ᠠᠮᠢᠳᠤ ᠪᠤᠳᠠᠰ ᠤ᠋ᠨ ᠤᠯᠠᠨ ᠶᠠᠩᠵᠤᠲᠤ ᠴᠢᠨᠠᠷ
2026-02-26 11:18:30
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠲᠦᠩᠯᠢᠶᠤᠤ ᠬᠤᠲᠠ ᠵᠢᠨ ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠤ᠋ ᠱᠤᠩᠬᠤᠷ ᠨᠤᠭᠤ ᠭᠠᠵᠠᠷ ᠤ᠋ᠨ ᠬᠠᠮᠠᠭᠠᠯᠠᠯᠲᠠ ᠵᠢᠨ ᠤᠷᠤᠨ ᠤ᠋ ᠠᠵᠢᠯᠲᠠᠳ ᠬᠡᠭᠡᠷ᠎ᠡ ᠭᠠᠳᠠᠨᠠᠬᠢ ᠬᠡᠳᠤ ᠤᠯᠠᠭᠠᠨ ᠰᠠᠴᠤᠷᠠᠭ ᠵᠢᠡᠷ ᠵᠢᠷᠤᠭ ᠠᠪᠤᠭᠰᠠᠨ ᠲᠤᠭ᠎ᠠ ᠪᠠᠷᠢᠮᠲᠠ ᠶ᠋ᠢ ᠴᠤᠭᠯᠠᠭᠤᠯᠬᠤ ᠳ᠋ᠠᠭᠠᠨ ᠬᠠᠮᠠᠭᠠᠯᠠᠯᠲᠠ ᠵᠢᠨ ᠤᠷᠤᠨ ᠳ᠋ᠤ ᠢᠳᠡᠰᠢᠯᠡᠵᠤ ᠪᠠᠢᠭ᠎ᠠ ᠪᠤᠷᠤ ᠭᠦᠷᠦᠬᠡᠰᠤ ᠶ᠋ᠢ ᠤᠯᠵᠤ ᠬᠠᠷᠠᠪᠠ᠃ ᠡᠨᠡ ᠨᠢ ᠬᠠᠮᠠᠭᠠᠯᠠᠯᠲᠠ ᠵᠢᠨ ᠤᠷᠤᠨ ᠳ᠋ᠡᠬᠢ ᠠᠮᠢᠳᠤ ᠪᠤᠳᠠᠰ ᠤ᠋ᠨ ᠤᠯᠠᠨ ᠶᠠᠩᠵᠤᠲᠤ ᠴᠢᠨᠠᠷ ᠪᠠᠶᠠᠯᠢᠭᠵᠢᠵᠤ ᠪᠠᠢᠭ᠎ᠠ ᠵᠢ ᠬᠠᠷᠠᠭᠤᠯᠵᠤ ᠪᠠᠢᠭ᠎ᠠ ᠠᠵᠢ᠃

ᠲᠤᠰ ᠤᠳᠠᠭ᠎ᠠ ᠪᠤᠷᠤ ᠭᠦᠷᠦᠭᠡᠰᠤ ᠶ᠋ᠢ ᠢᠯᠡᠷᠡᠭᠦᠯᠦᠭᠰᠡᠨ ᠶᠠᠪᠤᠳᠠᠯ ᠨᠢ ᠱᠤᠩᠬᠤᠷ ᠨᠤᠭᠤ ᠭᠠᠵᠠᠷ ᠤ᠋ᠨ ᠬᠠᠮᠠᠭᠠᠯᠠᠯᠲᠠ ᠵᠢᠨ ᠤᠷᠤᠨ ᠤ᠋ ᠠᠮᠢ ᠠᠬᠤᠢ ᠤᠷᠴᠢᠨ ᠲᠤᠭᠤᠷᠢᠨ ᠲᠠᠰᠤᠷᠠᠯᠲᠠ ᠦᠭᠡᠢ ᠰᠠᠢᠵᠢᠷᠠᠭᠰᠠᠨ ᠢ᠋ ᠬᠠᠷᠠᠭᠤᠯᠤᠭᠰᠠᠨ ᠵᠢᠡᠷ ᠪᠠᠷᠠᠬᠤ ᠦᠭᠡᠢ ᠬᠠᠮᠠᠭᠠᠯᠠᠯᠲᠠ ᠵᠢᠨ ᠤᠷᠤᠨ ᠳ᠋ᠡᠬᠢ ᠠᠷᠢᠶᠠᠲᠠᠨ ᠠᠮᠢᠳᠠᠨ ᠢ᠋ ᠬᠢᠨᠠᠨ ᠬᠡᠮᠵᠢᠬᠦ ᠵᠢᠴᠢ ᠬᠠᠮᠠᠭᠠᠯᠠᠯᠲᠠ ᠵᠢᠨ ᠠᠵᠢᠯ ᠳ᠋ᠤ ᠨᠠᠨᠳᠢᠨ ᠮᠠᠲᠸᠷᠢᠶᠠᠯ ᠬᠠᠩᠭᠠᠪᠠ᠃ ᠤᠢᠷ᠎ᠠ ᠵᠢᠨ ᠵᠢᠯ ᠳ᠋ᠤ᠂ ᠬᠤᠷᠴᠢᠨ ᠤ᠋ ᠡᠯᠡᠰᠦᠷᠬᠡᠭ ᠭᠠᠵᠠᠷ ᠢ᠋ ᠰᠦᠨᠦᠭᠡᠬᠦ ᠳᠠᠢᠯᠠᠯᠳᠤᠭᠠᠨ᠂《ᠬᠤᠤᠰ ᠵᠠᠭᠤᠨ ᠲᠦᠮᠡᠨ ᠮᠤ᠌》ᠵᠡᠷᠭᠡ ᠠᠮᠢ ᠠᠬᠤᠢ ᠵᠢᠨ ᠢᠨᠵᠸᠨ᠋ᠸᠷᠢᠩ ᠤ᠋ᠨ ᠠᠬᠢᠭᠤᠯᠤᠯ ᠳᠤᠤᠷ᠎ᠠ ᠱᠤᠩᠬᠤᠷ ᠨᠤᠭᠤ ᠭᠠᠵᠠᠷ ᠤ᠋ᠨ ᠬᠠᠮᠠᠭᠠᠯᠠᠯᠲᠠ ᠵᠢᠨ ᠤᠷᠤᠨ ᠤ᠋ ᠤᠷᠭᠤᠮᠠᠯ ᠤ᠋ᠨ ᠬᠤᠴᠢᠯᠭ᠎ᠠ ᠵᠢᠨ ᠨᠤᠷᠮ᠎ᠠ ᠲᠠᠰᠤᠷᠠᠯᠲᠠ ᠦᠭᠡᠢ ᠨᠡᠮᠡᠭᠳᠡᠵᠤ᠂ ᠠᠮᠢ ᠠᠬᠤᠢ ᠤᠷᠴᠢᠨ ᠲᠤᠭᠤᠷᠢᠨ ᠡᠳᠤᠷ ᠢᠷᠡᠭᠦᠶ᠎ᠡ ᠰᠠᠢᠵᠢᠷᠠᠨ᠂ ᠬᠠᠮᠠᠭᠠᠯᠠᠯᠲᠠ ᠵᠢᠨ ᠤᠷᠤᠨ ᠳ᠋ᠡᠬᠢ ᠠᠮᠢᠲᠠᠨ ᠤᠷᠭᠤᠮᠠᠯ ᠤ᠋ᠨ ᠲᠦᠷᠤᠯ ᠵᠦᠢᠯ ᠪᠠ ᠲᠤᠭ᠎ᠠ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠤ ᠪᠤᠢ᠃ ᠤᠳᠤᠬᠠᠨ ᠪᠤᠯᠲᠠᠯ᠎ᠠ ᠬᠠᠮᠠᠭᠠᠯᠠᠯᠲᠠ ᠵᠢᠨ ᠤᠷᠤᠨ ᠳ᠋ᠤ ᠨᠢᠭᠡᠨᠲᠡ 323 ᠵᠦᠢᠯ ᠤ᠋ᠨ ᠤᠷᠭᠤᠮᠠᠯ᠂ 222 ᠵᠦᠢᠯ ᠤ᠋ᠨ ᠡᠬᠡ ᠬᠠᠭᠤᠷᠠᠢ ᠵᠢᠨ ᠰᠡᠭᠡᠷᠲᠡᠨ ᠢ᠋ ᠢᠯᠡᠷᠡᠭᠦᠯᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号