ᠦᠪᠦᠷ ᠮᠤᠩᠭᠤᠯ 《ᠠᠷᠪᠠᠨ ᠳᠠᠪᠤᠳᠤᠭᠠᠷ ᠳᠠᠪᠤᠨ ᠵᠢᠯ》 ᠤ᠋ᠨ ᠡᠬᠢᠨ ᠤ᠋ ᠵᠢᠯ ᠳ᠋ᠤ 3600 ᠤᠷᠴᠢᠮ ᠴᠢᠬᠤᠯᠠ ᠶᠡᠬᠡ ᠲᠦᠷᠦᠯ ᠵᠦᠢᠯ ᠢ᠋ ᠬᠡᠷᠡᠭᠵᠢᠭᠦᠯᠬᠦ ᠪᠡᠷ ᠲᠦᠯᠦᠪᠯᠡᠵᠦ ᠪᠠᠢᠨ᠎ᠠ
《 ᠠᠷᠪᠠᠨ ᠳᠠᠪᠤᠳᠤᠭᠠᠷ ᠳᠠᠪᠤᠨ ᠵᠢᠯ 》 ᠤ᠋ᠨ ᠬᠤᠭᠤᠴᠠᠭᠠᠨ ᠳ᠋ᠤ᠂ ᠦᠪᠦᠷ ᠮᠤᠩᠭᠤᠯ ᠬᠦᠭᠵᠢᠯᠳᠡ ᠶ᠋ᠢᠨ ᠬᠡᠷᠡᠭᠴᠡᠭᠡ ᠳ᠋ᠤ ᠠᠩᠬᠠᠷᠤᠯ ᠶ᠋ᠢᠡᠨ ᠲᠦᠪᠯᠡᠷᠡᠭᠦᠯᠵᠦ᠂ ᠳᠤᠳᠠᠭᠤᠳᠠᠯ ᠶ᠋ᠢᠡᠨ ᠨᠦᠬᠦᠪᠤᠷᠢᠯᠡᠬᠦ᠂ ᠪᠠᠭᠤᠷᠠᠢ ᠵᠦᠢᠯ ᠶ᠋ᠢᠡᠨ ᠬᠦᠴᠦᠷᠬᠡᠭᠵᠢᠭᠦᠯᠬᠦ᠂ ᠠᠷᠠᠳ ᠤ᠋ᠨ ᠠᠮᠢᠳᠤᠷᠠᠯ ᠳ᠋ᠤ ᠠᠰᠢᠭ ᠬᠦᠷᠳᠡᠭᠡᠬᠦ᠂ ᠬᠦᠭᠵᠢᠯᠳᠡ ᠶ᠋ᠢ ᠠᠬᠢᠭᠤᠯᠬᠤ ᠨᠢᠭᠡ ᠪᠦᠯᠦᠭ ᠴᠢᠬᠤᠯᠠ ᠶᠡᠬᠡ ᠲᠦᠷᠦᠯ ᠵᠦᠢᠯ ᠢ᠋ ᠨᠠᠷᠢᠯᠢᠭ ᠤᠨᠤᠴᠠᠳᠠᠢ ᠲᠦᠰᠦᠪᠯᠡᠨ ᠨᠦᠭᠡᠴᠡᠯᠡᠵᠤ᠂ ᠡᠬᠢᠨ ᠤ᠋ ᠵᠢᠯ ᠳ᠋ᠤ 3600 ᠤᠷᠴᠢᠮ ᠴᠢᠬᠤᠯᠠ ᠶᠡᠬᠡ ᠲᠦᠷᠦᠯ ᠵᠦᠢᠯ ᠢ᠋ ᠬᠡᠷᠡᠭᠵᠢᠭᠦᠯᠦᠨ᠂ 1 ᠲᠦᠮᠡᠨ ᠳ᠋ᠦᠩᠰᠢᠭᠤᠷ ᠲᠦᠭᠦᠷᠢᠭ ᠤᠷᠴᠢᠮ ᠤ᠋ᠨ ᠪᠡᠯᠡ ᠤᠷᠤᠭᠤᠯᠤᠯᠳᠠ ᠶ᠋ᠢ ᠪᠡᠶᠡᠯᠡᠭᠦᠯᠬᠦ ᠪᠡᠷ ᠲᠦᠯᠦᠪᠯᠡᠵᠦ ᠪᠠᠢᠨ᠎ᠠ᠃
ᠵᠠᠮ ᠬᠠᠷᠢᠯᠴᠠᠭ᠎ᠠ ᠶ᠋ᠢᠨ ᠬᠦᠷᠢᠶᠡᠨ ᠳ᠋ᠤ ᠪᠤᠭᠤᠳᠤ ᠡᠴᠡ ᠢᠷᠭᠠᠢ ᠬᠦᠷᠬᠦ ᠳᠦᠷᠭᠡᠨ ᠤ᠋ ᠲᠡᠮᠦᠷ ᠵᠠᠮ ᠤ᠋ᠨ ᠢᠷᠭᠠᠢ ᠡᠴᠡ ᠪᠠᠶᠠᠨᠬᠤᠳᠠ ᠬᠦᠷᠬᠦ ᠰᠠᠯᠪᠤᠷᠢ ᠱᠤᠭᠤᠮ᠂ ᠲᠠᠢ ᠽᠢ ᠴᠧᠩ ᠡᠴᠡ ᠰᠢᠯᠢᠩᠬᠤᠳᠠ ᠬᠦᠷᠬᠦ ᠲᠡᠮᠦᠷ ᠵᠠᠮ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ᠋ ᠪᠦᠬᠦ ᠲᠠᠯ᠎ᠠ ᠪᠡᠷ ᠪᠠᠢᠭᠤᠯᠵᠤ᠂ ᠤᠰᠤᠨ ᠠᠰᠢᠭᠯᠠᠯᠳᠠ ᠶ᠋ᠢᠨ ᠬᠦᠷᠢᠶᠡᠨ ᠳ᠋ᠤ ᠴᠤᠤᠯ ᠭᠤᠤᠯ ᠤ᠋ᠨ ᠤᠰᠤ ᠶ᠋ᠢ ᠯᠢᠶᠤᠤᠾᠧ ᠭᠤᠤᠯ ᠳ᠋ᠤ ᠳᠠᠳᠠᠬᠤ ᠬᠤᠶᠠᠳᠤᠭᠠᠷ ᠬᠤᠭᠤᠴᠠᠭᠠᠨ ᠤ᠋ ᠢᠨᠵᠧᠨᠧᠷᠢᠩ ᠢ᠋ ᠪᠦᠬᠦ ᠲᠠᠯ᠎ᠠ ᠪᠡᠷ ᠪᠠᠢᠭᠤᠯᠤᠨ᠂ ᠪᠤᠷᠤᠳᠤᠬᠤᠢ ᠶ᠋ᠢᠨ ᠤᠰᠤᠯᠠᠯᠳᠠ ᠶ᠋ᠢᠨ ᠤᠷᠤᠨ ᠤ᠋ ᠤᠳᠤᠬᠢᠴᠢᠯᠠᠭᠰᠠᠨ ᠦᠭᠡᠷᠡᠴᠢᠯᠡᠯᠳᠡ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ᠋ ᠪᠠᠷᠢᠯᠭ᠎ᠠ ᠡᠬᠢᠯᠡᠭᠦᠯᠤᠨ᠎ᠠ᠃ ᠡᠭᠦᠨ ᠤ᠋ ᠬᠠᠮᠳᠤ ᠠᠷᠠᠳ ᠤ᠋ᠨ ᠡᠵᠡᠩᠨᠡᠯᠳᠡ ᠶ᠋ᠢᠨ ᠠᠵᠤ ᠠᠬᠤᠢᠯᠠᠯ ᠤ᠋ᠨ ᠴᠢᠬᠤᠯᠠ ᠶᠡᠬᠡ ᠲᠦᠷᠦᠯ ᠵᠦᠢᠯ ᠳ᠋ᠤ ᠤᠷᠤᠯᠴᠠᠬᠤ ᠤᠷᠳᠤ ᠬᠤᠭᠤᠴᠠᠭᠠᠨ ᠤ᠋ ᠪᠦᠲᠦᠮᠵᠢᠳᠠᠢ ᠳᠤᠭᠳᠠᠴᠠ᠂ ᠲᠦᠷᠦ ᠶ᠋ᠢᠨ ᠪᠤᠳᠤᠯᠭ᠎ᠠ ᠶ᠋ᠢᠨ ᠤᠯᠤᠯᠴᠠᠭ᠎ᠠ ᠬᠢᠭᠡᠳ ᠰᠢᠭᠤᠳ ᠪᠠᠭᠤᠯᠭᠠᠬᠤ ᠳᠤᠭᠳᠠᠴᠠ ᠶ᠋ᠢ ᠲᠡᠭᠦᠯᠳᠡᠷᠵᠢᠭᠦᠯᠵᠤ᠂ ᠠᠷᠠᠳ ᠤ᠋ᠨ ᠪᠡᠯᠡ ᠤᠷᠤᠭᠤᠯᠤᠯᠳᠠ ᠶ᠋ᠢᠨ ᠡᠵᠡᠯᠡᠬᠦ ᠬᠠᠷᠢᠴᠠᠯ ᠢ᠋ ᠲᠠᠰᠤᠷᠠᠯᠳᠠ ᠦᠭᠡᠢ ᠳᠡᠭᠡᠭᠰᠢᠯᠡᠭᠦᠯᠬᠦ ᠪᠤᠯᠤᠨ᠎ᠠ᠃

ᠬᠤᠶᠠᠷ ᠰᠠᠷ᠎ᠠ ᠶ᠋ᠢᠨ ᠦᠪᠦᠷ ᠮᠤᠩᠭᠤᠯ ᠤ᠋ᠨ ᠡᠬᠡ ᠭᠠᠵᠠᠷ ᠮᠦᠨ ᠬᠦ᠌ ᠵᠢᠩᠬᠢᠨᠡᠮᠠ ᠬᠦᠢᠳᠡᠨ ᠪᠠᠢᠭᠰᠠᠨ ᠴᠤ᠌ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ ᠠᠬᠤᠢ ᠲᠠᠯᠠᠪᠠᠢ ᠳ᠋ᠤ ᠬᠠᠷᠢᠨ ᠬᠦᠷ ᠬᠦᠭᠵᠢᠶᠡᠨ ᠶ᠋ᠢᠡᠷ ᠪᠢᠯᠬᠠᠨ᠎ᠠ᠃ ᠪᠦᠬᠦ ᠤᠷᠤᠨ ᠤ᠋ ᠡᠯ᠎ᠠ ᠭᠠᠵᠠᠷ ᠤ᠋ᠨ ᠬᠢᠨ ᠬᠦᠯᠢᠶᠡᠵᠦ ᠪᠤᠯᠬᠤ ᠦᠭᠡᠢ ᠬᠠᠷᠢᠭᠤᠴᠠᠯᠭᠠᠳᠤ ᠰᠡᠳᠬᠢᠯᠭᠡ᠂ ᠠᠯᠭᠤᠷᠯᠠᠵᠤ ᠪᠤᠯᠬᠤ ᠦᠭᠡᠢ ᠪᠠᠴᠢᠮ ᠲᠤᠯᠭᠠᠮ ᠰᠡᠳᠬᠢᠯᠭᠡ ᠪᠡᠷ ᠴᠢᠬᠤᠯᠠ ᠶᠡᠬᠡ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ ᠬᠤᠷᠳᠤ ᠠᠳᠠᠯᠢᠳᠬᠠᠬᠤ ᠵᠠᠭᠪᠤᠷ ᠲᠤ᠌ ᠤᠷᠤᠯ᠎ᠠ᠃
2026 ᠤᠨ ᠪᠤᠯ 《ᠠᠷᠪᠠᠨ ᠳᠠᠪᠤᠳᠤᠭᠠᠷ ᠳᠠᠪᠤᠨ ᠵᠢᠯ 》 ᠤ᠋ᠨ ᠡᠬᠢᠨ ᠤ᠋ ᠵᠢᠯ ᠮᠦᠨ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠤᠶᠠᠷ ᠬᠤᠷᠠᠯ ᠡᠴᠡ 《2026 ᠤᠨ ᠳ᠋ᠤ 〈 ᠳᠤᠭᠳᠠᠮᠠᠯ ᠬᠦᠷᠦᠩᠭᠡ ᠶ᠋ᠢᠨ ᠪᠡᠯᠡ ᠤᠷᠤᠭᠤᠯᠤᠯᠳᠠ ᠶ᠋ᠢ 8% ᠤᠷᠴᠢᠮ ᠨᠡᠮᠡᠭᠳᠡᠭᠦᠯᠦᠨ᠎ᠠ 〉 》 ᠭᠡᠬᠦ ᠬᠠᠷᠠᠯᠳᠠ ᠶ᠋ᠢ ᠳᠤᠷᠠᠳᠴᠠᠢ᠃ ᠡᠨᠡ ᠬᠦ᠌ ᠬᠠᠷᠠᠯᠳᠠ ᠳ᠋ᠤ ᠠᠩᠬᠠᠷᠤᠯ ᠶ᠋ᠢᠡᠨ ᠲᠦᠪᠯᠡᠷᠡᠭᠦᠯᠵᠤ᠂ ᠦᠪᠦᠷ ᠮᠤᠩᠭᠤᠯ ᠴᠢᠬᠤᠯᠠ ᠶᠡᠬᠡ ᠲᠦᠷᠦᠯ ᠵᠦᠢᠯ ᠤ᠋ᠨ 《ᠤᠷᠢᠳᠠᠴᠢ ᠰᠢᠳᠠᠷ᠎ᠠ》 ᠶ᠋ᠢ ᠰᠠᠢᠳᠦᠷ ᠲᠠᠯᠪᠢᠵᠤ ᠴᠢᠨᠠᠷ ᠰᠠᠢᠳᠠᠢ ᠬᠦᠭᠵᠢᠯᠳᠡ ᠶ᠋ᠢᠨ 《 ᠰᠠᠭᠤᠷᠢ ᠬᠦᠯᠬᠡ 》 ᠵᠢ ᠪᠠᠳᠤ ᠴᠤᠭᠴᠠᠯᠠᠬᠤ ᠪᠡᠷ ᠲᠦᠷᠦᠭᠡ ᠴᠢᠩᠭᠠᠯᠠᠨ ᠮᠤᠷᠳᠠᠪᠠ᠃
《 2026 ᠤᠨ ᠳ᠋ᠤ ᠦᠪᠦᠷ ᠮᠤᠩᠭᠤᠯ 3600 ᠭᠠᠷᠤᠢ ᠴᠢᠬᠤᠯᠠ ᠶᠡᠬᠡ ᠲᠦᠷᠦᠯ ᠵᠦᠢᠯ ᠢ᠋ ᠬᠡᠷᠡᠭᠵᠢᠭᠦᠯᠵᠤ᠂ ᠲᠤᠰ ᠵᠢᠯ ᠳ᠋ᠡᠭᠡᠨ 1 ᠲᠦᠮᠡᠨ ᠳ᠋ᠦᠩᠰᠢᠭᠤᠷ ᠲᠦᠭᠦᠷᠢᠭ ᠤᠷᠴᠢᠮ ᠪᠡᠯᠡ ᠤᠷᠤᠭᠤᠯᠤᠯᠳᠠ ᠶ᠋ᠢ ᠪᠡᠶᠡᠯᠡᠭᠦᠯᠬᠦ ᠪᠡᠷ ᠴᠢᠷᠮᠠᠢᠵᠤ ᠪᠠᠢᠨ᠎ᠠ᠃ 2025 ᠤᠨ ᠲᠠᠢ ᠬᠠᠷᠢᠴᠠᠭᠤᠯᠪᠠᠯ᠂ ᠲᠦᠷᠦᠯ ᠵᠦᠢᠯ ᠤ᠋ᠨ ᠲᠤᠭ᠎ᠠ᠂ ᠶᠡᠷᠦᠩᠬᠡᠢ ᠪᠡᠯᠡ ᠤᠷᠤᠭᠤᠯᠤᠯᠳᠠ᠂ ᠤᠨ ᠤ᠋ ᠪᠦᠲᠦᠭᠡᠨ ᠪᠠᠢᠭᠤᠯᠤᠯᠳᠠ ᠶ᠋ᠢᠨ ᠪᠡᠯᠡ ᠤᠷᠤᠭᠤᠯᠤᠯᠳᠠ ᠶ᠋ᠢᠨ ᠲᠦᠯᠦᠪᠯᠡᠭᠡ ᠵᠡᠷᠭᠡ ᠲᠠᠯ᠎ᠠ ᠪᠡᠷ ᠪᠦᠷ ᠵᠤᠬᠢᠬᠤ ᠬᠡᠮᠵᠢᠶ᠎ᠠ ᠪᠡᠷ ᠨᠡᠮᠡᠭᠳᠡᠵᠦ᠂〈ᠠᠷᠪᠠᠨ ᠳᠠᠪᠤᠳᠤᠭᠠᠷ ᠳᠠᠪᠤᠨ ᠵᠢᠯ〉 ᠢ᠋ ᠰᠠᠢᠳᠦᠷ ᠡᠬᠢᠯᠡᠭᠦᠯᠤᠨ᠂〈2026 ᠤᠨ ᠳ᠋ᠤ ᠳᠤᠭᠳᠠᠮᠠᠯ ᠬᠦᠷᠦᠩᠭᠡ ᠶ᠋ᠢᠨ ᠪᠡᠯᠡ ᠤᠷᠤᠭᠤᠯᠤᠯᠳᠠ ᠶ᠋ᠢ ᠨᠢᠳᠤᠨᠤᠨ ᠤ᠋ ᠬᠢ ᠡᠴᠡ 8% ᠤᠷᠴᠢᠮ ᠨᠡᠮᠡᠭᠳᠡᠭᠦᠯᠬᠦ 〉 ᠬᠠᠷᠠᠯᠳᠠ ᠶ᠋ᠢ ᠪᠡᠶᠡᠯᠡᠭᠦᠯᠬᠦ ᠳ᠋ᠤ ᠰᠠᠭᠤᠷᠢ ᠲᠠᠯᠪᠢᠨ᠎ᠠ》 ᠭᠡᠵᠦ ᠦᠪᠡᠷᠳᠡᠭᠡᠨ ᠵᠠᠰᠠᠬᠤ ᠤᠷᠤᠨ ᠤ᠋ ᠬᠦᠭᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠤ᠋ᠨ ᠬᠠᠮᠢᠶ᠎ᠠ ᠪᠦᠬᠦᠢ ᠬᠠᠷᠢᠭᠤᠴᠠᠯᠭᠠᠳᠠᠨ ᠶᠠᠷᠢᠵᠤ ᠪᠠᠢᠯ᠎ᠠ᠃
《1571》 ᠳ᠋ᠤ ᠠᠩᠬᠠᠷᠤᠯ ᠶ᠋ᠢᠡᠨ ᠲᠦᠪᠯᠡᠷᠡᠭᠦᠯᠦᠨ 《ᠰᠢᠨ᠎ᠠ》 ᠳᠡᠢᠰᠢ ᠡᠷᠡᠮᠡᠬᠡᠢᠯᠡᠨ ᠤᠷᠤᠭᠰᠢᠯᠠᠨ᠎ᠠ
— ᠦᠵᠦ ᠲᠦᠯᠦᠪᠯᠡᠭᠡ ᠪᠡᠷ ᠠᠵᠤ ᠦᠢᠯᠡᠰ ᠤ᠋ᠨ ᠳᠡᠰ ᠳᠡᠪᠰᠢᠯᠳᠡ ᠶ᠋ᠢ ᠬᠦᠲᠦᠯᠦᠨ ᠳᠠᠭᠠᠭᠤᠯᠪᠠ
2025 ᠤᠨ ᠤ᠋ 12 ᠰᠠᠷ᠎ᠠ ᠳ᠋ᠤ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠨ ᠨᠢᠭᠡᠳᠦᠭᠡᠷ ᠪᠦᠬᠦᠳᠡ ᠬᠤᠷᠠᠯ ᠵᠢᠴᠢ ᠪᠦᠬᠦ ᠤᠷᠤᠨ ᠤ᠋ ᠠᠵᠤ ᠠᠬᠤᠢ ᠶ᠋ᠢᠨ ᠠᠵᠢᠯ ᠤ᠋ᠨ ᠬᠤᠷᠠᠯ ᠡᠴᠡ 《1571》 ᠠᠵᠢᠯ ᠤ᠋ᠨ ᠪᠠᠢᠷᠢᠯᠠᠭᠤᠯᠤᠯᠳᠠ ᠶ᠋ᠢ ᠳᠤᠷᠠᠳᠴᠤ᠂ ᠡᠨᠡ ᠵᠢᠯ ᠤ᠋ᠨ 2 ᠰᠠᠷ᠎ᠠ ᠳ᠋ᠤ ᠬᠤᠷᠠᠯᠳᠤᠭᠰᠠᠨ ᠦᠪᠡᠷᠳᠡᠭᠡᠨ ᠵᠠᠰᠠᠬᠤ ᠤᠷᠤᠨ ᠤ᠋ ᠬᠤᠶᠠᠷ ᠬᠤᠷᠠᠯ ᠡᠴᠡ 2026 ᠤᠨ ᠳ᠋ᠤ《ᠪᠤᠳᠠᠳᠤ ᠴᠤᠭᠴᠠ ᠶ᠋ᠢᠨ ᠠᠵᠤ ᠠᠬᠤᠢ ᠶ᠋ᠢ ᠪᠤᠵᠠᠭᠠᠢᠷᠠᠭᠤᠯᠬᠤ ᠳ᠋ᠤ ᠰᠠᠭᠤᠷᠢᠯᠠᠨ᠂ ᠦᠪᠦᠷ ᠮᠤᠩᠭᠤᠯ ᠤ᠋ᠨ ᠤᠨᠴᠠᠯᠢᠭ ᠳᠠᠪᠠᠭᠤᠯᠢᠭ ᠢ᠋ ᠢᠯᠡᠷᠡᠭᠦᠯᠦᠭᠰᠡᠨ ᠤᠳᠤᠬᠢᠴᠢᠯᠠᠭᠰᠠᠨ ᠠᠵᠤ ᠦᠢᠯᠡᠰ ᠤ᠋ᠨ ᠰᠢᠰᠲ᠋ᠧᠮ ᠢ᠋ ᠪᠠᠢᠭᠤᠯᠬᠤ》 ᠵᠡᠷᠭᠡ 7 ᠲᠠᠯ᠎ᠠ ᠶ᠋ᠢᠨ ᠭᠤᠤᠯᠳᠠᠯᠭ᠎ᠠ ᠲᠠᠢ ᠠᠵᠢᠯ ᠢ᠋ ᠪᠦᠬᠦ ᠬᠦᠴᠦᠨ ᠶ᠋ᠢᠡᠷ ᠰᠠᠢᠳᠦᠷ ᠠᠳᠬᠤᠨ᠎ᠠ ᠭᠡᠵᠦ ᠤᠯᠠᠮ ᠨᠢᠭᠡ ᠠᠯᠬᠤᠮ ᠳᠤᠷᠠᠳᠴᠠᠢ᠃

