ᠰᠤᠷᠪᠤᠯᠵᠢᠯᠠᠭ᠍ᠴᠢ 24᠎ᠤ᠋ ᠡᠳᠦᠷ ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭᠯᠡᠯ ᠬᠢᠵᠠᠭᠠᠷᠲᠤ ᠺᠣᠮᠫᠠᠨᠢ᠎ᠡᠴᠡ ᠣᠢᠯᠠᠭᠠᠭᠰᠠᠨ ᠵᠢᠡᠷ᠂ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭ᠎ᠠ (ᠬᠦᠬᠡᠬᠡ ᠰᠠᠷ᠎ᠠ᠎ᠶᠢᠨ ᠬᠣᠷᠢᠨ ᠨᠠᠢ᠍ᠮᠠᠨ᠎ᠡᠴᠡ ᠴᠠᠭᠠᠨ ᠰᠠᠷ᠎ᠠ᠎ᠶᠢᠨ ᠰᠢᠨ᠎ᠡ᠎ᠶᠢᠨ ᠳᠣᠯᠣᠭᠠᠨ ᠪᠣᠯᠲᠠᠯ᠎ᠠ) ᠳ᠋ᠤ ᠪᠦᠬᠦ ᠤᠯᠤᠰ᠎ᠤᠨ ᠲᠡᠮᠦᠷ ᠵᠠᠮ ᠠᠶᠠᠨᠴᠢᠳ᠎ᠢ ᠨᠡᠶ᠋ᠢᠲᠡ 1.21 ᠳ᠋ᠦᠩᠰᠢᠭᠤᠷ ᠬᠥᠮᠥᠨ ᠤᠳᠠᠭ᠎ᠠ ᠬᠦᠷᠭᠡᠵᠦ᠂ ᠤᠯᠤᠰ᠎ᠤᠨ ᠲᠡᠮᠦᠷ ᠵᠠᠮ ᠨᠡᠶ᠋ᠢᠲᠡ 8538 ᠲᠦᠮᠡᠨ ᠲᠣᠨ ᠪᠠᠷᠠᠭ᠎ᠠ ᠬᠦᠷᠭᠡᠵᠦ᠂ ᠨᠢᠳᠤᠨᠤᠨ᠎ᠤ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠠᠳᠠᠯᠢ ᠬᠤᠭᠤᠴᠠᠭᠠᠨ᠎ᠤ ᠬᠢ᠎ᠡᠴᠡ ᠲᠤᠰ ᠲᠤᠰ 11.5%᠂ 0.5%᠎ᠪᠠᠷ ᠨᠡᠮᠡᠭᠳᠡᠵᠦ᠂ ᠥᠷᠭᠡᠨ ᠣᠯᠠᠨ ᠠᠷᠠᠳ ᠲᠦᠮᠡᠨ᠎ᠦ ᠠᠮᠤᠷ ᠲᠠᠢᠪᠤᠩ ᠡᠮᠬᠢ ᠵᠢᠷᠤᠮ᠎ᠲᠠᠢ ᠠᠶᠠᠯᠠᠬᠤ ᠪᠠ ᠠᠮᠠᠷᠠᠯᠲᠠ᠎ᠶᠢᠨ ᠡᠳᠦᠷ᠎ᠦᠨ ᠠᠵᠤ ᠠᠬᠤᠢ᠎ᠶᠢᠨ ᠲᠣᠭᠲᠠᠭᠤᠨᠡᠷᠭᠢᠯᠲᠡᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠢᠨ᠎ᠠ᠃
