ᠬᠥᠬᠡᠬᠣᠲᠠ᠎ᠶᠢᠨ ᠣᠲᠣ᠌ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ — ᠥᠪᠥᠷ ᠮᠣᠩᠭᠣᠯ᠎ᠤᠨ ᠠᠩᠬᠠᠳᠠᠭ᠍ᠴᠢ ᠪᠥᠬᠥ ᠤᠯᠤᠰ᠎ᠤᠨ ᠰᠢᠨ᠎ᠡ ᠮᠠᠶᠢᠭ᠋᠎ᠤᠨ ᠬᠥᠯ ᠪᠥᠮᠪᠥᠭᠡ᠎ᠶᠢᠨ ᠳᠤᠷᠰᠢᠯᠳᠠ ᠵᠢᠨ ᠰᠤᠷᠭᠠᠭᠤᠯᠢ ᠪᠤᠯᠤᠯ᠎ᠠ
2026-02-27 17:18:42
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠣᠢᠷ᠎ᠠ᠎ᠳ᠋ᠤ ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠠᠯᠪᠠᠨ ᠲᠢᠩᠬᠢᠮ᠂ ᠳᠤᠮᠳᠠᠳᠤ ᠤᠯᠤᠰ᠎ᠤᠨ ᠬᠥᠯ ᠪᠥᠮᠪᠥᠭᠡ᠎ᠶᠢᠨ ᠨᠡᠢᠭᠡᠮᠯᠢᠭ ᠬᠠᠮᠲᠤᠷᠠᠨ ᠰᠢᠨ᠎ᠡ ᠮᠠᠶᠢᠭ᠋᠎ᠤᠨ ᠬᠥᠯ ᠪᠥᠮᠪᠥᠭᠡ᠎ᠶᠢᠨ ᠰᠤᠷᠭᠠᠭᠤᠯᠢ᠎ᠶᠢᠨ ᠪᠠᠢᠭᠤᠯᠤᠯᠲᠠ᠎ᠶᠢᠨ ᠲᠤᠷᠰᠢᠯᠲᠠ᠎ᠶᠢᠨ ᠨᠢᠭᠡᠴᠢ᠎ᠶᠢᠨ ᠨᠡᠷᠡᠰ᠎ᠢ ᠨᠡᠢᠲᠡᠯᠡᠬᠦ ᠳ᠋ᠤ᠂ ᠬᠥᠬᠡᠬᠣᠲᠠ᠎ᠶᠢᠨ ᠣᠲᠣ᠌ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ ᠨᠢ ᠪᠥᠬᠥ ᠤᠯᠤᠰ᠎ᠤᠨ 18 ᠲᠤᠷᠰᠢᠯᠲᠠ᠎ᠶᠢᠨ ᠨᠢᠭᠡᠴᠢ᠎ᠶᠢᠨ ᠨᠢᠭᠡ᠎ᠪᠡᠷ ᠰᠣᠩᠭᠣᠭᠳᠠᠵᠤ᠂ ᠥᠪᠥᠷ ᠮᠣᠩᠭᠣᠯ᠎ᠤᠨ ᠠᠩᠬᠠᠳᠠᠭ᠍ᠴᠢ ᠪᠥᠬᠥ ᠤᠯᠤᠰ᠎ᠤᠨ ᠰᠢᠨ᠎ᠡ ᠮᠠᠶᠢᠭ᠋᠎ᠤᠨ ᠬᠥᠯ ᠪᠥᠮᠪᠥᠭᠡ᠎ᠶᠢᠨ ᠰᠤᠷᠭᠠᠭᠤᠯᠢ ᠪᠣᠯᠤᠭᠰᠠᠨ ᠪᠠᠢᠨ᠎ᠠ᠃

ᠲᠦᠷᠦᠬᠦᠬᠡᠨ U23 ᠠᠽᠢᠶ᠎ᠠ ᠲᠢᠪ ᠬᠤᠨᠳᠠᠭᠠᠲᠤ ᠬᠦᠯ ᠪᠦᠮᠪᠦᠬᠡ ᠵᠢᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠥᠨᠳᠥᠷᠯᠡᠵᠦ᠂ ᠳᠤᠮᠳᠠᠳᠤ ᠤᠯᠤᠰ᠎ᠤᠨ U23 ᠡᠷᠡᠭᠲᠡᠢ᠎ᠶᠢᠨ ᠬᠥᠯ ᠪᠥᠮᠪᠥᠭᠡ᠎ᠶᠢᠨ ᠠᠩᠭᠢ ᠲᠡᠦᠬᠡ᠎ᠶᠢᠨ ᠬᠠᠮᠤᠭ᠎ᠤᠨ ᠰᠢᠯᠢᠳᠡᠭ ᠬᠢᠷᠢ ᠪᠦᠲᠦᠮᠵᠢ᠎ᠶᠢ ᠡᠬᠦᠳᠴᠦ᠂ ᠠᠩᠬ᠎ᠠ ᠤᠳᠠᠭ᠎ᠠ ᠰᠢᠢᠳᠪᠦᠷᠢᠲᠦ ᠤᠷᠤᠯᠳᠤᠭᠠᠨ᠎ᠳᠤ ᠤᠷᠤᠯᠴᠠᠵᠤ ᠳᠡᠳ᠋ᠯᠡᠭᠰᠡᠨ ᠪᠠᠢᠨ᠎ᠠ᠃ ᠤᠷᠤᠯᠳᠤᠭᠠᠨ᠎ᠤ ᠲᠠᠯᠠᠪᠠᠢ ᠳ᠋ᠡᠬᠢ ᠬᠣᠰᠢᠭᠤᠴᠢ ᠪᠠᠢᠷᠢ ᠵᠢᠨ ᠳᠠᠮᠢᠷᠴᠢᠨ ᠪᠧᠾᠧᠷᠠᠮ·ᠠᠪᠦ᠋ᠳᠤᠸᠠᠢᠯᠢ ᠪᠤᠯ ᠲᠠᠷᠤᠢ ᠬᠥᠬᠡᠬᠣᠲᠠ᠎ᠶᠢᠨ ᠣᠲᠣ᠌ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ᠎ᠠᠴᠠ ᠴᠤᠯᠭᠤᠷᠠᠭᠰᠠᠨ ᠳᠠᠮᠢᠷᠴᠢᠨ ᠪᠤᠯᠬᠤ ᠶᠤᠮ᠃ ᠰᠢᠨᠵᠢᠶᠠᠩ᠎ᠨᠤᠳᠤᠭ ᠳᠠᠢ ᠲᠠᠮᠢᠷᠴᠢᠨ ᠪᠧᠾᠧᠷᠠᠮ·ᠠᠪᠦ᠋ᠳᠤᠸᠠᠢᠯᠢ ᠵᠢᠨ ᠬᠥᠯ ᠪᠥᠮᠪᠥᠭᠡ᠎ᠶᠢᠨ ᠬᠦᠰᠡᠯ ᠵᠡᠭᠦᠳᠦ ᠨᠢ ᠶᠠᠭ ᠡᠨᠡ ᠬᠦ᠌ ᠲᠠᠯ᠎ᠠ ᠨᠤᠲᠤᠭ᠎ᠤᠨ ᠰᠤᠷᠭᠠᠭᠤᠯᠢ᠎ᠶᠢᠨ ᠬᠦᠷᠢᠶᠡᠨ᠎ᠤ᠋ ᠨᠤᠭᠤᠭᠠᠨ ᠵᠦᠯᠬᠡᠨ ᠡᠴᠡ ᠡᠬᠢᠯᠡᠭᠰᠡᠨ ᠪᠠᠢᠨ᠎ᠠ᠃ 2018 ᠣᠨ᠎ᠳᠤ᠂ 15 ᠨᠠᠰᠤᠲᠠᠢ ᠲᠡᠷᠡ ᠥᠪᠥᠷ ᠮᠣᠩᠭᠣᠯ᠎ᠤᠨ ᠱᠧᠩ ᠯᠧ ᠮᠧᠩ ᠶᠠᠩ ᠬᠥᠯ ᠪᠥᠮᠪᠥᠭᠡ᠎ᠶᠢᠨ ᠺᠯᠦ᠋ᠪ᠎ᠦᠨ ᠳᠠᠰᠬᠠᠯᠵᠢᠭᠤᠯᠤᠭᠴᠢ ᠵᠢᠨ ᠳᠤᠭᠤᠢᠯᠠᠩ᠎ᠳᠤ ᠰᠣᠩᠭᠣᠭᠳᠠᠵᠤ᠂ ᠲᠣᠰ ᠰᠤᠷᠭᠠᠭᠤᠯᠢ᠎ᠶᠢᠨ ᠲᠠᠮᠢᠷ᠎ᠤᠨ ᠪᠣᠯᠪᠠᠰᠤᠷᠠᠯ᠎ᠤᠨ ᠬᠤᠶᠠᠳᠤᠭᠠᠷ ᠠᠩᠭᠢ᠎ᠶᠢᠨ ᠰᠣᠷᠣᠭ᠍ᠴᠢ ᠪᠣᠯᠵᠠᠢ᠃ 《ᠲᠡᠷᠡ ᠠᠩᠬ᠎ᠠ ᠰᠤᠷᠭᠠᠭᠤᠯᠢ᠎ᠳᠤ ᠢᠷᠡᠬᠦ ᠳ᠋ᠤ ᠪᠢᠰᠢᠭᠦᠷᠭᠡᠬᠦ ᠵᠠᠩ ᠲᠠᠢ ᠪᠠᠢᠭᠰᠠᠨ᠂ ᠭᠡᠪᠡᠴᠦ ᠪᠥᠮᠪᠥᠭᠡᠨ ᠲᠠᠯᠠᠪᠤᠷ᠎ᠲᠤ ᠭᠠᠷᠤᠮᠠᠭᠴᠠ ᠵᠠᠩ ᠠᠭᠠᠰᠢ ᠨᠢ ᠦᠰᠦᠳ ᠤᠨᠳᠤᠤ ᠪᠤᠯᠵᠤ᠂ ᠴᠢᠨᠡᠬᠡ ᠮᠡᠳᠡᠨ ᠲᠡᠮᠡᠴᠡᠵᠦ ᠮᠠᠰᠢ ᠰᠢᠭᠤᠷᠬᠠᠢ ᠢᠳᠡᠪᠬᠢᠳᠡᠢ ᠤᠷᠤᠯᠴᠠᠳᠠᠭ᠃ ᠢᠯᠠᠩᠭᠤᠶ᠎ᠠ ᠲᠡᠷᠡ ᠪᠡᠶ᠎ᠡ᠎ᠪᠡᠨ ᠴᠢᠩᠭ᠎ᠠ ᠱᠠᠭᠠᠷᠳᠠᠵᠤ᠂ ᠪᠠᠶᠠᠷ ᠳᠤᠷᠠᠰᠬᠠᠯ᠎ᠤᠨ ᠡᠳᠦᠷ ᠠᠮᠠᠷᠠᠯᠲᠠ᠎ᠶᠢᠨ ᠬᠤᠭᠤᠴᠠᠭᠠᠨ᠎ᠳᠤ ᠴᠤ᠌ ᠦᠷᠬᠦᠯᠵᠢᠯᠡᠨ ᠪᠤᠯᠪᠠᠰᠤᠷᠠᠬᠤ ᠵᠢ ᠪᠠᠷᠢᠮᠳᠠᠯᠠᠳᠠᠭ᠃ ᠪᠢᠳᠡ ᠳᠡᠬᠦᠨ᠎ᠤ ᠪᠤᠢ ᠪᠦᠬᠦᠢ ᠤᠷᠤᠯᠳᠤᠭᠠᠨ ᠢ᠋ ᠤᠨᠴᠠᠭᠠᠢ ᠠᠩᠬᠠᠷᠴᠤ᠂ ᠳᠡᠬᠦᠨ ᠡᠴᠡ ᠰᠤᠷᠤᠯᠴᠠᠵᠤ᠂ ᠳᠡᠬᠦᠨ ᠵᠢᠡᠷ ᠤᠮᠤᠭᠰᠢᠨ ᠪᠠᠬᠠᠷᠬᠠᠳᠠᠭ》 ᠬᠡᠵᠦ ᠳᠡᠬᠦᠨ ᠤ᠋ ᠠᠩᠬᠢ ᠵᠢᠨ ᠡᠷᠬᠢᠯᠡᠭᠴᠢ ᠮᠦᠷᠳᠡᠬᠡᠨ ᠬᠦᠯ ᠪᠦᠮᠪᠦᠬᠡ ᠵᠢᠨ ᠳᠠᠰᠬᠠᠯᠵᠢᠭᠤᠯᠤᠭᠴᠢ ᠪᠠᠢᠭᠰᠠᠨ ᠴᠠᠩ ᠰᠢ ᠶᠤᠸᠠᠨ ᠡᠷᠬᠢᠴᠡᠬᠦᠯᠦᠨ᠎ᠡ᠃

ᠠᠵᠢᠯ ᠮᠡᠷᠬᠡᠵᠢᠯ᠎ᠤᠨ ᠰᠤᠷᠭᠠᠭᠤᠯᠢ᠎ᠶᠢᠨ ᠬᠦᠷᠢᠶᠡᠨ᠎ᠦ ᠨᠣᠭᠣᠭᠠᠨ ᠵᠦᠯᠭᠡᠨ᠎ᠠᠴᠠ ᠪᠧᠾᠧᠷᠠᠮ·ᠠᠪᠦ᠋ᠳᠤᠸᠠᠢᠯᠢ ᠰᠢᠬ ᠰᠢᠯᠢᠳᠡᠭ ᠳᠠᠮᠢᠷᠴᠢᠨ ᠴᠤᠯᠭᠤᠷᠠᠨ ᠭᠠᠷᠴᠤ ᠴᠢᠳᠠᠭᠰᠠᠨ ᠨᠢ ᠰᠤᠷᠭᠠᠭᠤᠯᠢ ᠵᠢᠨ ᠡᠳᠦᠷ ᠢᠷᠡᠬᠦᠶ᠎ᠠ ᠪᠤᠯᠪᠠᠰᠤᠷᠠᠩᠭᠤᠢ ᠪᠤᠯᠵᠤ ᠪᠠᠢᠭ᠎ᠠ ᠬᠦᠮᠦᠵᠢᠬᠦᠯᠬᠦ ᠰᠢᠰᠲᠧᠮ ᠡᠴᠡ ᠰᠠᠯᠵᠤ ᠴᠢᠳᠠᠬᠤ ᠦᠬᠡᠢ ᠶᠤᠮ᠃ ᠬᠥᠬᠡᠬᠣᠲᠠ᠎ᠶᠢᠨ ᠣᠳᠣ᠌ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ ᠤᠷᠲᠤ ᠬᠤᠭᠤᠴᠠᠭ᠎ᠠ᠎ᠪᠠᠷ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠣᠨᠴᠠᠯᠢᠭ᠍ᠲᠤ ᠬᠥᠮᠥᠨ ᠢ᠋ ᠬᠥᠮᠥᠵᠢᠭᠦᠯᠬᠦ ᠰᠢᠰᠲᠧᠮ ᠢ᠋ ᠪᠠᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶᠢᠨ ᠨᠡᠢᠭᠡᠮᠯᠢᠭ᠂ ᠱᠠᠩᠬᠠᠢ᠎ᠶᠢᠨ ᠬᠠᠢ ᠭᠠᠩ ᠬᠥᠯ ᠪᠥᠮᠪᠥᠭᠡ᠎ᠶᠢᠨ ᠺᠯᠦ᠋ᠪ ᠯᠦ᠍ᠭᠡ ᠴᠢᠳᠠᠪᠤᠷᠢᠲᠠᠨ ᠬᠦᠷᠭᠡᠬᠦ ᠲᠣᠭᠲᠠᠴᠠ᠎ᠶᠢ ᠬᠠᠮᠲᠤ ᠪᠠᠷ ᠪᠠᠢᠭᠤᠯᠵᠤ᠂ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠴᠢᠳᠠᠪᠤᠷᠢᠲᠠᠨ᠎ᠤ ᠦᠰᠦᠨ ᠪᠣᠢᠵᠢᠬᠤ 《ᠰᠠᠭᠠᠳ ᠦᠭᠡᠢ ᠨᠡᠪᠲᠡᠷᠡᠬᠦ ᠵᠠᠮ》 ᠢ᠋ ᠨᠠᠪᠲᠠᠷᠡᠭᠦᠯᠵᠦ᠂ 《ᠵᠢᠭᠠᠨ ᠰᠤᠷᠭᠠᠯᠲᠠ ᠥᠪᠡᠷᠮᠢᠴᠡ ᠣᠨᠴᠠᠯᠢᠭ᠋᠎ᠲᠠᠢ᠂ ᠰᠤᠷᠢᠯᠳᠠ ᠪᠣᠯᠪᠠᠰᠤᠷᠠᠯ ᠰᠢᠰᠲᠧᠮ᠎ᠲᠠᠢ᠂ ᠰᠤᠷᠭᠠᠭᠤᠯᠢ ᠳᠡᠪᠰᠢᠬᠤ᠎ᠳᠦ ᠠᠷᠭ᠎ᠠ ᠵᠠᠮ᠎ᠲᠠᠢ᠂ ᠬᠥᠭᠵᠢᠯᠲᠡ᠎ᠵᠢᠨ ᠠᠭᠤᠳᠠᠮ ᠲᠠᠪᠴᠠᠩ᠎ᠲᠠᠢ》 ᠰᠠᠢᠨ ᠣᠷᠴᠢᠯ᠎ᠢ ᠪᠣᠶ ᠪᠣᠯᠭᠠᠵᠤ᠂ ᠬᠥᠯ ᠪᠥᠮᠪᠥᠭᠡ᠎ᠶᠢᠨ ᠵᠢᠭᠠᠨ ᠰᠤᠷᠭᠠᠯᠲᠠ ᠪᠠ ᠰᠤᠷᠢᠯᠳᠠ ᠪᠣᠯᠪᠠᠰᠤᠷᠠᠯ ᠤ᠋ᠨ ᠬᠤᠪᠢ ᠳ᠋ᠤ ᠢᠯᠡᠳᠲᠡ ᠦᠷ᠎ᠡ ᠪᠦᠲᠦᠭᠡᠯ ᠤᠯᠤᠭᠰᠠᠨ ᠪᠠᠢᠨ᠎ᠠ᠃

— ᠰᠤᠷᠭᠠᠭᠤᠯᠢ᠎ᠶᠢᠨ ᠥᠪᠡᠷᠮᠢᠴᠡ ᠣᠨᠴᠠᠯᠢᠭ᠋᠎ᠪᠦᠬᠦᠢ《ᠪᠥᠮᠪᠥᠭᠡ᠎ᠪᠡᠷ ᠶᠣᠰᠣ᠌ ᠰᠤᠷᠲᠠᠬᠤᠨ᠎ᠢ ᠬᠥᠮᠥᠵᠢᠭᠦᠯᠬᠦ᠂ ᠪᠥᠮᠪᠥᠭᠡ᠎ᠪᠡᠷ ᠤᠶᠤᠨ ᠤᠬᠠᠭᠠᠨ᠎ᠢ ᠰᠡᠩᠬᠡᠷᠡᠭᠦᠯᠬᠦ᠂ ᠪᠥᠮᠪᠥᠭᠡ᠎ᠪᠡᠷ ᠪᠡᠶ᠎ᠡ ᠮᠠᠬᠠᠪᠤᠳ᠎ᠢ ᠴᠢᠭᠢᠷᠠᠭᠵᠢᠭᠤᠯᠬᠤ᠂ ᠪᠥᠮᠪᠥᠭᠡ᠎ᠪᠡᠷ ᠭᠤᠸ᠎ᠠ ᠰᠠᠢᠬᠠᠨ᠎ᠢ ᠠᠬᠢᠭᠤᠯᠬᠤ》 — 《ᠳᠥᠷᠪᠡ᠎ᠶᠢ ᠨᠢᠭᠡ ᠴᠣᠭᠴᠠᠵᠢᠭᠤᠯᠤᠭᠰᠠᠨ》 ᠬᠥᠯ ᠪᠥᠮᠪᠥᠭᠡ᠎ᠪᠡᠷ ᠬᠥᠮᠥᠨ᠎ᠢ ᠬᠥᠮᠥᠵᠢᠭᠦᠯᠬᠦ ᠰᠢᠰᠲ᠋ᠧᠮ ᠨᠢ ᠬᠥᠯ ᠪᠥᠮᠪᠥᠭᠡ᠎ᠶᠢ ᠬᠥᠮᠥᠨ ᠢ᠋ ᠬᠥᠮᠥᠵᠢᠭᠦᠯᠬᠦ ᠪᠦᠬᠦ ᠶᠠᠪᠤᠴᠠ᠎ᠳᠤ ᠦᠨᠡᠨ᠎ᠬᠦ ᠠᠭᠤᠰᠤᠯᠴᠠᠭᠤᠯᠵᠠᠢ᠃ ᠮᠠᠨ ᠤ᠋ ᠰᠤᠷᠭᠠᠭᠤᠯᠢ ᠵᠢᠨ ᠡᠩ᠎ᠦᠨ ᠠᠩᠭᠢ᠎ᠰᠤᠷᠤᠯᠭ᠎ᠠ᠎ᠶᠢᠨ ᠬᠤᠭᠤᠴᠠᠭ᠎ᠠ ᠪᠦᠷᠢ 16 ᠴᠠᠭ᠎ᠤᠨ ᠬᠥᠯ ᠪᠥᠮᠪᠥᠭᠡ᠎ᠶᠢᠨ ᠰᠠᠭᠤᠷᠢ ᠬᠢᠴᠢᠶᠡᠯ᠎ᠢ᠋ ᠳᠤᠬᠢᠷᠠᠭᠤᠯᠵᠤ᠂ 《ᠠᠩᠭᠢ ᠪᠤᠯᠭᠠᠨ ᠬᠦᠯ ᠪᠥᠮᠪᠥᠭᠡᠨ ᠪᠠᠭ᠎ᠲᠠᠢ᠂ ᠬᠥᠮᠥᠨ ᠪᠦᠬᠦᠨ ᠣᠷᠣᠯᠴᠠᠬᠤ》ᠶ᠋ᠢ ᠪᠡᠶᠡᠯᠡᠭᠦᠯᠵᠦ᠂ ᠬᠥᠯ ᠪᠥᠮᠪᠥᠭᠡ᠎ᠶᠢᠨ ᠲᠤᠰᠬᠠᠢ ᠮᠡᠷᠭᠡᠵᠢᠯ᠎ᠦᠨ ᠠᠩᠭᠢ ᠭᠠᠷᠠᠭ ᠪᠦᠷᠢ 15 ᠴᠠᠭ᠎ᠤᠨ ᠲᠤᠰᠬᠠᠢ ᠮᠡᠷᠭᠡᠵᠢᠯ᠎ᠦᠨ ᠬᠢᠴᠢᠶᠡᠯ ᠳᠤᠬᠢᠷᠠᠭᠤᠯᠵᠤ᠂ ᠵᠢᠷᠭᠤᠭᠠᠨ ᠶᠡᠬᠡ ᠠᠭᠤᠯᠭ᠎ᠠ ᠵᠢᠨ ᠲᠣᠭᠣᠷᠢᠨ ᠳ᠋ᠤ ᠨᠠᠷᠢᠯᠢᠭ᠋ ᠵᠢᠭᠠᠨ ᠰᠤᠷᠭᠠᠯᠲᠠ᠎ᠶᠢ ᠥᠷᠨᠢᠭᠦᠯᠳᠡᠭ ᠵᠢᠡᠷ ᠰᠤᠷᠤᠭ᠍ᠴᠢᠳ᠎ᠤᠨ ᠬᠥᠯ ᠪᠥᠮᠪᠥᠭᠡ᠎ᠶᠢᠨ ᠰᠠᠭᠤᠷᠢ ᠪᠣᠯᠪᠠᠰᠤᠷᠠᠯ᠎ᠢ ᠪᠠᠳᠤᠳᠬᠠᠵᠤ ᠴᠢᠳᠠᠭᠰᠠᠨ ᠪᠠᠢᠨ᠎ᠠ ᠬᠡᠵᠦ ᠳᠠᠰᠬᠠᠯᠵᠢᠭᠤᠯᠤᠭᠴᠢ ᠴᠠᠩ ᠰᠢ ᠶᠤᠸᠠᠨ ᠳᠠᠨᠢᠯᠴᠠᠭᠤᠯᠤᠯ᠎ᠠ᠃

ᠠᠵᠢᠯ ᠮᠡᠷᠬᠡᠵᠢᠯ᠎ᠤᠨ ᠰᠤᠷᠭᠠᠭᠤᠯᠢ ᠡᠢᠮᠦᠷᠬᠦᠦ ᠰᠤᠳᠤᠨ ᠳᠠᠮᠢᠷᠴᠢᠨ᠎ᠢ ᠬᠦᠮᠦᠵᠢᠬᠦᠯᠵᠦ ᠭᠠᠷᠭᠠᠭᠰᠠᠨ ᠨᠢ ᠰᠤᠷᠭᠠᠭᠤᠯᠢ᠎ᠶᠢᠨ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ 《ᠪᠥᠬᠥ ᠬᠡᠯᠬᠢᠶ᠎ᠡ ᠵᠢᠨ ᠱᠠᠲᠤ ᠬᠤᠪᠢᠶᠠᠭᠰᠠᠨ》 ᠪᠣᠯᠪᠠᠰᠤᠷᠠᠯ᠎ᠤᠨ ᠵᠠᠭᠪᠤᠷ᠎ᠯᠤᠭ᠎ᠠ ᠨᠢᠭᠳᠠ ᠬᠤᠯᠪᠤᠭ᠎ᠠ ᠳᠠᠢ ᠶᠤᠮ᠃ ᠭᠠᠷᠠᠭ᠎ᠤᠨ ᠨᠢᠭᠡᠨ᠎ᠳ᠋ᠡᠬᠢ ᠱᠠᠯᠠᠮᠠᠭᠠᠢ ᠬᠦᠳᠡᠯᠦᠯ᠎ᠤᠨ ᠳᠤᠬᠠᠢ ᠱᠠᠲᠤᠴᠢ ᠪᠣᠯᠪᠠᠰᠤᠷᠠᠯ᠂ ᠪᠥᠮᠪᠥᠭᠡ ᠵᠢ ᠤᠨᠤᠴᠠᠳᠠᠢ ᠳᠠᠮᠵᠢᠭᠤᠯᠬᠤ ᠪᠣᠯᠪᠠᠰᠤᠷᠠᠯ᠂ ᠭᠠᠷᠠᠭ᠎ᠤᠨ ᠬᠣᠶᠠᠷ᠎ᠲᠡᠬᠢ ᠲᠤᠰᠬᠠᠢ ᠬᠣᠷᠢᠭ᠍ᠯᠠᠯᠲᠠ᠎ᠬᠠᠮᠠᠭᠠᠯᠠᠯᠳᠠ ᠵᠢᠨ ᠪᠣᠯᠪᠠᠰᠤᠷᠠᠯ ᠪᠠ ᠳᠠᠭᠠᠷᠢᠯᠳᠠ ᠬᠢᠵᠦ ᠬᠠᠮᠠᠭᠠᠯᠠᠯᠳᠠ ᠵᠢ ᠡᠪᠳᠡᠬᠦ ᠪᠤᠯᠪᠠᠰᠤᠷᠠᠯ᠂ ᠭᠠᠷᠠᠭ᠎ᠤᠨ ᠭᠤᠷᠪᠠᠨ᠎ᠳ᠋ᠡᠬᠢ ᠡᠭᠦᠳᠡ ᠰᠤᠮᠤᠳᠠᠬᠤ ᠪᠣᠯᠪᠠᠰᠤᠷᠠᠯ ᠬᠡᠬᠦ ᠮᠡᠳᠤ ᠵᠢᠨ ᠰᠢᠰᠲᠧᠮ ᠳᠠᠢ ᠪᠤᠯᠪᠠᠰᠤᠷᠠᠯ ᠨᠢ ᠰᠤᠷᠤᠭᠴᠢᠳ᠎ᠤᠨ ᠪᠦᠬᠦ ᠳᠠᠯ᠎ᠠ ᠵᠢᠨ ᠴᠢᠳᠠᠪᠤᠷᠢ ᠵᠢ ᠳᠡᠬᠡᠭᠰᠢᠯᠡᠬᠦᠯᠵᠦ ᠴᠢᠳᠠᠭᠰᠠᠨ ᠵᠢᠡᠷ ᠪᠠᠷᠠᠬᠤ ᠦᠬᠡᠢ᠂ ᠡᠪᠦᠯ ᠳ᠋ᠡᠬᠡᠨ ᠭᠤᠸᠠᠩᠰᠢ ᠵᠢᠨ ᠪᠸᠢᠢᠬᠠᠢ ᠳ᠋ᠤ᠌ ᠤᠴᠢᠵᠤ 50 ᠡᠳᠦᠷ᠎ᠦᠨ ᠪᠢᠲᠡᠭᠦᠮᠵᠢᠯᠡᠭᠰᠡᠨ ᠪᠣᠯᠪᠠᠰᠤᠷᠠᠯ ᠬᠢᠬᠦ ᠨᠢ ᠰᠤᠷᠤᠭᠴᠢᠳ᠎ᠤᠨ  ᠬᠠᠳᠠᠭᠤᠵᠢᠨ ᠪᠤᠯᠪᠠᠰᠤᠷᠠᠬᠤ ᠵᠠᠪᠠᠯ ᠰᠤᠷᠬᠤ ᠬᠢᠴᠢᠶᠡᠯ ᠪᠤᠯᠵᠤ᠂ ᠬᠠᠳᠠᠭᠤᠵᠢᠯᠳᠠᠢ ᠮᠠᠬᠠᠪᠤᠳ᠎ᠤᠨ ᠴᠢᠳᠠᠪᠤᠷᠢ ᠵᠢᠨ ᠪᠤᠯᠪᠠᠰᠤᠷᠠᠯ ᠪᠤᠯᠤᠨ ᠲᠤᠢᠯ᠎ᠤᠨ ᠣᠷᠴᠢᠨ ᠳ᠋ᠡᠬᠢ ᠰᠤᠷᠢᠯᠳᠠ ᠪᠤᠯᠪᠠᠰᠤᠷᠠᠯ ᠵᠢᠴᠢ GPS ᠮᠥᠷᠳᠡᠯᠲᠡ᠂ ᠵᠢᠷᠦᠬᠡᠨ᠎ᠴᠤᠬᠢᠯᠳᠠ ᠵᠢᠨ ᠬᠢᠨᠠᠨ ᠬᠡᠮᠵᠢᠯᠲᠡ ᠵᠡᠷᠭᠡ ᠰᠢᠨᠵᠢᠯᠡᠬᠦ ᠤᠬᠠᠭᠠᠨᠴᠢ ᠮᠡᠷᠭᠡᠵᠢᠯ᠎ᠦᠨ ᠠᠷᠭ᠎ᠠ ᠪᠠᠷᠢᠯ᠎ᠳ᠋ᠤ ᠲᠤᠯᠭᠠᠭᠤᠷᠢᠯᠠᠭᠰᠠᠨ ᠥᠪᠡᠷᠮᠢᠴᠡ ᠪᠤᠯᠪᠠᠰᠤᠷᠠᠯ᠎ᠤᠨ ᠲᠥᠰᠥᠯ ᠨᠢ ᠰᠤᠷᠤᠭ᠍ᠴᠢᠳ᠎ᠤᠨ ᠮᠠᠬᠠᠪᠤᠳ᠎ᠤᠨ ᠴᠢᠳᠠᠪᠤᠷᠢ ᠪᠣᠯᠣᠨ ᠮᠡᠷᠭᠡᠵᠢᠯ᠎ᠦᠨ ᠴᠢᠳᠠᠪᠤᠷᠢ ᠪᠠᠨ ᠳᠡᠬᠡᠭᠰᠢᠯᠡᠬᠦᠯᠬᠦ ᠰᠠᠭᠤᠷᠢ ᠪᠠᠳᠤᠯᠠᠭ᠎ᠠ ᠪᠤᠯᠤᠭᠰᠠᠨ ᠪᠠᠢᠨ᠎ᠠ᠃

