ᠤᠯᠠᠮᠵᠢᠯᠠᠯᠳᠤ ᠠᠵᠤ ᠦᠢᠯᠡᠰ ᠤ᠋ᠨ ᠰᠢᠨ᠎ᠠ ᠭᠠᠯᠪᠢᠷ ᠤᠳᠤᠬᠢᠴᠢᠯᠠᠯᠳᠠ ᠲᠡᠢᠰᠢ ᠲᠡᠮᠡᠦᠯᠦᠭᠰᠡᠨ ᠢᠳᠡᠷᠡᠭᠦᠨ ᠠᠯᠬᠤᠭ᠎ᠠ
2026-02-27 09:42:01
ᠵᠣᠬᠢᠶᠠᠭ᠍ᠴᠢ᠄
ᠶᠠᠩ ᠸᠧᠶ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ ᠣᠳᠣᠬᠢᠴᠢᠯᠠᠭ᠍ᠰᠠᠨ ᠠᠵᠤ ᠦᠶ᠋ᠯᠡᠰ ᠤ᠋ᠨ ᠱᠢᠰᠲ᠋ᠧᠮ ᠢ᠋ ᠪᠥᠬᠥ᠌ ᠬᠦᠴᠦᠨ ᠶ᠋ᠢᠡᠷ ᠶ᠋ᠢᠡᠨ ᠪᠠᠢᠭᠤᠯᠵᠤ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠨ᠎ᠠ


ᠴᠠᠭ ᠮᠦᠴᠡ ᠵᠤᠷᠰᠢᠯ ᠶᠤᠰᠤᠭᠠᠷ ᠦᠡᠭᠭᠡᠷᠡᠵᠤ᠂ ᠬᠦᠭᠵᠢᠯᠲᠡ ᠶ᠋ᠢᠨ ᠠᠯᠬᠤᠭ᠎ᠠ ᠡᠭᠦᠷᠢᠳᠡ ᠵᠤᠭᠰᠤᠰᠢ ᠦᠭᠡᠢ ᠶᠤᠮ᠃

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠶ᠋ᠢᠨ ᠵᠢᠯ ᠪᠣᠯᠤᠨ᠎ᠠ᠃ ᠱᠢᠨ᠎ᠡ ᠭᠠᠷᠤᠭ᠎ᠠ ᠳᠡᠭᠡᠷ᠎ᠡ᠂ ᠪᠥᠬᠥ᠌ ᠣᠷᠣᠨ ᠤ᠋ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠶᠡᠬᠡ ᠬᠤᠷᠠᠯ ᠡᠴᠡ ᠭᠠᠷᠭᠠᠭ᠍ᠰᠠᠨ ᠢᠳᠡᠪᠬᠢᠲᠡᠶ ᠳᠣᠬᠢᠶ᠎ᠠ ᠨᠢ ᠬᠥᠮᠦᠰ ᠢ᠋ ᠤᠷᠮᠠᠱᠢᠭᠤᠯᠤᠨ᠎ᠠ᠄ ᠲᠡᠷᠢᠭᠦᠨ ᠤ᠋ ᠦᠶ᠋ᠯᠡᠳᠬᠦ᠌ ᠦᠶ᠋ᠯᠡᠰ ᠢ᠋ ᠶᠡᠬᠡ ᠪᠡᠷ ᠬᠥᠭ᠌ᠵᠢᠭᠦᠯᠵᠦ᠍᠂ ᠨᠡᠭᠦᠷᠡᠰᠦ᠂ ᠬᠢᠮᠢ ᠶ᠋ᠢᠨ ᠠᠵᠤ ᠦᠶ᠋ᠯᠡᠳᠪᠦᠷᠢ᠂ ᠲᠡᠮᠦᠷᠯᠢᠭ ᠬᠠᠢᠯᠤᠭᠤᠯᠬᠤ ᠵᠡᠷᠭᠡ ᠤᠯᠠᠮᠵᠢᠯᠠᠯᠲᠤ ᠠᠵᠤ ᠦᠶ᠋ᠯᠡᠰ ᠤ᠋ᠨ ᠬᠡᠯᠬᠢᠶ᠎ᠡ ᠵᠢ ᠤᠷᠲᠤᠳᠭᠠᠨ ᠨᠥᠬᠥᠪᠥᠷᠢᠯᠡᠬᠦ᠌ ᠵᠢ ᠠᠬᠢᠭᠤᠯᠤᠨ᠎ᠠ᠃

ᠤᠯᠠᠭᠠᠨᠴᠠᠪ ᠤ᠋ᠨ ᠹᠸᠩᠴᠤᠸᠠᠨ ᠡᠷᠬᠢᠯᠳᠡᠳᠤ ᠠᠵᠤ ᠠᠬᠤᠶ ᠶ᠋ᠢᠨ ᠨᠡᠭᠡᠭᠡᠯᠲᠡ ᠶ᠋ᠢᠨ ᠲᠣᠭᠣᠷᠢᠭ ᠤ᠋ᠨ ᠥᠪᠥᠷ ᠮᠣᠩᠭᠣᠯ ᠤ᠋ᠨ ᠵᠢᠩ ᠯᠸᠢ ᠠᠵᠤ ᠦᠶ᠋ᠯᠡᠰ ᠤ᠋ᠨ ᠬᠢᠵᠠᠭᠠᠷᠲᠤ ᠺᠣᠮᠫᠠᠨᠢ ᠶ᠋ᠢᠨ ᠲᠥᠷᠥᠯ ᠵᠦᠶ᠋ᠯ ᠤ᠋ᠨ ᠦᠶ᠋ᠯᠡᠳᠪᠦᠷᠢᠯᠡᠯ ᠤ᠋ᠨ ᠱᠤᠭᠤᠮ ᠶ᠋ᠢᠡᠷ ᠣᠶᠤᠨᠴᠢᠯᠠᠭ᠍ᠰᠠᠨ ᠦᠶ᠋ᠯᠡᠳᠪᠦᠷᠢᠯᠡᠯ ᠤ᠋ᠨ ᠲᠤᠨᠤᠭᠯᠠᠯ ᠳᠡᠭᠡᠳᠦ ᠬᠤᠷᠳᠤᠴᠠ ᠪᠠᠷ ᠠᠵᠢᠯᠯᠠᠵᠤ᠂ ᠲᠡᠷᠢᠭᠦᠨ ᠤ᠋ ᠠᠦ᠋ᠲ᠋ᠣᠴᠢᠯᠠᠭ᠍ᠰᠠᠨ ᠡᠵᠡᠮᠳᠡᠯ ᠤ᠋ᠨ ᠱᠢᠰᠲ᠋ᠧᠮ ᠨᠢ ᠳᠤᠯᠠᠭᠠᠨ ᠤ᠋ ᠬᠡᠮᠵᠢᠶ᠎ᠡ ᠪᠠ ᠲᠦᠬᠦᠭᠡᠢ ᠮᠠᠲ᠋ᠧᠷᠢᠶᠠᠯ ᠢ᠋ ᠣᠨᠣᠴᠠᠲᠠᠶ ᠲᠣᠬᠢᠷᠠᠭᠤᠯᠤᠨ ᠡᠵᠡᠮᠳᠡᠵᠦ᠍᠂ ᠲᠣᠭ᠍ᠲᠠᠮᠠᠯ ᠭᠥᠶᠥᠳᠡᠯᠳᠦ ᠠᠭᠤᠷᠬᠠᠶ ᠶ᠋ᠢᠨ ᠢᠯᠴᠢ ᠶ᠋ᠢᠨ ᠵᠤᠤᠬ᠎ᠠ ᠨᠢ ᠲᠣᠭ᠍ᠲᠠᠭᠤᠨ ᠪᠥᠭᠡᠳ ᠥᠨᠳᠥᠷ ᠪᠦᠲᠦᠮᠵᠢᠲᠡᠶ ᠪᠡᠷ ᠠᠵᠢᠯᠯᠠᠵᠤ᠂ ᠬᠠᠢᠯᠤᠮᠠᠯ ᠪᠤᠯᠤᠳ᠎ᠪᠢᠲᠡᠭᠦᠮᠵᠢᠯᠡᠭ᠌ᠰᠡᠨ ᠲᠥᠬᠥᠭᠡᠷᠦᠮᠵᠢ ᠲᠤᠳᠤᠷ᠎ᠠ ᠡᠷᠬᠢᠯᠳᠦᠵᠤ᠂ ᠤᠨᠴᠠ ᠵᠢᠨ ᠰᠤᠨᠢᠷᠬᠠᠯ ᠲᠠᠢ ᠬᠠᠷᠠᠭᠳᠠᠨ᠎ᠠ᠃

《ᠨᠢᠭᠡᠳᠦᠭᠡᠷ ᠪᠠ ᠬᠣᠶᠠᠳᠤᠭᠠᠷ ᠬᠤᠭᠤᠴᠠᠭᠠᠨ ᠤ᠋ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠪᠠᠷ ᠳᠡᠮᠵᠢᠨ ᠮᠠᠨ ᠤ᠋ ᠺᠣᠮᠫᠠᠨᠢ ᠵᠢᠯ ᠳ᠋ᠦ 33.8 ᠲᠦᠮᠡᠨ ᠲᠣᠨ ᠮᠠᠩᠭᠠᠨ ᠴᠠᠬᠢᠭᠤᠷ ᠤ᠋ᠨ ᠬᠠᠢᠯᠤᠰᠢ ᠦᠶ᠋ᠯᠡᠳᠪᠦᠷᠢᠯᠡᠵᠦ᠍ ᠪᠣᠶ᠃ ᠲᠣᠭ᠍ᠲᠠᠮᠠᠯ ᠭᠥᠶᠥᠳᠡᠯᠳᠦ ᠠᠭᠤᠷᠬᠠᠢ ᠶ᠋ᠢᠨ ᠢᠯᠴᠢ ᠶ᠋ᠢᠨ ᠵᠤᠤᠬ᠎ᠠ ᠵᠢ ᠬᠤᠪᠢᠰᠤᠮᠠᠯ ᠭᠥᠶᠥᠳᠡᠯᠳᠦ ᠠᠭᠤᠷᠬᠠᠢ ᠶ᠋ᠢᠨ ᠢᠯᠴᠢ ᠶ᠋ᠢᠨ ᠵᠤᠤᠬ᠎ᠠ ᠲᠠᠶ ᠬᠠᠷᠢᠴᠠᠭᠤᠯᠪᠠᠯ᠂ ᠴᠠᠬᠢᠯᠭᠠᠨ ᠤ᠋ ᠬᠤᠷᠤᠭᠳᠠᠭᠤᠯᠤᠯ ᠢ᠋ 10% ᠡᠴᠡ 15% ᠪᠡᠷ ᠪᠠᠭᠤᠷᠠᠭᠤᠯᠵᠤ᠂ ᠬᠡᠦᠷᠡᠰᠦᠨ ᠤ᠋ ᠬᠤᠷᠤᠭᠳᠠᠭᠤᠯᠤᠯ ᠢ᠋ 10% ᠪᠡᠷ ᠪᠠᠭᠤᠷᠠᠭᠤᠯᠪᠠ》 ᠭᠡᠵᠦ᠍ ᠵᠢᠩ ᠯᠸᠢ ᠠᠵᠤ ᠦᠢᠯᠡᠰ ᠤ᠋ᠨ ᠬᠢᠵᠠᠭᠠᠷᠲᠤ ᠺᠣᠮᠫᠠᠨᠢ ᠶ᠋ᠢᠨ ᠵᠠᠰᠠᠭ ᠵᠠᠬᠢᠷᠭᠠᠨ ᠤ᠋ ᠬᠡᠯᠲᠡᠰ ᠤ᠋ᠨ ᠳᠠᠷᠤᠭ᠎ᠠ ᠸᠠᠩ ᠵᠦᠩ ᠢ ᠬᠡᠯᠡᠵᠦ ᠪᠠᠢᠯ᠎ᠠ᠃

ᠥᠪᠥᠷ ᠮᠣᠩᠭᠣᠯ ᠤ᠋ᠨ 《ᠱᠠᠨ ᠪᠠ ᠶ᠋ᠢᠨ ᠦᠨᠦᠷ ᠠᠮᠲᠠ》 ᠢᠳᠡᠭᠡᠨ ᠤ᠋ ᠠᠵᠤ ᠦᠶ᠋ᠯᠡᠰ ᠤ᠋ᠨ ᠬᠦᠷᠢᠶᠡᠯᠡᠩ ᠤ᠋ᠨ ᠲᠥᠷᠥᠯ ᠵᠦᠶ᠋ᠯ ᠤ᠋ᠨ ᠲᠣᠭᠣᠷᠢᠭ ᠲᠦ᠍ ᠣᠳᠣᠬᠢᠴᠢᠯᠠᠭ᠍ᠰᠠᠨ ᠪᠣᠬᠢᠷᠲᠤᠯ ᠥᠬᠡᠶ ᠦᠶ᠋ᠯᠡᠳᠪᠦᠷᠢᠯᠡᠯ ᠤ᠋ᠨ ᠱᠤᠭᠤᠮ ᠳᠡᠭᠡᠳᠦ ᠬᠤᠷᠳᠤᠴᠠ᠎ᠪᠠᠷ ᠡᠷᠭᠢᠯᠳᠦᠵᠦ᠍᠂ ᠤᠯᠠᠭᠠᠨ ᠥᠩᠭᠡᠲᠡᠶ ᠲᠥᠪᠡᠳ ᠬᠠᠰᠢ ᠶ᠋ᠢᠨ ᠵᠢᠶᠠᠩ ᠢ᠋ 56 ᠮᠧᠲ᠋ᠷ ᠥᠨᠳᠥᠷ ᠰᠦᠷᠴᠢᠮᠡᠯ ᠮᠠᠨᠠᠨᠲᠤ ᠬᠠᠭᠤᠷᠠᠶ ᠰᠤᠪᠤᠷᠭ᠎ᠠ ᠳ᠋ᠤ ᠬᠦᠷᠭᠡᠭᠰᠡᠨ ᠬᠤᠢᠨ᠎ᠠ ᠬᠠᠯᠠᠭᠤᠨ ᠰᠠᠯᠬᠢ ᠪᠡᠷ ᠬᠠᠲᠠᠭᠠᠬᠤ ᠪᠡᠷ ᠳᠠᠮᠵᠢᠨ ᠦᠭᠡᠬᠦ ᠶ᠋ᠢᠨ ᠬᠡᠯᠪᠡᠷᠢ ᠡᠴᠡ ᠨᠢ ᠨᠤᠨᠲᠠᠭ ᠪᠤᠯᠭᠠᠨ ᠬᠤᠪᠢᠷᠠᠭᠤᠯᠤᠨ᠎ᠠ᠃

ᠣᠷᠳᠣᠰ ᠤ᠋ᠨ ᠣᠯᠠᠨ ᠰᠠᠭᠤᠷᠢ ᠤᠶᠤᠨᠴᠢ ᠨᠡᠭᠦᠷᠡᠰᠦᠨ ᠠᠭᠤᠷᠬᠠᠶ ᠳ᠋ᠤ ᠨᠡᠭᠦᠷᠡᠰᠦ ᠮᠠᠯᠲᠠᠬᠤ ᠲᠥᠬᠥᠭᠡᠷᠦᠮᠵᠢ ᠲᠠᠰᠤᠷᠠᠯᠲᠠ ᠥᠬᠡᠶ ᠠᠵᠢᠯᠯᠠᠵᠤ᠂ ᠠᠵᠢᠯᠴᠢᠳ ᠡᠵᠡᠮᠱᠢᠯ ᠤ᠋ᠨ ᠲᠠᠰᠤᠭ ᠲᠦ᠍ ᠰᠠᠭᠤᠭᠠᠳ ᠬᠤᠯᠤᠭᠠᠨᠠᠴᠢᠷ ᠶ᠋ᠢᠡᠷ ᠳᠡᠮᠵᠢᠨ ᠦᠶ᠋ᠯᠡᠳᠪᠦᠷᠢᠯᠡᠯ ᠢ᠋ ᠡᠵᠡᠮᠳᠡᠨ᠎ᠡ᠃

ᠥᠪᠥᠷ ᠮᠣᠩᠭᠣᠯ ᠤ᠋ᠨ ᠤᠯᠠᠮᠵᠢᠯᠠᠯᠲᠤ ᠠᠵᠤ ᠦᠶ᠋ᠯᠡᠰ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦᠯᠬᠦ ᠠᠮᠢᠳᠤᠯᠢᠭ ᠦᠶ᠋ᠯᠡᠳᠦᠯᠭᠡ ᠨᠡᠬᠡᠷᠡᠨ ᠰᠦᠷ ᠳᠠᠯᠠᠢᠴᠠᠲᠠᠶ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠢᠯᠠᠩᠭᠤᠶ᠎ᠠ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠡᠴᠡ ᠨᠠᠭᠠᠰᠢ᠂ ᠬᠠᠩᠭᠠᠯᠭ᠎ᠠ ᠬᠦᠴᠦᠷᠬᠡᠭ ᠬᠡᠷᠡᠭ᠌ᠴᠡᠭᠡ ᠪᠠᠭᠤᠷᠠᠶ ᠵᠡᠷᠭᠡ ᠴᠢᠬᠤᠯᠠ ᠶᠡᠬᠡ ᠱᠢᠯᠭᠠᠯᠲᠠ ᠶ᠋ᠢᠨ ᠡᠮᠦᠨ᠎ᠡ᠂ ᠮᠠᠨ ᠤ᠋ ᠤᠷᠤᠨ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠶ᠎ᠠ ᠡᠴᠡ ᠣᠯᠭᠣᠭ᠍ᠰᠠᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠳ᠋ᠦ᠍ ᠰᠠᠭᠤᠷᠢᠯᠠᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠶ᠋ᠢᠡᠷ ᠤᠯᠠᠮᠵᠢᠯᠠᠯᠲᠤ ᠠᠵᠤ ᠦᠶ᠋ᠯᠡᠰ ᠤ᠋ᠨ ᠠᠮᠢᠵᠢᠷᠠᠯ ᠎ᠢ ᠬᠦᠭᠵᠢᠭᠡᠵᠤ ᠲᠠᠬᠡᠳᠤ ᠲᠡᠰᠵᠢᠨ ᠬᠦᠭᠵᠢᠬᠦ ᠵᠢ ᠬᠥᠲᠥᠯᠥᠨ ᠳᠠᠭᠠᠭᠤᠯᠵᠤ᠂ ᠨᠦᠬᠡᠴᠡ ᠬᠤᠪᠢᠰᠤᠯᠲᠠ ᠶ᠋ᠢᠨ ᠳᠤᠮᠳᠠ ᠱᠢᠨ᠎ᠡ ᠬᠥᠳᠡᠯᠭᠡᠬᠦ᠌ ᠡᠨᠧᠷᠭᠢ ᠵᠢ ᠬᠥᠭ᠌ᠵᠢᠭᠡᠨ᠂ ᠬᠡᠯᠪᠡᠷᠢ ᠪᠡᠨ ᠬᠤᠪᠢᠷᠠᠭᠤᠯᠵᠤ ᠲᠠᠰ ᠳᠡᠪᠰᠢᠭᠦᠯᠬᠦ ᠳᠤᠮᠳᠠ ᠱᠢᠨ᠎ᠡ ᠳᠠᠪᠠᠭᠤᠯᠢᠭ ᠢ᠋ ᠪᠣᠶ ᠪᠣᠯᠭᠠᠪᠠ᠃

ᠡᠬᠢ ᠪᠠᠶᠠᠯᠢᠭ ᠢ᠋ ᠨᠠᠷᠢᠯᠢᠭ ᠪᠤᠯᠪᠠᠰᠤᠷᠠᠭᠤᠯᠬᠤ ᠡᠴᠡ ᠠᠪᠤᠭᠠᠳ ᠳᠡᠭᠡᠳᠦ ᠲᠡᠰ ᠤ᠋ᠨ ᠦᠢᠯᠡᠳᠬᠦ᠌ ᠦᠢᠯᠡᠰ᠂ ᠲᠦᠷᠦᠯ ᠲᠡᠮᠳᠡᠭ᠌ᠵᠢᠬᠦᠯᠦᠨ ᠳᠠᠭᠠᠭᠤᠯᠬᠤ ᠁ ᠬᠦᠷᠲᠡᠯ᠎ᠡ᠂ ᠦᠪᠦᠷ ᠮᠤᠡᠭᠭᠤᠯ ᠳ᠋ᠦ ᠨᠢᠭᠡ ᠤᠳᠠᠭ᠎ᠠ ᠶ᠋ᠢᠨ ᠠᠵᠤ ᠦᠢᠯᠡᠰ ᠤ᠋ᠨ ᠭᠦᠨᠵᠡᠭᠡᠢ ᠬᠤᠪᠢᠰᠤᠯᠲᠠ ᠥᠷᠨᠢᠵᠦ᠍᠂ ᠤᠯᠠᠮᠵᠢᠯᠠᠯᠲᠤ ᠠᠵᠤ ᠦᠢᠯᠡᠰ ᠨᠢᠬᠡᠨᠳᠡ 《ᠬᠠᠭᠤᠴᠢᠨ ᠨᠥᠭᠡᠴᠡ》 ᠪᠢᠰᠢ ᠪᠤᠯᠵᠤ᠂ ᠬᠠᠷᠢᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠬᠦᠴᠦᠨ ᠪᠤᠯᠵᠠᠢ᠃

