ᠮᠠᠨ ᠤ᠋ ᠤᠷᠤᠨ ᠬᠠᠩᠵᠧᠦ ᠬᠤᠳᠠ᠎ᠳᠦ 《ᠲᠦᠷᠦᠬᠦᠴᠢ ᠭᠠᠯᠠᠭᠤ 》 ᠵᠢᠨ ᠴᠠᠭᠠᠨ ᠰᠠᠷ᠎ᠠ ᠵᠢᠨ ᠪᠠᠷᠠᠭᠠᠨ ᠤ᠋ ᠴᠤᠭᠯᠠᠭᠠᠨ ᠡᠷᠬᠢᠯᠡᠪᠡ
2026-02-26 10:43:25
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠪᠦᠬᠦ ᠤᠷᠤᠨ ᠤ᠋ 《ᠲᠦᠷᠦᠭᠦᠴᠢ ᠭᠠᠯᠠᠭᠤ》ᠶ᠋ᠢᠨ ᠲᠦᠷᠦᠯ ᠵᠦᠢᠯ ᠢ᠋ ᠪᠤᠢᠵᠢᠭᠤᠯᠤᠭᠰᠠᠨ ᠦᠷ᠎ᠡ ᠪᠦᠲᠦᠭᠡᠯ ᠢ᠋ ᠳᠡᠯᠭᠡᠨ ᠦᠵᠡᠭᠦᠯᠵᠦ᠂ 《ᠲᠦᠷᠦᠭᠦᠴᠢ ᠭᠠᠯᠠᠭᠤ》 ᠶ᠋ᠢᠨ ᠲᠦᠷᠦᠯ ᠲᠡᠮᠲᠡᠭ ᠤ᠋ᠨ ᠨᠡᠷ᠎ᠡ ᠠᠯᠳᠠᠷᠰᠢᠯ ᠢ᠋ ᠳᠡᠭᠡᠭᠰᠢᠯᠡᠭᠦᠯᠬᠦ ᠶ᠋ᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠲᠦᠷᠦᠭᠦᠬᠡᠨ ᠵᠧᠵᠢᠶᠠᠩ ᠮᠤᠵᠢ ᠶ᠋ᠢᠨ ᠬᠠᠩᠵᠧᠦ ᠬᠣᠲᠠ ᠳ᠋ᠤ《ᠲᠦᠷᠦᠭᠦᠴᠢ ᠭᠠᠯᠠᠭᠤ》 ᠶ᠋ᠢᠨ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠴᠠᠭᠠᠨ ᠰᠠᠷ᠎ᠠ ᠶ᠋ᠢᠨ ᠪᠠᠷᠠᠭᠠᠨ ᠤ᠋ ᠴᠤᠭᠯᠠᠭᠠᠨ ᠡᠷᠬᠢᠯᠡᠵᠦ᠂ ᠰᠦᠯᠵᠢᠶᠡᠨ ᠳᠡᠭᠡᠷᠡᠬᠢ ᠪᠠ ᠲᠤᠬᠠᠢ ᠶ᠋ᠢᠨ ᠲᠠᠯᠠᠪᠠᠢ ᠶ᠋ᠢᠨ ᠪᠣᠷᠣᠯᠠᠭᠤᠯᠭ᠎ᠠ ᠨᠢ 72 ᠲᠦᠮᠡᠨ ᠲᠥᠭᠥᠷᠢᠭ ᠲᠦ᠍ ᠬᠦᠷᠴᠦ᠍᠂ 174.5 ᠲᠦᠮᠡᠨ ᠲᠥᠭᠥᠷᠢᠭ ᠎ᠤ᠋ᠨ ᠵᠠᠬᠢᠶᠠᠯᠠᠭ᠎ᠠ ᠲᠤᠰᠴᠤ᠂ ᠨᠡᠢᠲᠡ ᠪᠤᠷᠤᠯᠠᠭᠤᠯᠭ᠎ᠠ ᠶ᠋ᠢᠨ ᠬᠡᠮᠵᠢᠶ᠎ᠡ ᠨᠢ 246.5 ᠲᠦᠮᠡᠨ ᠲᠥᠭᠥᠷᠢᠭ ᠲᠦ᠍ ᠬᠦᠷᠴᠠᠢ᠃ ᠤᠢᠯᠠᠭᠠᠭᠰᠠᠨ ᠶ᠋ᠢᠡᠷ᠂ ᠲᠤᠰ ᠤᠳᠠᠭ᠎ᠠ ᠵᠢᠨ ᠪᠠᠷᠠᠭᠠᠨ ᠤ᠋ ᠴᠤᠭᠯᠠᠭᠠᠨ ᠨᠢ 《ᠴᠢᠨᠠᠷ ᠰᠠᠢᠲᠠᠶ ᠴᠠᠭᠠᠨ ᠰᠠᠷ᠎ᠠ ᠶ᠋ᠢᠨ ᠪᠠᠷᠠᠭ᠎ᠠ ᠵᠢ ᠳᠡᠯᠭᠡᠨ ᠪᠣᠷᠣᠯᠠᠭᠤᠯᠬᠤ + ᠠᠮᠲᠠᠲᠤ ᠢᠳᠡᠭᠡᠨ ᠡᠴᠡ ᠠᠮᠰᠠᠭᠤᠯᠬᠤ + ᠪᠦᠳᠦᠬᠡᠯᠴᠢ ᠰᠣᠶᠣᠯ ᠤ᠋ᠨ ᠲᠠᠮᠠᠭ᠎ᠠ ᠳᠠᠷᠤᠬᠤ + ᠰᠣᠨᠢᠷᠬᠠᠯᠲᠤ ᠬᠦᠳᠡᠯᠭᠡᠭᠡᠨ ᠳ᠋ᠦ ᠤᠷᠤᠯᠴᠠᠭᠤᠯᠵᠤ ᠪᠡᠯᠡᠭ ᠬᠦᠷᠭᠡᠬᠦ᠌》 ᠵᠡᠷᠭᠡ ᠬᠡᠯᠪᠡᠷᠢ ᠪᠡᠷ ᠶᠠᠪᠤᠭᠳᠠᠪᠠ᠃ ᠲᠤᠬᠠᠶ ᠶ᠋ᠢᠨ ᠲᠠᠯᠠᠪᠠᠶ ᠳ᠋ᠤ 48 ᠣᠨᠴᠠᠯᠢᠭᠳᠤ ᠦᠵᠡᠭᠦᠯᠭᠡ ᠶ᠋ᠢᠨ ᠤᠷᠤᠨ ᠲᠤᠬᠢᠷᠠᠭᠤᠯᠤᠨ᠂ ᠪᠦᠬᠦ ᠤᠷᠤᠨ ᠤ᠋ 40 ᠭᠠᠷᠤᠶ《ᠲᠦᠷᠦᠭᠦᠴᠢ ᠭᠠᠯᠠᠭᠤ》 ᠶ᠋ᠢᠨ 100 ᠭᠠᠷᠤᠶ ᠵᠦᠶ᠋ᠯ ᠤ᠋ᠨ ᠦᠪᠡᠷᠮᠢᠴᠡ ᠤᠨᠴᠠᠯᠢᠭ ᠲᠠᠢ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠲᠥᠪᠯᠡᠷᠡᠭᠦᠯᠦᠨ ᠳᠡᠯᠭᠡᠨ ᠪᠤᠷᠤᠯᠠᠭᠤᠯᠵᠤ᠂ ᠦᠭᠡᠷ ᠬᠤᠨᠢᠨ ᠮᠢᠬ᠎ᠠ᠂ ᠴᠠᠭᠠᠨ ᠢᠳᠡᠭᠡᠨ᠂ ᠡᠯᠳᠡᠪ ᠠᠮᠤ ᠡᠯᠳᠡᠪ ᠪᠤᠷᠴᠠᠭ᠂ ᠦᠨᠳᠦᠰᠦᠲᠡᠨ ᠤ᠋ ᠭᠠᠷ ᠤᠷᠠᠯᠠᠯ ᠤ᠋ᠨ ᠪᠦᠲᠦᠭᠡᠭ᠌ᠳᠡᠬᠦᠨ ᠵᠡᠷᠭᠡ ᠵᠢ ᠬᠠᠮᠤᠷᠴᠤ᠂ ᠦᠷᠭᠡᠨ ᠣᠯᠠᠨ ᠬᠣᠲᠠ ᠶ᠋ᠢᠨ ᠠᠷᠠᠳ ᠪᠠ ᠵᠢᠭᠤᠯᠴᠢᠯᠠᠭᠰᠠᠳ ᠤ᠋ᠨ ᠬᠠᠯᠠᠭᠤᠨ ᠬᠦᠷᠢᠶᠡᠯᠡᠯ ᠢ᠋ ᠤᠯᠤᠭᠰᠠᠨ ᠪᠠᠢᠨ᠎ᠠ᠃ ᠴᠠᠭᠠᠨ ᠰᠠᠷ᠎ᠠ ᠶ᠋ᠢᠨ ᠪᠠᠷᠠᠭᠠᠨ ᠤ᠋ ᠴᠤᠬᠯᠠᠭᠠᠨ ᠡᠴᠡ ᠡᠮᠦᠨ᠎ᠡ᠂ ᠦᠪᠡᠷᠲᠡᠭᠡᠨ ᠵᠠᠰᠠᠬᠤ ᠤᠷᠤᠨ ᠡᠴᠡ ᠪᠠᠰᠠ ᠡᠯᠧᠺᠲ᠋ᠷᠣᠨ ᠬᠤᠳᠠᠯᠳᠤᠭᠠᠨ ᠤ᠋ ᠲᠠᠪᠴᠠᠩ ᠤ᠋ᠨ ᠡᠵᠡᠩᠨᠡᠯᠲᠡ ᠶ᠋ᠢᠨ ᠲᠦᠷᠢᠮ᠂ ᠤᠷᠤᠰᠴᠠ ᠵᠢ ᠤᠯᠬᠤ ᠠᠷᠭ᠎ᠠ᠂ ᠠᠭᠤᠯᠭ᠎ᠠ ᠵᠢ ᠰᠡᠭᠦᠳᠡᠷᠯᠡᠨ ᠨᠠᠢᠷᠠᠭᠤᠯᠬᠤ ᠵᠡᠷᠭᠡ ᠲᠠᠯ᠎ᠠ ᠪᠠᠷ ᠲᠤᠰᠭᠠᠶ ᠰᠡᠳᠦᠪᠲᠦ ᠪᠣᠯᠪᠠᠰᠤᠷᠠᠯ ᠪᠠ ᠪᠣᠳᠠᠲᠠᠶ ᠠᠵᠢᠯᠯᠠᠭᠠᠨ ᠤ᠋ ᠪᠣᠯᠪᠠᠰᠤᠷᠠᠯ ᠥᠷᠨᠢᠭᠦᠯᠵᠦ᠍᠂ 《ᠲᠦᠷᠦᠭᠦᠴᠢ ᠭᠠᠯᠠᠭᠤ》 ᠶ᠋ᠢᠨ ᠡᠯᠧᠺᠲ᠋ᠷᠣᠨ ᠬᠤᠳᠠᠯᠳᠤᠭᠠᠨ ᠤ᠋ ᠠᠷᠭ᠎ᠠ ᠵᠠᠮ ᠢ᠋ ᠠᠰᠢᠭᠯᠠᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠶ᠋ᠢᠡᠨ ᠳᠡᠯᠭᠡᠷᠡᠭᠦᠯᠦᠨ ᠪᠣᠷᠣᠯᠠᠭᠤᠯᠬᠤ ᠲᠤᠬᠠᠶ ᠤᠢᠯᠠᠭᠠᠯᠲᠠ ᠵᠢ ᠨᠡᠡᠭ ᠬᠦᠨᠵᠡᠭᠡᠢᠷᠡᠭᠦᠯᠵᠦ᠂ ᠰᠣᠷᠣᠭ᠍ᠰᠠᠨ ᠮᠡᠳᠡᠯᠭᠡ ᠪᠡᠨ ᠲᠤᠰ ᠤᠳᠠᠭ᠎ᠠ ᠵᠢᠨ ᠪᠠᠷᠠᠭᠠᠨ ᠤ᠋ ᠴᠤᠭᠯᠠᠭᠠᠨ ᠶ᠋ᠢᠡᠷ ᠳᠠᠮᠵᠢᠨ ᠦᠢᠯᠡᠳᠦᠯᠭᠡᠵᠢᠭᠦᠯᠬᠦ ᠵᠢ ᠨᠢ ᠵᠤᠷᠢᠭᠵᠢᠭᠤᠯᠪᠠ᠃ ᠲᠣᠰ ᠤᠳᠠᠭ᠎ᠠ ᠵᠢᠨ ᠴᠠᠭᠠᠨ ᠰᠠᠷ᠎ᠠ ᠶ᠋ᠢᠨ ᠪᠠᠷᠠᠭᠠᠨ ᠤ᠋ ᠴᠤᠭᠯᠠᠭᠠᠨ ᠢ᠋ ᠠᠮᠵᠢᠯᠲᠠ ᠲᠠᠶ ᠡᠷᠭᠢᠯᠡᠭ᠌ᠰᠡᠨ ᠨᠢ ᠮᠠᠨ ᠤ᠋ ᠣᠷᠣᠨ ᠤ᠋ 《ᠲᠦᠷᠦᠭᠦᠴᠢ ᠭᠠᠯᠠᠭᠤ》 ᠶ᠋ᠢᠨ ᠲᠥᠷᠥᠯ ᠵᠦᠶ᠋ᠯ ᠤ᠋ᠨ ᠱᠠᠲᠤᠴᠢ ᠴᠢᠨᠠᠷᠲᠠᠶ ᠦᠷ᠎ᠡ ᠪᠦᠲᠦᠭᠡᠯ ᠤ᠋ᠨ ᠲᠤᠬᠠᠢ ᠱᠢᠯᠭᠠᠯᠲᠠ ᠪᠣᠯᠬᠤ ᠪᠥᠭᠡᠳ ᠮᠦᠨ ᠴᠦ᠍ ᠪᠥᠬᠥ᠌ ᠣᠷᠣᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠴᠢᠳᠠᠪᠤᠷᠢᠲᠠᠨ ᠤ᠋ ᠡᠩᠨᠡᠭᠡ ᠶ᠋ᠢᠨ ᠪᠠᠢᠭᠤᠯᠤᠯᠲᠠ ᠶ᠋ᠢᠨ ᠦᠷ᠎ᠡ ᠪᠦᠲᠦᠮᠵᠢ ᠶ᠋ᠢᠨ ᠠᠮᠢᠳᠤᠯᠢᠭ ᠢᠯᠡᠷᠡᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ《ᠲᠦᠷᠦᠭᠦᠴᠢ ᠭᠠᠯᠠᠭᠤ》ᠶ᠋ᠢᠨ ᠲᠥᠷᠥᠯ ᠵᠦᠶ᠋ᠯ ᠤ᠋ᠨ ᠬᠡᠷᠡᠭ᠌ᠵᠢᠭᠦᠯᠦᠯᠲᠡ ᠵᠢ ᠦᠷᠭᠦᠯᠵᠢᠯᠡᠨ ᠭᠦᠨᠵᠡᠭᠡᠢᠷᠡᠭᠦᠯᠵᠦ᠍᠂《ᠲᠦᠷᠦᠭᠦᠴᠢ ᠭᠠᠯᠠᠭᠤ》ᠶ᠋ᠢᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ ᠢ᠋ ᠤᠯᠠᠮ ᠪᠠᠳᠠᠷᠠᠭᠤᠯᠵᠤ᠂ ᠮᠠᠯ ᠠᠵᠤ ᠠᠬᠤᠶ᠎ᠲᠠᠷᠢᠶᠠᠯᠠᠡᠭ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠳ᠋ᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠡᠷ ᠴᠢᠷᠮᠠᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号