ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠱᠢᠨ᠎ᠡ ᠦᠰᠦᠷᠦᠯᠲᠡ᠎ᠶ᠋ᠢ ᠪᠡᠶᠡᠯᠡᠭᠦᠯᠰᠦᠭᠡᠢ
2026-02-27 09:22:31
ᠵᠣᠬᠢᠶᠠᠭ᠍ᠴᠢ᠄
ᠥᠪᠥᠷ ᠮᠤᠩᠭᠤᠯ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠶ ᠬᠤᠶᠠᠷᠲᠠ ᠥᠭᠦᠯᠡᠬᠦ᠌ ᠨᠢ


ᠡᠬᠡᠯᠵᠢᠯᠡᠬᠦ ᠲᠦᠷᠪᠡᠨ ᠤᠯᠠᠷᠢᠯ ᠬᠠᠪᠤᠷ ᠵᠢᠡᠷ ᠲᠦᠷᠦᠭᠦᠯᠡᠨ᠂ ᠠᠮᠢᠯᠠᠬᠤ ᠲᠦᠮᠡᠨ ᠪᠣᠳᠠᠰ᠎ᠬᠠᠪᠤᠷ᠎ᠡᠴᠡ ᠡᠬᠢᠯᠡᠳᠡᠭ᠃ ᠥᠪᠥᠷ ᠮᠣᠩᠭᠣᠯ᠎ᠤᠨ 《ᠴᠠᠭᠠᠨ ᠰᠠᠷ᠎ᠠ᠎ᠶ᠋ᠢᠨ ᠠᠩᠬᠠᠨ᠎ᠤ ᠬᠤᠷᠠᠯ》 ᠨᠢ ᠴᠢᠨᠠᠷ ᠰᠠᠢᠲᠠᠢ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠷᠠᠯᠲᠠ᠎ᠪᠠᠨ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠬᠦᠴᠦᠲᠦ ᠪᠦᠷᠢᠶ᠎ᠡ᠎ᠶ᠋ᠢ ᠪᠦᠬᠦ ᠲᠠᠯ᠎ᠠ ᠪᠡᠷ ᠬᠠᠩᠭᠢᠨᠠᠭᠤᠯᠵᠤ᠂ ᠮᠠᠨ᠎ᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ ᠵᠢᠡᠨ ᠠᠬᠢᠭᠤᠯᠵᠤ ᠱᠢᠨ᠎ᠡ ᠦᠰᠦᠷᠦᠯᠲᠡ᠎ᠶ᠋ᠢ ᠪᠡᠶᠡᠯᠡᠭᠦᠯᠬᠦ᠌ ᠤᠷᠤᠭ᠍ᠰᠢᠯᠠᠯᠲᠠ᠎ᠶ᠋ᠢᠨ ᠬᠦᠴᠦᠲᠦ ᠳᠠᠭᠤᠨ᠎ᠢ ᠴᠤᠤᠷᠢᠶᠠᠳᠤᠭᠤᠯᠪᠠ᠃

ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠦᠰᠦᠷᠦᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ᠎ᠳᠤ ᠲᠡᠷᠢᠭᠦᠨ᠎ᠦ ᠦᠢᠯᠡᠳᠬᠦ᠌ ᠦᠢᠯᠡᠰ᠎ᠢᠶᠡᠷ ᠲᠤᠯᠭᠠᠭᠤᠷᠢᠯᠠᠯ ᠪᠣᠯᠭᠠᠵᠤ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠬᠡᠷᠡᠭ᠌ᠲᠡᠢ᠃ ᠲᠡᠷᠢᠭᠦᠨ᠎ᠦ ᠦᠢᠯᠡᠳᠬᠦ᠌ ᠦᠢᠯᠡᠰ᠎ᠢ ᠶᠡᠬᠡ᠎ᠪᠡᠷ ᠬᠥᠭ᠌ᠵᠢᠭᠦᠯᠵᠦ᠍᠂ ᠨᠡᠭᠦᠷᠡᠰᠦ᠂ ᠬᠢᠮᠢ᠎ᠶ᠋ᠢᠨ ᠠᠵᠤ ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ ᠵᠡᠷᠭᠡ ᠤᠯᠠᠮᠵᠢᠯᠠᠯᠲᠤ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ ᠨᠥᠬᠥᠪᠥᠷᠢᠯᠡᠬᠦ᠌᠎ᠶ᠋ᠢ ᠠᠬᠢᠭᠤᠯᠵᠤ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠪᠤᠳᠤᠯᠲᠠ᠎ᠵᠢᠨ ᠬᠦᠴᠦᠨ᠂ ᠤᠢᠷ᠎ᠠ ᠤᠬᠲᠠᠷᠭᠤᠢ᠎ᠵᠢᠨ ᠠᠵᠤ ᠠᠬᠤᠢ ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠬᠰᠠᠨ ᠠᠵᠤ ᠦᠢᠯᠡᠰ᠎ᠢ ᠪᠦᠯᠦᠭ᠌ᠵᠢᠬᠦᠯᠦᠨ ᠬᠥᠭ᠌ᠵᠢᠭᠦᠯᠵᠦ᠍᠂ ᠠᠮᠢᠳᠤ ᠪᠣᠳᠠᠰ᠎ᠤᠨ ᠦᠢᠯᠡᠳᠬᠦ᠌ ᠦᠢᠯᠡᠰ᠂ ᠤᠰᠤᠲᠥ᠋ᠷᠥᠭ᠌ᠴᠢ ᠡᠨᠧᠷᠭᠢ ᠵᠡᠷᠭᠡ ᠢᠷᠡᠭᠡᠳᠦᠢ᠎ᠶ᠋ᠢᠨ ᠠᠵᠤ ᠦᠢᠯᠡᠰ᠎ᠦᠨ ᠪᠠᠢᠷᠢᠯᠠᠭᠤᠯᠤᠯᠲᠠ᠎ᠶ᠋ᠢ ᠴᠢᠩᠭᠠᠳᠬᠠᠬᠤ ᠬᠡᠷᠡᠭᠲᠡᠢ᠃ ᠰᠠᠯᠬᠢᠨ ᠬᠦᠴᠦᠨ᠎ᠤ ᠡᠨᠧᠷᠭᠢ᠂ ᠭᠡᠷᠡᠯᠴᠢ ᠴᠡᠨᠡᠭ᠂ ᠱᠢᠨ᠎ᠡ ᠮᠠᠶᠢᠭ᠎ᠦᠨ ᠡᠨᠧᠷᠭᠢ ᠬᠠᠳᠠᠭᠠᠯᠠᠬᠤ ᠵᠡᠷᠭᠡ ᠱᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠮᠠᠱᠢᠨ ᠮᠸᠬᠠᠨᠢᠭ᠂ ᠠᠭᠤᠷᠬᠠᠶ᠎ᠶ᠋ᠢᠨ ᠮᠠᠱᠢᠨ ᠮᠸᠬᠠᠨᠢᠭ ᠵᠡᠷᠭᠡ ᠱᠢᠨ᠎ᠡ ᠦᠢᠯᠡᠳᠬᠦᠨ᠎ᠢ ᠢᠳᠡᠪᠬᠢᠲᠡᠶ᠎ᠪᠡᠷ ᠨᠡᠭᠡᠭᠡᠨ ᠬᠥᠭ᠌ᠵᠢᠭᠦᠯᠵᠦ᠍᠂ ᠵᠠᠬ᠎ᠠ ᠳᠡᠯᠭᠡᠭᠦᠷ ᠳᠡᠬᠢ ᠡᠵᠡᠯᠡᠬᠦ᠌ ᠨᠣᠷᠮ᠎ᠠ᠎ᠶ᠋ᠢ ᠳᠡᠭᠡᠭ᠌ᠰᠢᠯᠡᠭᠦᠯᠦᠨ᠂ ᠣᠳᠣ ᠦᠶ᠎ᠡ᠎ᠶ᠋ᠢᠨ ᠲᠣᠨᠣᠭ ᠲᠥᠬᠥᠭᠡᠷᠦᠮᠵᠢ ᠦᠢᠯᠡᠳᠬᠦ᠌ ᠦᠢᠯᠡᠰ᠎ᠦᠨ ᠪᠦᠯᠦᠭ᠌ᠯᠡᠯ᠎ᠢ ᠪᠣᠢᠵᠢᠭᠤᠯᠬᠤ ᠬᠡᠷᠡᠭᠲᠡᠢ᠃ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ ᠪᠠ ᠦᠶ᠋ᠯᠡᠴᠢᠯᠡᠭᠡᠨ᠎ᠦ ᠦᠶ᠋ᠯᠡᠰ᠎ᠦᠨ ᠴᠢᠳᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠰᠠᠢᠲᠤᠷ ᠬᠡᠷᠡᠭ᠌ᠵᠢᠭᠦᠯᠵᠦ᠍᠂ ᠦᠶ᠋ᠯᠡᠳᠬᠦ᠌ ᠦᠶ᠋ᠯᠡᠰ᠎ᠦᠨ ᠲᠣᠭᠠᠴᠢᠯᠠᠯᠲᠠ ᠤᠶᠤᠨᠴᠢᠯᠠᠯᠲᠠ ᠲᠡᠢᠰᠢ ᠬᠡᠯᠪᠡᠷᠢ ᠪᠠᠨ ᠬᠤᠪᠢᠷᠠᠭᠤᠯᠬᠤ᠎ᠶ᠋ᠢ ᠲᠦᠷᠭᠡᠳᠭᠡᠨ᠂ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ ᠬᠢᠭᠡᠳ ᠲᠡᠷᠢᠭᠦᠨ᠎ᠦ ᠦᠶ᠋ᠯᠡᠳᠬᠦ᠌ ᠦᠶ᠋ᠯᠡᠰ᠎ᠦᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠬᠡᠷᠡᠭᠲᠡᠢ᠃

ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠦᠰᠦᠷᠦᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ᠎ᠳᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ᠂ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌ ᠬᠡᠷᠡᠭ᠌ᠲᠡᠢ᠃ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭ᠌ᠵᠢᠭᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠱᠢᠨ᠎ᠡ ᠦᠢᠯᠡᠳᠬᠦᠨ᠎ᠢ ᠨᠡᠭᠡᠭᠡᠨ ᠬᠥᠭ᠌ᠵᠢᠭᠦᠯᠬᠦ᠌᠎ᠳᠦ ᠨᠡᠩ ᠢᠯᠡᠭᠦᠦ ᠲᠦᠱᠢᠭ᠌ᠯᠡᠵᠦ᠍᠂ ᠨᠡᠮᠡᠯᠲᠡ ᠦᠷᠳᠡᠭ᠎ᠢ ᠳᠡᠭᠡᠭ᠌ᠰᠢᠯᠡᠭᠦᠯᠵᠦ᠍ ᠵᠠᠬ᠎ᠠ ᠳᠡᠯᠭᠡᠭᠦᠷ᠎ᠦᠨ ᠬᠡᠯᠪᠡᠯᠵᠡᠯ᠎ᠦᠨ ᠨᠥᠯᠥᠭᠡ᠎ᠶ᠋ᠢ ᠠᠷᠭᠠᠴᠠᠭᠠᠵᠤ᠂ ᠬᠥᠭ᠌ᠵᠢᠯᠲᠡ᠎ᠶ᠋ᠢᠨ ᠲᠣᠭ᠍ᠲᠠᠪᠤᠷᠢᠲᠤ ᠴᠢᠨᠠᠷ ᠪᠣᠯᠤᠨ ᠦᠷᠭᠦᠯᠵᠢᠯᠡᠬᠦ᠌ ᠬᠦᠴᠦᠨ᠎ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃ ᠬᠠᠮᠢᠶᠠᠷᠤᠯᠲᠠ ᠪᠠ ᠲᠦᠷᠢᠮ᠎ᠦᠨ ᠱᠢᠨ᠎ᠡ᠎ᠶ᠋ᠢ ᠡᠭᠦᠳᠬᠦ᠌ ᠪᠣᠯ ᠱᠢᠨ᠎ᠡ᠎ᠶ᠋ᠢ ᠡᠭᠦᠳᠬᠦ᠌᠎ᠶ᠋ᠢᠨ ᠴᠢᠬᠤᠯᠠ ᠲᠠᠯ᠎ᠠ ᠮᠥᠨ᠂ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠬᠤ᠎ᠶ᠋ᠢ ᠭᠤᠤᠯᠳᠠᠯᠭ᠎ᠠ ᠵᠢᠨ ᠭᠤᠤᠯᠳᠠᠯᠭ᠎ᠠ ᠪᠣᠯᠭᠠᠵᠤ᠂ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》᠎ᠤ᠋ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠠᠵᠤ ᠠᠬᠤᠢᠯᠠᠯ᠎ᠢ ᠥᠪᠥᠷ ᠮᠣᠩᠭᠣᠯ᠎ᠳᠤ ᠠᠵᠢᠯ ᠶᠠᠪᠤᠳᠠᠯ ᠭᠦᠶ᠋ᠴᠡᠳᠭᠡᠬᠦ᠌᠎ᠳᠦ ᠤᠷᠤᠭ᠍ᠰᠢᠲᠠᠶ᠂ ᠪᠠᠯᠠ ᠣᠷᠣᠭᠤᠯᠬᠤ᠎ᠳᠦ ᠰᠠᠨᠠᠭ᠎ᠠ ᠠᠮᠤᠷ᠂ ᠡᠵᠡᠩᠨᠡᠯᠲᠡ ᠬᠢᠬᠦ᠎ᠳᠦ ᠲᠠᠭᠠᠯᠠᠮᠵᠢᠲᠠᠶ᠂ ᠬᠥᠭ᠌ᠵᠢᠬᠦ᠎ᠳᠦ ᠰᠡᠳᠬᠢᠯ ᠠᠮᠤᠷ ᠪᠠᠢᠯᠭᠠᠬᠤ ᠬᠡᠷᠡᠭ᠌ᠲᠡᠶ᠃ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠠᠬᠢᠭᠤᠯᠬᠤ ᠲᠦᠷᠢᠮ᠎ᠦᠨ ᠬᠠᠩᠭᠠᠯᠭ᠎ᠠ᠎ᠶ᠋ᠢ ᠴᠢᠩᠭᠠᠳᠭᠠᠵᠤ᠂ ᠴᠢᠳᠠᠪᠤᠷᠢᠲᠠᠨ᠎ᠢ ᠲᠥᠪᠯᠡᠷᠡᠭᠦᠯᠬᠦ᠌᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠨᠠᠩ ᠣᠯᠠᠨ ᠬᠥᠮᠦᠨ᠎ᠢ ᠥᠪᠥᠷ ᠮᠣᠩᠭᠣᠯ᠎ᠳᠤ ᠲᠡᠳᠡᠨ ᠠᠪᠴᠢᠷᠠᠵᠤ ᠦᠶ᠋ᠯᠡᠰ ᠪᠤᠰᠭᠠᠬᠤ᠂ ᠬᠡᠷᠡᠭ᠌ᠯᠡᠭᠡ ᠬᠢᠯᠭᠡᠬᠦ᠌ ᠬᠡᠷᠡᠭ᠌ᠲᠡᠶ᠃

ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠦᠰᠦᠷᠦᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ᠎ᠳᠤ᠂ ᠬᠠᠮᠵᠢᠯᠴᠠᠨ ᠬᠥᠭ᠌ᠵᠢᠬᠦ᠌᠎ᠪᠡᠷ ᠭᠠᠷᠳᠠᠴᠠ ᠪᠣᠯᠭᠠᠵᠤ᠂ ᠪᠣᠬᠢᠷᠲᠤᠯ ᠦᠭᠡᠢ ᠲᠠᠪᠢᠰᠭᠡᠷ ᠦᠩᠭᠡ᠎ᠶ᠋ᠢ ᠵᠤᠵᠠᠭᠠᠳᠭᠠᠵᠤ᠂ ᠨᠡᠭᠡᠭᠡᠯᠳᠠ᠎ᠶ᠋ᠢᠨ ᠪᠠᠢᠳᠠᠯ᠎ᠢ ᠥᠷᠭᠡᠳᠭᠡᠬᠦ᠌ ᠬᠡᠷᠡᠭ᠌ᠲᠡᠢ᠃ ᠬᠣᠲᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠢᠳᠡᠪᠬᠢᠲᠡᠶ᠎ᠪᠡᠷ ᠲᠦᠯᠬᠢᠨ ᠠᠬᠢᠭᠤᠯᠵᠤ᠂ ᠬᠥᠭ᠌ᠵᠢᠯᠲᠡ᠎ᠶ᠋ᠢᠨ ᠪᠦᠬᠦᠯᠢ ᠴᠣᠭ᠍ᠴᠠᠲᠤ ᠴᠢᠨᠠᠷ ᠪᠣᠯᠤᠨ ᠬᠠᠮᠵᠢᠯᠴᠠᠬᠤ ᠴᠢᠨᠠᠷ᠎ᠢ ᠨᠡᠮᠡᠭ᠌ᠳᠡᠭᠦᠯᠬᠦ ᠬᠡᠷᠡᠭ᠌ᠲᠡᠢ᠃ ᠪᠣᠬᠢᠷᠲᠤᠯ ᠥᠬᠡᠶ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ ᠎ᠢ ᠲᠦᠷᠭᠡᠳᠭᠡᠨ ᠪᠠᠢᠭᠤᠯᠵᠤ᠂ ᠪᠤᠬᠢᠷᠳᠤᠯ ᠦᠭᠡᠢ ᠴᠠᠬᠢᠯᠭᠠᠨ᠎ᠢ ᠲᠤᠬᠠᠶ᠎ᠶ᠋ᠢᠨ ᠭᠠᠵᠠᠷ᠎ᠲᠤᠨᠢ ᠱᠢᠩᠭᠡᠭᠡᠨ ᠠᠪᠬᠤ ᠬᠠᠷᠢᠴᠠᠯ᠎ᠢ ᠳᠡᠭᠡᠭ᠌ᠰᠢᠯᠡᠭᠦᠯᠵᠦ᠍᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯᠤᠨ ᠬᠥᠬᠡ ᠣᠭ᠍ᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠣᠶ ᠱᠢᠭᠤᠶ ᠳᠠᠯ᠎ᠠ ᠨᠤᠳᠤᠭ ᠡᠯᠡᠰᠦ ᠮᠠᠩᠬ᠎ᠠ ᠵᠡᠷᠭᠡ ᠠᠮᠢ ᠠᠬᠤᠶ᠎ᠶ᠋ᠢᠨ ᠠᠵᠤ ᠦᠶ᠋ᠯᠡᠰ ᠪᠣᠯᠤᠨ ᠨᠡᠭᠦᠷᠡᠰᠦᠲᠥ᠋ᠷᠥᠭ᠌ᠴᠢ᠎ᠶ᠋ᠢ ᠬᠤᠷᠠᠭᠤᠯᠬᠤ ᠠᠵᠤ ᠠᠬᠤᠶ᠎ᠶ᠋ᠢ ᠬᠥᠭ᠌ᠵᠢᠭᠦᠯᠵᠦ᠍᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠱᠢᠨ᠎ᠡ ᠣᠷᠣᠨ ᠵᠠᠶ᠎ᠶ᠋ᠢ ᠲᠠᠰᠤᠷᠠᠯᠲᠠ ᠥᠬᠡᠶ ᠥᠷᠭᠡᠳᠭᠡᠬᠦ ᠬᠡᠷᠡᠭᠳᠡᠢ᠃ ᠨᠡᠭᠡᠭᠡᠯᠲᠡᠲᠦ ᠬᠥᠭ᠌ᠵᠢᠯᠲᠡ᠎ᠶ᠋ᠢᠨ ᠲᠦᠪᠱᠢᠨ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠂ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠂ ᠠᠵᠤ ᠦᠶ᠋ᠯᠡᠰ᠎ᠦᠨ ᠬᠠᠮᠵᠢᠯᠴᠠᠭᠠᠨ᠎ᠤ ᠬᠦᠷᠢᠶᠡᠯᠡᠩ ᠲᠣᠭᠣᠷᠢᠭ ᠵᠡᠷᠭᠡ ᠲᠠᠪᠴᠠᠩ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠳᠣᠲᠣᠭᠠᠳᠤ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠥᠨᠳᠥᠷ ᠪᠦᠲᠦᠮᠵᠢᠲᠡᠶ ᠠᠭᠤᠰᠤᠯᠴᠠᠬᠤ᠎ᠶ᠋ᠢ ᠬᠢᠵᠠᠭᠠᠷᠯᠠᠵᠤ ᠪᠠᠢᠭ᠎ᠠ ᠬᠣᠷᠢᠭ᠎ᠠ ᠴᠡᠭ ᠬᠠᠷᠰᠢ ᠰᠠᠭᠠᠳ ᠎ᠢ ᠰᠢᠯᠤᠭᠤᠳᠬᠠᠵᠤ᠂ ᠥᠨᠳᠥᠷ ᠲᠦᠪᠱᠢᠨ ᠪᠥᠬᠥᠶ ᠨᠡᠭᠡᠭᠡᠯᠲᠡ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ᠃

ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠦᠰᠦᠷᠦᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ᠎ᠳᠤ᠂ ᠠᠷᠠᠳ ᠲᠦᠮᠡᠨ᠎ᠢᠶᠡᠷ ᠭᠣᠣᠯ ᠪᠣᠯᠭᠠᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ᠃ ᠴᠢᠨᠠᠷ ᠰᠠᠢᠲᠠᠢ ᠬᠥᠭ᠌ᠵᠢᠯᠲᠡ᠎ᠶ᠋ᠢᠨ ᠡᠴᠦᠰ᠎ᠦᠨ ᠦᠷᠳᠡᠭ ᠨᠢ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠳᠡᠭᠡᠷ᠎ᠡ ᠢᠯᠡᠷᠡᠵᠦ᠍ ᠪᠠᠢᠳᠠᠭ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠨᠡᠩ ᠰᠠᠢ᠌ᠳᠤᠷ ᠬᠦᠷᠲᠡᠭᠡᠵᠦ᠍᠂ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》 ᠢ᠋ ᠰᠠᠢᠲᠤᠷ ᠬᠡᠷᠡᠭ᠌ᠵᠢᠭᠦᠯᠵᠦ᠍᠂ ᠤᠯᠠᠨ ᠲᠦᠮᠡᠨ᠎ᠦ ᠣᠷᠣᠯᠭ᠎ᠠ᠎ᠶ᠋ᠢᠨ ᠦᠷᠭᠦᠯᠵᠢᠯᠡᠨ ᠲᠣᠭ᠍ᠲᠠᠭᠤᠨ᠎ᠢᠶᠠᠷ ᠨᠡᠮᠡᠭ᠌ᠳᠡᠬᠦ᠌ ᠎ᠶ᠋ᠢ ᠠᠬᠢᠭᠤᠯᠵᠤ᠂ ᠤᠯᠠᠨ ᠲᠦᠮᠡᠨ᠎ᠳᠦ ᠦᠨᠡᠨ ᠬᠦ᠌ ᠬᠤᠪᠢᠷᠠᠯᠲᠠ᠎ᠶ᠋ᠢ ᠬᠠᠷᠠᠭᠤᠯᠵᠤ᠂ ᠪᠣᠳᠠᠲᠠᠢ ᠠᠱᠢᠭ ᠬᠦᠷᠲᠡᠭᠡᠵᠦ᠍᠂ ᠬᠠᠢᠷ᠎ᠠ ᠬᠠᠯᠠᠮᠵᠢ ᠬᠦᠷᠲᠡᠭᠡᠬᠦ᠌ ᠬᠡᠷᠡᠭ᠌ᠲᠡᠢ᠃ ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠤᠷᠢᠲᠠᠯ ᠮᠥᠨ᠂ ᠡᠯ᠎ᠡ ᠭᠠᠵᠠᠷ᠎ᠤᠨ᠎ᠬᠢᠨ ᠠᠮᠤᠷ ᠲᠦᠪᠱᠢᠨ᠎ᠦ ᠬᠥᠪᠴᠢ᠎ᠶ᠋ᠢ ᠢᠮᠠᠭ᠍ᠲᠠ ᠴᠢᠩᠭᠠᠯᠠᠵᠤ᠂ ᠠᠶᠤᠯᠭᠦᠶ ᠦᠶ᠋ᠯᠡᠳᠪᠦᠷᠢᠯᠡᠯ᠎ᠦᠨ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠂ ᠰᠥᠩ ᠬᠠᠯᠢᠶ᠎ᠠ ᠎ᠶ᠋ᠢ ᠰᠡᠷᠭᠡᠢᠯᠡᠵᠦ᠍ ᠦᠶᠡᠷ᠎ᠢ ᠰᠡᠷᠭᠡᠢᠯᠡᠵᠤ ᠭᠠᠯ᠎ᠢ ᠰᠡᠷᠬᠡᠢᠯᠡᠬᠦ᠂ ᠣᠨᠴᠠᠭᠠᠶ ᠴᠠᠭ ᠠᠭᠤᠷ᠎ᠢ ᠠᠷᠭᠠᠴᠠᠭᠠᠬᠤ ᠵᠡᠷᠭᠡ ᠠᠵᠢᠯ᠎ᠢ ᠰᠠᠢᠲᠤᠷ ᠬᠢᠵᠦ᠍᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ ᠎ᠢ ᠡᠷᠡᠰ ᠪᠠᠲᠤ ᠰᠠᠬᠢᠵᠤ᠂ ᠥᠨᠳᠥᠷ ᠲᠦᠪᠱᠢᠨ ᠠᠮᠤᠷ ᠲᠦᠪᠱᠢᠨ᠎ᠢᠶᠡᠷ ᠴᠢᠨᠠᠷ ᠰᠠᠢᠲᠠᠶ ᠬᠥᠭ᠌ᠵᠢᠯᠲᠡ ᠎ᠶ᠋ᠢ ᠬᠠᠮᠠᠭᠠᠯᠠᠵᠤ ᠠᠯᠤᠰ᠎ᠢ ᠵᠣᠷᠢᠨ ᠯᠠᠪᠳᠠᠭᠤᠨ᠎ᠢᠶᠠᠷ ᠠᠶᠠᠯᠠᠬᠤ ᠬᠡᠷᠡᠭᠳᠡᠢ᠃