ᠠᠶᠠᠨ ᠤ᠋ ᠵᠠᠮ ᠬᠤᠪᠢ ᠵᠠᠶᠠᠭ᠎ᠠ ᠵᠢ ᠲᠣᠭ᠍ᠲᠠᠭᠠᠵᠤ᠂ ᠬᠡᠯᠪᠡᠷᠢ᠎ᠪᠡᠨ ᠬᠤᠪᠢᠷᠠᠭᠤᠯᠪᠠᠯ ᠰᠠᠶᠢ ᠥᠪᠡᠷ ᠶ᠋ᠢᠡᠨ ᠬᠦᠴᠦᠷᠬᠡᠭ᠌ᠵᠢᠵᠦ᠍ ᠴᠢᠳᠠᠨ᠎ᠠ᠃ ᠥᠪᠥᠷ ᠮᠣᠩᠭᠣᠯ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠪᠠ ᠭᠦᠨᠵᠡᠭᠡᠶ ᠤᠨᠳᠤᠤᠰᠢᠭᠤᠯᠬᠤ ᠵᠠᠮ ᠶ᠋ᠢᠡᠷ ᠤᠯᠠᠮ ᠨᠢᠭᠡ ᠠᠯᠬᠤᠮ ᠵᠠᠮᠨᠠᠪᠠ᠃ ᠶᠡᠷᠦᠩᠬᠡᠶ ᠪᠠᠯᠠ ᠣᠷᠣᠭᠤᠯᠤᠯᠲᠠ ᠨᠢ 484 ᠳ᠋ᠦᠩᠱᠢᠭᠤᠷ ᠲᠥᠭᠥᠷᠢᠭ ᠪᠦᠬᠦᠢ ᠳᠡᠯᠡᠬᠡᠶ ᠶ᠋ᠢᠨ ᠲᠠᠩ ᠦᠶ᠋ᠯᠡᠳᠪᠦᠷᠢ ᠶ᠋ᠢᠨ ᠬᠡᠪᠴᠢᠶ᠎ᠡ ᠪᠡᠷ ᠬᠠᠮᠤᠭ ᠤ᠋ᠨ ᠶᠡᠬᠡ ᠣᠷᠳᠣᠰ ᠤ᠋ᠨ ᠪᠦᠦ ᠹᠸᠩ 300 ᠲᠦᠮᠡᠨ ᠲᠣᠨ ᠤ᠋ ᠨᠡᠭᠦᠷᠡᠰᠦ ᠪᠡᠷ ᠠᠯᠺᠧᠨ ᠦᠶ᠋ᠯᠡᠳᠬᠦ᠌ ᠲᠥᠷᠥᠯ ᠵᠦᠶ᠋ᠯ ᠤ᠋ᠨ ᠲᠣᠭᠣᠷᠢᠭ ᠤ᠋ᠨ ᠡᠳᠦᠷ ᠳᠤᠮᠳᠠᠴᠢ ᠶ᠋ᠢᠨ ᠦᠶ᠋ᠯᠡᠳᠪᠦᠷᠢᠯᠡᠬᠦ ᠠᠯᠺᠧᠨ 9000 ᠲᠣᠨ ᠢ᠋ ᠳᠠᠪᠠᠵᠤ᠂ ᠨᠡᠭᠦᠷᠡᠰᠦ ᠵᠢ ᠳᠡᠭᠡᠳᠦ ᠲᠠᠰ ᠤ᠋ᠨ ᠬᠢᠮᠢ ᠶ᠋ᠢᠨ ᠠᠵᠤ ᠦᠶ᠋ᠯᠡᠳᠪᠦᠷᠢ ᠶ᠋ᠢᠨ ᠮᠠᠲ᠋ᠧᠷᠢᠶᠠᠯ ᠪᠤᠯᠭᠠᠨ ᠬᠤᠪᠢᠷᠠᠭᠤᠯᠵᠤ ᠪᠠᠢᠨ᠎ᠠ᠃

ᠥᠪᠥᠷ ᠮᠣᠩᠭᠣᠯ ᠤ᠋ᠨ ᠵᠢᠦ ᠲᠠᠢ ᠪᠦᠯᠦᠭ᠌ᠯᠡᠯ ᠤ᠋ᠨ ᠳᠡᠳ᠋ ᠶᠡᠷᠦᠩᠬᠡᠢ ᠢᠨᠵᠧᠨᠧᠷ ᠼᠦᠢ ᠢᠦᠢ ᠨᠡᠭᠦᠷᠡᠰᠦ ᠵᠢ ᠨᠠᠷᠢᠯᠢᠭ ᠪᠤᠯᠪᠠᠰᠤᠷᠠᠭᠤᠯᠬᠤ ᠬᠦᠷᠢᠶᠡᠨ ᠳ᠋ᠦ ᠤᠯᠠᠨ ᠵᠢᠯ ᠠᠵᠢᠯᠯᠠᠵᠤ᠂ ᠬᠠᠷ᠎ᠠ ᠨᠡᠭᠦᠷᠡᠰᠦ ᠵᠢᠨ ᠰᠢᠳᠠᠭᠠᠯᠭ᠎ᠠ ᠵᠢᠨ ᠲᠦᠯᠡᠰᠢ ᠡᠴᠡ ᠳᠡᠭᠡᠳᠦ ᠲᠡᠰ ᠤ᠋ᠨ ᠬᠢᠮᠢ ᠶ᠋ᠢᠨ ᠠᠵᠤ ᠦᠢᠯᠡᠳᠪᠦᠷᠢ ᠶ᠋ᠢᠨ ᠮᠠᠲᠧᠷᠢᠶᠠᠯ ᠪᠤᠯᠵᠤ ᠬᠤᠪᠢᠷᠠᠬᠰᠠᠨ ᠪᠦᠬᠦ ᠶᠠᠪᠤᠴᠠ ᠵᠢ ᠭᠡᠷᠡᠴᠢᠯᠡᠪᠡ᠃ ᠲᠡᠭᠦᠨ ᠤ᠋ ᠪᠠᠢᠭ᠎ᠠ ᠠᠵᠤ ᠠᠬᠤᠢᠯᠠᠯ ᠨᠢ ᠤᠳᠤ ᠪᠤᠯᠬᠤ ᠳ᠋ᠤ ᠨᠢᠬᠡᠨᠳᠡ ᠨᠡᠭᠦᠷᠡᠰᠦ ᠪᠡᠷ ᠠᠯᠺᠸᠨ᠂ ᠦᠨᠦᠷᠲᠦ ᠨᠡᠬᠦᠷᠦᠭᠴᠢ᠂ ᠱᠢᠨ᠎ᠡ ᠮᠠᠲ᠋ᠧᠷᠢᠶᠠᠯ ᠦᠢᠯᠡᠳᠬᠦ ᠠᠵᠤ ᠦᠢᠯᠡᠰ ᠤ᠋ᠨ ᠬᠡᠯᠬᠢᠶ᠎ᠡ ᠵᠢ ᠪᠠᠢᠭᠤᠯᠵᠤ᠂ ᠡᠬᠢ ᠪᠠᠶᠠᠯᠢᠭ ᠤ᠋ᠨ ᠠᠱᠢᠭ᠍ᠯᠠᠯᠲᠠ ᠶ᠋ᠢᠨ ᠨᠤᠷᠮ᠎ᠠ ᠨᠢ 40% ᠪᠡᠷ ᠳᠡᠭᠡᠭ᠌ᠰᠢᠯᠡᠨ᠂ ᠦᠢᠯᠡᠳᠬᠦᠨ ᠤ᠋ ᠨᠡᠮᠡᠯᠲᠡ ᠦᠷᠳᠡᠭ ᠨᠢ 2 ᠲᠠᠬᠢᠨ ᠶ᠋ᠢᠡᠷ ᠨᠡᠮᠡᠭ᠌ᠳᠡᠵᠦ᠍᠂ ᠬᠠᠷ᠎ᠠ ᠨᠡᠭᠦᠷᠡᠰᠦ ᠡᠴᠡ ᠰᠢᠵᠢᠷ ᠭᠢᠯᠪᠠᠭ᠎ᠠ᠎ᠰᠠᠴᠤᠷᠠᠭᠤᠯᠪᠠ᠃

ᠦᠬᠠᠶ ᠶ᠋ᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠶ᠋ᠢᠨ ᠲᠤᠭᠤᠷᠢᠭ ᠲᠦ᠍ ᠬᠡᠸ᠋ᠷᠡᠰᠦ ᠵᠢ ᠣᠯᠠᠨ ᠵᠦᠶ᠋ᠯ ᠤ᠋ᠨ ᠦᠢᠯᠡᠳᠪᠦᠷᠢᠯᠡᠯ ᠤ᠋ᠨ ᠶᠠᠪᠤᠴᠠ ᠪᠡᠷ ᠳᠠᠮᠵᠢᠨ BDO (1᠂ 4 — ᠪᠦᠲ᠋ᠢᠯ ᠬᠤᠶᠠᠷᠴᠢ ᠠᠯᠺᠦᠤᠯ) ᠦᠢᠯᠡᠳᠬᠦᠨ ᠪᠣᠯᠭᠠᠨ ᠤᠨᠳᠤᠤᠰᠢᠭᠤᠯᠵᠤ᠂ 20 ᠭᠠᠷᠤᠶ ᠤᠯᠤᠰ ᠲᠦ᠍ ᠪᠣᠷᠣᠯᠠᠭᠤᠯᠵᠤ ᠪᠤᠢ᠃ ᠨᠡᠭᠡᠭᠡᠯᠲᠡ ᠶ᠋ᠢᠨ ᠲᠤᠭᠤᠷᠢᠭ ᠨᠢ ᠨᠢᠭᠡᠨᠲᠡ 《ᠨᠡᠭᠦᠷᠡᠰᠦ — ᠴᠠᠬᠢᠯᠭᠠᠨ — ᠴᠠᠬᠢᠯᠠᠭᠤᠷ ᠴᠢᠯᠠᠭᠤ — BDO — ᠵᠠᠳᠠᠷᠠᠭᠤᠯᠵᠤ ᠪᠤᠯᠬᠤᠢᠴᠠ ᠰᠦᠯᠢᠶᠣᠣ》 ᠶ᠋ᠢᠨ ᠪᠢᠲᠡᠭᠦᠮᠵᠢᠯᠡᠭᠰᠡᠨ ᠠᠵᠤ ᠦᠶ᠋ᠯᠡᠰ ᠤ᠋ᠨ ᠬᠡᠯᠬᠢᠶ᠎ᠡ ᠵᠢ ᠪᠦᠷᠢᠯᠳᠦᠭᠦᠯᠵᠦ᠍᠂ ᠡᠨᠧᠷᠭᠢ ᠶ᠋ᠢᠨ ᠬᠣᠷᠣᠭ᠍ᠳᠠᠭᠤᠯᠤᠯ ᠢ᠋ 20% ᠪᠡᠷ ᠪᠠᠭᠤᠷᠠᠭᠤᠯᠤᠨ᠂ ᠥᠪᠡᠷ ᠤ᠋ᠨ ᠥᠷᠲᠡᠭ ᠢ᠋ 15% ᠪᠡᠷ ᠪᠠᠭᠤᠷᠠᠭᠤᠯᠵᠤ᠂ ᠲᠤᠮᠳᠠᠴᠢ ᠪᠡᠷ 1 ᠲᠤᠨ ᠦᠢᠯᠡᠳᠬᠦᠨ ᠤ᠋ ᠨᠡᠮᠡᠭᠳᠡᠯ ᠥᠷᠲᠡᠭ ᠨᠢ ᠲᠦᠮᠡᠨ ᠲᠥᠭᠥᠷᠢᠭ ᠢ᠋ ᠳᠠᠪᠠᠵᠤ ᠪᠠᠢᠨ᠎ᠠ᠃

ᠥᠪᠥᠷ ᠮᠣᠩᠭᠣᠯ ᠪᠥᠬᠥ᠌ ᠤᠯᠤᠰ ᠤ᠋ᠨ 29 ᠮᠤᠵᠢ ᠣᠷᠣᠨ ᠤ᠋ ᠨᠡᠭᠦᠷᠡᠰᠦᠨ ᠤ᠋ ᠲᠤᠳᠠᠭᠤᠳᠠᠯ᠎ᠢ ᠨᠥᠬᠥᠪᠥᠷᠢᠯᠡᠬᠦ᠌ ᠶ᠋ᠢᠨ ᠬᠠᠮᠲᠤ᠂ ᠪᠣᠬᠢᠷᠲᠤᠯ ᠥᠬᠡᠶ ᠪᠡᠷ ᠨᠡᠭᠡᠭᠡᠨ ᠮᠠᠯᠲᠠᠬᠤ ᠪᠡᠷ ᠨᠡᠭᠦᠷᠡᠰᠦᠨ ᠤ᠋ ᠠᠵᠤ ᠦᠶ᠋ᠯᠡᠰ ᠤ᠋ᠨ ᠬᠡᠯᠪᠡᠷᠢ ᠪᠠᠨ ᠬᠤᠪᠢᠷᠠᠭᠤᠯᠬᠤ  ᠳ᠋ᠦ ᠡᠨ᠋ᠸᠷᠬᠢ ᠤᠯᠭᠤᠵᠤ᠂ ᠤᠳᠤ ᠪᠥᠬᠥ᠌ ᠣᠷᠣᠨ ᠤ᠋ ᠪᠣᠬᠢᠷᠲᠤᠯ ᠥᠬᠡᠶ ᠨᠡᠭᠦᠷᠡᠰᠦᠨ ᠠᠭᠤᠷᠬᠠᠶ᠂ ᠤᠶᠤᠨᠴᠢᠯᠠᠭ᠍ᠰᠠᠨ ᠨᠡᠭᠦᠷᠡᠰᠦᠨ ᠠᠭᠤᠷᠬᠠᠶ ᠨᠢ ᠲᠤᠰ ᠲᠤᠰ ᠪᠦᠬᠦ ᠨᠡᠭᠦᠷᠡᠰᠦᠨ ᠠᠭᠤᠷᠬᠠᠶ ᠶ᠋ᠢᠨ 61% ᠪᠠ 74% ᠵᠢ ᠡᠵᠡᠯᠡᠵᠦ᠍᠂ ᠠᠮᠢ ᠠᠬᠤᠶ ᠵᠢ ᠤᠷᠢᠳ ᠶ᠋ᠢᠡᠷ ᠪᠣᠳᠣᠯᠬᠢᠯᠠᠬᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠱᠢᠨ᠎ᠡ ᠵᠠᠮ ᠢ᠋ ᠨᠡᠬᠡᠬᠡᠪᠡ᠃

ᠮᠠᠨ ᠤ᠋ ᠤᠷᠤᠨ ᠡᠨᠧᠷᠭᠢ ᠶ᠋ᠢᠨ ᠠᠵᠤ ᠦᠶ᠋ᠯᠡᠰ ᠢ᠋ ᠪᠦᠬᠦᠯᠢ ᠴᠣᠭ᠍ᠴᠠ ᠪᠡᠷ ᠨᠢ ᠬᠠᠮᠵᠢᠯᠴᠠᠭᠤᠯᠤᠨ ᠲᠠᠰ ᠳᠡᠪᠱᠢᠬᠦᠯᠵᠤ᠂ ᠨᠡᠭᠦᠷᠡᠰᠦ ᠴᠠᠬᠢᠯᠭᠠᠨ ᠤ᠋ 《ᠭᠤᠷᠪᠠᠨ ᠥᠭᠡᠷᠡᠴᠢᠯᠡᠯᠲᠡ᠌》 ᠵᠢ ᠭᠦᠨᠵᠡᠭᠡᠢ ᠠᠬᠢᠭᠤᠯᠤᠨ᠂ ᠱᠢᠨ᠎ᠡ ᠡᠨᠧᠷᠭᠢ ᠪᠣᠯᠤᠨ ᠤᠯᠠᠮᠵᠢᠯᠠᠯᠲᠤ ᠡᠨᠧᠷᠭᠢ ᠵᠢ ᠬᠠᠷᠢᠯᠴᠠᠨ ᠨᠥᠬᠥᠪᠥᠷᠢᠯᠡᠭᠰᠡᠨ ᠡᠴᠡ ᠪᠦᠬᠦ ᠤᠷᠤᠨ ᠤ᠋ ᠴᠠᠬᠢᠯᠭᠠᠨ ᠬᠦᠴᠦᠨ ᠤ᠋ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ 3 ᠳ᠋ᠦᠩᠱᠢᠭᠤᠷ ᠺᠢᠯᠦᠸᠠᠲ ᠢ᠋ ᠳᠠᠪᠠᠵᠤ᠂ ᠭᠠᠳᠠᠭ᠍ᠰᠢ ᠬᠦᠷᠭᠡᠭ᠌ᠰᠡᠨ ᠴᠠᠬᠢᠯᠭᠠᠨ ᠤ᠋ ᠬᠡᠮᠵᠢᠶ᠎ᠡ 21 ᠵᠢᠯ ᠳᠠᠷᠠᠭᠠᠯᠠᠨ ᠪᠥᠬᠥ᠌ ᠤᠯᠤᠰ ᠲᠦ᠍ ᠲᠦᠷᠦᠭᠦᠯᠡᠪᠡ᠃

ᠪᠥᠬᠥ᠌ ᠣᠷᠣᠨ ᠤ᠋ ᠬᠣᠪᠣᠷ ᠱᠢᠷᠣᠶ ᠵᠢᠨ ᠠᠵᠤ ᠦᠶ᠋ᠯᠡᠰ 《ᠱᠢᠷᠣᠶ ᠮᠠᠯᠲᠠᠵᠤ ᠱᠢᠷᠣᠶ ᠬᠤᠳᠠᠯᠳᠤᠬᠤ》 ᠡᠴᠡ 《ᠰᠢᠷᠤᠢ ᠡᠴᠡ ᠠᠯᠳᠠ ᠲᠤᠨᠭᠭᠠᠬᠤ》 ᠲᠡᠢᠰᠢ ᠬᠥᠭ᠌ᠵᠢᠪᠡ᠃ ᠪᠤᠭᠤᠲᠤ ᠵᠢᠨ ᠸᠧ ᠯᠦᠩ ᠲᠣᠭ᠍ᠲᠠᠮᠠᠯ ᠰᠣᠷᠢᠨᠵᠢᠨᠳᠤ ᠴᠠᠬᠢᠯᠭᠠᠨ ᠮᠠᠱᠢᠨ ᠤ᠋ ᠠᠵᠤ ᠦᠶ᠋ᠯᠡᠰ ᠤ᠋ᠨ ᠬᠦᠷᠢᠶᠡᠯᠡᠩ 《ᠬᠣᠪᠣᠷ ᠱᠢᠷᠣᠶ ᠵᠢᠨ ᠠᠭᠤᠷᠬᠠᠶ — ᠲᠡᠮᠦᠷᠯᠢᠭ — ᠲᠣᠭ᠍ᠲᠠᠮᠠᠯ ᠰᠣᠷᠢᠨᠵᠢᠨᠳᠤ ᠮᠠᠲ᠋ᠧᠷᠢᠶᠠᠯ — ᠴᠠᠬᠢᠯᠭᠠᠨ ᠮᠠᠱᠢᠨ ᠤ᠋ ᠶᠡᠷᠦᠩᠬᠡᠶ ᠪᠦᠲᠦᠴᠡ》 ᠵᠢᠨ ᠠᠵᠤ ᠦᠶ᠋ᠯᠡᠰ ᠤ᠋ᠨ ᠪᠥᠬᠥ᠌ ᠬᠡᠯᠬᠢᠶ᠎ᠡ ᠢ᠋ᠢ ᠪᠠᠢᠭᠤᠯᠵᠤ᠂ ᠦᠶ᠋ᠯᠡᠳᠬᠦᠨ ᠵᠢᠡᠨ ᠱᠢᠨ᠎ᠡ ᠡᠨᠧᠷᠭᠢ ᠵᠢᠨ ᠮᠠᠱᠢᠨ ᠲᠡᠷᠭᠡ ᠪᠤᠯᠤᠨ ᠰᠠᠯᠬᠢᠨ ᠬᠦᠴᠦᠨ ᠤ᠋ ᠴᠠᠬᠢᠯᠭᠠᠨ ᠤ᠋ ᠲᠣᠨᠣᠭ᠍ᠯᠠᠯ ᠦᠶ᠋ᠯᠡᠳᠬᠦ᠌ ᠳ᠋ᠤ᠌ ᠥᠷᠭᠡᠨ ᠢ᠋ᠢᠡᠷ ᠬᠡᠷᠡᠭ᠌ᠯᠡᠵᠦ᠍᠂ ᠨᠡᠮᠡᠯᠲᠡ ᠥᠷᠲᠡᠭ ᠢ᠋ 10 ᠳᠠᠬᠢᠨ ᠳᠡᠭᠡᠭ᠌ᠰᠢᠯᠡᠭᠦᠯᠪᠠ᠃

