ᠪᠦᠷᠢᠨ ᠲᠡᠭᠦᠯᠳᠡᠷ ᠠᠵᠤ ᠦᠢᠯᠡᠰ᠎ᠦᠨ ᠢᠵᠢ ᠪᠦᠷᠢᠳᠦᠯ᠎ᠢ ᠪᠡᠶᠡᠯᠡᠬᠦᠯᠦᠨ᠎ᠠ
2026-02-27 10:59:55
ᠵᠣᠬᠢᠶᠠᠭ᠍ᠴᠢ᠄
ᠡᠦ ᠲᠤᠸᠠᠨ ᠬᠤᠸᠠ
ᠣᠩᠱᠢᠭ᠍ᠰᠠᠨ ᠣᠳᠠᠭ᠎ᠠ᠄
★★★☆☆

ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ ᠨᠢ ᠬᠣᠷᠴᠢᠨ᠎ᠤ ᠲᠠᠯ᠎ᠠ ᠨᠤᠲᠤᠭ ᠎ᠤᠨ ᠥᠷᠥᠴᠡᠨ ᠎ᠳᠦ ᠪᠠᠢᠷᠢᠯᠠᠵᠤ᠂ ᠲᠦᠩᠯᠢᠶᠣᠣ ᠬᠤᠳᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠶᠢᠨ ᠭᠣᠣᠯ ᠣᠷᠣᠨ ᠪᠦᠰᠡ ᠪᠣᠯᠬᠤ ᠪᠥᠭᠡᠳ ᠪᠦᠬᠦ ᠤᠯᠤᠰ᠎ᠤᠨ ᠮᠢᠬᠠᠨ᠎ᠤ ᠦᠬᠡᠷ᠎ᠦᠨ ᠳᠠᠪᠠᠭᠤᠯᠢᠭ᠋ ᠭᠠᠷᠤᠯᠲᠠ᠎ᠶᠢᠨ ᠣᠷᠣᠨ ᠪᠠ ᠥᠪᠥᠷ ᠮᠣᠩᠭᠣᠯ᠎ᠤᠨ ᠴᠢᠬᠤᠯᠠ ᠮᠠᠯᠵᠢᠬᠤ ᠬᠣᠰᠢᠭᠤ ᠰᠢᠶᠠᠨ ᠪᠣᠯᠣᠨ᠎ᠠ᠃ ᠣᠯᠠᠨ᠎ᠠᠴᠠ ᠣᠨᠴᠠᠭᠠᠶ ᠭᠠᠵᠠᠷ ᠵᠦᠢ᠎ᠶᠢᠨ ᠨᠥᠬᠥᠴᠡᠯ᠂ ᠪᠦᠷᠢᠨ ᠲᠡᠭᠦᠯᠳᠡᠷ ᠠᠵᠤ ᠦᠢᠯᠡᠰ ᠎ᠦᠨ ᠢᠵᠢ ᠪᠦᠷᠢᠳᠦᠭᠰᠡᠨ ᠪᠠ ᠦᠷᠭᠦᠯᠵᠢᠯᠡᠭᠰᠡᠨ ᠲᠥᠷᠥ ᠎ᠶᠢᠨ ᠪᠣᠳᠣᠯᠭ᠎ᠠ ᠎ᠳᠤ ᠲᠦᠰᠢᠭᠯᠡᠨ᠂ ᠲᠤᠬᠠᠢ᠎ᠶᠢᠨ ᠭᠠᠵᠠᠷ᠎ᠤᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠦᠢᠯᠡᠰ ᠨᠢ ᠡᠬᠢ ᠪᠠᠶᠠᠯᠢᠭ᠋᠎ᠤᠨ ᠳᠠᠪᠠᠭᠤᠯᠢᠭ᠋ ᠲᠣᠪᠣᠢᠮ᠎ᠠ᠂ ᠠᠵᠤ ᠦᠢᠯᠡᠰ᠎ᠦᠨ ᠬᠡᠯᠬᠢᠶ᠎ᠡ ᠨᠢ ᠪᠦᠷᠢᠨ ᠪᠦᠲᠦᠨ᠂ ᠨᠠᠷᠠᠲᠤ ᠲᠥᠷᠥᠯ ᠲᠡᠮᠳᠡᠭᠲᠦ᠎ᠶᠢᠨ ᠦᠢᠯᠡᠳᠦᠯ ᠢᠯᠡᠳᠲᠡ ᠬᠥᠭᠵᠢᠯᠲᠡ᠎ᠶᠢᠨ ᠪᠠᠢᠷᠢᠰᠢᠯ᠎ᠢ ᠪᠦᠷᠢᠯᠳᠦᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠪᠣᠯᠪᠠ᠃


QQ20260227-105944.png


ᠭᠠᠵᠠᠷ ᠵᠦᠢ᠎ᠶᠢᠨ ᠳᠠᠪᠠᠭᠤᠯᠢᠭ᠋᠎ᠠᠴᠠ ᠦᠵᠡᠪᠡᠯ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ ᠨᠢ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠦᠨᠳᠦᠰᠦᠨ ᠰᠠᠭᠤᠷᠢ᠎ᠲᠠᠢ ᠶᠤᠮ᠃ ᠨᠢᠭᠡ᠎ᠳᠤ᠂ ᠣᠷᠣᠨ ᠪᠠᠢᠷᠢ ᠪᠠ ᠠᠭᠤᠷ ᠠᠮᠢᠰᠬᠤᠯ ᠲᠣᠬᠢᠷᠠᠮᠵᠢᠲᠠᠢ᠃ ᠤᠮᠠᠷᠠᠲᠤ ᠥᠷᠭᠡᠷᠢᠭ᠎ᠦᠨ 42°- 43°᠎ᠤᠨ ᠰᠢᠵᠢᠷ ᠠᠯᠲᠠᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ ᠪᠦᠰᠡ᠎ᠳᠦ ᠣᠷᠣᠰᠢᠵᠤ᠂ ᠰᠡᠷᠢᠭᠦᠨ ᠪᠦᠰᠡ᠎ᠶᠢᠨ ᠡᠬᠡ ᠭᠠᠵᠠᠷ᠎ᠤᠨ ᠴᠢᠨᠠᠷᠲᠠᠢ ᠠᠭᠤᠷ ᠠᠮᠢᠰᠬᠤᠯ᠎ᠳᠤ ᠬᠠᠷᠢᠶᠠᠯᠠᠭᠳᠠᠵᠤ᠂ ᠬᠡᠷᠡᠯ᠎ᠦᠨ ᠲᠤᠰᠤᠯᠲᠠ ᠭᠦᠢᠴᠡᠳ᠂ ᠡᠳᠦᠷ ᠰᠥᠨᠢ᠎ᠶᠢᠨ ᠳᠤᠯᠠᠭᠠᠨ᠎ᠤ ᠵᠥᠷᠢᠶ᠎ᠡ ᠶᠡᠬᠡ᠂ ᠬᠢᠷᠠᠭᠤ ᠦᠭᠡᠢ ᠬᠤᠭᠤᠴᠠᠭᠠᠨ᠎ᠳᠤ ᠲᠣᠬᠢᠷᠠᠮᠵᠢᠲᠠᠢ ᠪᠠᠢᠵᠤ᠂ ᠲᠡᠵᠢᠭᠡᠯ ᠡᠪᠡᠰᠦᠨ᠎ᠦ ᠤᠷᠭᠤᠯᠲᠠ᠎ᠳᠤ ᠠᠰᠢᠭ᠍ᠲᠠᠢ ᠮᠥᠷᠲᠡᠭᠡᠨ ᠮᠢᠬᠠᠨ᠎ᠤ ᠦᠬᠡᠷ ᠎ᠢ ᠪᠣᠷᠳᠣᠨ ᠲᠠᠷᠭᠤᠯᠠᠭᠤᠯᠵᠤ᠂ ᠬᠢᠵᠢᠭ ᠡᠪᠡᠳᠴᠢᠨ᠎ᠦ ᠲᠦᠭᠰᠢᠭᠦᠷᠢ᠎ᠪᠠᠭ᠎ᠠ ᠂ ᠦᠪᠦᠷ ᠮᠣᠩᠭᠣᠯ᠂ ᠭᠢᠷᠢᠨ᠂ ᠯᠢᠶᠣᠤᠨᠢᠩ ᠭᠤᠷᠪᠠᠨ ᠮᠤᠵᠢ ᠣᠷᠣᠨ᠎ᠤ 《ᠠᠯᠲᠠᠨ ᠠᠭᠤᠯᠵᠠᠷ》 ᠎ᠲᠤ᠌ ᠪᠠᠢᠷᠢᠯᠠᠵᠤ᠂ ᠵᠠᠮ ᠬᠠᠷᠢᠯᠴᠠᠭ᠎ᠠ ᠲᠥᠬᠥᠮ᠂ ᠵᠠᠬ᠎ᠠ ᠳᠡᠯᠭᠡᠭᠦᠷ᠎ᠦᠨ ᠨᠥᠯᠥᠭᠡᠯᠡᠬᠦ ᠬᠡᠪᠴᠢᠶ᠎ᠡ ᠥᠷᠭᠡᠨ ᠪᠠᠢᠳᠠᠭ᠃ ᠬᠣᠶᠠᠷ᠎ᠲᠤ᠂ ᠡᠪᠡᠰᠦ ᠪᠣᠷᠳᠣᠭᠠᠨ᠎ᠤ ᠡᠬᠢ ᠪᠠᠶᠠᠯᠢᠭ᠋ ᠡᠯᠪᠡᠭ᠃ ᠪᠥᠬᠥ ᠬᠣᠰᠢᠭᠤᠨ᠎ᠳᠤ 600 ᠲᠦᠮᠡᠨ ᠮᠦ᠍ ᠬᠠᠳᠤᠯᠠᠩ ᠪᠡᠯᠴᠢᠭᠡᠷ᠂ 500 ᠭᠠᠷᠤᠢ ᠲᠦᠮᠡᠨ ᠮᠦ᠍ ᠲᠠᠷᠢᠶᠠᠨ ᠭᠠᠵᠠᠷ᠎ᠲᠠᠢ ᠪᠠᠢᠵᠤ᠂ ᠰᠢᠵᠢᠷ ᠠᠯᠲᠠᠨ ᠡᠷᠳᠡᠨᠢ ᠰᠢᠰᠢ᠎ᠶᠢᠨ ᠪᠦᠰᠡ᠎ᠳᠦ ᠪᠠᠢᠷᠢᠰᠢᠵᠤ᠂ ᠡᠷᠳᠡᠨᠢ ᠰᠢᠰᠢ᠎ᠶᠢᠨ ᠡᠰᠢ ᠰᠦᠷᠡᠯ ᠪᠠ ᠪᠠᠢᠭᠠᠯᠢ᠎ᠶᠢᠨ ᠲᠡᠵᠢᠭᠡᠯ ᠡᠪᠡᠰᠦᠨ᠎ᠦ ᠡᠬᠢ ᠪᠠᠶᠠᠯᠢᠭ᠋ ᠡᠯᠪᠡᠭ ᠪᠠᠢᠵᠤ᠂《ᠲᠠᠷᠢᠶᠠᠯᠠᠩ ᠮᠠᠯ ᠠᠵᠤ ᠠᠬᠤᠢ᠎ᠶᠢ ᠤᠶᠠᠯᠳᠤᠭᠤᠯᠤᠨ᠂ ᠲᠠᠷᠢᠶᠠᠯᠠᠩ ᠨᠢ ᠮᠠᠯ ᠠᠵᠤ ᠠᠬᠤᠢ᠎ᠶᠢ ᠲᠡᠵᠢᠭᠡᠬᠦ》 ᠎ᠶ᠋ᠢ ᠪᠡᠶᠡᠯᠡᠭᠦᠯᠵᠦ᠂ ᠲᠡᠵᠢᠭᠡᠯ ᠡᠪᠡᠰᠦᠨ ᠎ᠦ ᠬᠠᠩᠭᠠᠯᠭ᠎ᠠ᠎ᠶᠢ ᠲᠣᠭᠲᠠᠭᠤᠨ ᠪᠠᠢᠯᠭᠠᠵᠤ᠂ ᠥᠪᠡᠷ ᠎ᠦᠨ ᠥᠷᠲᠡᠭ᠎ᠢᠶᠡᠷ ᠳᠣᠣᠷ᠎ᠠ ᠪᠠᠢᠵᠤ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠦᠢᠯᠡᠰ᠎ᠲᠦ ᠪᠠᠲᠤ ᠪᠡᠬᠢ ᠪᠠᠲᠤᠯᠠᠭ᠎ᠠ ᠬᠠᠩᠭᠠᠳᠠᠭ᠃ ᠭᠤᠷᠪᠠ᠎ᠳᠤ᠂ ᠠᠮᠢ ᠠᠬᠤᠢ᠎ᠶᠢᠨ ᠣᠷᠴᠢᠨ ᠨᠥᠬᠥᠴᠡᠯ ᠰᠠᠢᠨ᠃ ᠨᠤᠲᠤᠭ ᠪᠡᠯᠴᠢᠭᠡᠷ ᠪᠣᠯᠣᠨ ᠣᠢᠲᠤ ᠭᠠᠵᠠᠷ ᠎ᠤᠨ ᠲᠠᠯᠠᠪᠠᠶ ᠨᠢ ᠥᠷᠭᠡᠨ ᠠᠭᠤᠳᠠᠮ᠂ ᠠᠭᠠᠷ᠂ ᠤᠰᠤᠨ᠎ᠤ ᠰᠤᠷᠪᠤᠯᠵᠢ ᠨᠢ ᠴᠡᠪᠡᠷ᠂ ᠮᠢᠬᠠᠨ᠎ᠤ ᠦᠬᠡᠷ ᠨᠢ ᠪᠠᠢᠭᠠᠯᠢᠯᠢᠬ ᠳᠡᠵᠢᠬᠡᠯ ᠡᠪᠡᠰᠦ᠎ᠪᠡᠷ ᠢᠳᠡᠰᠢ ᠪᠣᠯᠭᠠᠵᠤ᠂ ᠮᠢᠬᠠᠨ᠎ᠤ ᠴᠢᠨᠠᠷ ᠨᠢ ᠨᠠᠷᠢᠯᠢᠭ᠋᠂ ᠦᠨᠦᠷ ᠠᠮᠲᠠ ᠨᠢ ᠥᠪᠡᠷᠮᠢᠴᠡ ᠪᠠᠢᠵᠤ᠂ ᠪᠣᠬᠢᠷᠲᠤᠯ ᠦᠭᠡᠢ ᠣᠷᠭᠠᠨᠢᠭ᠋ ᠮᠠᠯ᠎ᠤᠨ ᠠᠰᠢᠭ᠋ ᠰᠢᠮ᠎ᠡ᠎ᠶᠢ ᠪᠣᠶ ᠪᠣᠯᠭᠠᠬᠤ ᠬᠦᠰᠡᠯᠡᠩᠲᠦ ᠣᠷᠣᠨ ᠪᠣᠯᠣᠨ᠎ᠠ᠃

ᠭᠠᠵᠠᠷ ᠵᠦᠢ᠎ᠶᠢᠨ ᠳᠠᠪᠠᠭᠤᠯᠢᠭ᠋᠎ᠲᠤ ᠲᠦᠰᠢᠭᠯᠡᠨ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠮᠢᠬᠠᠨ᠎ᠤ ᠦᠬᠡᠷ᠎ᠦᠨ ᠠᠵᠤ ᠦᠢᠯᠡᠰ ᠨᠢ ᠢᠯᠡ ᠲᠣᠳᠣ᠌ ᠠᠵᠢᠯ ᠲᠥᠷᠥᠯ᠎ᠦᠨ ᠳᠠᠪᠠᠭᠤᠯᠢᠭ᠋ ᠣᠨᠴᠠᠯᠢᠭ᠋ ᠎ᠢ ᠪᠦᠷᠢᠯᠳᠦᠭᠦᠯᠵᠡᠢ᠃ ᠠᠵᠤ ᠦᠢᠯᠡᠰ᠎ᠦᠨ ᠰᠠᠭᠤᠷᠢ ᠵᠤᠵᠠᠭᠠᠨ᠂ ᠬᠡᠪᠴᠢᠶᠡᠲᠦ ᠦᠷ᠎ᠡ ᠠᠰᠢᠭ᠋ ᠲᠣᠪᠣᠢᠮ᠎ᠠ ᠪᠠᠢᠨ᠎ᠠ᠃ ᠪᠥᠬᠥ ᠤᠯᠤᠰ᠎ᠤᠨ ᠮᠢᠬᠠᠨ᠎ᠤ ᠦᠬᠡᠷ᠎ᠦᠨ ᠳᠠᠪᠠᠭᠤᠯᠢᠭ᠋ ᠣᠷᠣᠨ ᠪᠦᠰᠡ᠎ᠶᠢᠨ ᠲᠥᠯᠦᠪᠵᠢᠭᠦᠯᠭᠡ᠎ᠶᠢᠨ ᠬᠣᠰᠢᠭᠤ ᠰᠢᠶᠠᠨ ᠪᠣᠯᠤᠭᠰᠠᠨ᠎ᠤ ᠬᠤᠪᠢ᠎ᠳᠤ᠂ ᠪᠥᠬᠥ ᠬᠣᠰᠢᠭᠤᠨ ᠎ᠤ ᠮᠢᠬᠠᠨ ᠎ᠤ ᠦᠬᠡᠷ ᠎ᠦᠨ ᠲᠣᠭ᠎ᠠ ᠣᠷᠳᠣ᠌ ᠬᠤᠭᠤᠴᠠᠭ᠎ᠠ ᠎ᠪᠠᠷ ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠡᠩᠨᠡᠭᠡᠨ᠎ᠳᠦ ᠣᠷᠣᠵᠤ᠂ ᠦᠬᠡᠷ ᠲᠡᠵᠢᠭᠡᠬᠦ ᠵᠠᠭᠤ ᠭᠠᠷᠤᠢ ᠵᠢᠱ᠌ᠢᠶ᠎ᠡ ᠦᠵᠡᠭᠦᠯᠬᠦ ᠲᠣᠰᠬᠣᠨ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠪᠣᠯᠣᠨ ᠮᠢᠩᠭᠠᠨ ᠲᠣᠯᠣᠭᠠᠢ᠎ᠦᠬᠡᠷ᠎ᠤᠨ ᠪᠣᠷᠳᠣᠨ ᠲᠠᠷᠭᠤᠯᠠᠭᠤᠯᠬᠤ ᠰᠠᠭᠤᠷᠢᠨ᠎ᠢ ᠪᠠᠢᠭᠤᠯᠵᠤ᠂ ᠲᠡᠵᠢᠭᠡᠨ ᠦᠷᠡᠵᠢᠭᠦᠯᠤᠯᠳᠠ ᠨᠢ ᠲᠠᠷᠠᠬᠠᠢ ᠡᠷᠦᠬᠡ᠎ᠡᠴᠡ ᠪᠠᠷᠢᠮᠵᠢᠶᠠᠵᠢᠭ᠍ᠰᠠᠨ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠳᠠᠢᠰᠢ ᠰᠢᠯᠵᠢᠵᠦ᠂ ᠠᠵᠤ ᠦᠢᠯᠡᠰ᠎ᠦᠨ ᠲᠥᠪᠯᠡᠷᠡᠯ᠎ᠦᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠪᠠᠰᠠ ᠮᠢᠬᠠᠨ᠎ᠤ ᠦᠬᠡᠷ᠎ᠦᠨ ᠲᠣᠮᠣ᠌ ᠳ᠋ᠠᠢᠲ᠋ᠠ᠎ᠶᠢᠨ ᠲᠠᠪᠴᠠᠩ ᠪᠠ ᠠᠵᠤ ᠦᠢᠯᠡᠰ᠎ᠦᠨ ᠢᠨᠲᠧᠷ ᠰᠦᠯᠵᠢᠶ᠎ᠡ᠎ᠶᠢᠨ ᠰᠢᠰᠲᠧᠮᠵᠢ᠎ᠶᠢ ᠪᠠᠢᠭᠤᠯᠵᠤ᠂ ᠲᠣᠭᠠᠴᠢᠯᠠᠭᠰᠠᠨ ᠬᠠᠮᠢᠶᠠᠷᠤᠯᠲᠠ᠎ᠶᠢ ᠪᠡᠶᠡᠯᠡᠭᠦᠯᠵᠡᠢ᠃ 《ᠬᠣᠷᠴᠢᠨ ᠰᠢᠷ᠎ᠠ ᠦᠬᠡᠷ》 ᠨᠢ ᠤᠯᠤᠰ᠎ᠤᠨ ᠭᠠᠵᠠᠷ ᠵᠦᠢ᠎ᠶᠢᠨ ᠢᠯᠡᠷᠬᠡᠢᠯᠡᠯᠳᠤ ᠳᠠᠸᠠᠷ᠎ᠤᠨ ᠪᠦᠳᠦᠬᠡᠭᠳᠡᠬᠦᠨ᠎ᠢᠶᠡᠷ ᠦᠨᠡᠯᠡᠭᠳᠡᠵᠦ᠂ ᠨᠠᠷᠠᠲᠤ ᠲᠡᠮᠳᠡᠭᠲᠦ᠎ᠶᠢᠨ ᠦᠨ᠎ᠡ ᠥᠷᠲᠡᠭ᠎ᠢᠶᠡᠷ ᠥᠨᠳᠥᠷ᠂ ᠦᠢᠯᠡᠳᠬᠦᠨ ᠨᠢ ᠪᠥᠬᠥ ᠤᠯᠤᠰ᠎ᠲᠤ ᠪᠣᠷᠤᠯᠠᠭᠤᠯᠭ᠎ᠠ ᠰᠠᠢᠲᠠᠢ ᠪᠠᠢᠵᠤ᠂ ᠵᠠᠬ᠎ᠠ ᠳᠡᠯᠭᠡᠭᠦᠷ᠎ᠦᠨ ᠮᠡᠳᠡᠷᠡᠭᠳᠡᠬᠦ ᠬᠡᠮᠵᠢᠶ᠎ᠡ ᠪᠠ ᠦᠨ᠎ᠠ ᠬᠠᠨᠭᠰᠢ ᠵᠢᠨ ᠦᠨᠳᠦᠷ ᠵᠢᠡᠷ ᠵᠢᠡᠨ ᠤᠯᠮ ᠪᠦᠷ ᠲᠣᠪᠣᠢᠮ᠎ᠠ ᠪᠠᠢᠭ᠎ᠠ ᠠᠵᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号