ᠬᠣᠷᠴᠢᠨ ᠵᠡᠬᠦᠨ ᠭᠠᠷᠣᠨ ᠳᠣᠮᠳᠠᠳᠣ ᠬᠣᠰᠢᠭᠤ ᠣᠯᠠᠨ ᠵᠢᠯ ᠦᠬᠡᠷ ᠲᠡᠵᠢᠬᠡᠨ ᠦᠷᠡᠵᠢᠬᠦᠯᠦᠭᠰᠡᠨ ᠪᠠᠶᠠᠯᠢᠭ ᠲᠤᠷᠰᠢᠯᠭ᠎ᠠ ᠵᠡᠷᠭᠡ ᠳᠠᠪᠠᠭᠤᠯᠢᠭ ᠲᠠᠭᠠᠨ ᠰᠠᠭᠤᠷᠢᠯᠠᠨ᠂ ᠦᠬᠡᠷ ᠦᠨ ᠠᠵᠤ ᠦᠶ᠋ᠯᠡᠰ᠎ᠦᠨ ᠬᠥᠭᠵᠢᠯᠲᠡ᠎ᠶᠢ ᠴᠢᠩᠭ᠎ᠠ ᠠᠳᠬᠤᠵᠤ᠂ ᠰᠠᠶ᠋ᠢᠨ ᠡᠭᠦᠯᠳᠡᠷ ᠢ ᠣᠷᠣᠭᠤᠯᠤᠨ ᠠᠪᠴᠢᠷᠠᠵᠤ ᠦᠷᠡᠵᠢᠭᠦᠯᠦᠨ ᠲᠡᠯᠬᠡᠷᠡᠬᠦᠯᠵᠦ᠂ ᠪᠥᠬᠥ ᠬᠣᠰᠢᠭᠤᠨ᠎ᠤ ᠦᠬᠡᠷ᠎ᠦᠨ ᠠᠵᠤ ᠦᠶ᠋ᠯᠡᠰ ᠦᠨ ᠬᠦᠭᠵᠢᠯᠳᠡ ᠵᠢᠨ ᠶᠠᠰᠤ ᠴᠢᠨᠠᠷ ᠢ᠋ ᠲᠡᠭᠡᠭᠰᠢᠯᠡᠬᠦᠯᠦᠨ ᠦᠷ᠎ᠡ ᠠᠰᠢᠭ ᠢ᠋ ᠨᠡᠮᠡᠭᠳᠡᠬᠦᠯᠬᠦ ᠵᠢ ᠪᠦᠬᠦ ᠬᠦᠴᠦᠨ ᠵᠢᠡᠷ ᠵᠢᠡᠨ ᠠᠬᠢᠭᠤᠯᠵᠦ ᠢᠷᠡᠵᠡᠢ᠃

ᠶᠣᠯᠣᠨᠮᠣᠳᠣ ᠪᠠᠯᠭᠠᠰᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ︽ᠪᠠᠭ᠎ᠠ ᠬᠦᠷᠢᠶ᠎ᠠ + ᠲᠣᠮᠣ ᠬᠡᠪᠴᠢᠶ᠎ᠡ》 ᠵᠢᠨ ᠲᠡᠵᠢᠭᠡᠨ ᠦᠷᠡᠵᠢᠭᠦᠯᠬᠦ ᠵᠠᠭᠪᠤᠷ ᠢ ᠪᠠᠷᠢᠮᠲᠠᠯᠠᠨ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ᠎ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠵᠦ ᠪᠠᠢᠨ᠎ᠠ᠃ ᠲᠡᠰᠬᠡᠬᠤᠸᠠ ᠭᠠᠴᠠᠭᠠᠨ᠎ᠤ ᠲᠡᠵᠢᠭᠡᠨ ᠦᠷᠡᠵᠢᠭᠦᠯᠬᠦ ᠡᠷᠦᠬᠡ ᠳ᠋ᠧᠩ ᠪᠠᠭᠠᠲᠤᠷ ᠦᠷᠯᠦᠬᠡ ᠡᠷᠳᠠ ᠡᠴᠠ ᠡᠪᠡᠰᠦ ᠪᠣᠷᠳᠤᠭᠠᠪᠡᠯᠡᠳᠬᠡᠨ᠂ ᠦᠬᠡᠷ ᠤᠨ ᠬᠠᠰᠢᠶ᠎ᠠ ᠪᠠᠨ ᠴᠡᠪᠡᠷᠯᠡᠬᠡᠳ ᠨᠢᠭᠡ ᠡᠳᠦᠷ ᠤᠨ ᠠᠵᠢᠯ ᠢᠶᠡᠨ ᠡᠬᠢᠯᠡᠬᠦᠯᠪᠠ᠃ ᠣᠶ᠋ᠢᠷ᠎ᠠ᠎ᠶ᠋ᠢᠨ ᠵᠢᠯ᠎ᠳ᠋ᠤ᠂ ᠶᠣᠯᠣᠨᠮᠣᠳᠣ ᠪᠠᠯᠭᠠᠰᠤ ︽ᠬᠡᠷ ᠪᠦᠯᠢ᠎ᠪᠠᠷ ᠨᠢᠭᠡᠴᠢ ᠪᠣᠯᠭᠠᠵᠤ᠂ ᠪᠠᠭ᠎ᠠ ᠬᠡᠪᠴᠢᠶ᠎ᠡ ᠪᠠᠷ ᠡᠬᠢᠯᠡᠭᠦᠯᠵᠦ᠂ ᠪᠥᠬᠦ ᠪᠠᠯᠭᠠᠰᠤᠨ᠎ᠤ ᠲᠣᠮᠣ ᠰᠦᠷᠦᠭᠵᠢᠯ᠎ᠤᠨ ᠬᠥᠭᠵᠢᠯᠲᠡ ᠶ᠋ᠢ ᠳᠠᠶ᠋ᠢᠴᠢᠯᠠᠬᠤ︾ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠵᠠᠭᠪᠤᠷ᠎ᠢ ᠬᠡᠷᠡᠭᠵᠢᠬᠦᠯᠵᠡᠢ᠂ ᠳ᠋ᠧᠩ ᠪᠠᠭᠠᠲᠤᠷ ᠪᠣᠯ ᠳᠠᠷᠤᠶ ᠲᠤᠰ ᠲᠡᠵᠢᠭᠡᠨ ᠦᠷᠡᠵᠢᠭᠦᠯᠬᠦ ᠵᠠᠭᠪᠤᠷ᠎ᠢ ᠬᠡᠷᠡᠭᠵᠢᠬᠦᠯᠦᠭᠰᠡᠨ ᠡᠷᠦᠬᠡ ᠵᠢᠨ ᠨᠢᠬᠡ ᠪᠠᠢᠵᠦ᠂ 30 ᠭᠠᠷᠦᠢ ᠦᠬᠡᠷ ᠲᠠᠢ᠂ ᠵᠢᠯ ᠤᠨ ᠣᠷᠣᠯᠭ᠎ᠠ ᠨᠢ 20 ᠭᠠᠷᠤᠶ ᠲᠦᠮᠡᠨ ᠲᠥᠭᠦᠷᠢᠭ ᠲᠤ᠌ ᠬᠦᠷᠴᠦ ᠪᠠᠶ᠋ᠢᠨ᠎ᠠ᠃ ᠳ᠋ᠧᠩ ᠪᠠᠭᠠᠲᠤᠷ ︽ᠣᠳᠣ ᠪᠢ 30 ᠭᠠᠷᠤᠢ ᠦᠬᠡᠷ ᠵᠢᠡᠨ ᠳᠤᠭᠳᠠᠭᠰᠠᠨ ᠴᠠᠭ ᠲᠠᠭᠠᠨ ᠲᠡᠵᠢᠭᠡᠵᠦ ᠂ ᠡᠳᠦᠷ ᠪᠦᠷᠢ ᠡᠪᠡᠰᠦ ᠪᠣᠷᠳᠤᠭ᠎ᠠ ᠬᠢᠵᠦ ᠦᠭᠬᠦ᠂ ᠦᠬᠡᠷ᠎ᠤᠨ ᠬᠠᠰᠢᠶ᠎ᠠ ᠪᠠᠨ ᠴᠡᠪᠡᠷᠯᠡᠬᠦ ᠵᠡᠷᠭᠡ ᠠᠵᠢᠯ ᠬᠢᠬᠡᠳ ᠶᠠᠭᠠᠷᠡᠵᠤ ᠪᠠᠢᠨ᠎ᠡ ︾ ᠭᠡᠵᠦ ᠶᠠᠷᠢᠨ᠎ᠡ᠃

ᠬᠣᠢᠳᠤ ᠶᠣᠯᠣᠨᠮᠣᠳᠣ ᠭᠠᠴᠠᠭᠠᠨ᠎ᠤ ᠲᠡᠵᠢᠭᠡᠨ ᠦᠷᠡᠵᠢᠭᠦᠯᠬᠦ ᠡᠷᠦᠬᠡ ᠨᠤᠬᠦᠳ ᠮᠢᠬᠠᠨ᠎ᠤ ᠦᠬᠡᠷ᠎ᠤᠨ ᠡᠭᠦᠯᠳᠡᠷ᠎ᠢ ᠰᠠᠶ᠋ᠢᠵᠢᠷᠠᠭᠤᠯᠬᠤᠳ᠋ᠤ ᠢᠳᠡᠪᠬᠢᠲᠡᠶ ᠣᠷᠣᠯᠴᠠᠵᠤ᠂ ᠰᠠᠢᠨ ᠡᠭᠦᠯᠳᠡᠷ᠎ᠤᠨ ᠦᠬᠡᠷ ᠪᠠ ᠡᠬᠦᠯᠳᠡᠷ ᠰᠠᠶ᠋ᠢᠵᠢᠷᠠᠭᠤᠯᠬᠤ ᠮᠡᠷᠭᠡᠵᠢᠯ ᠢ ᠣᠷᠣᠭᠤᠯᠤᠨ ᠠᠪᠴᠢᠷᠠᠬᠤ᠎ᠪᠠᠷ ᠳᠠᠮᠵᠢᠨ ᠮᠢᠬᠠᠨ᠎ᠤ ᠦᠬᠡᠷ ᠤᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠡᠭᠦᠨ᠎ᠤ ᠬᠠᠮᠲᠤ᠂ ᠪᠠᠯᠭᠠᠰᠤᠨᠡᠴᠠ ᠰᠠᠶ᠋ᠢᠨ ᠲᠣᠷᠠᠴᠣᠳ ᠢ ᠵᠣᠬᠢᠶᠠᠨ ᠪᠠᠶ᠋ᠢᠭᠤᠯᠤᠨ ᠭᠠᠴᠠᠭ᠎ᠠ ᠲᠣᠰᠬᠤᠨᠳ᠋ᠤ ᠣᠴᠢᠭᠤᠯᠵᠤ᠂ ᠮᠡᠷᠭᠡᠵᠢᠯ᠎ᠤᠨ ᠵᠢᠯᠤᠭᠤᠳᠤᠯᠭ᠎ᠠ ᠬᠢᠯᠬᠡᠵᠦ᠂ ᠲᠡᠵᠢᠭᠡᠨ ᠦᠷᠡᠵᠢᠭᠦᠯᠬᠦ ᠡᠷᠦᠬᠡ᠎ᠳ᠋ᠤ ᠰᠢᠨᠵᠢᠯᠡᠬᠦ ᠤᠬᠠᠭᠠᠨᠴᠢ ᠪᠡᠷ ᠠᠷᠠᠴᠢᠯᠠᠨ ᠲᠡᠵᠢᠭᠡᠬᠦ ᠠᠷᠭ᠎ᠠ ᠮᠡᠷᠭᠡᠵᠢᠯ ᠢ᠋ ᠡᠵᠡᠮᠰᠢᠬᠦᠯᠵᠦ᠂ ᠦᠬᠡᠷ᠎ᠤᠨ ᠠᠵᠤ ᠦᠢᠯᠡᠰ᠎ᠤᠨ ᠡᠷᠡᠭᠦᠯ᠎ᠢᠶᠠᠷ ᠬᠥᠭᠵᠢᠬᠦ᠎ᠶ᠋ᠢ ᠪᠠᠲᠤᠯᠠᠪᠠ᠃ ᠶᠣᠯᠣᠨᠮᠣᠳᠣ ᠪᠠᠯᠭᠠᠰᠤ ᠡᠮᠣᠨ᠎ᠡ ᠬᠡᠳᠦᠨ ᠵᠢᠯ ᠳ᠋ᠤ᠂ ᠲᠦᠩᠯᠢᠶᠣᠤ ᠬᠤᠲᠠ᠎ᠶ᠋ᠢᠨ ︽ᠠᠷᠪᠠᠨ ᠰᠢᠯᠢᠳᠡᠭ ᠦᠬᠡᠷ ᠲᠡᠵᠢᠭᠡᠬᠦ ᠨᠡᠷᠡᠳᠦ ᠪᠠᠯᠭᠠᠰᠤ ︾ ᠶ᠋ᠢᠨ ᠢᠷᠠᠭᠤ ᠠᠯᠳᠠᠷ᠎ᠢ ᠭᠥᠷᠳᠡᠪᠡ᠃ ᠣᠢᠷ᠎ᠠ ᠶ᠋ᠢᠨ ᠭᠡᠳᠦᠨ ᠵᠢᠯ ᠳ᠋ᠤ ᠲᠣᠰ ᠪᠠᠯᠭᠠᠰᠣ ᠨᠢᠭᠡ ᠲᠠᠯ᠎ᠠ᠎ᠪᠠᠷ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠢᠳᠡᠪᠬᠢᠲᠡᠶ ᠲᠡᠮᠡᠴᠡᠨ ᠣᠯᠵᠤ᠂ ᠲᠡᠵᠢᠭᠡᠨ ᠦᠷᠡᠵᠢᠭᠦᠯᠬᠦ ᠡᠷᠦᠬᠡ᠎ᠳ᠋ᠤ ᠨᠥᠬᠦᠪᠥᠷᠢ ᠮᠦᠩᠬᠦ ᠪᠠ ᠵᠢᠭᠡᠯᠡᠯᠭᠡ ᠬᠠᠩᠭᠠᠵᠤ᠂ ᠲᠡᠳᠡᠨ᠎ᠤ ᠠᠵᠤ ᠠᠬᠤᠶ᠎ᠶ᠋ᠢᠨ ᠳᠠᠷᠤᠭᠠᠰᠤ᠎ᠶ᠋ᠢ ᠬᠥᠩᠭᠡᠷᠡᠭᠦᠯᠪᠡ᠃ ᠨᠥᠭᠦᠭᠡ ᠲᠠᠯ᠎ᠠ᠎ᠪᠠᠷ᠂ ᠲᠡᠷᠢᠭᠦᠨ᠎ᠤ ᠲᠡᠵᠢᠭᠡᠨ ᠦᠷᠡᠵᠢᠭᠦᠯᠬᠦ ᠮᠡᠷᠭᠡᠵᠢᠯ ᠪᠠ ᠲᠥᠬᠦᠭᠡᠷᠦᠮᠵᠢ᠎ᠶ᠋ᠢ ᠣᠷᠣᠭᠤᠯᠤᠨ ᠠᠪᠴᠢᠷᠠᠵᠤ᠂ ᠲᠡᠵᠢᠭᠡᠨ ᠦᠷᠡᠵᠢᠭᠦᠯᠬᠦ ᠥᠪᠡᠷ᠎ᠤᠨ ᠥᠷᠲᠡᠭ᠎ᠢ ᠪᠠᠭᠤᠷᠠᠭᠤᠯᠤᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠶᠠᠰᠤ ᠴᠢᠨᠠᠷ᠎ᠢ ᠳᠡᠭᠡᠭᠰᠢᠯᠡᠭᠦᠯᠪᠠ᠃ ᠡᠭᠦᠨ᠎ᠤ ᠬᠠᠮᠲᠤ᠂ ᠪᠠᠰᠠ ᠵᠠᠬ᠎ᠠ ᠳᠡᠯᠭᠡᠭᠦᠷ᠎ᠲᠠᠢ ᠵᠣᠯᠭᠠᠭᠤᠯᠬᠤ᠎ᠶ᠋ᠢ ᠴᠢᠩᠭᠠᠳᠬᠠᠵᠤ᠂ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠪᠠ᠃ ᠣᠲᠣ ᠪᠣᠯᠲᠠᠯ᠎ᠠ᠂ ᠪᠥᠬᠦ ᠪᠠᠯᠭᠠᠰᠤᠨ᠎ᠤ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠡᠷᠦᠬᠡ 3000 ᠭᠠᠷᠦᠢ ᠪᠠᠶ᠋ᠢᠵᠤ᠂ ᠡᠭᠦᠨᠳ᠋ᠤ 50 ᠡᠴᠠ ᠳᠡᠭᠡᠭᠰᠢ ᠦᠬᠡᠷ ᠲᠡᠵᠢᠬᠡᠵᠦ ᠪᠠᠢᠭ᠎ᠠ ᠬᠡᠪᠴᠢᠶᠠᠵᠢᠯ ᠲᠠᠢ ᠲᠡᠵᠢᠭᠡᠨ ᠦᠷᠡᠵᠢᠭᠦᠯᠬᠦ ᠡᠷᠦᠬᠡ 100 ᠭᠠᠷᠦᠢᠳ᠋ᠦ ᠬᠦᠷᠴᠦ᠂ ᠦᠬᠡᠷ᠎ᠤᠨ ᠲᠤᠭ᠎ᠠ ᠲᠤᠯᠤᠭᠠᠢ 6.1 ᠲᠦᠮᠡ᠂ ᠦᠨᠢᠶᠡᠨ᠎ᠤ ᠲᠤᠭ᠎ᠠ ᠲᠤᠯᠤᠭᠠᠢ 3.2 ᠲᠦᠮᠡ᠎ᠶ᠋ᠢ ᠳᠠᠪᠠᠵᠤ᠂ ᠪᠣᠷᠳᠣᠵᠤ ᠲᠠᠷᠭᠤᠯᠠᠭᠤᠯᠬᠤ ᠦᠬᠡᠷ᠎ᠤᠨ ᠲᠤᠭ᠎ᠠ ᠲᠤᠯᠤᠭᠠᠢ ᠰᠠᠷ᠎ᠠ ᠪᠦᠷᠢ 3000 ᠣᠷᠴᠢᠮ ᠪᠠᠶ᠋ᠢᠬᠤ᠎ᠶ᠋ᠢ ᠲᠣᠭᠲᠠᠭᠤᠨ᠎ᠢᠶᠠᠷ ᠪᠠᠲᠤᠯᠠᠵᠤ᠂ ᠵᠢᠯ᠎ᠤᠨ ᠭᠠᠷᠭᠠᠯᠲᠠ᠎ᠶ᠋ᠢᠨ ᠬᠡᠮᠵᠢᠶ᠎ᠡ 1.4 ᠲᠦᠮᠡᠳ᠋ᠤ ᠬᠦᠷᠴᠡᠶ᠃ ᠲᠠᠷᠠᠭᠠᠴᠢ ᠪᠡᠷ᠂ ᠶᠣᠯᠣᠨᠮᠣᠳᠣ ᠪᠠᠯᠭᠠᠰᠤ ᠡᠨᠡᠬᠦ ᠲᠡᠵᠢᠭᠡᠨ ᠦᠷᠡᠵᠢᠭᠦᠯᠬᠦ ᠵᠠᠭᠪᠤᠷ᠎ᠢ ᠦᠷᠭᠦᠯᠵᠢᠯᠡᠨ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭᠳᠡᠭᠦᠯᠬᠦ ᠪᠡᠷ ᠪᠠᠢᠨ᠎ᠡ᠃
︽ᠲᠤᠰᠬᠠᠶ ᠮᠡᠷᠭᠡᠵᠢᠯᠲᠡᠨ + ᠮᠡᠷᠭᠡᠵᠢᠯᠲᠡᠨ + ᠲᠡᠵᠢᠭᠡᠨ ᠦᠷᠡᠵᠢᠭᠦᠯᠬᠦ ᠡᠷᠦᠬᠡ ︾ ᠶ᠋ᠢᠨ ᠦᠢᠯᠡᠴᠢᠯᠡᠭᠡᠨ ᠤ ᠵᠠᠭᠪᠤᠷ᠎ᠢ ᠵᠠᠮᠳᠣ ᠪᠠᠯᠭᠠᠰᠤ ᠨᠢ ᠢᠳᠡᠪᠬᠢᠲᠡᠶ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠦᠭᠡᠷ ᠤᠨ ᠡᠭᠦᠯᠳᠡᠷ ᠰᠠᠶ᠋ᠢᠵᠢᠷᠠᠭᠤᠯᠬᠤ ᠮᠡᠷᠭᠡᠵᠢᠯ᠎ᠤᠨ ᠪᠣᠯᠪᠠᠰᠤᠷᠠᠯ᠎ᠢ ᠵᠣᠬᠢᠶᠠᠨ ᠪᠠᠢᠭᠤᠯᠤᠨ ᠡᠷᠬᠢᠯᠡᠵᠦ᠂ ᠲᠡᠵᠢᠭᠡᠨ ᠦᠷᠡᠵᠢᠭᠦᠯᠬᠦ ᠡᠷᠦᠬᠡ ᠵᠢᠨ ᠢᠴᠡᠭᠡᠯ ᠦᠷ᠎ᠡ᠎ᠶ᠋ᠢᠨ ᠬᠡᠭᠡᠯᠲᠦᠭᠦᠯᠭᠡ ᠬᠢᠬᠦ᠂ ᠡᠪᠡᠳᠴᠢᠨ ᠬᠢᠵᠢᠭ᠎ᠢ ᠰᠡᠷᠭᠡᠶ᠋ᠢᠯᠡᠨ ᠵᠠᠰᠠᠬᠤ ᠪᠠ ᠰᠢᠨᠵᠢᠯᠡᠬᠦ ᠤᠬᠠᠭᠠᠨᠴᠢ᠎ᠪᠠᠷ ᠠᠷᠠᠴᠢᠯᠠᠨ ᠲᠡᠵᠢᠬᠡᠬᠦ ᠶ᠋ᠢ ᠬᠦᠳᠦᠯᠦᠨ ᠵᠢᠯᠣᠭᠣᠳᠴᠣ᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦᠳ᠋ᠤ ᠬᠦᠴᠦᠲᠡᠶ ᠪᠠᠲᠤᠯᠠᠭ᠎ᠠ ᠬᠠᠩᠭᠠᠵᠦ ᠪᠠᠶ᠋ᠢᠨ᠎ᠠ᠃ ᠪᠠᠭ᠎ᠠ ᠨᠠᠭᠣᠷᠣᠮ ᠭᠠᠴᠠᠭᠠᠨ᠎ᠤ ᠲᠡᠵᠢᠭᠡᠨ ᠦᠷᠡᠵᠢᠭᠦᠯᠬᠦ ᠡᠷᠦᠬᠡ ᠪᠦᠦ ᠮᠠᠨᠳᠠ 20 ᠭᠠᠷᠦᠢ ᠲᠠᠷᠭᠤ ᠰᠠᠶ᠋ᠢᠲᠠᠶ ᠰᠢᠮᠧᠨ᠋ᠳᠠᠷ ᠦᠬᠡᠷ ᠢᠶᠡᠨ ᠰᠢᠨᠵᠢᠯᠡᠬᠦ ᠤᠬᠠᠭᠠᠨᠴᠢ ᠪᠡᠷ ᠠᠷᠠᠴᠢᠯᠠᠨ ᠲᠡᠵᠢᠬᠡᠭᠰᠡᠨ ᠵᠢᠡᠷ ᠵᠢᠯ᠎ᠳ᠋ᠤ 40 ᠭᠠᠷᠦᠢ ᠲᠦᠮᠡᠨ ᠲᠥᠭᠦᠷᠢᠭ ᠤ᠋ᠨ ᠣᠷᠣᠯᠭ᠎ᠠ ᠣᠯᠵᠦ ᠪᠠᠢᠨ᠎ᠡ᠃ ᠡᠬᠦᠨ ᠲᠠᠢ ᠠᠳᠠᠯᠢ ᠪᠡᠷ᠂ ᠶᠡᠬᠡ ᠰᠢᠨ᠎ᠡ ᠠᠶ᠋ᠢᠯ ᠭᠠᠴᠠᠭᠠᠨ᠎ᠤ ᠲᠡᠵᠢᠭᠡᠨ ᠦᠷᠡᠵᠢᠭᠦᠯᠬᠦ ᠡᠷᠦᠬᠡ ᠴᠠᠩ ᠴᠦᠨ ᠮᠢᠩ ᠣᠯᠠᠨ ᠣᠳᠠᠭ᠎ᠠ ᠲᠤᠰᠬᠠᠶ ᠰᠡᠳᠦᠪᠲᠦ ᠪᠣᠯᠪᠠᠰᠤᠷᠠᠯ᠎ᠳ᠋ᠤ ᠣᠷᠣᠯᠴᠠᠵᠦ᠂ ᠰᠠᠶ᠋ᠢᠨ ᠡᠭᠦᠯᠳᠡᠷ᠎ᠤᠨ ᠰᠢᠮᠧᠨ᠋ᠳᠡᠷ ᠦᠬᠡᠷ ᠲᠡᠵᠢᠬᠡᠬᠦ ᠨᠢ ᠨᠤᠲᠤᠭ᠎ᠤᠨ ᠦᠭᠡᠷ ᠲᠠᠢ ᠬᠠᠷᠢᠴᠠᠭᠤᠯᠪᠠᠯ ᠠᠰᠢᠭ ᠤᠷᠤᠯᠭ᠎ᠠ ᠪᠡᠷ ᠦᠨᠳᠦᠷ ᠪᠠᠢᠬᠣ᠎ᠶ᠋ᠢ ᠬᠦᠨᠵᠡᠬᠡᠢ ᠲᠠᠨᠢᠵᠦ᠂ ᠮᠢᠬᠠᠨ᠎ᠤ ᠦᠬᠡᠷ᠎ᠤᠨ ᠡᠭᠦᠯᠳᠡᠷᠶ᠋ᠢᠡᠨ ᠰᠠᠶ᠋ᠢᠵᠢᠷᠠᠭᠤᠯᠵᠤ ᠡᠬᠢᠯᠡᠪᠡ᠃ ᠮᠢᠬᠠᠨ᠎ᠤ ᠦᠬᠡᠷ᠎ᠤᠨ ᠠᠵᠤ ᠦᠢᠯᠡᠰ᠎ᠤᠨ ᠲᠣᠭᠲᠠᠭᠤᠨ ᠬᠥᠭᠵᠢᠯᠲᠡ᠎ᠨᠢ ᠪᠥᠬᠦ ᠲᠠᠯ᠎ᠠ᠎ᠶ᠋ᠢᠨ ᠮᠡᠷᠭᠡᠵᠢᠯ᠎ᠤᠨ ᠳᠡᠮᠵᠢᠯᠭᠡᠡᠴᠠ ᠰᠠᠯᠵᠤ ᠴᠢᠳᠠᠬᠤ ᠥᠬᠡᠶ ᠶᠤᠮ᠃ ᠲᠣᠰ ᠪᠠᠯᠭᠠᠰᠣ ᠦᠬᠡᠷ ᠲᠡᠵᠢᠭᠡᠬᠦ ᠠᠵᠤ ᠦᠢᠯᠡᠰ ᠢ᠋ ᠪᠠᠯᠭᠠᠰᠣᠨ ᠤ᠋ ᠪᠠᠨ ᠲᠤᠯᠭᠠᠭᠤᠷᠢ ᠠᠵᠤ ᠦᠢᠯᠡᠰ ᠪᠣᠯᠭᠠᠨ ᠴᠢᠩᠭ᠎ᠠ ᠠᠳᠬᠣᠵᠦ᠂ ᠲᠡᠳᠬᠦᠨ ᠳᠡᠮᠵᠢᠬᠦ ᠡᠷᠴᠢᠮ ᠢᠶᠡᠨ ᠦᠷᠭᠦᠯᠵᠢᠯᠡᠨ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ᠎ᠶ᠋ᠢᠨ ᠰᠠᠶ᠋ᠢᠨ ᠡᠭᠦᠯᠳᠡᠷ ᠤ᠋ᠨ ᠦᠬᠡᠷ ᠳᠠᠵᠢᠬᠡᠬᠦ ᠶ᠋ᠢ ᠵᠣᠷᠢᠭᠵᠢᠭᠤᠯᠤᠨ ᠳᠡᠮᠵᠢᠵᠦ᠂ ᠮᠡᠷᠭᠡᠵᠢᠯ᠎ᠤᠨ ᠮᠦᠷᠳᠡᠨ ᠵᠢᠯᠣᠭᠤᠳᠣᠯᠭ᠎ᠠ ᠬᠠᠩᠭᠠᠵᠦ᠂ ᠦᠬᠡᠷ ᠲᠡᠵᠢᠭᠡᠬᠦ ᠠᠵᠤ ᠦᠢᠯᠡᠰ᠎ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠠᠷᠠᠲᠤ ᠲᠡᠮᠳᠡᠭᠵᠢᠭᠦᠯᠬᠦ ᠳᠠᠢᠰᠢ ᠬᠥᠭᠵᠢᠭᠦᠯᠬᠦ᠎ᠶ᠋ᠢ ᠠᠬᠢᠭᠤᠯᠵᠤ᠂ ᠨᠠᠩ ᠣᠯᠠᠨ ᠲᠡᠵᠢᠭᠡᠨ ᠦᠷᠡᠵᠢᠭᠦᠯᠬᠦ ᠡᠷᠦᠬᠡ᠎ᠳ᠋ᠤ ᠠᠵᠤ ᠦᠢᠯᠡᠰ᠎ᠤᠨ ᠬᠥᠭᠵᠢᠯᠲᠡ᠎ᠶ᠋ᠢᠨ ᠦᠷᠠᠡᠠᠰᠢᠭᠢ ᠡᠳ᠋ᠯᠡᠭᠦᠯᠵᠠᠢ᠃ ᠣᠳᠣᠬᠠᠨ᠎ᠳ᠋ᠤ᠂ ᠵᠠᠮᠲᠤ ᠪᠠᠯᠭᠠᠰᠤᠨ᠎ᠤ ᠦᠬᠡᠷ᠎ᠤᠨ ᠲᠤᠭ᠎ᠠ ᠲᠤᠯᠤᠭᠠᠢ ᠨᠢᠭᠡᠨᠲᠡ 28000 ᠭᠠᠷᠤᠢᠳ᠋ᠤ ᠬᠦᠷᠴᠦ᠂ ᠮᠢᠬᠠᠨ᠎ᠤ ᠦᠬᠡᠷ᠎ᠤᠨ ᠡᠬᠦᠯᠳᠡᠷ ᠰᠠᠶ᠋ᠢᠵᠢᠷᠠᠭᠤᠯᠤᠯᠲᠠ᠎ᠶ᠋ᠢᠨ ᠨᠣᠷᠮ᠎ᠠ ᠨᠢ 100%᠎ᠳ᠋ᠤ ᠬᠦᠷᠴᠡᠢ᠃