ᠪᠤᠭᠤᠲᠤ ᠵᠢᠨ ᠬᠣᠪᠣᠷ ᠱᠢᠷᠣᠶ ᠵᠢᠨ ᠰᠤᠳᠤᠯᠭᠠᠨ ᠤ᠋ ᠬᠦᠷᠢᠶᠡᠯᠡᠩ ᠤ᠋ᠨ ᠳᠡᠭᠡᠳᠦ ᠵᠡᠷᠭᠡ ᠵᠢᠨ ᠢᠨᠵᠧᠨᠧᠷ ᠬᠤᠸᠠᠩ ᠵᠢᠶᠤᠤ ᠬᠣᠩ ᠬᠤᠪᠤᠷ ᠰᠢᠷᠤᠢ ᠵᠢᠨ ᠦᠢᠯᠡᠳᠪᠤᠷᠢᠯᠡᠯ ᠤ᠋ᠨ ᠨᠢᠭᠡᠳᠦᠭᠡᠷ ᠹᠷᠣᠨᠲ ᠲᠦ᠍ 30 ᠭᠠᠷᠤᠶ ᠵᠢᠯ ᠭᠠᠪᠱᠢᠭᠠᠢᠯᠠᠨ ᠠᠵᠢᠯᠯᠠᠵᠤ᠂ ᠪᠦᠯᠬᠦᠮ ᠨᠡᠢᠳᠡ ᠪᠠᠨ ᠳᠠᠭᠠᠭᠤᠯᠤᠨ ᠬᠣᠪᠣᠷ ᠱᠢᠷᠣᠶ ᠵᠢᠨ ᠬᠡᠷᠡᠯ ᠤ᠋ᠨ ᠴᠢᠳᠠᠮᠵᠢᠳᠤ ᠮᠠᠲᠸᠷᠢᠶᠠᠯ᠂ ᠤᠰᠤᠲᠥ᠋ᠷᠥᠭ᠌ᠴᠢ ᠮᠠᠲ᠋ᠧᠷᠢᠶᠠᠯ ᠢ᠋ ᠬᠠᠳᠠᠭᠠᠯᠠᠬᠤ ᠮᠡᠷᠭᠡᠵᠢᠯ ᠤ᠋ᠨ ᠪᠣᠭᠣᠮᠢ ᠵᠢ ᠱᠢᠪᠲᠤᠯᠵᠤ᠂ ᠬᠣᠪᠣᠷ ᠱᠢᠷᠣᠶ ᠵᠢ ᠠᠵᠤ ᠦᠶ᠋ᠯᠡᠳᠪᠦᠷᠢ ᠵᠢᠨ ᠲᠦᠭᠦᠬᠡᠶ ᠮᠠᠲ᠋ᠧᠷᠢᠶᠠᠯ ᠡᠴᠡ ᠭᠡᠷᠡᠯᠲᠦᠭᠦᠯᠭᠡ᠂ ᠡᠨᠧᠷᠭᠢ ᠬᠠᠳᠠᠭᠠᠯᠠᠬᠤ᠂ ᠡᠮᠴᠢᠯᠡᠬᠡᠨ ᠵᠡᠷᠭᠡ ᠠᠷᠠᠳ ᠤ᠋ᠨ ᠠᠮᠢᠳᠤᠷᠠᠯ ᠤ᠋ᠨ ᠬᠦᠷᠢᠶᠡᠨ ᠳ᠋ᠤ᠌ ᠣᠷᠣᠭᠤᠯᠤᠭᠰᠠᠨ ᠪᠠᠢᠨ᠎ᠠ᠃

ᠥᠨᠥᠳᠦᠷ ᠤ᠋ᠨ ᠥᠪᠥᠷ ᠮᠣᠩᠭᠣᠯ ᠳ᠋ᠤ ᠳᠡᠭᠡᠳᠦ ᠲᠠᠰ ᠤ᠋ᠨ ᠰᠣᠷᠢᠨᠵᠢᠨ ᠮᠠᠲ᠋ᠧᠷᠢᠶᠠᠯ᠂ ᠲᠦᠷᠭᠡᠳᠭᠡᠬᠦᠷ ᠮᠠᠲ᠋ᠧᠷᠢᠶᠠᠯ᠂ ᠬᠠᠢᠯᠤᠰᠢ ᠵᠢᠨ ᠮᠠᠲ᠋ᠧᠷᠢᠶᠠᠯ ᠢ᠋ ᠪᠥᠭᠡᠮ ᠢ᠋ᠢᠡᠷ ᠠᠱᠢᠭ᠍ᠯᠠᠯᠲᠠ ᠳ᠋ᠤ ᠣᠷᠣᠭᠤᠯᠵᠤ᠂ ᠨᠢᠬᠡᠨᠳᠡ ᠪᠥᠬᠥ᠌ ᠲᠡᠯᠡᠬᠡᠢ ᠢ᠋ᠢᠨ ᠬᠠᠮᠤᠭ ᠤ᠋ᠨ ᠶᠡᠬᠡ ᠬᠣᠪᠣᠷ ᠱᠢᠷᠣᠶ ᠵᠢᠨ ᠱᠢᠨ᠎ᠡ ᠮᠠᠲ᠋ᠧᠷᠢᠶᠠᠯ ᠤ᠋ᠨ ᠰᠠᠭᠤᠷᠢᠨ ᠪᠣᠯᠵᠣ᠂ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠳᠠᠪᠠᠭᠤᠯᠢᠭ ᠢ᠋ ᠤᠯᠠᠮ ᠨᠢᠭᠡ ᠠᠯᠬᠤᠮ ᠠᠵᠤ ᠦᠶ᠋ᠯᠡᠰ ᠤ᠋ᠨ ᠥᠷᠢᠰᠥᠯᠳᠦᠭᠡᠨ ᠤ᠋ ᠳᠠᠪᠠᠭᠤᠯᠢᠭ ᠪᠣᠯᠭᠠᠨ ᠬᠤᠪᠢᠷᠠᠭᠤᠯᠪᠠ᠃

ᠥᠪᠥᠷ ᠮᠣᠩᠭᠣᠯ ᠤ᠋ᠨ ᠲᠡᠮᠦᠷᠯᠢᠭ ᠬᠠᠢᠯᠤᠭᠤᠯᠬᠤ ᠠᠵᠤ ᠦᠶ᠋ᠯᠡᠰ ᠨᠢ ᠪᠤᠬᠢᠷᠳᠤᠯ ᠦᠬᠡᠢ ᠴᠠᠬᠢᠯᠭᠠᠨ ᠤ᠋ ᠠᠵᠤ ᠦᠢᠯᠡᠰ ᠲᠦ᠍ ᠬᠦᠴᠦᠨ ᠣᠯᠭᠣᠨ᠂ ᠨᠢᠬᠡᠨᠳᠡ ᠨᠠᠷᠢᠯᠢᠭ ᠡᠳ᠋ᠱᠢᠭᠦᠯᠦᠨ ᠪᠣᠯᠪᠠᠰᠤᠷᠠᠭᠤᠯᠬᠤ ᠱᠠᠳᠤᠨ ᠳ᠋ᠤ᠌ ᠣᠷᠣᠵᠤ᠂ 《ᠨᠡᠭᠦᠷᠡᠰᠦ — ᠴᠠᠬᠢᠯᠭᠠᠨ — ᠱᠢᠨ᠎ᠡ ᠡᠨᠧᠷᠭᠢ —ᠪᠤᠬᠢᠷᠳᠤᠯ ᠦᠬᠡᠢ ᠴᠠᠬᠢᠯᠭᠠᠨ ᠬᠥᠩᠭᠡᠨᠴᠠᠭᠠᠨ》 ᠤ᠋ ᠪᠥᠬᠥ᠌ ᠬᠡᠯᠬᠢᠶ᠎ᠡ ᠵᠢᠨ ᠡᠷᠬᠢᠯᠳᠡᠳᠤ ᠠᠵᠤ ᠠᠬᠤᠶ ᠵᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠪᠣᠯᠬᠤ ᠬᠤᠤᠯᠢᠨ ᠭᠤᠤᠯ ᠤ᠋ᠨ ᠵᠠᠬᠠᠨᠠᠭᠤᠷ ᠤ᠋ᠨ 35 ᠲᠦᠮᠡᠨ ᠲᠣᠨ ᠤ᠋ ᠪᠤᠬᠢᠷᠳᠤᠯ ᠦᠬᠡᠢ ᠴᠠᠬᠢᠯᠭᠠᠨ ᠬᠥᠩᠭᠡᠨᠴᠠᠭᠠᠨ ᠤ᠋ ᠲᠥᠷᠥᠯ ᠵᠦᠶ᠋ᠯ ᠳ᠋ᠤ᠌ ᠴᠠᠬᠢᠯᠭᠠᠨ ᠨᠡᠪᠲᠡᠷᠡᠭᠦᠯᠦᠨ ᠠᠵᠢᠯᠯᠠᠭᠤᠯᠵᠤ᠂ ᠪᠤᠬᠢᠷᠳᠤᠯ ᠦᠬᠡᠢ ᠴᠠᠬᠢᠯᠭᠠᠨ ᠬᠡᠷᠡᠭ᠌ᠯᠡᠬᠦ᠌ ᠬᠠᠷᠢᠴᠠᠯ  80% ᠳ᠋ᠤ ᠬᠦᠷᠴᠦ᠍᠂ ᠲᠤᠮᠳᠠᠴᠢ ᠪᠡᠷ 1 ᠲᠤᠨ ᠴᠠᠬᠢᠯᠭᠠᠨ ᠢ᠋ᠢᠡᠷ ᠵᠠᠳᠠᠷᠠᠭᠤᠯᠤᠭᠰᠠᠨ ᠬᠥᠩᠭᠡᠨᠴᠠᠭᠠᠨ ᠦᠢᠯᠡᠳᠪᠤᠷᠢᠯᠡᠬᠦ ᠪᠦᠷᠢ ᠵᠢᠨ ᠴᠠᠬᠢᠯᠭᠠᠨ ᠤ᠋ ᠬᠣᠷᠣᠭ᠍ᠳᠠᠭᠤᠯᠤᠯ ᠪᠠ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ ᠨᠢ ᠶᠠᠬᠡ ᠪᠡᠷ ᠪᠠᠭᠠᠰᠴᠦ᠂ ᠠᠵᠢᠯ ᠲᠥᠷᠥᠯ ᠤ᠋ᠨ ᠡᠮᠤᠨ᠎ᠡ ᠡᠨᠭᠨᠡᠬᠡᠨ ᠳ᠋ᠤ᠌ ᠤᠷᠤᠪᠡ᠃

ᠲᠦᠩᠯᠢᠶᠣᠤ ᠬᠤᠳᠠ ᠵᠢᠨ ᠬᠤᠤᠯᠢᠨ ᠭᠤᠤᠯ ᠤ᠋ᠨ ᠬᠦᠩᠬᠡᠨᠴᠠᠭᠠᠨ ᠤ᠋ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠲᠦ᠍ ᠬᠦᠩᠬᠡᠨᠴᠠᠭᠠᠨ ᠢ᠋ ᠤᠯᠠᠨ ᠵᠦᠢᠯ ᠤ᠋ᠨ ᠠᠵᠢᠯ ᠤ᠋ᠨ ᠶᠠᠪᠤᠴᠡ ᠪᠡᠷ ᠳᠠᠮᠵᠢᠨ ᠳ᠋ᠢᠶᠠᠨ ᡂᠢ ᠵᠢᠨ ᠢᠯᠳᠠᠰᠤ᠂ ᠠᠭᠠᠷ ᠲᠤᠬᠢᠷᠠᠭᠤᠯᠤᠭ᠍ᠴᠢ ᠵᠢᠨ ᠢᠯᠳᠠᠰᠤ᠂ ᠡᠮ ᠳ᠋ᠤ᠌ ᠬᠡᠷᠡᠭ᠌ᠯᠡᠬᠦ᠌ ᠢᠯᠳᠠᠰᠤ᠂ ᠢᠳᠡᠭᠡᠨ ᠤ᠋ ᠴᠠᠭᠠᠰᠤ ᠪᠤᠯᠭᠠᠨ ᠬᠤᠪᠢᠷᠠᠭᠤᠯᠬᠤ ᠵᠢᠨ ᠬᠠᠮᠳᠤ᠂ ᠱᠢᠨ᠎ᠡ ᠡᠨᠧᠷᠭᠢ ᠵᠢᠨ ᠮᠠᠱᠢᠨ ᠲᠡᠷᠭᠡ᠂ ᠭᠡᠷ ᠤ᠋ᠨ ᠴᠠᠬᠢᠯᠭᠠᠨ ᠬᠡᠷᠡᠭ᠌ᠰᠡᠯ ᠂ ᠢᠳᠡᠭᠡᠨ ᠪᠠ ᠡᠮ ᠤ᠋ᠨ ᠪᠣᠭᠣᠳᠠᠯ ᠪᠠᠭ᠍ᠯᠠᠭ᠎ᠠ ᠵᠡᠷᠭᠡ ᠬᠦᠷᠢᠶᠡᠨ ᠳ᠋ᠤ᠌ ᠥᠷᠭᠡᠨ ᠢ᠋ᠢᠡᠷ ᠬᠡᠷᠡᠭᠯᠡᠵᠤ᠂ ᠲᠤᠬᠠᠢ ᠵᠢᠨ ᠭᠠᠵᠠᠷ ᠲᠦ᠍ ᠪᠤᠬᠢᠷᠳᠤᠯ ᠦᠬᠡᠢ ᠴᠠᠬᠢᠯᠭᠠᠨ ᠬᠦᠩᠬᠡᠨᠴᠠᠭᠠᠨ ᠵᠢᠴᠢ ᠬᠦᠩᠬᠡᠨᠴᠠᠭᠠᠨ ᠢ᠋ ᠪᠤᠯᠪᠠᠰᠤᠷᠠᠭᠤᠯᠬᠤ ᠪᠡᠷ ᠭᠣᠣᠯ ᠪᠣᠯᠭᠠᠭ᠍ᠰᠠᠨ ᠮᠢᠩᠭᠠᠨ ᠳ᠋ᠦᠩᠱᠢᠭᠤᠷ ᠳᠡᠰ ᠤ᠋ᠨ ᠠᠵᠤ ᠦᠢᠯᠡᠰ ᠤ᠋ᠨ ᠬᠡᠯᠬᠢᠶ᠎ᠡ ᠶᠠᠭ ᠪᠦᠷᠢᠯᠳᠦᠵᠦ᠍ ᠪᠤᠢ᠃

ᠦᠪᠤᠷ ᠮᠤᠩᠭᠤᠯ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ ᠢ᠋ ᠨᠠᠷᠢᠯᠢᠭᠵᠢᠭᠤᠯᠤᠨ ᠳᠡᠭᠡᠳᠦ ᠲᠡᠰᠵᠢᠬᠦᠯᠬᠦ᠂ ᠪᠣᠬᠢᠷᠲᠤᠯ ᠦᠭᠡᠢ ᠡᠷᠭᠢᠯᠲᠡᠳᠤ ᠲᠡᠢᠰᠢ ᠬᠡᠯᠪᠡᠷᠢ ᠪᠡᠨ ᠬᠤᠪᠢᠷᠠᠭᠤᠯᠪᠠ᠃ ᠣᠷᠳᠣᠰ ᠬᠤᠳᠠ ᠵᠢᠨ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠬᠢᠭᠡᠳ ᠨᠠᠷᠢᠯᠢᠭ ᠬᠢᠮᠢ ᠵᠢᠨ ᠠᠵᠤ ᠦᠶ᠋ᠯᠡᠳᠪᠦᠷᠢ ᠤᠶᠠᠯᠳᠤᠭ᠍ᠰᠠᠨ ᠠᠵᠤ ᠦᠶ᠋ᠯᠡᠰ ᠤ᠋ᠨ ᠬᠡᠯᠬᠢᠶ᠎ᠡ ᠪᠤᠯᠤᠨ ᠦᠬᠠᠶ ᠬᠣᠲᠠ ᠵᠢᠨ ᠪᠠᠢᠭᠤᠯᠤᠭ᠍ᠰᠠᠨ ᠾᠯᠣᠷ ᠱᠦᠯᠲᠦ᠍ ᠵᠢᠨ ᠬᠢᠮᠢ ᠵᠢᠨ ᠠᠵᠤ ᠦᠶ᠋ᠯᠡᠳᠪᠦᠷᠢ᠂ ᠹᠯᠣᠷ ᠴᠠᠬᠢᠭᠤᠷ ᠤ᠋ᠨ ᠬᠢᠮᠢ ᠵᠢᠨ ᠠᠵᠤ ᠦᠶ᠋ᠯᠡᠳᠪᠦᠷᠢ ᠵᠢᠨ ᠠᠵᠤ ᠦᠶ᠋ᠯᠡᠰ ᠤ᠋ᠨ ᠬᠡᠯᠬᠢᠶ᠎ᠡ ᠨᠢ ᠳᠡᠭᠡᠳᠦ ᠲᠠᠰ ᠤ᠋ᠨ ᠮᠤᠳᠤᠨ ᠤ᠋ ᠳᠠᠪᠠᠷᠬᠠᠶ᠂ ᠡᠮᠴᠢᠯᠡᠭᠡᠨ ᠳ᠋ᠤ᠌ ᠬᠡᠷᠡᠭ᠌ᠯᠡᠬᠦ᠌ ᠮᠠᠲ᠋ᠧᠷᠢᠶᠠᠯ᠂ ᠣᠨᠴᠠ ᠲᠥᠷᠥᠯ ᠤ᠋ᠨ ᠰᠢᠷᠬᠡᠭᠯᠢᠭ ᠡᠳ᠋ ᠵᠡᠷᠭᠡ ᠦᠶ᠋ᠯᠡᠳᠬᠦᠨ ᠢ᠋ ᠪᠥᠭᠡᠮ ᠢ᠋ᠢᠡᠷ ᠦᠶ᠋ᠯᠡᠳᠪᠦᠷᠢᠯᠡᠵᠤ᠂ ᠤᠯᠠᠮᠵᠢᠯᠠᠯᠲᠤ ᠬᠢᠮᠢ ᠵᠢᠨ ᠠᠵᠤ ᠦᠶ᠋ᠯᠡᠳᠪᠦᠷᠢ ᠵᠢᠨ ᠦᠶ᠋ᠯᠡᠳᠪᠦᠷᠢᠯᠡᠯ ᠢ᠋ ᠦᠨᠳᠦᠰᠦᠨ ᠴᠢᠨᠠᠷᠳᠠᠢ ᠲᠦᠭᠦᠬᠡᠶ ᠮᠠᠲ᠋ᠧᠷᠢᠶᠠᠯ ᠤᠢᠯᠡᠳᠪᠤᠷᠢᠯᠡᠬᠦ ᠡᠴᠡ ᠲᠤᠰᠭᠠᠶ ᠬᠡᠷᠡᠭ᠌ᠯᠡᠭᠡᠨ ᠤ᠋ ᠳᠡᠭᠡᠳᠦ ᠲᠠᠰ ᠤ᠋ᠨ ᠱᠢᠨ᠎ᠡ ᠮᠠᠲ᠋ᠧᠷᠢᠶᠠᠯ ᠤᠢᠯᠡᠳᠪᠤᠷᠢᠯᠡᠬᠦ ᠪᠤᠯᠭᠠᠨ ᠬᠤᠪᠢᠷᠠᠭᠤᠯᠤᠭᠰᠠᠨ ᠲᠤᠮᠤ ᠳᠠᠪᠠᠯᠲᠠ ᠵᠢ ᠪᠠᠶᠡᠯᠡᠬᠦᠯᠪᠡ᠃