ᠦᠪᠦᠷ ᠮᠤᠩᠭᠤᠯ ᠤ᠋ᠨ ᠡᠯ᠎ᠠ ᠭᠠᠵᠠᠷ ᠤ᠋ᠨ ᠬᠢᠨ ᠡᠬᠢᠯᠡᠮᠡᠭᠴᠡ ᠪᠠᠨ ᠰᠢᠢᠳᠪᠤᠷᠢᠳᠦ ᠳᠠᠢᠯᠠᠯᠳᠤᠭᠠᠨ ᠬᠢᠬᠦ ᠡᠷᠴᠢ ᠵᠤᠷᠢᠭ ᠪᠤᠯᠤᠨ ᠠᠶᠠᠨ ᠳ᠋ᠠᠭᠠᠨ ᠮᠤᠷᠳᠠᠮᠠᠭᠴᠠ ᠡᠴᠤᠰ ᠤ᠋ᠨ ᠰᠢᠪᠳᠤᠯᠤᠯᠳᠠ ᠬᠢᠬᠦ ᠤᠮᠤᠭ ᠵᠤᠷᠢᠭ ᠶ᠋ᠢᠡᠷ ᠬᠠᠷᠠᠯᠳᠠ ᠵᠤᠷᠢᠯᠳᠠ ᠳ᠋ᠠᠭᠠᠨ ᠠᠩᠬᠠᠷᠤᠯ ᠶ᠋ᠢᠡᠨ ᠲᠦᠪᠯᠡᠷᠡᠭᠦᠯᠵᠤ᠂ ᠴᠢᠬᠤᠯᠠ ᠶᠡᠬᠡ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ 《ᠬᠤᠷᠳᠤᠳᠬᠠᠭᠤᠷ》 ᠢ᠋ ᠳᠠᠷᠤᠯ᠎ᠠ᠃
2 ᠰᠠᠷ᠎ᠠ ᠶ᠋ᠢᠨ 7 ᠤ᠋ ᠡᠳᠦᠷ ᠤ᠋ᠨ 10 ᠴᠠᠭ ᠲᠤ᠌᠂ ᠦᠪᠦᠷ ᠮᠤᠩᠭᠤᠯ ᠤ᠋ᠨ ᠡᠨᠧᠷᠬᠢ ᠶ᠋ᠢᠨ ᠬᠠᠩᠭᠠᠯᠭ᠎ᠠ ᠶ᠋ᠢ ᠪᠠᠳᠤᠯᠠᠬᠤ ᠪᠠ ᠠᠷᠠᠳ ᠤ᠋ᠨ ᠠᠮᠢᠳᠤᠷᠠᠯ ᠤ᠋ᠨ ᠬᠦᠷᠢᠶᠡᠨ ᠤ᠋ ᠭᠤᠤᠯᠳᠠᠯᠭᠠᠳᠤ ᠢᠨᠵᠧᠨᠧᠷᠢᠩ — ᠦᠪᠦᠷ ᠮᠤᠩᠭᠤᠯ ᠤ᠋ᠨ ᠡᠨᠧᠷᠬᠢ ᠶ᠋ᠢᠨ ᠪᠦᠯᠦᠭᠯᠡᠯ ᠤ᠋ᠨ ᠵᠢᠨᠱᠠᠨ ᠤ᠋ ᠢᠯᠴᠢ ᠶ᠋ᠢᠨ ᠴᠠᠬᠢᠯᠭᠠᠨ ᠤ᠋ ᠦᠢᠯᠡᠳᠪᠤᠷᠢ ᠶ᠋ᠢᠨ 2×100 ᠲᠦᠮᠡᠨ ᠺᠢᠯᠤᠸᠠᠲ ᠤ᠋ᠨ ᠨᠡᠭᠦᠷᠡᠰᠦ ᠪᠡᠷ ᠴᠠᠬᠢᠯᠭᠠᠨ ᠭᠠᠷᠭᠠᠬᠤ ᠬᠠᠮᠳᠤᠷᠠᠭᠰᠠᠨ ᠡᠵᠡᠩᠨᠡᠯᠳᠡ ᠶ᠋ᠢᠨ ᠦᠷᠭᠡᠳᠭᠡᠨ ᠪᠠᠢᠭᠤᠯᠬᠤ ᠲᠦᠷᠦᠯ ᠵᠦᠢᠯ ᠤ᠋ᠨ 6 ᠳ᠋ᠤᠭᠠᠷ ᠨᠤᠮᠧᠷᠳᠦ ᠮᠠᠰᠢᠨ ᠴᠤᠭᠴᠠᠯᠠᠪᠤᠷᠢ 168 ᠴᠠᠭ ᠤ᠋ᠨ ᠪᠦᠬᠦ ᠳᠠᠭᠠᠭᠠᠴᠠ ᠪᠡᠷ ᠠᠵᠢᠯᠯᠠᠬᠤ ᠰᠤᠷᠢᠯᠳᠠ ᠶ᠋ᠢ ᠠᠮᠵᠢᠯᠳᠠ ᠲᠠᠢ ᠪᠡᠶᠡᠯᠡᠭᠦᠯᠵᠦ᠂ ᠬᠤᠳᠠᠯᠳᠤᠭᠠᠨ ᠤ᠋ ᠡᠵᠡᠩᠨᠡᠯᠳᠡ ᠶ᠋ᠢᠨ ᠱᠠᠳᠤᠨ ᠳ᠋ᠤ ᠰᠢᠯᠵᠢᠪᠡ᠃ ᠡᠨᠡ ᠨᠢ ᠵᠢᠨᠱᠠᠨ ᠤ᠋ ᠢᠯᠴᠢ ᠶ᠋ᠢᠨ ᠴᠠᠬᠢᠯᠭᠠᠨ ᠤ᠋ ᠦᠢᠯᠡᠳᠪᠤᠷᠢ ᠶ᠋ᠢᠨ ᠭᠤᠷᠪᠠᠳᠤᠭᠠᠷ ᠬᠤᠭᠤᠴᠠᠭᠠᠨ ᠤ᠋ ᠲᠦᠷᠦᠯ ᠵᠦᠢᠯ ᠤ᠋ᠨ 5 ᠳ᠋ᠤᠭᠠᠷ ᠪᠠ 6 ᠳ᠋ᠤᠭᠠᠷ ᠨᠤᠮᠧᠷᠳᠦ ᠮᠠᠰᠢᠨ ᠴᠤᠭᠴᠠᠯᠠᠪᠤᠷᠢ ᠴᠦᠮ ᠠᠰᠢᠭᠯᠠᠯᠳᠠ ᠳ᠋ᠤ ᠤᠷᠤᠵᠤ ᠴᠠᠬᠢᠯᠭᠠᠨ ᠭᠠᠷᠭᠠᠬᠤ ᠪᠤᠯᠤᠭᠰᠠᠨ ᠢ᠋ ᠬᠠᠷᠠᠭᠤᠯᠵᠤ ᠪᠠᠢᠨ᠎ᠠ᠃
2025 ᠤᠨ ᠪᠤᠯᠳᠠᠯ᠎ᠠ᠂ ᠦᠪᠦᠷ ᠮᠤᠩᠭᠤᠯ ᠤ᠋ᠨ ᠴᠠᠬᠢᠯᠭᠠᠨ ᠭᠠᠷᠭᠠᠯᠳᠠ ᠶ᠋ᠢᠨ ᠬᠡᠮᠵᠢᠶ᠎ᠠ ᠪᠦᠬᠦ ᠤᠯᠤᠰ ᠲᠤ᠌ 10 ᠵᠢᠯ ᠭᠠᠷᠤᠢ ᠮᠠᠩᠯᠠᠢᠯᠠᠵᠠᠢ᠃ 2025 ᠤᠨ ᠤ᠋ ᠪᠦᠬᠦ ᠵᠢᠯ ᠳ᠋ᠤ ᠪᠦᠬᠦ ᠤᠷᠤᠨ ᠤ᠋ ᠰᠢᠨ᠎ᠠ ᠡᠨᠧᠷᠬᠢ ᠶ᠋ᠢᠨ ᠮᠠᠰᠢᠨ ᠴᠤᠭᠴᠠᠯᠠᠪᠤᠷᠢ ᠵᠢᠨ ᠬᠡᠪᠴᠢᠶ᠎ᠠ 3500 ᠲᠦᠮᠡᠨ ᠺᠢᠯᠤᠸᠠᠲ ᠰᠢᠨ᠎ᠠ ᠪᠡᠷ ᠨᠡᠮᠡᠭᠳᠡᠵᠦ᠂ 900 ᠳ᠋ᠦᠩᠰᠢᠭᠤᠷ ᠺᠢᠯᠤᠸᠠᠲ ᠴᠠᠭ ᠪᠤᠬᠢᠷᠳᠦᠯ ᠦᠭᠡᠢ ᠴᠠᠬᠢᠯᠭᠠᠨ ᠢ᠋ ᠭᠠᠳᠠᠭᠰᠢ ᠬᠦᠷᠭᠡᠵᠦ᠂ 2024 ᠤᠨ ᠤ᠋ ᠬᠢ ᠡᠴᠡ 40% ᠪᠡᠷ ᠨᠡᠮᠡᠭᠳᠡᠪᠡ᠃
2026 ᠤᠨ ᠤ᠋ ᠡᠬᠢᠨ ᠳ᠋ᠤ᠂ ᠤᠯᠤᠰ ᠤ᠋ᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠬᠢᠨ ᠡᠨᠧᠷᠬᠢ ᠶ᠋ᠢᠨ ᠬᠦᠷᠢᠶᠡᠨ ᠤ᠋ ᠠᠯᠢ ᠤᠯᠠᠨ ᠲᠦᠷᠦ ᠶ᠋ᠢᠨ ᠪᠤᠳᠤᠯᠭ᠎ᠠ ᠶ᠋ᠢᠨ ᠴᠢᠨᠠᠷᠳᠠᠢ ᠪᠢᠴᠢᠭ ᠮᠠᠲᠧᠷᠢᠶᠠᠯ ᠢ᠋ ᠤᠷᠢᠳ ᠬᠤᠵᠢᠳ ᠨᠡᠢᠳᠡᠯᠡᠵᠦ᠂ 2030 ᠤᠨ ᠪᠤᠯᠬᠤ ᠳ᠋ᠤ ᠰᠢᠨ᠎ᠠ ᠪᠡᠷ ᠨᠡᠮᠡᠭᠳᠡᠬᠦ ᠴᠠᠬᠢᠯᠭᠠᠨ ᠤ᠋ ᠬᠡᠷᠡᠭᠴᠡᠭᠡ ᠶ᠋ᠢ ᠭᠤᠤᠯᠳᠠᠭᠤ ᠰᠢᠨ᠎ᠠ ᠪᠡᠷ ᠨᠡᠮᠡᠭᠳᠡᠭᠦᠯᠦᠭᠰᠡᠨ ᠰᠢᠨ᠎ᠠ ᠡᠨᠧᠷᠬᠢ ᠶ᠋ᠢᠨ ᠴᠠᠬᠢᠯᠭᠠᠨ ᠭᠠᠷᠭᠠᠯᠳᠠ ᠪᠡᠷ ᠬᠠᠩᠭᠠᠨ᠎ᠠ ᠭᠡᠵᠦ ᠲᠤᠳᠤᠷᠬᠠᠢ ᠳᠤᠷᠠᠳᠴᠠᠢ᠃

ᠰᠢᠨ᠎ᠠ ᠠᠵᠠ ᠳᠤᠬᠢᠶᠠᠯ ᠢ᠋ ᠠᠮᠵᠢᠵᠤ ᠠᠳᠬᠤᠬᠤ ᠬᠡᠷᠡᠭᠳᠠᠢ᠃ 2026 ᠤᠨ ᠡᠴᠡ ᠨᠠᠭᠠᠰᠢ᠂ ᠦᠪᠦᠷ ᠮᠤᠩᠭᠤᠯ ᠤ᠋ᠨ ᠠᠯᠢ ᠤᠯᠠᠨ ᠰᠢᠨ᠎ᠠ ᠡᠨᠧᠷᠬᠢ ᠶ᠋ᠢᠨ ᠲᠦᠷᠦᠯ ᠵᠦᠢᠯ ᠱᠠᠯᠠᠪᠳᠠᠨ ᠠᠬᠢᠵᠤ ᠴᠠᠬᠢᠯᠭᠠᠨ ᠲᠤᠤᠷ ᠲᠤ᠌ ᠤᠷᠤᠯ᠎ᠠ᠄ 1 ᠰᠠᠷ᠎ᠠ ᠶ᠋ᠢᠨ 2 ᠤ᠋ᠨ ᠡᠳᠦᠷ᠂ ᠬᠤᠸᠠ ᠨᠧᠩ ᠪᠦᠯᠦᠭᠯᠡᠯ ᠤ᠋ᠨ ᠦᠪᠦᠷ ᠮᠤᠩᠭᠤᠯ ᠤ᠋ᠨ ᠵᠡᠭᠦᠨ ᠪᠡᠶ᠎ᠠ ᠶ᠋ᠢᠨ ᠢᠮᠢᠨ ᠤ᠋ ᠭᠦᠶᠦᠳᠡᠯ ᠰᠤᠯᠢᠬᠤ ᠦᠷᠳᠡᠭᠡ ᠡᠴᠡ ᠬᠠᠷᠠᠮᠦ᠋ᠷᠡᠨ ᠮᠤᠵᠢ ᠶ᠋ᠢᠨ ᠮᠤ᠌ ᠯᠢᠩ ᠤ᠋ᠨ ᠭᠦᠶᠦᠳᠡᠯ ᠰᠤᠯᠢᠬᠤ ᠦᠷᠳᠡᠭᠡ ᠬᠦᠷᠬᠦ ᠳᠤᠭᠳᠠᠮᠠᠯ ᠭᠦᠶᠦᠳᠡᠯᠳᠦ ᠴᠠᠬᠢᠯᠭᠠᠨ ᠢ᠋ ᠶᠡᠬᠡ ᠬᠢᠩᠭᠠᠨ ᠳᠠᠪᠠᠭ᠎ᠠ ᠶ᠋ᠢᠨ ᠵᠡᠭᠦᠨ ᠪᠡᠶ᠎ᠠ ᠡᠴᠡ ᠭᠠᠳᠠᠭᠰᠢ ᠬᠦᠷᠭᠡᠬᠦ ᠱᠤᠭᠤᠮ ᠤ᠋ᠨ ᠬᠤᠶᠠᠳᠤᠭᠠᠷ ᠬᠤᠭᠤᠴᠠᠭᠠᠨ ᠤ᠋ ᠢᠨᠵᠧᠨᠧᠷᠢᠩ ᠤ᠋ᠨ 100 ᠲᠦᠮᠡᠨ ᠺᠢᠯᠤᠸᠠᠲ ᠤ᠋ᠨ ᠰᠠᠭᠤᠷᠢᠨ ᠤ᠋ ᠲᠦᠷᠦᠯ ᠵᠦᠢᠯ ᠢ᠋ ᠪᠠᠢᠭᠤᠯᠵᠤ ᠳᠠᠭᠤᠰᠤᠭᠠᠳ ᠲᠤᠤᠷ ᠲᠤ᠌ ᠵᠠᠯᠭᠠᠨ ᠴᠠᠬᠢᠯᠭᠠᠨ ᠭᠠᠷᠭᠠᠵᠤ ᠡᠬᠢᠯᠡᠨ᠂ ᠵᠢᠯ ᠤ᠋ᠨ ᠴᠠᠬᠢᠯᠭᠠᠨ ᠭᠠᠷᠭᠠᠬᠤ ᠬᠡᠮᠵᠢᠶ᠎ᠠ ᠨᠢ 26.5 ᠳ᠋ᠦᠩᠰᠢᠭᠤᠷ ᠺᠢᠯᠤᠸᠠᠲ ᠴᠠᠭ ᠲᠤ᠌ ᠬᠦᠷᠬᠦ ᠪᠤᠯᠤᠨ᠎ᠠ; ᠬᠦᠯᠦᠨ ᠪᠤᠢᠷ ᠬᠤᠳᠠ ᠶ᠋ᠢᠨ ᠴᠤᠷ ᠤ᠋ᠨ ᠭᠠᠭᠴᠠ ᠲᠤᠰᠠᠭᠠᠷ ᠡᠨᠧᠷᠬᠢ ᠨᠦᠭᠡᠴᠡᠯᠡᠬᠦ ᠲᠦᠷᠦᠯ ᠵᠦᠢᠯ — ᠠᠷᠤᠨ ᠬᠤᠰᠢᠭᠤᠨ ᠤ᠋ 100 ᠲᠦᠮᠡᠨ ᠺᠢᠯᠤᠸᠠᠲ / 400 ᠲᠦᠮᠡᠨ ᠺᠢᠯᠤᠸᠠᠲ ᠴᠠᠭ ᠤ᠋ᠨ ᠴᠠᠬᠢᠯᠭᠠᠨ ᠲᠤᠤᠷ ᠪᠠᠢᠭᠤᠯᠬᠤ ᠬᠡᠯᠪᠡᠷᠢ ᠶ᠋ᠢᠨ ᠨᠦᠭᠡᠴᠡ ᠡᠨᠧᠷᠬᠢ ᠶ᠋ᠢᠨ ᠲᠦᠷᠦᠯ ᠵᠦᠢᠯ ᠢ᠋ ᠲᠦᠷᠦᠭᠦᠬᠡᠨ ᠪᠠᠢᠭᠤᠯᠵᠤ ᠳᠠᠭᠤᠰᠤᠭᠠᠳ ᠠᠰᠢᠭᠯᠠᠯᠳᠠ ᠳ᠋ᠤ ᠤᠷᠤᠭᠤᠯᠵᠤ᠂ ᠵᠢᠯ ᠤ᠋ᠨ 12 ᠳ᠋ᠦᠩᠰᠢᠭᠤᠷ ᠺᠢᠯᠤᠸᠠᠲ ᠴᠠᠭ ᠤ᠋ᠨ ᠴᠡᠪᠡᠷ ᠡᠨᠧᠷᠬᠢ ᠶ᠋ᠢᠨ ᠴᠠᠬᠢᠯᠭᠠᠨ ᠢ᠋ ᠢᠯᠡᠭᠦᠦ ᠰᠢᠩᠭᠡᠭᠡᠬᠦ ᠴᠢᠳᠠᠪᠤᠷᠢ ᠶ᠋ᠢ ᠪᠦᠷᠢᠳᠦᠭᠦᠯᠦᠨ᠂ ᠦᠪᠦᠷ ᠮᠤᠩᠭᠤᠯ ᠤ᠋ᠨ ᠵᠡᠭᠦᠨ ᠪᠡᠶ᠎ᠠ ᠶ᠋ᠢᠨ ᠭᠠᠵᠠᠷ ᠤᠷᠤᠨ ᠤ᠋ ᠰᠢᠨ᠎ᠠ ᠡᠨᠧᠷᠬᠢ ᠶ᠋ᠢ ᠨᠡᠭᠡᠭᠡᠨ ᠬᠦᠭᠵᠢᠭᠦᠯᠬᠦ ᠳ᠋ᠤ ᠡᠷᠴᠢᠮᠳᠠᠢ ᠲᠤᠯᠭᠠᠭᠤᠷᠢᠯᠠᠯ ᠬᠠᠩᠭᠠᠪᠠ᠃
ᠲᠦᠷᠦᠯ ᠵᠦᠢᠯ ᠤᠯᠠᠨ ᠴᠡᠭ ᠲᠤ᠌ ᠰᠢᠪᠳᠤᠯᠤᠯᠳᠠ ᠲᠠᠢ ᠪᠤᠯᠬᠤ ᠶ᠋ᠢ ᠳᠠᠭᠠᠯᠳᠤᠨ᠂ ᠦᠪᠦᠷ ᠮᠤᠩᠭᠤᠯ ᠰᠢᠨ᠎ᠠ ᠡᠨᠧᠷᠬᠢ ᠶ᠋ᠢ ᠨᠡᠭᠡᠭᠡᠨ ᠬᠦᠭᠵᠢᠭᠦᠯᠬᠦ ᠶᠠᠰᠤ ᠴᠢᠨᠠᠷ ᠦᠷ᠎ᠠ ᠪᠦᠲᠦᠮᠵᠢ ᠶ᠋ᠢ ᠬᠦᠴᠦᠯᠡᠨ ᠳᠡᠭᠡᠭᠰᠢᠯᠡᠭᠦᠯᠵᠤ᠂ ᠰᠢᠨ᠎ᠠ ᠬᠠᠷᠠᠯᠳᠠ ᠶ᠋ᠢ ᠪᠡᠶᠡᠯᠡᠭᠦᠯᠬᠦ ᠪᠡᠷ ᠮᠡᠷᠡᠢᠵᠦ ᠡᠬᠢᠯᠡᠪᠡ᠄ 2026 ᠤᠨ ᠳ᠋ᠤ ᠴᠠᠬᠢᠯᠭᠠᠨ ᠳᠤᠤᠷ ᠲᠤ᠌ ᠤᠷᠤᠭᠤᠯᠤᠭᠰᠠᠨ ᠰᠢᠨ᠎ᠠ ᠡᠨᠧᠷᠬᠢ ᠶ᠋ᠢᠨ ᠮᠠᠰᠢᠨ ᠴᠤᠭᠴᠠᠯᠠᠪᠤᠷᠢ ᠶ᠋ᠢᠨ ᠬᠡᠪᠴᠢᠶ᠎ᠡ ᠵᠢ 3000 ᠲᠦᠮᠡᠨ ᠺᠢᠯᠤᠸᠠᠲ ᠢ᠋ ᠳᠠᠪᠠᠭᠤᠯᠵᠤ᠂ ᠮᠠᠰᠢᠨ ᠴᠤᠭᠴᠠᠯᠠᠪᠤᠷᠢ ᠶ᠋ᠢᠨ ᠶᠡᠷᠦᠩᠬᠡᠢ ᠪᠠᠭᠳᠠᠭᠠᠮᠵᠢ ᠶ᠋ᠢ 2 ᠳ᠋ᠦᠩᠰᠢᠭᠤᠷ ᠺᠢᠯᠤᠸᠠᠲ ᠢ᠋ ᠳᠠᠪᠠᠭᠤᠯᠤᠨ᠎ᠠ; ᠬᠦᠪᠴᠢ ᠶ᠋ᠢᠨ ᠡᠯᠡᠰᠦ ᠡᠴᠡ ᠾᠧᠪᠧᠢ᠂ ᠱᠠᠩᠬᠠᠢ ᠵᠡᠷᠭᠡ ᠭᠠᠵᠠᠷ ᠲᠤ᠌ ᠴᠠᠬᠢᠯᠭᠠᠨ ᠬᠦᠷᠭᠡᠬᠦ 《ᠡᠯᠡᠰᠦᠨ ᠴᠦᠯ ᠭᠤᠪᠢ ᠨᠤᠳᠤᠭ ᠴᠦᠯᠯᠡᠷᠬᠡᠭ ᠤᠷᠤᠨ》 ᠤ᠋ ᠰᠠᠭᠤᠷᠢᠨ ᠤ᠋ ᠪᠦᠲᠦᠭᠡᠨ ᠪᠠᠢᠭᠤᠯᠤᠯᠳᠠ ᠶ᠋ᠢ ᠲᠦᠷᠭᠡᠳᠭᠡᠵᠦ ᠂ ᠲᠠᠯ᠎ᠠ ᠨᠤᠳᠤᠭ ᠤ᠋ᠨ ᠰᠠᠯᠬᠢᠨ ᠬᠦᠴᠦ ᠪᠠ ᠬᠡᠷᠡᠯᠴᠢ ᠴᠡᠨᠡᠭ ᠤ᠋ᠨ ᠴᠠᠬᠢᠯᠭᠠᠨ ᠶ᠋ᠢᠡᠷ ᠠᠯᠤᠰ ᠬᠤᠯᠠ ᠶ᠋ᠢᠨ ᠠᠯᠢ ᠤᠯᠠᠨ ᠬᠤᠳᠠ ᠶ᠋ᠢ ᠭᠡᠷᠡᠯᠳᠦᠭᠦᠯᠤᠨᠠ; ᠪᠦᠬᠦ ᠤᠯᠤᠰ ᠤ᠋ᠨ ᠨᠦᠭᠡᠴᠡ ᠡᠨᠧᠷᠬᠢ ᠶ᠋ᠢᠨ ᠰᠠᠭᠤᠷᠢᠨ ᠢ᠋ ᠴᠤᠭᠴᠠᠯᠠᠵᠤ᠂ ᠰᠢᠨ᠎ᠠ ᠬᠡᠯᠪᠡᠷᠢ ᠶ᠋ᠢᠨ ᠨᠦᠭᠡᠴᠡ ᠡᠨᠧᠷᠬᠢ ᠶ᠋ᠢ 2500 ᠲᠦᠮᠡᠨ ᠺᠢᠯᠤᠸᠠᠲ ᠲᠤ᠌ ᠬᠦᠷᠭᠡᠨ᠎ᠠ; ᠪᠤᠬᠢᠷᠳᠦᠯ ᠦᠭᠡᠢ ᠤᠰᠤᠳ᠋ᠦ᠋ᠷᠦᠭᠴᠢ ᠡᠨᠧᠷᠬᠢ ᠶ᠋ᠢᠨ ᠪᠠᠢᠷᠢᠰᠢᠭᠤᠯᠤᠯᠳᠠ ᠶ᠋ᠢ ᠰᠢᠯᠢᠳᠡᠭᠵᠢᠭᠦᠯᠵᠦ᠂ ᠪᠦᠬᠦ ᠤᠯᠤᠰ ᠲᠤ᠌ ᠬᠤᠰᠢᠭᠤᠷᠠᠬᠤ ᠪᠡᠷ ᠬᠦᠴᠦᠯᠡᠨ ᠴᠢᠷᠮᠠᠢᠨ᠎ᠠ᠃

2026 ᠤᠨ ᠤ᠋ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ 《 ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ 》 ᠳ᠋ᠤ 《ᠤᠯᠠᠮᠵᠢᠯᠠᠯᠳᠤ ᠠᠵᠤ ᠦᠢᠯᠡᠰ ᠤ᠋ᠨ ᠶᠠᠰᠤ ᠴᠢᠨᠠᠷ ᠢ᠋ ᠳᠡᠭᠡᠭᠰᠢᠯᠡᠬᠦᠯᠦᠨ ᠳᠡᠰ ᠳᠡᠪᠰᠢᠬᠦ ᠶ᠋ᠢ ᠳᠦᠷᠭᠡᠳᠭᠡᠨ᠎ᠠ》 ᠂ 《 ᠰᠢᠨ᠎ᠠ ᠪᠡᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶ᠋ᠢᠨ ᠠᠵᠤ ᠦᠢᠯᠡᠰ ᠢ᠋ ᠬᠦᠭᠵᠢᠭᠦᠯᠦᠨ ᠪᠤᠵᠠᠭᠠᠢᠷᠠᠭᠤᠯᠤᠨᠠ》 ᠭᠡᠬᠦ ᠵᠡᠷᠭᠡ ᠪᠡᠷ ᠦᠪᠦᠷ ᠮᠤᠩᠭᠤᠯ ᠤ᠋ᠨ ᠠᠵᠤ ᠦᠢᠯᠡᠰ ᠤ᠋ᠨ ᠬᠦᠭᠵᠢᠯᠳᠡ ᠶ᠋ᠢᠨ ᠵᠠᠮ ᠱᠤᠭᠤᠮ ᠢ᠋ ᠲᠤᠳᠤᠷᠬᠠᠢ ᠵᠢᠷᠤᠭᠯᠠᠵᠠᠢ᠃ ᠪᠤᠬᠢᠷᠳᠦᠯ ᠦᠭᠡᠢ ᠳᠡᠢᠰᠢ ᠤᠷᠤᠭᠰᠢᠯᠠᠨ᠎ᠠ᠂ ᠦᠨᠳᠦᠷ ᠳᠡᠢᠰᠢ ᠴᠡᠷᠢᠭᠯᠡᠨᠠ᠂ ᠰᠢᠨ᠎ᠠ ᠳᠡᠢᠰᠢ ᠡᠷᠡᠮᠡᠬᠡᠢᠯᠡᠨ ᠤᠷᠤᠭᠰᠢᠯᠠᠨ᠎ᠠ᠂ ᠦᠪᠦᠷ ᠮᠤᠩᠭᠤᠯ ᠶᠠᠭ ᠤᠷᠤᠨ ᠨᠤᠳᠤᠭ ᠤ᠋ᠨ ᠤᠨᠴᠠᠯᠢᠭ ᠳᠠᠪᠠᠭᠤᠯᠢᠭ ᠢ᠋ ᠢᠯᠡᠷᠡᠭᠦᠯᠵᠦ ᠪᠤᠯᠬᠤᠢᠴᠠ ᠤᠳᠤᠬᠢᠴᠢᠯᠠᠭᠰᠠᠨ ᠠᠵᠤ ᠦᠢᠯᠡᠰ ᠤ᠋ᠨ ᠰᠢᠰᠲ᠋ᠧᠮ ᠢ᠋ ᠱᠠᠯᠠᠪᠳᠠᠨ ᠪᠦᠲᠦᠭᠡᠨ ᠪᠠᠢᠭᠤᠯᠵᠤ ᠪᠠᠢᠨ᠎ᠠ᠃
ᠬᠦᠬᠡᠬᠤᠳᠠ ᠶ᠋ᠢᠨ ᠲᠡᠭᠦᠷᠭᠡ ᠶ᠋ᠢᠨ ᠳᠤᠮᠳᠠᠳᠤ ᠤᠯᠤᠰ ᠤ᠋ᠨ ᠬᠤᠸᠠ ᠳ᠋ᠢᠶᠠᠨ ᠪᠦᠯᠦᠭᠯᠡᠯ ᠤ᠋ᠨ ᠰᠠᠯᠬᠢᠨ ᠬᠦᠴᠦ ᠭᠡᠷᠡᠯᠴᠢ ᠴᠡᠨᠡᠭ ᠤ᠋ᠨ ᠴᠠᠬᠢᠯᠭᠠᠨ ᠨᠦᠭᠡᠴᠡᠯᠡᠬᠦ ᠦᠷᠳᠡᠭᠡ ᠳ᠋ᠤ 48 ᠰᠠᠭᠤᠷᠢ ᠲᠤᠮᠤ ᠬᠡᠯᠪᠡᠷᠢ ᠶ᠋ᠢᠨ ᠴᠠᠬᠢᠯᠭᠠᠨ ᠰᠡᠩᠰᠡ ᠲᠠᠰᠤᠷᠠᠯᠳᠠ ᠦᠭᠡᠢ ᠡᠷᠬᠢᠯᠳᠦᠬᠦ ᠵᠠᠭᠤᠷ᠎ᠠ ᠬᠢᠵᠠᠭᠠᠯᠠᠰᠢ ᠦᠭᠡᠢ ᠰᠠᠯᠬᠢᠨ ᠬᠦᠴᠦᠨ ᠤ᠋ ᠡᠨᠧᠷᠬᠢ ᠨᠢ ᠪᠤᠬᠢᠷᠳᠦᠯ ᠦᠭᠡᠢ ᠴᠠᠬᠢᠯᠭᠠᠨ ᠪᠤᠯᠵᠤ ᠬᠤᠪᠢᠷᠠᠨ ᠂ ᠴᠡᠭ ᠡᠴᠡ ᠴᠡᠭ ᠲᠤ᠌ ᠰᠢᠭᠤᠳ ᠬᠦᠷᠬᠦ ᠬᠡᠯᠪᠡᠷᠢ ᠪᠡᠷ ᠪᠤᠳᠤᠯᠳᠠ ᠶ᠋ᠢᠨ ᠬᠦᠴᠦᠨ ᠤ᠋ ᠠᠵᠤ ᠠᠬᠤᠢᠯᠠᠯ ᠤ᠋ᠨ ᠴᠠᠬᠢᠯᠭᠠᠨ ᠤ᠋ ᠬᠡᠷᠡᠭᠴᠡᠭᠡ ᠶ᠋ᠢ ᠬᠠᠩᠭᠠᠨ᠎ᠠ᠃ 《 2026 ᠤᠨ ᠳ᠋ᠤ ᠦᠪᠦᠷ ᠮᠤᠩᠭᠤᠯ ᠪᠤᠬᠢᠷᠳᠦᠯ ᠦᠭᠡᠢ ᠪᠤᠳᠤᠯᠳᠠ ᠶ᠋ᠢᠨ ᠬᠦᠴᠦᠨ᠂ ᠰᠢᠨ᠎ᠠ ᠡᠨᠧᠷᠬᠢ ᠶ᠋ᠢᠨ ᠲᠤᠨᠤᠭᠯᠠᠯ᠂ ᠦᠢᠷ᠎ᠠ ᠤᠭᠳᠠᠷᠭᠤᠢ ᠶ᠋ᠢᠨ ᠠᠵᠤ ᠠᠬᠤᠢ ᠵᠡᠷᠭᠡ ᠰᠢᠨ᠎ᠠ ᠠᠬᠤᠢ ᠲᠠᠯᠠᠪᠤᠷ ᠤ᠋ᠨ ᠰᠢᠨ᠎ᠠ ᠤᠷᠤᠯᠳᠤᠭᠠᠨ ᠤ᠋ ᠵᠠᠮ ᠤ᠋ᠨ ᠪᠠᠢᠷᠢᠰᠢᠭᠤᠯᠤᠯᠳᠠ ᠶ᠋ᠢ ᠭᠤᠤᠯᠳᠠᠯᠭ᠎ᠠ ᠲᠠᠢ ᠠᠳᠬᠤᠨ᠎ᠠ᠃ ᠬᠤᠷᠢᠨᠭᠡᠷ ᠤ᠋ᠨ ᠳ᠋ᠠᠢᠲ᠋ᠠ ᠶ᠋ᠢᠨ ᠲᠦᠪ ᠤ᠋ᠨ ᠪᠦᠯᠦᠭᠵᠢᠯ ᠤ᠋ᠨ ᠪᠦᠲᠦᠭᠡᠨ ᠪᠠᠢᠭᠤᠯᠤᠯᠳᠠ ᠶ᠋ᠢ ᠳᠦᠷᠭᠡᠳᠭᠡᠨ᠂ ᠤᠯᠠᠭᠠᠨᠴᠠᠪ ᠤ᠋ᠨ ᠳ᠋ᠠᠢᠲ᠋ᠠ ᠶ᠋ᠢᠨ ᠲᠦᠪ ᠤ᠋ᠨ ᠤᠷᠤᠨ ᠲᠤᠭᠤᠷᠢᠭ ᠯᠤᠭ᠎ᠠ ᠴᠢᠬᠤᠯᠠ ᠬᠦᠴᠦᠨ ᠵᠦᠢᠯ ᠳᠡᠭᠡᠷ᠎ᠠ ᠬᠠᠷᠢᠯᠴᠠᠨ ᠨᠦᠬᠦᠪᠤᠷᠢᠯᠡᠬᠦ ᠂ ᠬᠠᠷᠢᠯᠴᠠᠨ ᠬᠠᠮᠵᠢᠯᠴᠠᠨ ᠬᠤᠯᠪᠤᠭᠠᠯᠠᠨ ᠬᠦᠳᠡᠯᠦᠯᠴᠡᠬᠦ ᠶ᠋ᠢ ᠠᠬᠢᠭᠤᠯᠵᠤ᠂ ᠪᠦᠬᠦ ᠤᠯᠤᠰ ᠲᠤ᠌ ᠬᠤᠰᠢᠭᠤᠷᠠᠬᠤ ᠪᠤᠬᠢᠷᠳᠦᠯ ᠦᠭᠡᠢ ᠪᠤᠳᠤᠯᠳᠠ ᠶ᠋ᠢᠨ ᠬᠦᠴᠦᠨ ᠪᠠ ᠲᠤᠭᠠᠴᠢᠯᠠᠭᠰᠠᠨ ᠠᠵᠤ ᠦᠢᠯᠡᠰ ᠤ᠋ᠨ ᠪᠦᠭᠡᠮᠨᠡᠷᠡᠯ ᠲᠤᠭᠤᠷᠢᠭ ᠢ᠋ ᠪᠦᠬᠦ ᠬᠦᠴᠦᠨ ᠶ᠋ᠢᠡᠷ ᠴᠤᠭᠴᠠᠯᠠᠨ᠎ᠠ 》 ᠭᠡᠵᠦ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡ ᠶ᠋ᠢᠨ ᠠᠯᠪᠠᠨ ᠭᠡᠷ ᠤ᠋ᠨ 2 ᠰᠠᠷ᠎ᠠ ᠶ᠋ᠢᠨ 10 ᠤ᠋ ᠡᠳᠦᠷ ᠡᠷᠬᠢᠯᠡᠨ ᠬᠢᠭᠰᠡᠨ 《〈1571〉 ᠠᠵᠢᠯ ᠤ᠋ᠨ ᠪᠠᠢᠷᠢᠯᠠᠭᠤᠯᠤᠯᠳᠠ ᠶ᠋ᠢ ᠲᠤᠭᠤᠰᠢᠯᠠᠭᠤᠯᠵᠤ ᠦᠪᠦᠷ ᠮᠤᠩᠭᠤᠯ ᠤ᠋ᠨ ᠴᠢᠨᠠᠷ ᠰᠠᠢᠳᠠᠢ ᠬᠦᠭᠵᠢᠯᠳᠡ ᠶ᠋ᠢ ᠠᠬᠢᠭᠤᠯᠬᠤ》 ᠰᠢᠷᠢᠰ ᠭᠤᠤᠯ ᠰᠡᠳᠦᠪᠳᠤ ᠰᠤᠨᠢᠨ ᠮᠡᠳᠡᠭᠡ ᠨᠡᠢᠳᠡᠯᠡᠬᠦ ᠬᠤᠷᠠᠯ ᠳ᠋ᠤ ᠲᠠᠨᠢᠯᠴᠠᠭᠤᠯᠪᠠ᠃
ᠬᠤᠯᠪᠤᠭᠠᠯᠠᠨ ᠬᠢᠨᠠᠵᠤ ᠬᠤᠯᠪᠤᠭᠠᠯᠠᠨ ᠵᠦᠪᠰᠢᠶᠡᠷᠡᠵᠤ ᠬᠠᠷᠰᠢ ᠰᠠᠭᠠᠳ ᠢ᠋ ᠠᠷᠢᠯᠭᠠᠨ ᠠᠶᠠᠯᠠᠯ ᠢ᠋ ᠬᠠᠮᠠᠭᠠᠯᠠᠨ᠎ᠠ
— ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ ᠠᠬᠢᠴᠠ ᠵᠢ ᠲᠠᠰᠤᠷᠠᠯᠳᠠ ᠦᠭᠡᠢ ᠲᠦᠷᠬᠡᠳᠬᠡᠪᠡ
ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠲᠠᠰᠤᠷᠠᠯᠳᠠ ᠦᠭᠡᠢ ᠰᠢᠯᠢᠳᠡᠭᠵᠢᠭᠦᠯᠵᠦ᠂ ᠠᠵᠤ ᠠᠬᠤᠢᠯᠠᠯ ᠤ᠋ᠨ ᠬᠦᠭᠵᠢᠯᠳᠡ ᠶ᠋ᠢᠨ ᠬᠦᠷᠦᠰᠦ ᠰᠢᠷᠤᠢ ᠶ᠋ᠢ ᠲᠠᠰᠤᠷᠠᠯᠳᠠ ᠦᠭᠡᠢ ᠰᠢᠮᠡᠵᠢᠭᠦᠯᠬᠦ ᠪᠤᠯ ᠴᠢᠬᠤᠯᠠ ᠠᠵᠢᠯ ᠶᠤᠮ ᠃ 2025 ᠤᠨ ᠤ᠋ ᠰᠡᠭᠦᠯᠴᠢ ᠪᠡᠷ᠂ ᠦᠪᠦᠷ ᠮᠤᠩᠭᠤᠯ ᠲᠦᠷᠦᠯ ᠵᠦᠢᠯ ᠢ᠋ ᠬᠢᠨᠠᠨ ᠵᠦᠪᠰᠢᠶᠡᠷᠡᠬᠦ ᠠᠵᠢᠯ ᠤ᠋ᠨ ᠲᠡᠭᠡᠭᠯᠡᠬᠦ ᠴᠡᠭ ᠢ᠋ ᠰᠢᠢᠳᠪᠤᠷᠢᠯᠡᠬᠦ ᠲᠤᠰᠬᠠᠢ ᠠᠵᠢᠯᠯᠠᠭ᠎ᠠ ᠶ᠋ᠢ ᠡᠬᠢᠯᠡᠭᠦᠯᠵᠦ᠂ ᠲᠦᠷᠦᠯ ᠵᠦᠢᠯ ᠢ᠋ ᠬᠢᠨᠠᠨ ᠵᠦᠪᠰᠢᠶᠡᠷᠡᠬᠦ ᠠᠵᠢᠯ ᠤ᠋ᠨ 《 ᠪᠢᠴᠢᠭ ᠮᠠᠲᠧᠷᠢᠶᠠᠯ ᠢ᠋ ᠪᠠᠭᠠᠰᠬᠠᠬᠤ᠂ ᠭᠤᠭᠴᠤᠭ᠎ᠠ ᠶ᠋ᠢ ᠪᠠᠭᠠᠰᠬᠠᠬᠤ᠂ ᠴᠠᠭ ᠤ᠋ᠨ ᠬᠢᠵᠠᠭᠠᠷ ᠢ᠋ ᠪᠤᠭᠤᠨᠢᠰᠬᠠᠬᠤ》 ᠠᠵᠢᠯᠯᠠᠭ᠎ᠠ ᠶ᠋ᠢ ᠭᠦᠨᠵᠡᠭᠡᠢ ᠦᠷᠨᠢᠭᠦᠯᠤᠨ᠂ ᠬᠢᠨᠡᠨ ᠵᠦᠪᠰᠢᠶᠡᠷᠡᠬᠦ ᠡᠷᠬᠡ ᠶ᠋ᠢ 《ᠳᠤᠷᠤᠭᠰᠢ ᠪᠠᠭᠤᠯᠭᠠᠵᠤ ᠪᠤᠯᠬᠤ ᠶ᠋ᠢ ᠨᠢ ᠴᠢᠳᠠᠬᠤ ᠶ᠋ᠢᠨ ᠲᠤᠳᠤᠷ᠎ᠠ ᠪᠠᠭᠤᠯᠭᠠᠬᠤ》 ᠶ᠋ᠢ ᠪᠡᠶᠡᠯᠡᠭᠦᠯᠵᠦ᠂ 《ᠨᠢᠭᠡ ᠳᠠᠪᠴᠠᠩ᠂ ᠳᠦᠷᠪᠡᠨ ᠨᠠᠷᠢᠨ ᠳᠠᠩᠰᠠ᠂ ᠨᠢᠭᠡ ᠳᠤᠭᠳᠠᠴᠠ》 ᠶ᠋ᠢᠨ ᠠᠵᠢᠯ ᠤ᠋ᠨ ᠰᠢᠰᠲ᠋ᠧᠮ ᠢ᠋ ᠪᠠᠢᠭᠤᠯᠬᠤ ᠪᠡᠷ ᠳᠠᠮᠵᠢᠨ ᠲᠦᠷᠦᠯ ᠵᠦᠢᠯ ᠢ᠋ ᠬᠢᠨᠠᠨ ᠵᠦᠪᠰᠢᠶᠡᠷᠡᠬᠦ ᠦᠷ᠎ᠠ ᠪᠦᠲᠦᠮᠵᠢ ᠶ᠋ᠢ ᠳᠡᠭᠡᠭᠰᠢᠯᠡᠭᠦᠯᠵᠦ᠂ ᠦᠨᠡᠨ ᠪᠤᠳᠠᠳᠠᠢ ᠦᠭᠡᠷᠡᠴᠢᠯᠡᠯᠳᠡ ᠶ᠋ᠢᠨ ᠠᠷᠭ᠎ᠠ ᠬᠡᠮᠵᠢᠶ᠎ᠠ ᠪᠡᠷ ᠠᠵᠤ ᠠᠬᠤᠢᠯᠠᠯ ᠢ᠋ ᠤᠴᠢᠷ ᠶᠠᠪᠤᠳᠠᠯ ᠶ᠋ᠢᠡᠨ ᠨᠡᠩ ᠰᠠᠨᠠᠭ᠎ᠠ ᠠᠮᠦᠷ ᠭᠦᠢᠴᠡᠳᠭᠡᠨ᠂ ᠲᠦᠷᠦᠯ ᠵᠦᠢᠯ ᠶ᠋ᠢᠡᠨ ᠨᠡᠩ ᠤᠷᠤᠭᠰᠢᠳᠠᠢ ᠠᠬᠢᠭᠤᠯᠬᠤ ᠪᠤᠯᠭᠠᠪᠠ᠃

