ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠵᠦ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠵᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭ᠎ᠠ ᠪᠥᠬᠥ᠌ ᠵᠢᠯ᠎ᠦᠨ ᠠᠵᠢᠯ᠎ᠢ ᠪᠦᠬᠦ ᠲᠠᠯ᠎ᠠ ᠪᠡᠷ ᠱᠠᠯᠠᠪᠳᠠᠨ ᠥᠷᠨᠢᠭᠦᠯᠬᠦ᠌ ᠲᠤᠬᠠᠶ ᠪᠠᠢᠷᠢᠯᠠᠭᠤᠯᠤᠯᠳᠠ ᠬᠢᠪᠡ
2026-02-27 09:49:18
ᠵᠣᠬᠢᠶᠠᠭ᠍ᠴᠢ᠄
​ᠵᠠᠩ ᠺᠦᠢ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠲᠥᠪ᠎ᠦᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠬᠣᠷᠢᠨ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠳᠦᠬᠡᠨ ᠪᠠᠢᠭᠤᠯᠬᠤ 2026 ᠣᠨ᠎ᠤ ᠭᠣᠣᠯᠳᠠᠯᠭ᠎ᠠ᠎ᠲᠠᠶ ᠡᠭᠦᠷᠭᠡ᠎ᠶ᠋ᠢᠨ ᠨᠠᠷᠢᠨ ᠲᠠᠩᠰᠠ᠎ᠶ᠋ᠢ ᠰᠤᠳᠤᠯᠵᠤ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭ᠎ᠠ ᠪᠦᠬᠦ᠌ ᠵᠢᠯ᠎ᠦᠨ ᠠᠵᠢᠯ ᠢ᠋ ᠪᠦᠬᠦ ᠲᠠᠯ᠎ᠠ ᠪᠡᠷ ᠱᠠᠯᠠᠪᠳᠠᠨ ᠥᠷᠨᠢᠭᠦᠯᠬᠦ᠌ ᠲᠤᠬᠠᠢ ᠪᠠᠢᠷᠢᠯᠠᠭᠤᠯᠤᠯᠳᠠ ᠬᠢᠪᠠ᠃

ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠱᠢᠰᠲ᠋ᠧᠮ᠎ᠦᠨ ᠬᠢᠨ ᠪᠦᠬᠦ᠌ ᠵᠢᠯ᠎ᠦᠨ ᠬᠠᠷᠠᠯᠲᠠ ᠡᠭᠦᠷᠭᠡ ᠵᠢ ᠪᠠᠳᠤ ᠡᠵᠡᠮᠳᠡᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠡᠴᠡ ᠨᠠᠷᠢᠨ ᠬᠤᠪᠢᠶᠠᠷᠢᠯᠠᠭ᠍ᠰᠠᠨ ᠡᠭᠦᠷᠭᠡ ᠵᠢ ᠨᠠᠢᠳᠠᠪᠤᠷᠢᠵᠢᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠤᠰᠭᠠᠢ ᠲᠥᠯᠥᠪᠵᠢᠭᠦᠯᠭᠡ ᠪᠣᠯᠤᠨ ᠬᠣᠯᠪᠣᠭ᠍ᠳᠠᠯ ᠪᠦᠬᠦᠢ ᠲᠦᠷᠦ᠍᠎ᠶ᠋ᠢᠨ ᠪᠤᠳᠤᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠲᠦᠷᠭᠡᠨ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃ ᠲᠥᠪ᠎ᠦᠨ ᠲᠣᠭᠣᠷᠢᠨ ᠪᠠᠢᠴᠠᠭᠠᠯᠲᠠ᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠵᠢᠨ ᠬᠢᠨᠠᠨ ᠪᠠᠢᠴᠠᠭᠠᠯᠳᠠ ᠵᠡᠷᠭᠡ ᠡᠯ᠎ᠡ ᠲᠥᠷᠥᠯ᠎ᠦᠨ ᠬᠢᠨᠠᠠ ᠪᠠᠢᠴᠠᠭᠠᠯᠳᠠ ᠱᠢᠯᠭᠠᠨ ᠬᠢᠨᠡᠯᠳᠠ ᠵᠢᠨ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠲᠡᠷᠡ ᠶᠣᠰᠣᠭᠠᠷ᠎ᠨᠢ ᠰᠠᠢᠲᠤᠷ ᠠᠳᠭᠤᠵᠤ᠂ ᠴᠠᠭ ᠤ᠋ᠨ ᠬᠢᠵᠠᠭᠠᠷ ᠶᠣᠰᠣᠭᠠᠷ ᠡᠭᠦᠷᠭᠡ᠎ᠪᠡᠨ ᠴᠢᠨᠠᠷ ᠰᠠᠢᠲᠠᠶ ᠪᠡᠶᠡᠯᠡᠭᠦᠯᠬᠦ᠌ ᠬᠡᠷᠡᠭ᠌ᠲᠡᠶ᠃ ᠠᠵᠤ ᠠᠬᠤᠶ᠎ᠶ᠋ᠢᠨ ᠡᠷᠭᠢᠯᠲᠡ᠎ᠶ᠋ᠢᠨ ᠲᠣᠬᠢᠷᠠᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠲᠠᠷᠢᠶᠠᠯᠠᠩ ᠮᠠᠯ ᠠᠵᠤ ᠠᠬᠤᠶ᠂ ᠠᠵᠤ ᠦᠶ᠋ᠯᠡᠳᠪᠦᠷᠢ᠂ ᠦᠶ᠋ᠯᠡᠴᠢᠯᠡᠭᠡᠨ᠎ᠦ ᠦᠶ᠋ᠯᠡᠰ᠂ ᠪᠠᠯᠠ ᠣᠷᠣᠭᠤᠯᠤᠯᠲᠠ᠂ ᠬᠡᠷᠡᠭ᠌ᠯᠡᠭᠡ᠂ ᠭᠠᠳᠠᠭᠠᠳᠤ ᠡᠴᠡ ᠤᠷᠤᠭᠤᠯᠵᠤ ᠭᠠᠳᠠᠭᠠᠳᠤ ᠳ᠋ᠤ ᠭᠠᠷᠭᠠᠬᠤ᠂ ᠠᠷᠠᠳ᠎ᠤᠨ ᠠᠮᠢᠳᠤᠷᠠᠯ ᠵᠡᠷᠭᠡ ᠡᠯ᠎ᠡ ᠬᠦᠷᠢᠶᠡᠨ᠎ᠦ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠡᠨ ᠲᠥᠪᠯᠡᠷᠡᠭᠦᠯᠵᠦ᠍ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠰᠠᠢᠲᠤᠷ ᠬᠡᠷᠡᠭ᠌ᠵᠢᠭᠦᠯᠵᠦ᠍᠂ ᠲᠦᠷᠦᠬᠦᠦ ᠤᠯᠠᠷᠢᠯ᠎ᠤᠨ ᠵᠦᠭ᠌ᠯᠡᠭᠦᠷ᠎ᠦᠨ ᠦᠶ᠋ᠯᠡᠳᠦᠯ᠎ᠢ ᠰᠠᠢᠲᠤᠷ ᠪᠠᠳᠠᠷᠠᠭᠤᠯᠬᠤ ᠬᠡᠷᠡᠭ᠌ᠲᠡᠶ᠃ ᠨᠠᠮ᠎ᠤᠨ ᠲᠥᠪ ᠬᠣᠷᠢᠶ᠎ᠠ᠎ᠶ᠋ᠢᠨ ᠨᠢᠭᠡᠳᠦᠯᠲᠡᠶ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠲᠣᠬᠢᠷᠠᠭᠤᠯᠤᠯᠲᠠ ᠶᠣᠰᠣᠭᠠᠷ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭᠠᠶ ᠥᠷᠨᠢᠭᠦᠯᠵᠦ᠍᠂ ᠠᠷᠠᠳ ᠲᠦᠮᠡᠨ᠎ᠦ ᠲᠥᠯᠥᠭᠡ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠶ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠎ᠶ᠋ᠢ ᠪᠠᠷᠢᠮᠲᠠᠯᠠᠵᠤ᠂ ᠱᠢᠨ᠎ᠡ ᠳᠠᠷᠤᠭ᠎ᠠ ᠬᠠᠭᠤᠴᠢᠨ ᠲᠠᠩᠰᠠ ᠵᠢ ᠬᠠᠮᠢᠶᠠᠷᠬᠤ ᠥᠬᠡᠶ᠂ ᠠᠪᠤᠨ ᠳᠤᠤᠷ᠎ᠠ᠎ᠪᠠᠨ ᠠᠮᠵᠢᠯᠳᠠ ᠪᠦᠲᠦᠮᠵᠢ ᠭᠠᠷᠭᠠᠬᠤ᠎ᠶ᠋ᠢ ᠬᠥᠭᠡᠭᠡᠴᠡᠯᠳᠦᠬᠦ᠌᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ᠂ ᠴᠦᠯᠳᠤ ᠮᠦᠯᠳᠤ ᠰᠣᠬᠣᠷ ᠪᠠᠯᠠᠶ᠎ᠪᠠᠷ ᠠᠵᠢᠯᠯᠠᠬᠤ᠂ ᠣᠯᠠᠨ ᠲᠦᠮᠡᠨ᠎ᠦ ᠬᠦᠰᠡᠯ ᠰᠠᠨᠠᠭ᠎ᠠ᠎ᠡᠴᠡ ᠲᠡᠷᠰᠯᠡᠵᠦ᠍ ᠪᠣᠳᠠᠲᠠᠶ᠎ᠳᠤ ᠨᠡᠢᠴᠡᠬᠦ᠌ ᠥᠬᠡᠶ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠵᠡᠷᠭᠡ ᠠᠰᠠᠭᠤᠳᠠᠯ᠎ᠢ ᠡᠷᠡᠰ ᠰᠡᠷᠭᠡᠢᠯᠡᠨ ᠵᠠᠰᠠᠵᠤ᠂ ᠵᠠᠰᠠᠭ᠎ᠤᠨ ᠣᠷᠳᠣᠨ᠎ᠤ ᠤᠳᠤᠷᠢᠳᠭᠤ ᠪᠠᠭ᠎ᠤᠨ ᠪᠦᠷᠢᠯᠳᠦᠬᠦᠨ ᠨᠠᠷ ᠲᠦᠷᠦᠭᠦᠯᠡᠨ ᠡᠮᠦᠨ᠎ᠡ ᠹᠷᠣᠨᠲ᠎ᠲᠤ ᠬᠦᠷᠴᠦ᠍ ᠣᠯᠠᠨ ᠲᠦᠮᠡᠨ᠂ ᠠᠵᠤ ᠠᠬᠤᠢᠯᠠᠯ ᠪᠠ ᠦᠨᠳᠦᠰᠦᠨ ᠱᠠᠲᠤᠨ᠎ᠤ ᠬᠦᠰᠡᠯ ᠱᠠᠭᠠᠷᠳᠠᠯᠭ᠎ᠠ᠎ᠶ᠋ᠢ ᠢᠯᠡᠭᠦᠬᠡᠨ ᠣᠢᠯᠠᠭᠠᠵᠤ᠂ ᠬᠥᠭ᠌ᠵᠢᠯᠲᠡ᠎ᠶ᠋ᠢᠨ ᠳᠤᠮᠳᠠᠬᠢ ᠲᠦᠭ᠌ᠵᠢᠷᠡᠯ᠎ᠴᠡᠭ ᠬᠤᠷᠢᠭ᠎ᠠ ᠴᠡᠭ ᠬᠦᠴᠢᠷᠳᠡᠯ᠎ᠢ ᠴᠠᠭ ᠲᠤᠬᠠᠶ᠎ᠳᠤᠨᠢ ᠱᠢᠶ᠋ᠳᠪᠦᠷᠢᠯᠡᠬᠦ᠌ ᠬᠡᠷᠡᠭ᠌ᠲᠡᠶ᠃ ᠠᠶᠤᠯᠭᠦᠢ ᠦᠢᠯᠡᠳᠪᠦᠷᠢᠯᠡᠯ᠎ᠦᠨ ᠶᠡᠬᠡ ᠪᠠᠢᠴᠠᠭᠠᠯᠲᠠ ᠶᠡᠬᠡ ᠬᠢᠨᠠᠨ ᠪᠠᠢᠴᠠᠭᠠᠯᠲᠠ᠎ᠶ᠋ᠢ ᠰᠠᠢᠲᠤᠷ ᠥᠷᠨᠢᠭᠦᠯᠵᠦ᠍᠂ ᠬᠠᠳᠤᠨ ᠭᠣᠣᠯ᠎ᠤᠨ ᠰᠦᠩ ᠬᠠᠯᠢᠶ᠎ᠠ᠎ᠶ᠋ᠢ ᠰᠡᠷᠭᠡᠢᠯᠡᠬᠦ᠌ ᠪᠠ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠢ ᠰᠠᠢᠲᠤᠷ ᠬᠢᠵᠦ᠍᠂ ᠠᠶᠤᠯᠭᠦᠢ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠡᠴᠡ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠬᠡ᠎ᠶ᠋ᠢᠨ ᠠᠮᠤᠷ ᠲᠦᠪᠱᠢᠨ ᠪᠠ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠤᠷᠠᠯ᠎ᠡᠴᠡ᠂ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠴᠢᠭ᠌ᠯᠡᠯ᠎ᠢ ᠣᠨᠣᠪᠴᠢᠲᠠᠶ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠨ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠪᠣᠬᠢᠷᠲᠤᠯ ᠥᠬᠡᠶ ᠪᠤᠳᠤᠯᠳᠠ ᠵᠢᠨ ᠬᠦᠴᠦᠨ᠂ ᠤᠢᠷ᠎ᠠ ᠤᠭᠳᠠᠷᠭᠤᠢ ᠵᠢᠨ ᠠᠵᠤ ᠠᠬᠤᠶ᠂ ᠠᠮᠢᠳᠤ ᠪᠣᠳᠠᠰ᠎ᠤᠨ ᠦᠶ᠋ᠯᠡᠳᠬᠦ ᠦᠢᠯᠡᠰ᠂ ᠬᠤᠳᠠᠯᠳᠤᠭᠠᠨ ᠤ᠋ ᠶᠠᠪᠤᠳᠠᠯ ᠤ᠋ᠨ ᠰᠠᠨᠰᠠᠷ᠎ᠤᠨ ᠠᠶᠠᠯᠠᠯ ᠵᠡᠷᠭᠡ ᠬᠦᠷᠢᠶ᠎ᠠ ᠴᠠᠷᠠᠭ᠎ᠠ ᠵᠢᠨ ᠥᠪᠡᠷᠮᠢᠴᠡ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠦᠨᠡᠨ᠎ᠡᠴᠡ ᠵᠥᠪ᠎ᠢ ᠡᠷᠢᠵᠦ᠍ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠪᠣᠯᠤᠨ ᠢᠷᠡᠭᠡᠳᠦᠶ᠎ᠶ᠋ᠢᠨ ᠠᠵᠤ ᠦᠶ᠋ᠯᠡᠰ᠎ᠢ ᠰᠠᠢᠲᠤᠷ ᠠᠳᠭᠤᠬᠤ ᠬᠡᠷᠡᠭ᠌ᠲᠡᠶ᠃《ᠠᠵᠤ ᠦᠶ᠋ᠯᠡᠰ᠎ᠤᠨ ᠬᠢᠨ ᠰᠡᠳᠦᠪ ᠭᠠᠷᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠰᠡᠳᠦᠪ ᠬᠠᠷᠢᠭᠤᠯᠬᠤ》ᠶ᠋ᠢ ᠪᠠᠷᠢᠮᠲᠠᠯᠠᠵᠤ᠂ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠬᠤ᠎ᠶ᠋ᠢ ᠳᠡᠮᠵᠢᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠪᠲᠤᠯᠤᠯᠲᠠ᠎ᠪᠠᠷ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠠᠢᠴᠢᠯᠠᠬᠤ ᠬᠡᠷᠡᠭ᠌ᠲᠡᠶ ᠭᠡᠵᠤ ᠴᠢᠬᠤᠯᠠᠴᠢᠯᠠᠵᠠᠢ᠃

ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ ᠡᠯᠰᠡᠬᠦ᠌ ᠠᠵᠢᠯ᠎ᠤᠨ ᠲᠦᠷᠢᠮ( ᠵᠠᠰᠠᠪᠤᠷᠢ ᠣᠷᠣᠭᠤᠯᠬᠤ ᠲᠥᠰᠦᠯ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ ᠤ᠋ᠨ ᠬᠠᠮᠠᠭᠠᠯᠠᠯᠳᠠ ᠪᠠ ᠬᠠᠮᠢᠶᠠᠷᠤᠯᠳᠠ ᠵᠢᠨ ᠲᠦᠷᠢᠮ (ᠲᠥᠰᠦᠯ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠶᠠᠰᠤ ᠴᠢᠨᠠᠷ ᠲᠤ᠌ ᠦᠵᠡᠬᠦᠯᠬᠦ ᠠᠭᠤᠷ ᠠᠮᠢᠰᠭᠤᠯ᠎ᠤᠨ ᠨᠦᠬᠦᠴᠡᠯ᠎ᠢ ᠦᠨᠡᠯᠡᠬᠦ ᠲᠤᠬᠠᠢ ᠠᠬᠢᠭᠤᠯᠬᠤ ᠲᠦᠷᠢᠮ (ᠲᠥᠰᠦᠯ)》 ᠢ᠋ ᠰᠤᠳᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶ᠋ᠢᠨ ᠠᠮᠤᠷ ᠲᠦᠪᠱᠢᠨ ᠢ᠋ ᠸᠢᠳᠢᠤ᠋᠎ᠪᠠᠷ ᠬᠢᠨᠠᠨ ᠡᠵᠡᠮᠳᠡᠬᠦ᠌ ᠵᠢᠷᠤᠭ ᠳᠦᠷᠰᠦ ᠵᠢᠨ ᠮᠡᠳᠡᠭᠡ ᠵᠠᠩᠭᠢ᠎ᠶ᠋ᠢᠨ ᠱᠢᠰᠲ᠋ᠧᠮ᠎ᠦᠨ ᠬᠠᠮᠢᠶᠠᠷᠤᠯᠲᠠ᠎ᠶ᠋ᠢᠨ ᠠᠷᠭ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠡᠷᠬᠡ ᠠᠰᠢᠭ ᠤ᠋ᠨ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ》 ᠶ᠋ᠢ ᠬᠦᠴᠦᠨ ᠥᠬᠡᠶ ᠪᠣᠯᠭᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号