ᠠᠶᠠᠨᠴᠢᠳ᠎ᠤᠨ ᠵᠦᠭᠡᠭᠡᠪᠦᠷᠢ᠎ᠶᠢᠨ ᠲᠠᠯ᠎ᠠ᠎ᠪᠠᠷ᠂ 2 ᠰᠠᠷ᠎ᠠ᠎ᠶᠢᠨ 15᠎ᠤ᠋ ᠡᠳᠦᠷ (ᠬᠦᠬᠡᠬᠡ ᠰᠠᠷ᠎ᠠ᠎ᠶᠢᠨ ᠬᠣᠷᠢᠨ ᠨᠠᠢ᠍ᠮᠠᠨ) ᠡᠴᠡ 2 ᠰᠠᠷ᠎ᠠ᠎ᠶᠢᠨ 23᠎ᠤ᠋ ᠡᠳᠦᠷ (ᠴᠠᠭᠠᠨ ᠰᠠᠷ᠎ᠠ᠎ᠶᠢᠨ ᠰᠢᠨ᠎ᠡ᠎ᠶᠢᠨ ᠲᠤᠯᠤᠭᠠᠨ) ᠪᠣᠯᠲᠠᠯ᠎ᠠ᠂ ᠲᠡᠮᠦᠷ ᠵᠠᠮ᠎ᠤᠨ ᠲᠦᠷᠦᠯ ᠰᠠᠳᠤᠨ᠎ᠢᠶᠠᠨ ᠡᠷᠭᠢᠭᠰᠡᠳ᠂ ᠬᠥᠯᠥᠰᠦᠨ ᠠᠵᠢᠯᠴᠢᠳ᠂ ᠵᠢᠭᠤᠯᠴᠢᠯᠠᠯ᠎ᠤᠨ ᠶᠡᠬᠡ ᠤᠷᠤᠰᠬᠠᠯ ᠰᠣᠯᠪᠢᠴᠠᠨ ᠳᠠᠪᠬᠤᠴᠠᠵᠤ᠂ ᠠᠶᠠᠨᠴᠢᠳ᠎ᠤᠨ ᠤᠷᠤᠰᠬᠠᠯ ᠶᠡᠬᠡ ᠪᠠᠢᠵᠤ᠂ ᠪᠦᠬᠦ ᠤᠯᠤᠰ᠎ᠤᠨ ᠲᠡᠮᠦᠷ ᠵᠠᠮ ᠠᠶᠠᠨᠴᠢᠳ᠎ᠢ ᠨᠡᠢ᠍ᠢᠳᠡ 1.21 ᠳ᠋ᠦᠩᠰᠢᠭᠤᠷ ᠬᠥᠮᠥᠨ ᠤᠳᠠᠭ᠎ᠠ ᠬᠦᠷᠭᠡᠵᠦ᠂ ᠡᠳᠦᠷ ᠳᠤᠮᠳᠠᠴᠢ᠎ᠪᠠᠷ 1341 ᠲᠦᠮᠡᠨ ᠬᠥᠮᠥᠨ ᠤᠳᠠᠭ᠎ᠠ ᠬᠦᠷᠭᠡᠵᠦ᠂ ᠡᠭᠦᠨ᠎ᠳᠦ 2 ᠰᠠᠷ᠎ᠠ᠎ᠶᠢᠨ 23᠎ᠤ᠋ ᠡᠳᠦᠷ (ᠴᠠᠭᠠᠨ ᠰᠠᠷ᠎ᠠ᠎ᠶᠢᠨ ᠰᠢᠨ᠎ᠡ᠎ᠶᠢᠨ ᠲᠤᠯᠤᠭᠠᠨ) ᠠᠶᠠᠨᠴᠢᠳ᠎ᠢ 1873.3 ᠲᠦᠮᠡᠨ ᠬᠥᠮᠥᠨ ᠤᠳᠠᠭ᠎ᠠ ᠬᠦᠷᠭᠡᠵᠦ᠂ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠭᠠᠭᠴᠠ ᠡᠳᠦᠷ᠎ᠦᠨ ᠠᠶᠠᠨᠴᠢᠳ᠎ᠢ ᠬᠦᠷᠭᠡᠭᠰᠡᠨ ᠲᠡᠥᠬᠡᠨ ᠳᠡᠮᠳᠡᠭᠯᠡᠯ᠎ᠢ ᠡᠭᠦᠳᠪᠡ᠋; ᠡᠳᠦᠷ ᠪᠦᠷᠢ ᠳᠤᠮᠳᠠᠴᠢ᠎ᠪᠠᠷ 12380 ᠠᠶᠠᠨᠴᠢᠳ᠎ᠤᠨ ᠴᠤᠪᠤᠭ᠎ᠠ ᠭᠠᠯᠲᠦ ᠲᠡᠷᠭᠡ᠎ᠶᠢ ᠨᠠᠪᠲᠠᠷᠡᠭᠦᠯᠵᠦ᠂ ᠪᠠᠶᠠᠷ᠎ᠤᠨ ᠡᠳᠦᠷ᠎ᠦᠨ ᠡᠮᠦᠨ᠎ᠡ ᠬᠣᠢᠨᠠᠬᠢ ᠠᠶᠠᠨᠴᠢᠳ᠎ᠤᠨ ᠤᠷᠬᠢᠯ ᠬᠤᠭᠤᠴᠠᠭᠠᠨ᠎ᠳᠤ ᠪᠡᠭᠡᠵᠢᠩ᠎ᠡᠴᠡ ᠭᠤᠸᠠᠨᠭᠵᠸᠦ᠂ ᠪᠡᠭᠡᠵᠢᠩ᠎ᠡᠴᠡ ᠱᠠᠩᠬᠠᠢ᠂ ᠱᠠᠩᠬᠠᠢ᠎ᠡᠴᠡ ᠺᠦᠨᠮᠢᠩ᠂ ᠪᠡᠭᠡᠵᠢᠩ᠎ᠡᠴᠡ ᠬᠠᠷᠪᠢᠨ ᠵᠡᠷᠭᠡ ᠭᠣᠣᠯ ᠪᠣᠯᠬᠤ ᠲᠦᠷᠭᠡᠨ᠎ᠦ ᠲᠡᠮᠦᠷ ᠵᠠᠮ᠎ᠤᠨ ᠭᠣᠣᠯ ᠱᠤᠭᠤᠮ᠎ᠤᠨ ᠨᠡᠪᠲᠡᠷᠡᠬᠦ ᠵᠠᠮ᠎ᠳᠤ ᠭᠠᠭᠴᠠ ᠡᠳᠦᠷ ᠲᠦ᠍ ᠰᠥᠨᠢ᠎ᠶᠢᠨ ᠲᠦᠷᠭᠡᠨ᠎ᠦ ᠲᠡᠮᠦᠷ ᠵᠠᠮ᠎ᠤᠨ 1000 ᠭᠠᠷᠤᠢ ᠴᠤᠪᠤᠭ᠎ᠠ ᠭᠠᠯᠲᠦ ᠲᠡᠷᠭᠡ᠎ᠶᠢ ᠲᠣᠬᠢᠷᠠᠭᠤᠯᠵᠤ᠂ ᠬᠠᠯᠠᠮᠰᠢᠯ ᠴᠢᠭᠯᠡᠯ ᠪᠣᠯᠣᠨ ᠣᠷᠣᠨ ᠵᠠᠢ᠎ᠳᠤ ᠲᠦᠷ ᠴᠠᠭ᠎ᠤᠨ ᠠᠶᠠᠨᠴᠢᠳ᠎ᠤᠨ ᠴᠤᠪᠤᠭ᠎ᠠ ᠭᠠᠯᠲᠦ ᠲᠡᠷᠭᠡ᠎ᠶᠢ ᠴᠠᠭ ᠲᠤᠬᠠᠢ ᠳ᠋ᠤᠨᠢ ᠨᠡᠮᠡᠨ ᠶᠠᠪᠤᠭᠤᠯᠵᠤ᠂ ᠭᠠᠭᠴᠠ ᠡᠳᠦᠷ᠎ᠲᠦ ᠬᠠᠮᠤᠭ ᠤᠯᠠᠨ᠎ᠳᠠᠭᠠᠨ 2314 ᠴᠤᠪᠤᠭ᠎ᠠ ᠭᠠᠯᠲᠦ ᠲᠡᠷᠭᠡ᠎ᠶᠢ ᠨᠡᠮᠡᠵᠦ ᠶᠠᠪᠤᠭᠤᠯᠤᠭᠰᠠᠨ ᠪᠠᠢᠨ᠎ᠠ᠃
ᠪᠠᠷᠠᠭᠠᠨ᠎ᠤ ᠲᠡᠭᠡᠭᠡᠪᠦᠷᠢ᠎ᠶᠢᠨ ᠲᠠᠯ᠎ᠠ᠎ᠪᠠᠷ᠂ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ ᠤᠯᠤᠰ᠎ᠤᠨ ᠲᠡᠮᠦᠷ ᠵᠠᠮ ᠨᠡᠶ᠋ᠢᠲᠡ 8538 ᠲᠦᠮᠡᠨ ᠲᠣᠨ ᠪᠠᠷᠠᠭ᠎ᠠ ᠬᠦᠷᠭᠡᠵᠦ᠂ ᠡᠳᠦᠷ ᠪᠦᠷᠢ ᠳᠤᠮᠳᠠᠴᠢ᠎ᠪᠠᠷ 15.7 ᠲᠦᠮᠡᠨ ᠲᠡᠷᠭᠡ ᠲᠡᠭᠡᠭᠡᠪᠦᠷᠢᠯᠡᠵᠦ᠂ ᠨᠢᠳᠤᠨᠤᠨ᠎ᠤ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 0.5%᠂ 1.8% ᠪᠡᠷ ᠨᠡᠮᠡᠭᠳᠡᠪᠡ᠃ ᠲᠡᠮᠦᠷ ᠵᠠᠮ᠎ᠤᠨ ᠰᠠᠯᠠᠭ᠎ᠠ ᠮᠥᠴᠢᠷ ᠳ᠋ᠠᠲ᠋ᠦᠢ᠍ᠩ ᠡᠴᠡ ᠴᠢᠨ ᠬᠤᠸᠠᠩ ᠳ᠋ᠤᠤ᠂ ᠸᠠ ᠲᠠᠩ ᠡᠴᠡ ᠿᠢ ᠵᠤᠤ᠂ ᠬᠤᠯᠪᠤᠭᠠᠯᠵᠢ ᠡᠴᠡ ᠵᠢᠢ ᠠᠨ᠂ ᠯᠠᠨᠵᠸᠦ ᠡᠴᠡ ᠰᠢᠨᠵᠢᠶᠠᠩ᠎ᠤᠨ ᠦᠷᠦᠮᠴᠢ ᠵᠡᠷᠭᠡ ᠭᠣᠣᠯ ᠪᠣᠯᠬᠤ ᠪᠠᠷᠠᠭᠠᠨ᠎ᠤ ᠲᠡᠭᠡᠭᠡᠪᠦᠷᠢ᠎ᠶᠢᠨ ᠵᠠᠮ᠎ᠤᠨ ᠴᠢᠳᠠᠪᠤᠷᠢ᠎ᠶᠢ ᠭᠦᠢᠴᠡᠳ ᠠᠰᠢᠭ᠍ᠯᠠᠵᠤ᠂ ᠠᠮᠤ ᠪᠤᠳᠠᠭ᠎ᠠ᠂ ᠬᠠᠪᠤᠷ᠎ᠤᠨ ᠲᠠᠷᠢᠶᠠᠯᠠᠭ᠎ᠠ᠂ ᠪᠠᠶᠠᠷ᠎ᠤᠨ ᠡᠳᠦᠷ᠎ᠤᠨ ᠬᠡᠷᠡᠭᠯᠡᠭᠡᠨ᠎ᠦ ᠵᠦᠢᠯ ᠵᠡᠷᠭᠡ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠡᠳ᠋ ᠪᠣᠳᠠᠰ᠎ᠤᠨ ᠲᠡᠭᠡᠭᠡᠪᠦᠷᠢ᠎ᠶᠢ ᠪᠦᠬᠦ ᠬᠦᠴᠦᠨ᠎ᠢᠶᠡᠷ᠎ᠢᠶᠡᠨ ᠪᠠᠲᠤᠯᠠᠵᠤ᠂ ᠪᠦᠬᠦ ᠤᠯᠤᠰ᠎ᠤᠨ ᠲᠡᠮᠦᠷ ᠵᠠᠮ᠎ᠤᠨ ᠰᠢᠭᠤᠳ ᠬᠠᠩᠭᠠᠬᠤ ᠴᠠᠬᠢᠯᠭᠠᠨ᠎ᠤ ᠦᠢᠯᠡᠳᠪᠦᠷᠢ᠎ᠶᠢᠨ ᠨᠡᠭᠦᠷᠡᠰᠦ ᠬᠠᠳᠠᠭᠠᠯᠠᠬᠤ ᠲᠦᠪᠰᠢᠨ᠎ᠢ ᠨᠡᠯᠢᠶᠡᠳ ᠥᠨᠳᠥᠷ ᠲᠦᠪᠰᠢᠨ᠎ᠳᠦ ᠪᠠᠲᠤᠯᠠᠵᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 2 ᠰᠠᠷ᠎ᠠ᠎ᠶᠢᠨ 24᠎ᠤ᠋ ᠴᠠᠬᠢᠯᠭᠠᠨ ᠮᠡᠳᠡᠭᠡ)