ᠤᠯᠠᠮᠵᠢᠯᠠᠯᠲᠤ ᠠᠵᠤ ᠦᠢᠯᠡᠰ ᠤ᠋ᠨ ᠬᠡᠯᠪᠡᠷᠢ ᠵᠢ ᠬᠤᠪᠢᠷᠠᠭᠤᠯᠵᠤ ᠲᠡᠬᠡᠳᠤ ᠲᠡᠰᠵᠢᠬᠦᠯᠦᠭᠰᠡᠨ ᠥᠪᠥᠷ ᠮᠣᠩᠭᠣᠯ ᠤ᠋ᠨ ᠦᠢᠯᠡᠳᠦᠯᠭᠡ ᠲᠡᠤᠬᠡ ᠵᠢᠨ ᠬᠠᠭᠤᠳᠠᠰᠤᠨ ᠳ᠋ᠤ ᠲᠡᠮᠳᠡᠭᠯᠡᠭᠳᠡᠬᠦ ᠨᠢ ᠭᠠᠷᠴᠠᠭ᠎ᠠ ᠦᠬᠡᠢ᠃

ᠥᠪᠥᠷ ᠮᠣᠩᠭᠣᠯ ᠤ᠋ᠨ ᠪᠠᠢᠭᠤᠯᠤᠭ᠍ᠰᠠᠨ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 500 ᠭᠠᠷᠤᠶ ᠪᠣᠬᠢᠷᠲᠤᠯ ᠥᠬᠡᠶ ᠦᠶ᠋ᠯᠡᠳᠪᠦᠷᠢ᠂ 32 ᠪᠣᠬᠢᠷᠲᠤᠯ ᠥᠬᠡᠶ ᠬᠦᠷᠢᠶᠡᠯᠡᠩ ᠲᠣᠭᠣᠷᠢᠭ ᠨᠢ ᠪᠥᠬᠥ᠌ ᠣᠷᠣᠨ ᠤ᠋ ᠤᠯᠠᠮᠵᠢᠯᠠᠯᠲᠤ ᠠᠵᠤ ᠦᠶ᠋ᠯᠡᠰ ᠤ᠋ᠨ ᠬᠡᠯᠪᠡᠷᠢ ᠪᠡᠨ ᠬᠤᠪᠢᠷᠠᠭᠤᠯᠬᠤ ᠵᠢ ᠲᠠᠢᠴᠢᠯᠠᠵᠤ᠂ ᠪᠣᠬᠢᠷᠲᠤᠯ ᠥᠬᠡᠶ ᠦᠶ᠋ᠯᠡᠳᠪᠦᠷᠢ ᠵᠢᠨ ᠦᠶ᠋ᠯᠡᠳᠬᠦᠨ ᠤ᠋ ᠥᠷᠲᠡᠭ ᠤ᠋ᠨ ᠪᠥᠬᠥ᠌ ᠣᠷᠣᠨ ᠤ᠋ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠵᠢᠨ ᠦᠶ᠋ᠯᠡᠳᠬᠦᠨ ᠤ᠋ ᠶᠡᠷᠦᠩᠬᠡᠶ ᠥᠷᠲᠡᠭ ᠲᠡᠬᠢ ᠬᠠᠷᠢᠴᠠᠯ ᠨᠢ 26% ᠢ᠋ᠢ ᠲᠠᠪᠠᠵᠤ᠂ ᠪᠥᠬᠥ᠌ ᠤᠯᠤᠰ ᠤ᠋ᠨ ᠳᠤᠮᠳᠠᠴᠢ ᠲᠦᠪᠱᠢᠨ ᠡᠴᠡ ᠲᠠᠪᠠᠪᠠ᠃

ᠦᠪᠤᠷ ᠮᠤᠩᠭᠤᠯ ᠤ᠋ᠨ ᠴᠠᠭᠠᠨ ᠢᠳᠡᠭᠡᠨ ᠪᠤᠯᠪᠠᠰᠤᠷᠠᠭᠤᠯᠬᠤ ᠦᠶ᠋ᠯᠡᠰ ᠣᠳᠣᠬᠢᠴᠢᠯᠠᠯᠲᠠ᠂ ᠲᠥᠷᠥᠯ ᠲᠡᠮᠳᠡᠭ᠌ᠵᠢᠯᠲᠡ ᠵᠢᠨ ᠵᠠᠮ ᠳ᠋ᠤ ᠤᠷᠤᠪᠠ᠃ ᠤᠯᠤᠰ ᠤ᠋ᠨ ᠴᠠᠭᠠᠨ ᠢᠳᠡᠭᠡᠨ ᠤ᠋ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ ᠤ᠋ᠨ ᠬᠢᠨ ᠭᠧᠨ ᠤ᠋ ᠴᠢᠫ᠂ ᠰᠦᠨ ᠬᠦᠴᠢᠯ ᠤ᠋ᠨ ᠪᠠᠺᠲ᠋ᠸᠷᠢ ᠵᠢᠨ ᠭᠣᠣᠯᠯᠠᠬᠤ ᠮᠡᠷᠭᠡᠵᠢᠯ ᠤ᠋ᠨ ᠪᠣᠭᠣᠮᠢ ᠵᠢ ᠱᠢᠪᠲᠤᠯᠵᠤ᠂ ᠢᠯᠢ ᠪᠦᠯᠦᠭ᠌ᠯᠡᠯ ᠪᠤᠯᠤᠨ ᠮᠸᠩ ᠨᠢᠤ ᠪᠦᠯᠦᠭ᠌ᠯᠡᠯ ᠨᠢ 《ᠰᠢᠷᠬᠡᠭ ᠡᠪᠡᠰᠦ ᠡᠴᠡ ᠴᠣᠮᠣ ᠰᠦ ᠬᠦᠷᠳᠡᠯᠡᠬᠢ》 ᠪᠦᠬᠦ᠌ ᠠᠵᠤ ᠦᠢᠯᠡᠰ ᠤ᠋ᠨ ᠬᠡᠯᠬᠢᠶ᠎ᠡ ᠵᠢ ᠲᠤᠯᠭᠠᠭᠤᠷᠢᠯᠠᠵᠤ᠂ ᠡᠨᠡ ᠬᠤᠶᠠᠷ ᠪᠦᠯᠦᠭᠯᠡᠯ ᠤ᠋ᠨ ᠴᠠᠭᠠᠨ ᠢᠳᠡᠭᠡᠨ ᠤ᠋ ᠪᠦᠳᠦᠭᠡᠭᠳᠡᠬᠦᠨ ᠨᠢ ᠪᠦᠬᠦ᠌ ᠤᠯᠤᠰ ᠤ᠋ᠨ ᠵᠠᠬ᠎ᠠ ᠳᠡᠯᠭᠡᠭᠦᠷ ᠤ᠋ᠨ 60% ᠣᠷᠴᠢᠮ ᠢ᠋ ᠡᠵᠡᠯᠡᠵᠤ ᠪᠠᠢᠨ᠎ᠠ᠃