ᠬᠤᠸᠠᠬᠤᠰᠢᠭᠤ ᠰᠣᠮᠣ ᠶ᠋ᠢᠨ ᠭᠦᠩ᠎ᠤᠨ ᠰᠠᠩ ᠭᠠᠴᠠᠭ᠎ᠠ ᠶ᠋ᠢᠨ ᠲᠠᠷᠢᠶᠠᠴᠢᠨ ᠲᠢᠶᠠᠨ ᠭᠦᠸᠧ ᠴᠢᠩ ᠡᠯᠪᠡᠭ ᠪᠠᠶᠠᠯᠢᠭ ᠲᠤᠷᠰᠢᠯᠭ᠎ᠠ᠎ᠪᠠᠷ᠎ᠢᠶᠡᠨ ᠮᠢᠬᠠᠨ᠎ᠤ ᠦᠬᠡᠷ᠎ᠤᠨ ᠥᠰᠥᠯᠲᠡ᠎ᠨᠢ ᠲᠦᠷᠭᠡᠨ᠂ ᠮᠢᠬᠠᠨ᠎ᠤ ᠴᠢᠨᠠᠷ᠎ᠨᠢ ᠰᠠᠶ᠋ᠢᠨ ᠰᠢᠮᠧᠨ᠋ᠳᠠᠷ ᠦᠬᠡᠷ᠎ᠤᠨ ᠡᠭᠦᠯᠳᠡᠷ᠎ᠢ ᠠᠮᠵᠢᠯᠲᠠ᠎ᠲᠠᠢ ᠰᠠᠶ᠋ᠢᠵᠢᠷᠠᠭᠤᠯᠵᠤ᠂ ᠥᠪᠡᠷ᠎ᠢᠶᠡᠨ ᠪᠠᠶᠠᠵᠢᠯ᠎ᠤᠨ ᠵᠠᠮ᠎ᠢᠶᠠᠷ ᠵᠠᠮᠨᠠᠭᠰᠠᠨ᠎ᠢᠶᠠᠷ ᠪᠠᠷᠠᠬᠤ ᠥᠬᠡᠶ᠂ ᠨᠠᠩ ᠴᠤ᠌ ᠭᠠᠴᠠᠭᠠᠨ ᠤ᠋ ᠠᠷᠠᠳ᠎ᠢᠶᠡᠨ ᠳᠠᠶ᠋ᠢᠴᠢᠯᠠᠨ ᠦᠬᠡᠷ ᠲᠡᠵᠢᠬᠡᠵᠦ ᠬᠠᠮᠳᠣ ᠪᠡᠷ ᠴᠢᠨᠡᠭᠡᠯᠢᠭᠵᠢᠬᠦ ᠪᠡᠷ ᠬᠦᠴᠦᠯᠡᠵᠦ ᠶᠠᠪᠤᠨ᠎ᠠ᠃ ᠲᠢᠶᠠᠨ ᠭᠦᠸᠧ ᠴᠢᠩ᠄︽ 2011 ᠣᠨᠡᠴᠠ ᠡᠬᠢᠯᠡᠨ ᠦᠬᠡᠷ ᠲᠡᠵᠢᠭᠡᠵᠦ᠂ ᠲᠤᠬᠠᠢ᠎ᠶ᠋ᠢᠨ ᠦᠶ᠎ᠡ᠎ᠳ᠋ᠤ ᠣᠯᠠᠮᠵᠢᠯᠠᠯᠳᠣ ᠮᠢᠬᠠᠨ᠎ᠤ ᠦᠬᠡᠷ᠎ᠢᠶᠡᠨ ᠪᠦᠬᠦᠨ ᠢ᠋ ᠬᠤᠳᠠᠯᠳᠤᠵᠦ᠂ ᠰᠠᠶ᠋ᠢᠨ ᠡᠭᠦᠯᠳᠡᠷ᠎ᠤᠨ ᠦᠬᠡᠷ ᠬᠤᠳᠠᠯᠳᠤᠨ ᠠᠪᠤᠭᠠᠳ ᠣᠳᠣ ᠠᠷᠪᠠ ᠭᠠᠷᠦᠢ ᠵᠢᠯ ᠪᠣᠯᠵᠦ᠂ ᠳᠠᠷᠠᠭᠠᠴᠢ ᠪᠡᠷ ᠬᠡᠪᠴᠢᠶ᠎ᠡ᠎ᠪᠠᠨ ᠤᠯᠠᠮ ᠨᠢᠭᠡ ᠠᠯᠬᠤᠮ ᠥᠷᠭᠡᠳᠬᠡᠶ᠎ᠡ ᠭᠡᠵᠦ ᠪᠣᠳᠣᠵᠤ ᠪᠠᠶ᠋ᠢᠨ᠎ᠠ ︾ ᠭᠡᠯ᠎ᠠ᠃ ᠲᠢᠶᠠᠨ ᠭᠦᠸᠧ ᠴᠢᠩ ᠲᠡᠵᠢᠭᠡᠨ ᠦᠷᠡᠵᠢᠭᠦᠯᠬᠦ ᠮᠡᠷᠭᠡᠵᠢᠯ᠎ᠢ ᠲᠠᠰᠤᠷᠠᠯᠲᠠ ᠥᠬᠡᠶ ᠰᠤᠷᠤᠯᠴᠠᠬᠤ ᠵᠢᠨ ᠬᠠᠮᠳᠦ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠤᠭᠰᠠᠨ ᠡᠯ᠎ᠡ ᠲᠥᠷᠥᠯ᠎ᠤᠨ ᠲᠡᠵᠢᠭᠡᠨ ᠦᠷᠡᠵᠢᠭᠦᠯᠬᠦ ᠮᠡᠷᠬᠡᠵᠢᠯ᠎ᠦᠨ ᠪᠣᠯᠪᠠᠰᠤᠷᠠᠯ᠎ᠳ᠋ᠤ ᠤᠷᠤᠯᠴᠠᠵᠦ᠂ ᠮᠠᠯ ᠠᠵᠤ ᠠᠬᠤᠶ᠎ᠶ᠋ᠢᠨ ᠲᠤᠰᠬᠠᠶ ᠮᠡᠷᠭᠡᠵᠢᠯᠲᠡᠨᠡᠴᠠ ᠰᠢᠨᠵᠢᠯᠡᠬᠦ ᠤᠬᠠᠭᠠᠨᠴᠢ᠎ᠪᠠᠷ ᠠᠷᠠᠴᠢᠯᠠᠨ ᠲᠡᠵᠢᠬᠡᠬᠦ᠂ ᠡᠪᠡᠳᠴᠢᠨᠬᠢᠵᠢᠭ ᠢ᠋ ᠰᠡᠷᠭᠡᠶ᠋ᠢᠯᠡᠨ ᠡᠵᠡᠮᠳᠡᠬᠦ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠢ ᠡᠵᠡᠮᠰᠢᠭᠰᠡᠨ ᠪᠠᠶ᠋ᠢᠨ᠎ᠠ᠃
ᠣᠳᠣᠬᠠᠨ᠎ᠳ᠋ᠤ᠂ ᠲᠢᠶᠠᠨ ᠭᠦᠸᠧ ᠴᠢᠩ ᠤ᠋ᠨ ᠬᠢᠨ 130 ᠭᠠᠷᠤᠶ ᠰᠢᠮᠧᠨ᠋ᠳᠠᠷ ᠦᠬᠡᠷ ᠲᠡᠵᠢᠬᠡᠵᠦ᠂ ᠵᠢᠯ᠎ᠤᠨ ᠣᠷᠣᠯᠭ᠎ᠠ 70 ᠭᠠᠷᠤᠢ ᠲᠦᠮᠡᠨ ᠲᠥᠭᠦᠷᠢᠭ ᠲᠤ᠌ ᠬᠦᠷᠴᠦ ᠪᠠᠢᠨ᠎ᠡ᠃ ᠲᠢᠶᠠᠨ ᠭᠦᠸᠧ ᠴᠢᠩ ᠭᠠᠴᠠᠭᠠᠨ᠎ᠤ ᠲᠡᠵᠢᠭᠡᠨ ᠦᠷᠡᠵᠢᠭᠦᠯᠬᠦ ᠵᠢᠱ᠌ᠢᠶᠡᠴᠢ ᠡᠷᠦᠬᠡ ᠪᠣᠯᠤᠭᠰᠠᠨ᠎ᠤ ᠬᠤᠪᠢᠳ᠋ᠤ᠂ ᠵᠢᠱ᠌ᠢᠶ᠎ᠠ ᠦᠵᠡᠭᠦᠯᠦᠨ ᠬᠦᠳᠦᠯᠦᠨ ᠳᠠᠭᠠᠭᠤᠯᠬᠤ ᠦᠢᠯᠡᠳᠦᠯ᠎ᠢᠶᠡᠨ ᠢᠳᠡᠪᠬᠢᠲᠡᠶ ᠪᠠᠳᠠᠷᠠᠭᠤᠯᠵᠦ᠂ ᠭᠠᠴᠠᠭᠠᠨ ᠤ᠋ ᠪᠠᠨ ᠠᠷᠠᠳ ᠲᠠᠢ ᠥᠪᠡᠷ᠎ᠤᠨ ᠲᠡᠵᠢᠭᠡᠨ ᠦᠷᠡᠵᠢᠭᠦᠯᠬᠦ ᠠᠷᠭ᠎ᠠ ᠲᠤᠷᠰᠢᠯᠭ᠎ᠠ ᠪᠠᠨ ᠬᠤᠪᠢᠶᠠᠯᠴᠠᠬᠣ ᠶ᠋ᠢᠨ ᠬᠠᠮᠳᠣ ᠡᠪᠡᠳᠴᠢᠨᠬᠢᠵᠢᠭ ᠢ᠋ ᠰᠡᠷᠭᠡᠶ᠋ᠢᠯᠡᠨ ᠡᠵᠡᠮᠳᠡᠬᠦ ᠵᠡᠷᠭᠡ ᠲᠠᠯ᠎ᠠ᠎ᠶ᠋ᠢᠨ ᠵᠢᠯᠤᠭᠤᠳᠤᠯᠭ᠎ᠠ ᠬᠠᠩᠭᠠᠵᠦ᠂ ᠲᠡᠵᠢᠬᠡᠨ ᠦᠷᠡᠵᠢᠬᠦᠯᠬᠦ ᠡᠷᠦᠬᠡ ᠳ᠋ᠤ ᠦᠨᠡᠨᠬᠦ ᠲᠦᠬᠦᠮ ᠦᠵᠡᠬᠦᠯᠵᠦ ᠪᠤᠢ᠃ ᠡᠭᠦᠯᠳᠡᠷᠰᠠᠶ᠋ᠢᠵᠢᠷᠠᠭᠤᠯᠤᠯᠲᠠᠨᠢ ᠭᠦᠩ᠎ᠤᠨ ᠰᠠᠩ ᠭᠠᠴᠠᠭ᠎ᠠ ᠶ᠋ᠢᠨ ᠦᠬᠡᠷ ᠲᠡᠵᠢᠭᠡᠬᠦ ᠠᠵᠤ ᠦᠢᠯᠡᠰ ᠤ᠋ᠨ ᠥᠷᠨᠢᠭᠦᠨ ᠬᠥᠭᠵᠢᠯᠲᠡ᠎ᠶ᠋ᠢᠨ ᠰᠢᠨ᠎ᠡ ᠪᠠᠶ᠋ᠢᠳᠠᠯ᠎ᠢ ᠠᠪᠴᠢᠷᠠᠵᠦ᠂ ᠲᠡᠵᠢᠭᠡᠨ ᠦᠷᠡᠵᠢᠭᠦᠯᠬᠦ ᠡᠷᠦᠬᠡ᠎ᠶ᠋ᠢᠨ ᠣᠷᠣᠯᠭ᠎ᠠ ᠶ᠋ᠢ ᠵᠢᠯ ᠳᠠᠷᠠᠭᠠᠯᠠᠨ ᠨᠡᠮᠡᠭᠳᠡᠬᠦᠯᠵᠦ᠂ ᠠᠮᠢᠳᠤᠷᠠᠯ᠎ᠤᠨ ᠨᠦᠬᠦᠴᠡᠯ ᠢ᠋ ᠨᠢ ᠰᠠᠶ᠋ᠢᠵᠢᠷᠠᠭᠣᠯᠤᠨᠡ᠃