ᠲᠤᠰᠬᠠᠢ ᠠᠵᠢᠯᠯᠠᠭ᠎ᠠ ᠳ᠋ᠡᠬᠢ ᠲᠦᠷᠦᠯ ᠵᠤᠢᠯ ᠢ᠋ ᠬᠤᠯᠪᠤᠭᠠᠯᠠᠨ ᠬᠢᠨᠠᠵᠤ ᠬᠤᠯᠪᠤᠭᠠᠯᠠᠨ ᠵᠦᠪᠰᠢᠶᠡᠷᠡᠬᠦ ᠠᠵᠢᠯ ᠪᠤᠯ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢ ᠳᠦᠷᠭᠡᠳᠭᠡᠬᠦ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠡᠭᠦᠨ ᠤ᠋ ᠲᠦᠯᠦᠭᠡ᠂ ᠦᠪᠦᠷ ᠮᠤᠩᠭᠤᠯ ᠬᠦᠨᠳᠡᠯᠡᠨ ᠴᠢᠭᠯᠡᠯ ᠪᠠ ᠭᠤᠯᠳᠤ ᠴᠢᠭᠯᠡᠯ ᠶ᠋ᠢᠡᠷ ᠪᠦᠬᠦ ᠲᠠᠯ᠎ᠠ ᠪᠡᠷ ᠬᠤᠯᠪᠤᠭᠠᠯᠠᠨ ᠬᠦᠳᠡᠯᠦᠯᠴᠡᠬᠦ ᠳᠤᠭᠳᠠᠴᠠ ᠶ᠋ᠢ ᠪᠠᠢᠭᠤᠯᠵᠠᠢ᠃ ᠭᠤᠯᠳᠤ ᠴᠢᠭᠯᠡᠯ ᠳ᠋ᠤ᠂ ᠭᠤᠷᠪᠠᠨ ᠱᠠᠳᠤᠨ ᠤ᠋ ᠰᠠᠯᠠᠭ᠎ᠠ ᠮᠦᠴᠢᠷ ᠬᠤᠯᠪᠤᠭᠠᠯᠨᠨ ᠬᠦᠳᠡᠯᠦᠯᠴᠡᠵᠤ᠂ ᠡᠯ᠎ᠠ ᠬᠢᠨᠡᠨ ᠵᠦᠪᠰᠢᠶᠡᠷᠡᠬᠦ ᠰᠠᠯᠠᠭ᠎ᠠ ᠮᠦᠴᠢᠷ ᠲᠤᠰ ᠲᠤᠰ ᠤ᠋ᠨ ᠬᠠᠷᠢᠭᠤᠴᠠᠯᠭ᠎ᠠ ᠪᠡᠨ ᠭᠦᠢᠴᠡᠳᠭᠡᠬᠦ ᠳᠦᠷᠢᠮ ᠢ᠋ ᠬᠡᠷᠡᠭᠵᠢᠭᠦᠯᠦᠨ᠂ ᠴᠢᠬᠤᠯᠠ ᠶᠡᠬᠡ ᠲᠦᠷᠦᠯ ᠵᠦᠢᠯ ᠨᠢᠭᠡᠪᠤᠷᠢ ᠶ᠋ᠢᠨ ᠭᠠᠷᠳᠠᠮ ᠤ᠋ᠨ ᠠᠬᠢᠴᠠ ᠶ᠋ᠢᠨ ᠪᠠᠢᠳᠠᠯ ᠢ᠋ ᠴᠠᠭ ᠳᠠᠷᠤᠢ ᠳ᠋ᠤᠨᠢ ᠡᠵᠡᠮᠰᠢᠵᠤ᠂ ᠬᠢᠨᠡᠨ ᠵᠦᠪᠰᠢᠶᠡᠷᠡᠬᠦ ᠨᠢᠭᠡᠴᠢ ᠶ᠋ᠢᠨ ᠬᠠᠷᠢᠭᠤᠴᠠᠯᠭ᠎ᠠ ᠶ᠋ᠢ ᠪᠤᠳᠠᠳᠠᠢᠵᠢᠭᠤᠯᠤᠨ᠂ ᠡᠮᠦᠨᠡᠬᠢ ᠬᠤᠭᠤᠴᠠᠭᠠᠨ ᠤ᠋ ᠭᠠᠷᠳᠠᠮ ᠤ᠋ᠳ ᠤ᠋ᠨ ᠶᠠᠰᠤ ᠴᠢᠨᠠᠷ ᠢ᠋ ᠳᠡᠭᠡᠭᠰᠢᠯᠡᠭᠦᠯᠪᠡ; ᠬᠦᠨᠳᠡᠯᠡᠨ ᠴᠢᠭᠯᠡᠯ ᠳ᠋ᠤ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠬᠤᠷᠰᠢᠨ ᠠᠵᠢᠯᠯᠠᠵᠤ᠂ ᠬᠠᠮᠳᠤ ᠪᠡᠷ ᠬᠢᠨᠡᠨ ᠪᠠᠢᠴᠠᠭᠠᠬᠤ᠂ ᠬᠠᠮᠳᠤ ᠪᠡᠷ ᠠᠬᠢᠭᠤᠯᠬᠤ ᠳᠦᠷᠢᠮ ᠢ᠋ ᠬᠡᠷᠡᠭᠵᠢᠭᠦᠯᠦᠨ᠂ ᠦ ᠰᠡᠪ ᠦᠭᠡᠢ ᠵᠤᠯᠭᠠᠭᠤᠯᠬᠤ ᠪᠡᠷ ᠬᠦᠴᠦᠯᠡᠨ ᠴᠢᠷᠮᠠᠢᠪᠠ᠃
ᠭᠦᠧᠧ ᠲᠢᠶᠠᠨ (ᠦᠪᠦᠷ ᠮᠤᠩᠭᠤᠯ) ᠰᠢᠨ᠎ᠠ ᠡᠨᠧᠷᠬᠢ ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠤᠪᠢ ᠡᠵᠡᠮᠳᠡᠭᠰᠡᠨ ᠪᠦᠯᠦᠭᠯᠡᠯ ᠺᠤᠮᠫᠠᠨᠢ ᠶ᠋ᠢᠨ ᠠᠯᠠᠱᠠ ᠶ᠋ᠢᠨ ᠳᠡᠭᠡᠳᠦ ᠰᠢᠨ᠎ᠠ ᠮᠡᠷᠭᠡᠵᠢᠯ ᠤ᠋ᠨ ᠲᠤᠭᠤᠷᠢᠭ ᠤ᠋ᠨ 20 ᠲᠦᠮᠡᠨ ᠺᠢᠯᠤᠸᠠᠲ / 80 ᠲᠦᠮᠡᠨ ᠺᠢᠯᠤᠸᠠᠲ ᠴᠠᠭ ᠤ᠋ᠨ ᠴᠠᠬᠢᠯᠭᠠᠨ ᠲᠤᠤᠷ ᠤ᠋ᠨ ᠲᠠᠯ᠎ᠠ ᠶ᠋ᠢᠨ ᠰᠢᠨ᠎ᠠ ᠬᠡᠯᠪᠡᠷᠢ ᠶ᠋ᠢᠨ ᠲᠤᠰᠠᠭᠠᠷ ᠡᠨᠧᠷᠬᠢ ᠨᠦᠭᠡᠴᠡᠯᠡᠬᠦ ᠴᠠᠬᠢᠯᠭᠠᠨ ᠦᠷᠳᠡᠭᠡ ᠶ᠋ᠢᠨ ᠲᠦᠷᠦᠯ ᠵᠦᠢᠯ ᠳ᠋ᠤ᠂ ᠠᠯᠠᠱᠠ ᠠᠢᠮᠠᠭ ᠤ᠋ᠨ ᠳᠡᠭᠡᠳᠦ ᠰᠢᠨ᠎ᠠ ᠮᠡᠷᠭᠡᠵᠢᠯ ᠤ᠋ᠨ ᠲᠤᠭᠤᠷᠢᠭ ᠤ᠋ᠨ ᠬᠢᠨ ᠬᠢᠨᠡᠨ ᠵᠦᠪᠰᠢᠶᠡᠷᠡᠬᠦ ᠠᠵᠢᠯ ᠳ᠋ᠤ ᠬᠤᠯᠪᠤᠭᠠᠯᠠᠨ ᠬᠦᠳᠡᠯᠦᠯᠴᠡᠵᠤ ᠬᠠᠮᠳᠤᠷᠠᠨ ᠠᠵᠢᠯᠯᠠᠬᠤ ᠳᠤᠭᠳᠠᠴᠠ ᠪᠡᠷ ᠳᠠᠮᠵᠢᠨ 《 ᠳᠡᠭᠡᠳᠦ ᠰᠢᠨ᠎ᠠ ᠮᠡᠷᠭᠡᠵᠢᠯ ᠤ᠋ᠨ ᠲᠤᠭᠤᠷᠢᠭ ᠤ᠋ᠨ ᠳᠦᠷᠭᠡᠨ ᠭᠦᠢᠴᠡᠳᠭᠡᠬᠦ ᠦᠢᠯᠡᠴᠢᠯᠡᠭᠡᠨ ᠤ᠋ ᠠᠩᠬᠢ》 ᠶ᠋ᠢ ᠵᠤᠬᠢᠶᠠᠨ ᠪᠠᠢᠭᠤᠯᠤᠨ᠂ ᠪᠦᠬᠦ ᠶᠠᠪᠤᠴᠠ ᠶ᠋ᠢᠨ ᠳᠡᠷᠭᠡᠳᠡ ᠨᠢ ᠬᠦᠷᠴᠤ ᠤᠷᠤᠯᠠᠨ ᠭᠦᠢᠴᠡᠳᠭᠡᠬᠦ ᠦᠢᠯᠡᠴᠢᠯᠡᠭᠡ ᠬᠠᠩᠭᠠᠵᠤ᠂ ᠠᠵᠤ ᠠᠬᠤᠢᠯᠠᠯ ᠤ᠋ᠨ ᠴᠠᠭ ᠤ᠋ᠨ ᠲᠠᠯ᠎ᠠ ᠶ᠋ᠢᠨ ᠦᠪᠡᠷ ᠤ᠋ᠨ ᠦᠷᠳᠡᠭ ᠢ᠋ ᠶᠡᠬᠡ ᠪᠡᠷ ᠠᠷᠪᠢᠯᠠᠨ᠂ ᠲᠦᠷᠦᠯ ᠵᠦᠢᠯ ᠶ᠋ᠢᠡᠨ ᠡᠷᠳᠡᠬᠡᠨ ᠪᠠᠷᠢᠯᠭ᠎ᠠ ᠡᠬᠢᠯᠡᠭᠦᠯᠵᠦ ᠡᠷᠳᠡᠬᠡᠨ ᠪᠦᠲᠦᠭᠡᠨ ᠪᠠᠢᠭᠤᠯᠤᠯᠳᠠ ᠬᠢᠬᠦ ᠶ᠋ᠢ ᠡᠷᠴᠢᠮᠳᠠᠢ ᠠᠬᠢᠭᠤᠯᠵᠠᠢ᠃