ᠦᠪᠤᠷ ᠮᠤᠩᠭᠤᠯ ᠤ᠋ᠨ 6200 ᠭᠠᠷᠤᠶ ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠢ ᠤᠨᠠᠯᠲᠠ ᠵᠢ ᠲᠣᠭ᠍ᠲᠠᠪᠤᠷᠢᠵᠢᠭᠤᠯᠤᠨ ᠬᠠᠩᠭᠠᠯᠭ᠎ᠠ ᠵᠢ ᠪᠠᠲᠤᠯᠠᠵᠤ᠂ ᠠᠮᠤ ᠪᠤᠳᠠᠭᠠᠨ ᠤ᠋ ᠤᠨᠠᠯᠲᠠ ᠵᠢ 800 ᠳ᠋ᠦᠩᠱᠢᠭᠤᠷ ᠵᠢᠩ ᠡᠴᠡ ᠳᠡᠭᠡᠭ᠌ᠰᠢ ᠳ᠋ᠤ᠌ ᠲᠣᠭ᠍ᠲᠠᠪᠤᠷᠢᠵᠢᠭᠤᠯᠬᠤ ᠵᠢ ᠠᠬᠢᠭᠤᠯᠤᠨ᠂ ᠨᠢᠳᠤᠨᠤᠨ ᠮᠠᠨ ᠤ᠋ ᠣᠷᠣᠨ ᠠᠮᠤ ᠪᠤᠳᠠᠭᠠᠨ ᠤ᠋ ᠤᠨᠠᠯᠳᠠ ᠵᠢᠨ ᠨᠡᠮᠡᠭ᠌ᠳᠡᠯ ᠤ᠋ᠨ ᠬᠡᠮᠵᠢᠶ᠎ᠡ ᠪᠡᠷ ᠪᠥᠬᠥ᠌ ᠤᠯᠤᠰ ᠲᠦ᠍ ᠲᠡᠳ᠋ᠯᠡᠪᠠ᠃ ᠪᠦᠬᠦ ᠤᠷᠤᠨ ᠤ᠋ ᠮᠠᠯ ᠠᠵᠤ ᠠᠬᠤᠶ ᠲᠠᠷᠢᠶᠠᠯᠠᠨᠭ᠌ ᠤ᠋ᠨ ᠬᠦᠷᠢᠶᠡᠨ ᠳ᠋ᠤ ᠣᠶᠤᠨᠴᠢ ᠮᠠᠯᠵᠢᠯ ᠤ᠋ᠨ ᠲᠠᠯᠠᠪᠠᠶ ᠪᠠ ᠰᠠᠢᠨ ᠡᠭᠦᠯᠳᠡᠷ ᠢ᠋ ᠦᠷᠡᠵᠢᠭᠦᠯᠦᠨ ᠪᠣᠢᠵᠢᠭᠤᠯᠬᠤ᠂ ᠨᠠᠷᠢᠯᠢᠭ ᠪᠤᠯᠪᠠᠰᠤᠷᠠᠭᠤᠯᠬᠤ ᠵᠢ ᠬᠠᠮᠲᠤ ᠳ᠋ᠤᠨᠢ ᠠᠬᠢᠭᠤᠯᠵᠤ᠂ ᠮᠠᠯ ᠤ᠋ᠨ ᠠᠱᠢᠭ ᠱᠢᠮ᠎ᠡ ᠲᠠᠷᠢᠶᠠᠯᠠᠨᠭ᠌ ᠤ᠋ᠨ ᠪᠦᠲᠦᠭᠡᠭ᠌ᠳᠡᠬᠦᠨ ᠢ᠋ ᠦᠩᠬᠡᠷᠡᠭᠰᠡᠨ ᠤ᠋ ᠲᠦᠬᠦᠬᠡᠢ ᠮᠠᠲ᠋ᠸᠷᠢᠶᠠᠯ ᠵᠢᠡᠷ ᠪᠤᠷᠤᠯᠠᠭᠤᠯᠵᠤ ᠪᠠᠢᠭᠰᠠᠨ ᠡᠴᠡ ᠤᠳᠤ ᠨᠠᠷᠢᠯᠢᠭ ᠪᠤᠯᠪᠠᠰᠤᠷᠠᠭᠤᠯᠤᠨ ᠲᠡᠬᠡᠳᠤ ᠲᠡᠰ ᠤ᠋ᠨ ᠲᠦᠷᠦᠯ ᠲᠡᠮᠳᠡᠭᠳᠤ ᠪᠦᠳᠦᠭᠡᠭᠳᠡᠬᠦᠨ ᠪᠤᠯᠭᠠᠨ ᠪᠤᠷᠤᠯᠠᠭᠤᠯᠬᠤ ᠪᠤᠯᠭᠠᠨ ᠬᠤᠪᠢᠷᠠᠭᠤᠯᠵᠤ᠂ 《ᠲᠩᠷᠢ ᠵᠢᠨ ᠬᠡᠱᠢᠭ᠌ᠲᠦ ᠪᠣᠷᠣᠲᠣᠬᠣᠶ》᠂ 《ᠤᠯᠠᠭᠠᠨᠬᠠᠳᠠ ᠵᠢᠨ ᠦᠨᠦᠷ ᠠᠮᠲᠠ》 ᠵᠡᠷᠭᠡ ᠮᠠᠰᠢ ᠣᠯᠠᠨ ᠣᠷᠣᠨ ᠪᠦᠰᠡ ᠵᠢᠨ ᠨᠡᠢᠲᠡ ᠵᠢᠨ ᠬᠡᠷᠡᠭ᠌ᠯᠡᠭᠡᠨ ᠤ᠋ ᠲᠥᠷᠥᠯ ᠲᠡᠮᠳᠡᠭ ᠨᠢᠬᠡᠨᠳᠡ ᠤᠯᠤᠰ ᠤ᠋ᠨ ᠳᠣᠲᠣᠭᠠᠳᠤ ᠭᠠᠳᠠᠭᠠᠳᠤ ᠳ᠋ᠤ ᠠᠯᠳᠠᠷᠱᠢᠪᠠ᠃

ᠦᠪᠤᠷ ᠮᠤᠩᠭᠤᠯ ᠤ᠋ᠨ ᠲᠣᠨᠣᠭ ᠲᠥᠬᠥᠭᠡᠷᠦᠮᠵᠢ ᠵᠢᠨ ᠦᠶ᠋ᠯᠡᠳᠬᠡᠯ᠂ ᠪᠠᠷᠢᠯᠭ᠎ᠠ ᠵᠢᠨ ᠮᠠᠲ᠋ᠧᠷᠢᠶᠠᠯ ᠵᠡᠷᠭᠡ ᠤᠯᠠᠮᠵᠢᠯᠠᠯᠲᠤ ᠠᠵᠤ ᠦᠶ᠋ᠯᠡᠰ ᠴᠦ᠍ ᠵᠡᠷᠭᠡ ᠪᠡᠷ ᠲᠠᠰ ᠳᠡᠪᠱᠢᠵᠦ᠍᠂ ᠥᠪᠥᠷ ᠮᠣᠩᠭᠣᠯ ᠤ᠋ᠨ ᠨᠢᠭᠡᠳᠦᠭᠡᠷ ᠮᠠᠱᠢᠨ ᠮᠧᠬᠠᠨᠢᠭ ᠤ᠋ᠨ ᠪᠦᠯᠦᠭ᠌ᠯᠡᠯ ᠤ᠋ᠨ ᠳᠡᠭᠡᠳᠦ ᠲᠠᠰ ᠤ᠋ᠨ ᠲᠣᠨᠣᠭ ᠲᠥᠬᠥᠭᠡᠷᠦᠮᠵᠢ ᠪᠤᠯᠤᠨ ᠦᠪᠤᠷ ᠮᠤᠩᠭᠤᠯ ᠤ᠋ᠨ ᠤᠮᠠᠷᠠᠲᠤ ᠵᠢᠨ ᠬᠦᠨᠳᠤ ᠬᠡᠯᠪᠡᠷᠢ ᠵᠢᠨ ᠮᠠᠰᠢᠨ ᠲᠡᠷᠬᠡ ᠵᠢᠨ ᠬᠢᠵᠠᠭᠠᠷᠳᠤ ᠺᠤᠮᠫᠠᠨᠢ ᠵᠢᠨ ᠤᠶᠤᠨᠲᠤ ᠠᠭᠤᠷᠬᠠᠶ ᠵᠢᠨ ᠮᠠᠰᠢᠨ ᠲᠡᠷᠭᠡ ᠵᠡᠷᠬᠡ ᠨᠢ ᠴᠦᠮ ᠠᠵᠢᠯ ᠲᠥᠷᠥᠯ ᠳ᠋ᠡᠬᠡᠨ ᠬᠤᠰᠢᠭᠤᠷᠠᠵᠤ ᠪᠤᠢ᠃ ᠪᠦᠬᠦ ᠤᠷᠤᠨ ᠳ᠋ᠤ ᠪᠠᠰᠠ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠂ ᠤᠭ᠍ᠰᠠᠷᠠᠮᠠᠯ ᠮᠠᠶᠢᠭ ᠤ᠋ᠨ ᠪᠠᠷᠢᠯᠭ᠎ᠠ ᠵᠢ ᠳᠡᠯᠭᠡᠷᠡᠭᠦᠯᠵᠤ᠂ ᠣᠯᠠᠨ ᠡᠱᠢᠲᠦ ᠠᠵᠤ ᠦᠶ᠋ᠯᠡᠰ ᠢ᠋ ᠬᠠᠮᠵᠢᠯᠴᠠᠭᠤᠯᠤᠨ ᠳᠡᠭᠡᠳᠦ ᠲᠠᠰᠵᠢᠬᠦᠯᠬᠦ ᠲᠡᠢᠰᠢ ᠢᠳᠡᠷᠡᠬᠦᠨ ᠵᠢᠡᠷ ᠤᠷᠤᠭᠰᠢᠯᠠᠵᠤ ᠪᠠᠢᠨ᠎ᠠ᠃

ᠤᠯᠠᠮᠵᠢᠯᠠᠯᠲᠤ ᠠᠵᠤ ᠦᠢᠯᠡᠰ ᠬᠡᠯᠪᠡᠷᠢ ᠪᠡᠨ ᠬᠤᠪᠢᠷᠠᠭᠤᠯᠤᠨ ᠱᠢᠨ᠎ᠡ ᠭᠠᠯᠪᠢᠷ ᠵᠢᠡᠨ ᠬᠢᠯᠠᠯᠵᠠᠭᠤᠯᠵᠤ᠂ ᠥᠪᠥᠷ ᠮᠣᠩᠭᠣᠯ ᠤ᠋ᠨ ᠴᠢᠨᠠᠷ ᠰᠠᠢᠲᠠᠢ ᠬᠥᠭ᠌ᠵᠢᠯᠲᠡ ᠵᠢᠨ ᠪᠠᠲᠤ ᠰᠠᠭᠤᠷᠢ ᠵᠢ ᠴᠣᠭ᠍ᠴᠠᠯᠠᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠵᠢᠨ ᠵᠢᠯ ᠳ᠋ᠤ᠌᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠡ ᠢ᠋ᠢᠨ 《1571》 ᠠᠵᠢᠯ ᠤ᠋ᠨ ᠪᠠᠢᠷᠢᠯᠠᠭᠤᠯᠤᠯᠲᠠ ᠶᠣᠰᠣᠭᠠᠷ᠂ ᠥᠪᠥᠷ ᠮᠣᠩᠭᠣᠯ ᠴᠢᠨᠠᠷ ᠰᠠᠢᠲᠠᠢ ᠬᠥᠭ᠌ᠵᠢᠯᠲᠡ ᠵᠢᠨ ᠰᠦᠷ ᠳᠠᠯᠠᠢᠴᠠᠲᠠᠢ ᠠᠶᠠᠨ ᠳ᠋ᠤ ᠤᠯᠠᠮᠵᠢᠯᠠᠯᠲᠤ ᠠᠵᠤ ᠦᠢᠯᠡᠰ ᠤ᠋ᠨ ᠬᠡᠯᠪᠡᠷᠢ ᠪᠡᠨ ᠭᠦᠨᠵᠡᠭᠡᠢ ᠬᠤᠪᠢᠷᠠᠭᠤᠯᠬᠤ ᠵᠢ ᠪᠦᠬᠦ᠌ ᠬᠦᠴᠦᠨ ᠢ᠋ᠢᠡᠷ ᠵᠢᠡᠨ ᠠᠬᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ ᠤ᠋ᠨ ᠱᠢᠰᠲ᠋ᠧᠮ ᠤ᠋ᠨ ᠪᠠᠢᠭᠤᠯᠤᠯᠲᠠ ᠵᠢᠨ ᠴᠤ ᠱᠢᠨ᠎ᠡ ᠬᠠᠷᠢᠭᠤᠯᠲᠠ ᠵᠢᠨ ᠬᠠᠭᠤᠳᠠᠰᠤ ᠵᠢ ᠪᠢᠴᠢᠭ᠌ᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号