭ᠌ᠰᠡᠨ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳ᠋ᠡᠬᠢ ᠢᠯᠵᠢᠷᠡᠯ᠎ᠢ ᠬᠦᠴᠦᠯᠡᠨ ᠰᠡᠷᠭᠡᠢᠯᠡᠨ ᠵᠠᠰᠠᠵᠤ᠂ ᠰᠤᠷᠲᠠᠯ᠎ᠤᠨ ᠠᠰᠠᠭᠤᠳᠠᠯ ᠪᠠ᠎ᠢᠯᠵᠢᠷᠡᠯ᠎ᠢ ᠵᠡᠷᠬᠡ ᠳ᠋ᠤᠨᠢ ᠪᠠᠢᠴᠠᠭᠠᠵᠤ ᠵᠡᠷᠬᠡ ᠳ᠋ᠤᠨᠢ ᠵᠠᠰᠠᠬᠤ᠎ᠶ᠋ᠢ ᠪᠠᠷᠢᠮᠲᠠᠯᠠᠵᠤ᠂ ᠡᠷᠬᠡ᠎ᠶ᠋ᠢ ᠲᠦᠷᠢᠮ᠎ᠦᠨ ᠱᠢᠩᠭᠡᠯᠢᠭ᠎ᠲᠦ ᠬᠣᠷᠢᠬᠤ ᠬᠡᠷᠡᠭ᠌ᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠶᠡᠬᠡ᠎ᠪᠡᠷ ᠴᠡᠭ᠌ᠴᠡᠯᠡᠨ ᠵᠠᠰᠠᠵᠤ᠂ ᠢᠯᠡᠭᠦᠬᠡᠨ ᠪᠠᠢᠷᠢ ᠰᠣᠯᠢᠵᠤ ᠪᠣᠳᠣᠯᠬᠢᠯᠠᠨ᠂ ᠦᠨᠳᠦᠰᠦᠨ ᠱᠠᠳᠤ᠎ᠶ᠋ᠢ ᠢᠯᠡᠭᠦᠬᠡᠨ ᠬᠠᠪᠰᠤᠷᠴᠤ᠌ ᠪᠣᠳᠠᠲᠠᠢ ᠠᠰᠠᠭᠤᠳᠠᠯ᠎ᠢ ᠨᠢ ᠱᠢᠢᠳᠪᠦᠷᠢᠯᠡᠵᠦ᠍᠂ ᠦᠨᠳᠦᠰᠦᠨ ᠱᠠᠳᠤ ᠪᠣᠯᠤᠨ ᠠᠵᠤ ᠠᠬᠤᠢᠯᠠᠯ᠎ᠤᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠬᠦ᠌ ᠬᠡᠷᠡᠭ᠌ᠲᠡᠢ᠃ 

ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠥᠳᠡᠭᠡ ᠲᠣᠰᠭᠣᠨ᠎ᠤ ᠬᠠᠮᠲᠤ᠎ᠶ᠋ᠢᠨ 《ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ》 ᠤ᠋ᠨ ᠬᠠᠮᠢᠶᠠᠷᠤᠯᠲᠠ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥᠨ᠎ᠦ ᠬᠠᠮᠢᠶᠠᠷᠤᠯᠲᠠ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠵᠡᠷᠭᠡ ᠬᠦᠷᠢᠶᠡᠨ᠎ᠳᠡᠬᠢ ᠠᠰᠠᠭᠤᠳᠠᠯ᠎ᠤᠨ ᠵᠠᠰᠠᠯᠲᠠ᠎ᠶ᠋ᠢ ᠴᠢᠩᠭᠠᠳᠭᠠᠵᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠰᠠᠢᠲᠤᠷ ᠬᠡᠷᠡᠭ᠌ᠵᠢᠭᠦᠯᠵᠦ᠍᠂ ᠣᠯᠠᠨ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠬᠠᠮᠠᠭᠠᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ᠂ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠭᠡᠷᠡᠭ ᠵᠢᠡᠷ ᠴᠡᠭᠴᠡᠯᠡᠨ ᠰᠠᠢᠵᠢᠷᠠᠭᠤᠯᠬᠤ ᠵᠢ ᠠᠬᠢᠭᠤᠯᠬᠤ ᠵᠠᠰᠠᠯᠲᠠ᠎ᠶ᠋ᠢ ᠠᠬᠢᠭᠤᠯᠬᠤ᠎ᠶ᠋ᠢ ᠪᠦᠬᠦ᠌ ᠬᠦᠴᠦ᠍ᠨ ᠵᠢᠠᠷ᠎ᠢᠶᠡᠨ ᠰᠠᠢᠲᠤᠷ ᠠᠳᠭᠤᠵᠤ᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠣᠯᠤᠨ ᠤᠯᠤᠰ ᠲᠦᠷᠦ᠍᠎ᠶ᠋ᠢᠨ ᠶᠣᠰᠣ ᠲᠦᠷᠢᠮ᠎ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ 《ᠬᠣᠶᠠᠷ᠎ᠢ ᠲᠣᠭ᠍ᠲᠠᠭᠠᠬᠰᠡᠨ》 ᠢ᠋ ᠬᠦᠷᠢᠶᠡᠯᠡᠬᠦ᠌᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠲᠠᠯ᠎ᠠ᠎ᠪᠠᠷ ᠭᠡᠯᠡᠬᠦ ᠬᠢᠬᠦ ᠨᠢ ᠠᠳᠠᠯᠢ᠂ ᠮᠡᠳᠡᠬᠦᠢ ᠬᠢᠬᠦᠢ ᠨᠢ ᠨᠢᠭᠡᠳᠦᠯ ᠲᠠᠢ ᠪᠠᠢᠬᠤ ᠶ᠋ᠢ ᠪᠡᠶᠡᠯᠡᠭᠦᠯᠬᠦ᠌ ᠬᠡᠷᠡᠭ᠌ᠲᠡᠢ᠃ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠴᠢᠩᠭ᠎ᠠ ᠬᠡᠷᠡᠭ᠌ᠵᠢᠭᠦᠯᠦᠨ᠂ ᠰᠠᠨᠠᠭᠠᠴᠢᠯᠠᠭ᠎ᠠ᠎ᠡᠴᠡ᠎ᠪᠠᠨ ᠡᠯ᠎ᠡ ᠲᠠᠯ᠎ᠠ᠎ᠶ᠋ᠢᠨ ᠬᠢᠨᠠᠯᠲᠠ᠎ᠶ᠋ᠢ ᠬᠦᠯᠢᠶᠡᠵᠦ᠍᠂ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠂ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠂ ᠥᠨᠳᠥᠷ ᠪᠦᠲᠦᠮᠵᠢᠲᠡᠶ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ᠂ ᠦᠶ᠋ᠯᠡᠴᠢᠯᠡᠭᠡᠨ᠎ᠦ ᠬᠡᠯᠪᠡᠷᠢ᠎ᠶ᠋ᠢᠨ ᠵᠠᠰᠠᠭ᠎ᠤᠨ ᠣᠷᠳᠣᠨ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠤ ᠱᠠᠭᠠᠷᠳᠠᠪᠠ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠂ ᠡᠮ ᠡᠮᠨᠡᠯᠭᠡ ᠵᠢᠨ ᠪᠠᠳᠤᠯᠠᠭ᠎ᠠ ᠵᠢᠨ ᠲᠣᠪᠴᠢᠶ᠎ᠠ᠂ ᠤᠯᠠᠭᠠᠨᠬᠠᠳᠠ ᠬᠣᠲᠠ᠎ᠶ᠋ᠢᠨ ᠵᠠᠰᠠᠭ᠎ᠤᠨ ᠣᠷᠳᠣᠨ᠎ᠤ ᠬᠠᠷᠢᠭᠤᠴᠠᠯᠭᠠᠲᠠᠨ ᠨᠥᠬᠥᠳ ᠦᠭᠡ ᠬᠡᠯᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号