ᠳᠠᠯᠠᠨ ᠬᠠᠷ᠎ᠠ ᠠᠭᠤᠯᠠ ᠵᠢᠨ ᠤᠢᠵᠢᠭᠤᠯᠤᠯᠳᠠ
2026-02-26 11:17:00
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

2025 ᠣᠨ ᠳ᠋ᠤ᠂ ᠬᠥᠬᠡᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠳᠠᠯᠠᠨ ᠬᠠᠷ᠎ᠠ ᠠᠭᠤᠯᠠ ᠵᠢᠨ ᠠᠮᠢ ᠠᠬᠤᠶ ᠵᠢᠨ ᠠᠷᠠᠴᠢᠯᠠᠨ ᠬᠠᠮᠠᠭᠠᠯᠠᠬᠤ ᠲᠥᠪ ᠎ᠤᠨ ᠬᠢᠨ ᠳᠠᠯᠠᠨ ᠬᠠᠷ᠎ᠠ ᠠᠭᠤᠯᠠ ᠵᠢᠨ ᠡᠮᠦᠨ᠎ᠡ ᠪᠠᠯ ᠤ᠋ᠨ《ᠠᠮᠢ ᠠᠬᠤᠶ ᠵᠢᠨ ᠨᠣᠭᠣᠭᠠᠨ ᠪᠦᠰᠡ》 ᠵᠢᠨ ᠬᠠᠮᠢᠶᠠᠷᠤᠯᠲᠠ ᠬᠠᠮᠠᠭᠠᠯᠠᠯᠲᠠ ᠬᠢᠭᠡᠳ 《ᠭᠤᠷᠪᠠᠨ ᠪᠦᠰᠡ ᠨᠢᠭᠡ ᠣᠷᠣᠨ》 ᠤ᠋ ᠪᠥᠲᠥᠭᠡᠨ ᠪᠠᠢᠭᠤᠯᠤᠯᠲᠠ ᠵᠢᠨ ᠭᠤᠤᠯ ᠡᠭᠦᠷᠭᠡ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠡᠯ᠎ᠡ ᠵᠦᠶ᠋ᠯ ᠤ᠋ᠨ ᠠᠵᠢᠯ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠪᠠ᠃

2025 ᠣᠨ ᠳ᠋ᠤ᠂ ᠳᠤᠰ ᠠᠷᠠᠴᠢᠯᠠᠨ ᠬᠠᠮᠠᠭᠠᠯᠠᠬᠤ ᠲᠥᠪ᠎ᠤᠨ ᠬᠢᠨ ᠱᠢᠨᠵᠢᠯᠡᠬᠦ᠌ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠤᠨ᠂ ᠳᠠᠯᠠᠨ ᠬᠠᠷ᠎ᠠ ᠠᠭᠤᠯᠠ ᠵᠢᠨ ᠡᠮᠦᠨ᠎ᠡ ᠪᠠᠯ ᠤ᠋ᠨ ᠠᠮᠢ ᠠᠬᠤᠶ ᠣᠷᠴᠢᠨ ᠲᠣᠭᠣᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠵᠤ᠂ ᠠᠮᠢ ᠠᠬᠤᠶ ᠵᠢᠨ ᠬᠠᠯᠬᠠᠪᠴᠢ ᠵᠢᠨ ᠴᠢᠳᠠᠮᠵᠢ ᠶ᠋ᠢ ᠲᠠᠰᠤᠷᠠᠯᠲᠠ ᠥᠬᠡᠶ ᠴᠢᠩᠭᠠᠷᠠᠭᠤᠯᠪᠠ᠃ 3 ᠰᠠᠷ᠎ᠠ ᠵᠢᠨ ᠡᠬᠢ ᠪᠡᠷ ᠳᠠᠯᠠᠨ ᠬᠠᠷ᠎ᠠ ᠠᠭᠤᠯᠠ ᠵᠢᠨ ᠡᠮᠦᠨ᠎ᠡ ᠪᠠᠯ ᠤᠷᠤᠨ ᠳ᠋ᠤ 《ᠭᠤᠷᠪᠠᠨ ᠪᠦᠰᠡ ᠨᠢᠭᠡ ᠤᠷᠤᠨ》 ᠤ᠋ ᠪᠥᠲᠥᠭᠡᠨ ᠪᠠᠢᠭᠤᠯᠤᠯᠲᠠ ᠶ᠋ᠢ ᠡᠬᠢᠯᠡᠭᠦᠯᠵᠦ᠍᠂ 9 ᠵᠦᠶ᠋ᠯ ᠤ᠋ᠨ ᠲᠤᠷᠤᠭ ᠮᠣᠳᠣ ᠶ᠋ᠢ ᠨᠡᠢᠲᠡ 1.5 ᠲᠦᠮᠡᠨ ᠰᠠᠭᠤᠷᠢ᠂ ᠪᠣᠷᠣ ᠲᠦᠷᠦᠭᠦᠲᠦ ᠬᠤᠸᠠᠢᠰᠠ ᠵᠡᠷᠭᠡ ᠵᠢᠨ ᠴᠢᠬᠢ ᠮᠤᠳᠤ ᠶ᠋ᠢ 100 ᠲᠦᠮᠡᠨ ᠰᠠᠭᠤᠷᠢ᠂ 30 ᠭᠠᠷᠤᠶ ᠵᠦᠶ᠋ᠯ ᠤ᠋ᠨ ᠴᠡᠴᠡᠭ ᠡᠪᠡᠰᠦ ᠶ᠋ᠢ 10 ᠲᠦᠮᠡᠨ ᠰᠠᠭᠤᠷᠢ ᠨᠥᠬᠥᠵᠦ᠍ ᠳᠠᠷᠢᠪᠠ᠃《ᠵᠢᠯᠣᠭᠣᠴᠢ ᠥᠬᠡᠶ ᠨᠢᠰᠭᠡᠯ ᠵᠢᠡᠷ ᠰᠡᠷᠭᠡᠢᠯᠡᠬᠦ + ᠬᠥᠮᠦᠨ ᠤ᠋ ᠬᠦᠴᠦ ᠪᠡᠷ ᠰᠡᠷᠭᠡᠢᠯᠡᠨ ᠵᠠᠰᠠᠬᠤ》 ᠵᠠᠭ᠍ᠪᠤᠷ ᠵᠢᠡᠷ ᠣᠶ ᠱᠢᠭᠤᠶ ᠵᠢᠨ ᠬᠥᠨᠥᠭᠡᠯᠲᠤ ᠠᠮᠢᠳᠤ ᠪᠣᠳᠠᠰ ᠢ᠋ ᠪᠦᠬᠦ ᠳᠠᠯ᠎ᠠ ᠪᠡᠷ ᠰᠡᠷᠭᠡᠢᠯᠡᠵᠤ᠂ ᠨᠡᠢᠲᠡ 1.93 ᠲᠦᠮᠡᠨ ᠮᠥ᠍ ᠲᠠᠯᠠᠪᠠᠶ ᠶ᠋ᠢ ᠰᠡᠷᠭᠡᠢᠯᠡᠨ ᠵᠠᠰᠠᠪᠠ᠃ 2025 ᠤᠨ ᠳ᠋ᠤ ᠨᠡᠢᠲᠡ 4 ᠲᠦᠮᠡ ᠭᠠᠷᠤᠶ ᠮᠥ᠍ ᠣᠶ ᠵᠢᠨ ᠳᠤᠤᠷᠠᠬᠢ ᠱᠢᠲᠠᠮᠠᠬᠠᠶ ᠪᠣᠳᠠᠰ ᠢ᠋ ᠴᠡᠪᠡᠷᠯᠡᠵᠦ᠍᠂ ᠲᠦᠢᠮᠡᠷ ᠳᠤᠰᠠᠭᠠᠷᠯᠠᠬᠤ ᠪᠦᠰᠡ ᠶ᠋ᠢ 168 ᠺᠢᠯᠣᠮᠧᠲ᠋ᠷ ᠳᠤᠬᠢᠷᠠᠭᠤᠯᠵᠤ᠂ ᠪᠥᠬᠥ᠌ ᠲᠠᠯ᠎ᠠ ᠵᠢᠨ᠂ ᠪᠣᠰᠣᠭ᠎ᠠ ᠴᠣᠭ᠍ᠴᠠᠲᠤ ᠲᠦᠢᠮᠡᠷ ᠰᠡᠷᠭᠡᠢᠯᠡᠬᠦ᠌ ᠱᠢᠰᠲ᠋ᠧᠮ ᠢ᠋ ᠪᠠᠢᠭᠤᠯᠵᠤ᠂ ᠪᠥᠬᠥ᠌ ᠵᠢᠯ ᠳ᠋ᠤ ᠬᠦᠨᠳᠦ ᠶᠡᠬᠡ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠢᠮᠡᠷ ᠭᠠᠷᠤᠭ᠍ᠰᠠᠨ ᠥᠬᠡᠶ᠃ ᠡᠭᠦᠨ ᠤ᠋ ᠬᠠᠮᠳᠤ᠂ ᠭᠤᠤᠯᠳᠠᠯᠭ᠎ᠠ ᠲᠠᠢ ᠶᠡᠭᠡ ᠳᠡᠭᠡᠳᠤ ᠰᠤᠷᠭᠠᠭᠤᠯᠢ ᠵᠢᠨ ᠳᠤᠰᠬᠠᠢ ᠮᠡᠷᠭᠡᠵᠢᠯ ᠤ᠋ᠨ ᠴᠢᠳᠠᠪᠤᠷᠢᠳᠠᠨ ᠢ᠋ 22 ᠬᠦᠮᠦᠨ ᠤᠷᠤᠭᠤᠯᠤᠨ ᠠᠪᠴᠢᠷᠠᠵᠤ᠂ ᠠᠮᠢ ᠠᠬᠤᠢ ᠵᠢᠨ ᠬᠠᠮᠢᠶᠠᠷᠤᠯᠳᠠ ᠬᠠᠮᠠᠭᠠᠯᠠᠯᠳᠠ ᠳ᠋ᠤ ᠰᠢᠨ᠎ᠡ ᠬᠦᠴᠦᠨ ᠨᠡᠮᠡᠷᠢᠯᠡᠵᠡᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号