ᠬᠥᠬᠡᠬᠣᠲᠠ᠎ᠶᠢᠨ ᠤᠳᠤ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ᠎ᠶᠢᠨ ᠳᠡᠳ᠋ ᠵᠠᠬᠢᠷᠤᠯ ᠴᠢᠨ ᠱᠣ᠌ ᠹᠠᠩ᠄《ᠣᠢᠷ᠎ᠠ᠎ᠶᠢᠨ ᠵᠢᠯ᠎ᠦᠳ᠎ᠲᠦ ᠰᠤᠷᠭᠠᠭᠤᠯᠢ᠎ᠠᠴᠠ ᠣᠶᠤᠨᠲᠤ ᠬᠥᠯ ᠪᠥᠮᠪᠥᠭᠡ᠎ᠶᠢᠨ ᠲᠠᠮᠢᠷ᠎ᠤᠨ ᠲᠠᠯᠠᠪᠠᠢ ᠪᠠᠢᠭᠤᠯᠵᠤ᠂ ᠮᠠᠨ᠎ᠤ ᠰᠤᠷᠭᠠᠭᠤᠯᠢ᠎ᠶᠢᠨ ᠬᠥᠯ ᠪᠥᠮᠪᠥᠭᠡ᠎ᠶᠢᠨ ᠠᠩᠭᠢ᠎ᠳᠤ ᠡᠮᠦᠰᠴᠦ ᠵᠡᠭᠦᠬᠦ ᠬᠡᠷᠡᠭᠰᠡᠯ ᠲᠣᠬᠢᠷᠠᠭᠤᠯᠵᠤ᠂ ᠣᠶᠤᠨᠲᠤ ᠲᠠᠪᠴᠠᠩ᠎ᠤᠨ ᠲᠣᠭ᠎ᠠ ᠪᠠᠷᠢᠮᠲᠠ᠎ᠶᠢᠨ ᠵᠠᠳᠠᠯᠤᠯᠲᠠ᠎ᠪᠠᠷ ᠳᠠᠮᠵᠢᠭᠤᠯᠵᠤ᠂〈ᠨᠢᠭᠡ ᠰᠤᠷᠤᠭᠴᠢ ᠳ᠋ᠤ ᠨᠢᠬᠡ ᠲᠦᠰᠦᠯ〉 ᠤ᠋ᠨ ᠥᠪᠡᠷᠮᠢᠴᠡ ᠪᠣᠯᠪᠠᠰᠤᠷᠠᠯ᠎ᠤᠨ ᠲᠥᠰᠥᠯ᠎ᠬᠠᠩᠭᠠᠵᠤ ᠪᠠᠢᠨ᠎ᠠ᠃ ᠡᠭᠦᠨ᠎ᠦ ᠬᠠᠮᠲᠤ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠮᠠᠨ᠎ᠤ ᠳᠠᠰᠬᠠᠯᠵᠢᠭᠤᠯᠤᠭ᠍ᠴᠢ᠎ᠳᠠᠭᠠᠨ ᠠᠽᠢᠶ᠎ᠠ ᠲᠢᠪ᠎ᠦᠨ ᠬᠥᠯ ᠪᠥᠮᠪᠥᠭᠡ᠎ᠶᠢᠨ ᠬᠣᠯᠪᠣᠭᠠᠨ᠎ᠤ ᠦᠨᠡᠮᠯᠡᠯ᠎ᠤᠯᠭᠤᠬᠤ ᠪᠣᠯᠪᠠᠰᠤᠷᠠᠯ᠎ᠳ᠋ᠤ ᠨᠡᠷ᠎ᠡ ᠮᠡᠳᠡᠭᠦᠯᠦᠨ ᠦᠭᠴᠦ᠂ ᠳᠠᠰᠬᠠᠯᠵᠢᠭᠤᠯᠤᠭ᠍ᠴᠢ᠎ᠶᠢᠨ ᠪᠦᠯᠬᠦᠮ᠎ᠦᠨ ᠭᠠᠳᠠᠭ᠍ᠰᠢ ᠭᠠᠷᠴᠤ ᠰᠤᠷᠤᠯᠴᠠᠬᠤ᠎ᠶᠢ ᠳᠡᠮᠵᠢᠵᠡᠢ》 ᠬᠡᠵᠦ ᠳᠠᠨᠢᠯᠴᠠᠭᠤᠯᠤᠯ᠎ᠠ᠃

ᠲᠣᠰ ᠰᠤᠷᠭᠠᠭᠤᠯᠢ ᠪᠠᠰᠠ 《ᠰᠣᠶᠣᠯ + ᠪᠡᠶ᠎ᠡ᠎ᠶᠢᠨ ᠲᠠᠮᠢᠷ 》 ᠤ᠋ᠨ ᠬᠣᠣᠰ ᠵᠠᠮᠳᠤ ᠬᠥᠮᠥᠵᠢᠭᠦᠯᠬᠦ ᠵᠠᠭᠪᠤᠷ᠎ᠢᠶᠠᠷ ᠰᠤᠷᠤᠭ᠍ᠴᠢᠳ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠵᠡᠷᠭᠡ᠎ᠪᠡᠷ ᠶᠡᠷᠦᠩᠬᠡᠢᠯᠡᠭᠰᠡᠨ ᠬᠡᠪ ᠴᠢᠨᠠᠷ᠎ᠤᠨ ᠬᠥᠭᠵᠢᠯᠲᠡ᠎ᠶᠢ ᠴᠤ᠌ ᠴᠢᠬᠤᠯᠠᠴᠢᠯᠠᠵᠤ ᠪᠠᠢᠳᠠᠭ᠃ ᠡᠭᠦᠨ᠎ᠡᠴᠡ ᠭᠠᠳᠠᠨ᠎ᠠ᠂ ᠰᠤᠷᠭᠠᠭᠤᠯᠢ᠎ᠠᠴᠠ ᠪᠠᠰᠠ ᠳᠤᠭᠠᠴᠢᠯᠠᠭᠰᠠᠨ ᠤᠶᠤᠨᠴᠢ ᠵᠢᠭᠠᠬᠤ ᠵᠢ ᠰᠤᠳᠤᠯᠬᠤ ᠲᠥᠪ ᠪᠠᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠷᠭ᠎ᠠ ᠪᠠᠷᠢᠯ᠎ᠢᠶᠠᠷ ᠪᠣᠯᠪᠠᠰᠤᠷᠠᠯ᠎ᠤᠨ ᠪᠥᠬᠥ ᠶᠠᠪᠤᠴᠠ ᠳ᠋ᠤ ᠬᠦᠴᠦᠨ ᠨᠡᠮᠡᠷᠢᠯᠡᠵᠦ ᠪᠠᠢᠭ᠎ᠠ ᠶᠤᠮ᠃ ᠴᠢᠨ ᠱᠣ᠌ ᠹᠠᠩ᠄ 《ᠡᠨᠡ ᠤᠳᠠᠭ᠎ᠠ ᠵᠢᠨ ᠤᠯᠤᠰ᠎ᠤᠨ ᠰᠢᠨ᠎ᠡ ᠮᠠᠶᠢᠭ᠋᠎ᠤᠨ ᠬᠥᠯ ᠪᠥᠮᠪᠥᠭᠡ᠎ᠶᠢᠨ ᠰᠤᠷᠭᠠᠭᠤᠯᠢ᠎ᠶᠢᠨ ᠪᠠᠢᠭᠤᠯᠤᠯᠲᠠ᠎ᠶᠢᠨ ᠲᠤᠷᠰᠢᠯᠲᠠ᠎ᠶᠢᠨ ᠨᠢᠭᠡᠴᠢ᠎ᠳᠦ ᠰᠣᠩᠭᠣᠭᠳᠠᠭᠰᠠᠨ᠎ᠢᠶᠠᠷ ᠠᠵᠠ ᠲᠣᠬᠢᠶᠠᠯ ᠪᠣᠯᠭᠠᠵᠤ᠂ ᠵᠢᠭᠠᠨ ᠰᠤᠷᠭᠠᠯᠲᠠ ᠪᠠ ᠰᠤᠷᠢᠯᠳᠠ ᠪᠣᠯᠪᠠᠰᠤᠷᠠᠯ᠎ᠤᠨ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠷᠭᠠᠭᠤᠯᠢ᠎ᠪᠠᠨ ᠰᠤᠷᠤᠯᠭ᠎ᠠ ᠪᠣᠯᠪᠠᠰᠤᠷᠠᠯ ᠬᠣᠣᠰᠯᠠᠭᠰᠠᠨ ᠬᠥᠯ ᠪᠥᠮᠪᠥᠭᠡ᠎ᠶᠢᠨ ᠴᠢᠳᠠᠪᠤᠷᠢᠲᠠᠨ᠎ᠤ ᠴᠢᠬᠤᠯᠠ ᠰᠠᠭᠤᠷᠢᠨ ᠭᠠᠵᠠᠷ ᠪᠣᠯᠭᠠᠵᠤ᠂ ᠣᠷᠣᠨ᠎ᠤ ᠲᠥᠪ ᠪᠠ ᠪᠥᠬᠥ ᠣᠷᠣᠨ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠴᠢᠨᠠᠷ ᠰᠠᠢᠲᠠᠢ ᠬᠥᠭᠵᠢᠯᠲᠡ᠎ᠳᠦ ᠨᠠᠩ ᠴᠢᠩᠭ᠎ᠠ ᠬᠥᠳᠡᠯᠭᠡᠬᠦ ᠬᠦᠴᠦᠨ ᠨᠡᠮᠡᠷᠢᠯᠡᠬᠦ᠎ᠪᠡᠷ ᠴᠢᠷᠮᠠᠢᠨ᠎ᠠ》 ᠬᠡᠵᠦ ᠪᠠᠢᠯ᠎ᠠ᠃

ᠣᠯᠠᠨ ᠵᠢᠯ᠎ᠦᠨ ᠲᠤᠷᠰᠢ᠂ ᠳᠤᠰ ᠰᠤᠷᠭᠠᠭᠤᠯᠢ᠎ᠶᠢᠨ ᠬᠥᠯ ᠪᠥᠮᠪᠥᠭᠡ᠎ᠶᠢᠨ ᠵᠢᠭᠠᠨ ᠰᠤᠷᠭᠠᠯᠲᠠ ᠪᠠ ᠰᠤᠷᠢᠯᠳᠠ ᠪᠣᠯᠪᠠᠰᠤᠷᠠᠯ᠎ᠤᠨ ᠦᠷ᠎ᠡ ᠪᠦᠳᠦᠮᠵᠢ ᠢᠯᠡᠳᠲᠡ ᠲᠤᠪᠤᠢᠮ᠎ᠠ ᠪᠠᠢᠵᠤ᠂ ᠵᠠᠯᠭᠠᠭ᠎ᠠ᠎ᠪᠠᠷ ᠣᠯᠠᠨ ᠵᠢᠯ ᠬᠥᠬᠡᠬᠣᠲᠠ᠎ᠶᠢᠨ 《ᠬᠣᠲᠠ᠎ᠶᠢᠨ ᠳᠠᠷᠤᠭ᠎ᠠ ᠬᠤᠨᠳᠠᠭᠠᠲᠤ》 ᠬᠦᠯ ᠪᠦᠮᠪᠦᠬᠡ ᠵᠢᠨ ᠤᠷᠤᠯᠳᠤᠭᠠᠨ᠎ᠳᠤ ᠮᠠᠩᠯᠠᠢᠯᠠᠵᠤ᠂ 2023 ᠣᠨ᠎ᠤ ᠥᠪᠥᠷ ᠮᠣᠩᠭᠣᠯ᠎ᠤᠨ ᠰᠤᠷᠭᠠᠭᠤᠯᠢ᠎ᠶᠢᠨ ᠬᠦᠷᠢᠶᠡᠨ᠎ᠦ ᠳᠥᠷᠪᠡᠳᠦᠭᠡᠷ ᠳᠡᠰ᠎ᠤᠨ ᠬᠣᠯᠪᠣᠭᠠᠲᠤ ᠤᠷᠤᠯᠳᠤᠭᠠᠨ᠎ᠳᠤ ᠮᠠᠩᠯᠠᠢᠯᠠᠵᠤ᠂ 2024 ᠣᠨ᠎ᠤ ᠪᠥᠬᠥ ᠤᠯᠤᠰ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ᠎ᠳᠤ ᠳᠡᠳ᠋ᠯᠡᠭᠰᠡᠨ ᠵᠡᠷᠭᠡ ᠠᠯᠢ ᠤᠯᠠᠨ ᠢᠷᠠᠭᠤ ᠠᠯᠳᠠᠷ᠎ᠢ ᠭᠥᠷᠳᠡᠵᠡᠢ᠃ ᠲᠣᠰ ᠤᠳᠠᠭ᠎ᠠ ᠪᠥᠬᠥ ᠤᠯᠤᠰ᠎ᠤᠨ ᠰᠢᠨ᠎ᠡ ᠮᠠᠶᠢᠭ᠋᠎ᠤᠨ ᠬᠥᠯ ᠪᠥᠮᠪᠥᠭᠡ᠎ᠶᠢᠨ ᠰᠤᠷᠭᠠᠭᠤᠯᠢ᠎ᠶᠢᠨ ᠪᠠᠢᠭᠤᠯᠤᠯᠲᠠ᠎ᠶᠢᠨ ᠲᠤᠷᠰᠢᠯᠲᠠ᠎ᠶᠢᠨ ᠨᠢᠭᠡᠴᠢ ᠪᠡᠷ ᠰᠣᠩᠭᠣᠭᠳᠠᠭᠰᠠᠨ ᠨᠢ ᠰᠤᠷᠭᠠᠭᠤᠯᠢ᠎ᠶᠢᠨ ᠪᠡᠶ᠎ᠡ᠎ᠶᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠤᠨ ᠦᠢᠯᠡᠳᠦᠯᠭᠡᠵᠢᠭᠦᠯᠦᠭᠰᠡᠨ ᠪᠠ ᠬᠥᠯ ᠪᠥᠮᠪᠥᠭᠡ᠎ᠪᠡᠷ ᠬᠥᠮᠥᠨ᠎ᠢ ᠬᠥᠮᠥᠵᠢᠭᠦᠯᠦᠭᠰᠡᠨ ᠦᠷ᠎ᠡ ᠪᠦᠲᠦᠮᠵᠢ᠎ᠶᠢ ᠭᠦᠢᠴᠡᠳ ᠬᠡᠷᠡᠴᠢᠯᠡᠭᠰᠡᠨ ᠪᠠᠢᠨ᠎ᠠ᠃

ᠮᠦᠨ ᠴᠸ᠋ ᠲᠤᠰ ᠰᠤᠷᠭᠠᠭᠤᠯᠢ ᠨᠢ ᠤᠯᠤᠰ᠎ᠤᠨ ᠰᠢᠨ᠎ᠠ ᠮᠠᠶᠢᠭ᠎ᠤᠨ ᠬᠦᠯ ᠪᠦᠮᠪᠦᠬᠡ ᠵᠢᠨ ᠲᠤᠷᠰᠢᠯᠲᠠ᠎ᠶᠢᠨ ᠴᠡᠭ᠎ᠤᠨ ᠪᠠᠢᠭᠤᠯᠤᠯᠲᠠ᠎ᠳᠤ ᠰᠣᠩᠭᠣᠭᠳᠠᠨ ᠤᠷᠤᠭᠰᠠᠨ ᠨᠢ ᠪᠥᠬᠥ ᠣᠷᠣᠨ᠎ᠤ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠥᠭᠵᠢᠯᠲᠡ᠎ᠳᠦ ᠵᠢᠱ᠌ᠢᠶ᠎ᠡ ᠦᠵᠡᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠬᠠᠮᠵᠢᠯᠴᠠᠨ ᠬᠥᠮᠥᠨ ᠢ᠋ ᠬᠥᠮᠥᠵᠢᠭᠦᠯᠬᠦ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠰᠦᠨ ᠪᠣᠢᠵᠢᠬᠤ ᠵᠠᠮ᠎ᠢ ᠥᠷᠭᠡᠳᠬᠡᠨ᠂ ᠨᠠᠩ ᠣᠯᠠᠨ ᠥᠨᠳᠥᠷ ᠬᠡᠪ ᠪᠣᠯᠪᠠᠰᠤᠷᠠᠯ᠎ᠲᠠᠢ ᠬᠥᠯ ᠪᠥᠮᠪᠥᠭᠡ᠎ᠶᠢᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠨᠢ ᠯᠠᠪᠳᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号