ᠬᠣᠷᠴᠢᠨ ᠵᠡᠬᠦᠨ ᠭᠠᠷᠣᠨ ᠳᠣᠮᠳᠠᠳᠣ ᠬᠤᠰᠢᠭᠣ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ᠎ᠢ ᠳᠡᠮᠵᠢᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠡᠭᠦᠯᠳᠡᠷ ᠰᠠᠶ᠋ᠢᠵᠢᠷᠠᠭᠤᠯᠬᠤ ᠶ᠋ᠢ ᠮᠢᠬᠠᠨ᠎ᠤ ᠦᠬᠡᠷ ᠤᠨ ᠠᠵᠤ ᠦᠢᠯᠡᠰ᠎ᠤᠨ ᠬᠥᠭᠵᠢᠯᠲᠡ ᠶ᠋ᠢᠨ ᠴᠢᠬᠣᠯᠡ ᠬᠦᠳᠡᠯᠬᠡᠬᠦᠷ ᠪᠣᠯᠭᠠᠵᠦ᠂ ᠮᠠᠯᠴᠢᠨ ᠲᠠᠷᠢᠶᠠᠴᠢᠳ ᠤ᠋ᠨ ᠣᠷᠣᠯᠭ᠎ᠠ ᠶ᠋ᠢ ᠨᠡᠮᠡᠭᠳᠡᠬᠦᠯᠵᠦ᠂ ᠬᠥᠳᠡᠭᠡ ᠲᠣᠰᠬᠤᠨ᠎ᠤ ᠬᠥᠭᠵᠢᠯᠲᠡ᠎ᠳ᠋ᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠨ᠎ᠠ᠃ᠳᠠᠷᠠᠭᠠᠴᠢ ᠪᠡᠷ᠂ ᠵᠢᠱ᠌ᠢᠶ᠎ᠠ ᠦᠵᠡᠭᠦᠯᠬᠦ ᠲᠣᠰᠬᠤᠨ᠎ᠢ ᠳᠡᠮᠵᠢᠬᠦ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠵᠢᠯᠲᠠ᠎ᠲᠠᠢ ᠲᠤᠷᠰᠢᠯᠭ᠎ᠠ᠎ᠶ᠋ᠢ ᠳᠡᠯᠭᠡᠷᠡᠭᠦᠯᠵᠦ᠂ ᠠᠵᠤ ᠦᠢᠯᠡᠰ ᠤᠨ ᠬᠡᠯᠬᠢᠶ᠎ᠡ᠎ᠶ᠋ᠢ ᠲᠡᠭᠦᠯᠳᠡᠷᠵᠢᠭᠦᠯᠦᠨ᠂ ᠨᠠᠷᠠᠲᠤ ᠲᠡᠮᠳᠡᠭᠲᠦ᠎ᠶ᠋ᠢᠨ ᠪᠠᠶ᠋ᠢᠭᠤᠯᠤᠯᠲᠠ᠎ᠶ᠋ᠢ ᠴᠢᠩᠭᠠᠳᠬᠠᠵᠤ᠂ ᠮᠢᠬᠠᠨ᠎ᠤ ᠦᠬᠡᠷ ᠲᠡᠵᠢᠬᠡᠨ ᠦᠷᠡᠵᠢᠬᠦᠯᠬᠦ ᠠᠵᠤ ᠦᠢᠯᠡᠰ᠎ᠤᠨ ᠶᠡᠷᠦᠩᠬᠡᠶ᠋ᠢᠯᠡᠭᠰᠡᠨ ᠥᠷᠢᠰᠥᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠪᠡᠷ ᠪᠠᠢᠨ᠎ᠡ᠃ ᠢᠷᠡᠭᠡᠳᠦᠢ᠎ᠪᠡᠨ ᠪᠠᠷᠠᠯᠠᠬᠤᠶ᠎ᠠ᠂ ᠨᠠᠷᠢᠯᠢᠭ᠋ ᠡᠳ᠋ᠰᠢᠭᠦᠯᠦᠨ ᠪᠠᠭᠲᠠᠭᠠᠮᠵᠢ᠎ᠪᠠᠨ ᠥᠷᠭᠡᠳᠬᠡᠬᠦ᠂ ᠨᠠᠷᠠᠲᠤ ᠲᠡᠮᠳᠡᠭᠳᠤ ᠵᠢᠨ ᠦᠨ᠎ᠡ ᠥᠷᠲᠡᠭ ᠢ ᠳᠡᠭᠡᠭᠰᠢᠯᠡᠬᠦᠯᠬᠦ᠂ ᠣᠶᠤᠨᠴᠢ ᠲᠡᠵᠢᠭᠡᠨ ᠦᠷᠡᠵᠢᠭᠦᠯᠤᠯᠳᠠ ᠵᠢ ᠭᠦᠨᠵᠡᠭᠡᠢᠷᠡᠬᠦᠯᠬᠦᠶᠢ ᠳᠠᠭᠠᠯᠳᠤᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠮᠢᠬᠠᠨ᠎ᠤ ᠦᠬᠡᠷ᠎ᠦᠨ ᠠᠵᠤ ᠦᠢᠯᠡᠰ ᠨᠠᠩ ᠴᠢᠨᠠᠷ ᠰᠠᠢᠲᠠᠢ ᠬᠥᠭᠵᠢᠯᠲᠡ᠎ᠶᠢᠨ ᠱᠠᠲᠤᠨ᠎ᠳᠤ ᠣᠷᠣᠬᠤ ᠨᠢ ᠯᠠᠪᠳᠠᠢ ᠃