ᠵᠢᠯ᠎ᠦᠨ ᠠᠵᠢᠯ ᠬᠠᠪᠤᠷ᠎ᠲᠠᠭᠠᠨ ᠭᠡᠳᠡᠭ᠃ ᠡᠬᠢᠯᠡᠯᠲᠡ᠎ᠶ᠋ᠢᠨ ᠤᠨ᠎ᠤ ᠠᠵᠠ ᠲᠣᠬᠢᠶᠠᠯ᠎ᠨᠢ ᠦᠪᠡᠰᠦᠪᠠᠨ ᠡᠭᠦᠳᠡᠨ᠎ᠳᠦ ᠢᠷᠡᠳᠡᠭ ᠪᠢᠰᠢ᠂ ᠬᠠᠷᠢᠨ ᠪᠢᠳᠡ ᠰᠠᠨᠠᠭᠠᠴᠢᠯᠠᠭ᠎ᠠ᠎ᠠᠴᠠ᠎ᠪᠠᠨ ᠢᠯᠡᠷᠡᠭᠦᠯᠵᠦ᠍᠂ ᠰᠠᠨᠠᠭᠠᠴᠢᠯᠠᠭ᠎ᠠ ᠡᠴᠠ ᠪᠠᠨ ᠠᠳᠭᠤᠵᠤ᠂ ᠰᠠᠨᠠᠭᠠᠴᠢᠯᠠᠭ᠎ᠠ᠎ᠠᠴᠠ᠎ᠪᠠᠨ ᠵᠢᠳᠬᠦᠯ ᠴᠢᠷᠮᠠᠢᠯᠭ᠎ᠠ ᠭᠠᠷᠭᠠᠬᠤ ᠳ᠋ᠤ ᠪᠤᠢ; ᠬᠥᠭ᠌ᠵᠢᠯᠲᠡ᠎ᠶ᠋ᠢᠨ ᠳᠤᠮᠳᠠᠬᠢ ᠬᠦᠴᠢᠷ ᠠᠰᠠᠭᠤᠳᠠᠯ ᠨᠢ ᠦᠪᠡᠰᠦᠪᠡᠨ ᠱᠢᠢᠳᠪᠦᠷᠢᠯᠡᠭᠳᠡᠳᠡᠭ ᠪᠢᠰᠢ᠂ ᠬᠠᠷᠢᠨ ᠪᠢᠳᠡ ᠰᠠᠨᠠᠭᠠᠴᠢᠯᠠᠭ᠎ᠠ᠎ᠠᠴᠠ᠎ᠪᠠᠨ ᠬᠠᠨᠳᠤᠵᠤ᠂ ᠰᠠᠨᠠᠭᠠᠴᠢᠯᠠᠭ᠎ᠠ᠎ᠠᠴᠠ᠎ᠪᠠᠨ ᠱᠢᠢᠳᠪᠦᠷᠢᠯᠡᠵᠦ᠍᠂ ᠰᠠᠨᠠᠭᠠᠴᠢᠯᠠᠭ᠎ᠠ᠎ᠠᠴᠠ᠎ᠪᠠᠨ ᠱᠢᠪᠲᠤᠯᠤᠯᠳᠠ ᠭᠠᠷᠭᠠᠬᠤ ᠳ᠋ᠤ ᠪᠤᠢ᠃ ᠣᠷᠣᠨ ᠳᠠᠶᠠᠭᠠᠷ᠎ᠢᠶᠠᠨ ᠢᠳᠡᠭᠡᠯ ᠳᠦᠭᠦᠷᠡᠩ ᠵᠢᠪᠬᠤᠭ᠎ᠠ᠎ᠳᠡᠭᠦᠯᠳᠡᠷ᠎ᠢᠶᠠᠷ ᠰᠠᠢᠨ ᠡᠬᠢᠯᠡᠯᠲᠡ ᠭᠠᠷᠭᠠᠵᠦ᠂ ᠬᠠᠪᠤᠷ ᠴᠠᠭ᠎ᠢ ᠵᠠᠪᠳᠤᠨ᠂ ᠡᠷᠡᠮᠡᠬᠡᠢᠯᠡᠨ ᠤᠷᠤᠭ᠍ᠰᠢᠯᠠᠵᠦ ᠡᠮᠦᠨ᠎ᠡ᠎ᠨᠢ ᠭᠠᠪᠱᠢᠭᠠᠢᠯᠠᠨ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠦᠰᠦᠷᠦᠯᠲᠡ᠎ᠶ᠋ᠢ ᠪᠡᠶᠡᠯᠡᠬᠦᠯᠬᠦ ᠵᠢ ᠪᠥᠬᠥ᠌ ᠬᠦᠴᠦᠨ᠎ᠢᠶᠡᠷ᠎ᠢᠶᠡᠨ ᠠᠬᠢᠭᠤᠯᠰᠤᠭᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号