ᠪᠦᠬᠦ ᠤᠷᠤᠨ ᠤ᠋ ᠡᠯ᠎ᠠ ᠭᠠᠵᠠᠷ ᠤ᠋ᠨ ᠬᠢᠨ 《ᠬᠤᠯᠪᠤᠭᠠᠯᠠᠨ ᠬᠢᠨᠠᠵᠤ ᠬᠤᠯᠪᠤᠭᠠᠯᠠᠨ ᠵᠦᠪᠰᠢᠶᠡᠷᠡᠬᠦ》 ᠪᠡᠷ ᠦᠨᠡᠨ ᠪᠤᠳᠠᠳᠠᠢ ᠭᠠᠷᠳᠠᠴᠠ ᠪᠤᠯᠭᠠᠵᠤ᠂ ᠲᠦᠷᠦᠯ ᠵᠦᠢᠯ ᠢ᠋ ᠬᠢᠨᠡᠨ ᠵᠦᠪᠰᠢᠶᠡᠷᠡᠬᠦ ᠠᠵᠢᠯ ᠤ᠋ᠨ 《ᠳᠦᠭᠵᠢᠷᠡᠯ ᠴᠡᠭ》《ᠲᠡᠭᠡᠭᠯᠡᠬᠦ ᠴᠡᠭ》 ᠢ᠋ ᠪᠦᠲᠦᠮᠵᠢᠳᠠᠢ ᠰᠢᠯᠤᠭᠤᠳᠬᠠᠨ᠂ ᠴᠢᠬᠤᠯᠠ ᠶᠡᠬᠡ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ ᠲᠦᠷᠬᠡᠨ ᠬᠤᠷᠳᠤᠴᠠ ᠲᠠᠢ ᠶᠠᠪᠤᠭᠳᠠᠬᠤ ᠶ᠋ᠢ ᠠᠬᠢᠭᠤᠯᠤᠭᠰᠠᠨ ᠪᠠᠢᠨ᠎ᠠ᠃
ᠲᠦᠩᠯᠢᠶᠤᠤ ᠬᠤᠳᠠ 2026 ᠤᠨ ᠤ᠋ ᠴᠢᠬᠤᠯᠠ ᠶᠡᠬᠡ ᠲᠦᠷᠦᠯ ᠵᠦᠢᠯ ᠤ᠋ᠨ ᠡᠮᠦᠨᠡᠬᠢ ᠬᠤᠭᠤᠴᠠᠭᠠᠨ ᠤ᠋ ᠭᠠᠷᠳᠠᠮ ᠢ᠋ ᠭᠦᠢᠴᠡᠳᠭᠡᠬᠦ ᠠᠬᠢᠴᠠ ᠶ᠋ᠢ ᠪᠦᠬᠦ ᠲᠠᠯ᠎ᠠ ᠪᠡᠷ ᠲᠦᠷᠭᠡᠳᠭᠡᠵᠦ᠂ ᠬᠢᠨᠡᠨ ᠵᠦᠪᠰᠢᠶᠡᠷᠡᠬᠦ ᠠᠵᠢᠯ ᠳ᠋ᠤ ᠬᠤᠯᠪᠤᠭᠠᠯᠠᠨ ᠬᠦᠳᠡᠯᠦᠯᠴᠡᠵᠤ ᠬᠠᠮᠳᠤᠷᠠᠨ ᠠᠵᠢᠯᠯᠠᠬᠤ 《ᠵᠠᠭᠤᠨ ᠡᠳᠦᠷ ᠤ᠋ᠨ ᠪᠤᠭᠤᠮᠳᠠ ᠰᠢᠪᠳᠤᠯᠬᠤ ᠠᠵᠢᠯᠯᠠᠭ᠎ᠠ 》 ᠶ᠋ᠢ ᠡᠬᠢᠯᠡᠭᠦᠯᠪᠡ᠃ ᠬᠦᠯᠦᠨ ᠪᠤᠢᠷ ᠬᠤᠳᠠ 《1 ᠲᠦᠷᠦᠯ ᠵᠦᠢᠯ ᠤ᠋ᠨ 1 ᠬᠠᠷᠢᠭᠤᠴᠠᠯᠭᠠᠳᠠᠨ + 2 ᠱᠠᠳᠤᠨ ᠤ᠋ ᠭᠦᠢᠴᠡᠳᠭᠡᠬᠦ ᠳᠤᠭᠳᠠᠴᠠ ᠶ᠋ᠢᠨ ᠠᠯᠪᠠᠨ ᠭᠡᠷ + N ᠬᠢᠨᠡᠨ ᠵᠦᠪᠰᠢᠶᠡᠷᠡᠬᠦ ᠰᠠᠯᠠᠭ᠎ᠠ ᠮᠦᠴᠢᠷ 》 ᠬᠡᠯᠪᠡᠷᠢ ᠶ᠋ᠢᠨ ᠪᠦᠬᠦ ᠶᠠᠪᠤᠴᠠ ᠶ᠋ᠢᠨ ᠬᠢᠨᠠᠨ ᠵᠦᠪᠰᠢᠶᠡᠷᠡᠬᠦ ᠦᠢᠯᠡᠴᠢᠯᠡᠭᠡᠨ ᠤ᠋ ᠳᠤᠭᠳᠠᠴᠠ ᠶ᠋ᠢ ᠰᠢᠨ᠎ᠠ ᠶ᠋ᠢ ᠡᠭᠦᠳᠬᠦ ᠴᠢᠨᠠᠷᠳᠠᠢ ᠪᠠᠢᠭᠤᠯᠵᠠᠢ᠃
ᠤᠢᠷ᠎ᠠ ᠳ᠋ᠤ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠡᠴᠡ 《 ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠡᠨ ᠳᠡᠯᠡᠬᠡᠢᠵᠢᠭᠰᠡᠨ ᠲᠡᠷᠢᠭᠦᠨ ᠵᠡᠷᠭᠡ ᠶ᠋ᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠱᠠᠯᠠᠪᠳᠠᠨ ᠴᠤᠭᠴᠠᠯᠠᠬᠤ ᠬᠡᠷᠡᠭᠵᠢᠭᠦᠯᠬᠦ ᠲᠦᠰᠦᠯ》 ᠢ᠋ ᠳᠠᠷᠤᠮᠠᠯᠯᠠᠨ ᠲᠠᠷᠬᠠᠭᠠᠵᠤ᠂ 34 ᠵᠦᠢᠯ ᠤ᠋ᠨ ᠪᠤᠳᠠᠳᠠᠢ ᠪᠦᠲᠦᠭᠡᠨ ᠪᠠᠢᠭᠤᠯᠤᠯᠳᠠ ᠶ᠋ᠢᠨ ᠡᠭᠦᠷᠭᠡ ᠶ᠋ᠢ ᠪᠠᠢᠷᠢᠯᠠᠭᠤᠯᠤᠨ᠂ ᠡᠵᠡᠩᠨᠡᠯᠳᠡ ᠶ᠋ᠢᠨ ᠭᠤᠤᠯ ᠴᠤᠭᠴᠠ ᠶ᠋ᠢᠨ ᠦᠢᠯᠡᠳᠪᠤᠷᠢᠯᠡᠯ ᠡᠵᠡᠩᠨᠡᠯᠳᠡ ᠶ᠋ᠢᠨ ᠶᠠᠪᠤᠴᠠ ᠶ᠋ᠢᠨ ᠲᠤᠪᠤᠢᠮ᠎ᠠ ᠠᠰᠠᠭᠤᠳᠠᠯ ᠢ᠋ ᠪᠦᠬᠦ ᠬᠦᠴᠦᠨ ᠶ᠋ᠢᠡᠷ ᠰᠢᠢᠳᠪᠤᠷᠢᠯᠡᠬᠦ ᠶ᠋ᠢ ᠵᠤᠷᠢᠪᠠ᠃
ᠡᠮᠬᠢ ᠴᠡᠭᠴᠡ ᠲᠠᠢ ᠶᠠᠪᠤᠭᠳᠠᠬᠤ ᠴᠢᠬᠤᠯᠠ ᠶᠡᠬᠡ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ ᠪᠠᠷᠢᠯᠭ᠎ᠠ ᠶ᠋ᠢᠨ ᠠᠵᠢᠯ ᠡᠴᠡ ᠬᠦᠴᠢᠷᠳᠡᠯ ᠢ᠋ ᠨᠠᠮᠳᠠᠭᠠᠨ ᠠᠰᠠᠭᠤᠳᠠᠯ ᠢ᠋ ᠰᠢᠢᠳᠪᠤᠷᠢᠯᠡᠵᠤ ᠰᠠᠨᠠᠭᠠᠴᠢᠯᠠᠭ᠎ᠠ ᠡᠴᠡ ᠪᠡᠨ ᠠᠵᠤ ᠠᠬᠤᠢᠯᠠᠯ ᠳ᠋ᠤ ᠤᠢᠷᠠᠳᠤᠭᠰᠠᠨ ᠦᠢᠯᠡᠴᠢᠯᠡᠭᠡ ᠬᠦᠷᠳᠡᠯ᠎ᠠ ᠂ ᠦᠪᠦᠷ ᠮᠤᠩᠭᠤᠯ ᠠᠯᠢ ᠤᠯᠠᠨ ᠴᠢᠩᠭ᠎ᠠ ᠡᠷᠴᠢᠮᠳᠠᠢ ᠠᠷᠭ᠎ᠠ ᠬᠡᠮᠵᠢᠶ᠎ᠠ ᠪᠡᠷ ᠲᠦᠷᠦᠯ ᠵᠦᠢᠯ ᠤ᠋ᠨ ᠪᠦᠲᠦᠭᠡᠨ ᠪᠠᠢᠭᠤᠯᠤᠯᠳᠠ ᠶ᠋ᠢᠨ 《 ᠰᠢᠨ᠎ᠠ ᠡᠷᠴᠢ ᠬᠦᠴᠦᠨ 》 ᠢ᠋ ᠪᠠᠳᠠᠷᠠᠭᠤᠯᠵᠤ᠂ ᠠᠵᠤ ᠦᠢᠯᠡᠰ ᠤ᠋ᠨ ᠪᠦᠯᠦᠭᠵᠢᠯ ᠤ᠋ᠨ ᠰᠢᠨ᠎ᠠ ᠵᠢᠷᠤᠭ ᠢ᠋ ᠲᠠᠯᠬᠡᠯᠠ᠃ ᠰᠢᠨ᠎ᠠ ᠵᠢᠯ ᠢ᠋ ᠪᠡᠯᠭᠡᠯᠡᠬᠦ ᠬᠡᠩᠬᠡᠷᠭᠡ ᠶ᠋ᠢᠨ ᠠᠶᠠᠰ ᠢ᠋ ᠳᠠᠭᠠᠵᠤ ᠂ ᠰᠢᠨ᠎ᠠ ᠠᠶᠠᠯᠠᠯ ᠶ᠋ᠢᠡᠨ ᠡᠬᠢᠯᠡᠭᠦᠯᠦᠭᠰᠡᠨ ᠦᠪᠦᠷ ᠮᠤᠩᠭᠤᠯ ᠡᠳᠦᠭᠡ ᠶᠠᠭ ᠴᠢᠨᠠᠷ ᠰᠠᠢᠳᠠᠢ ᠬᠦᠭᠵᠢᠯᠳᠡ ᠶ᠋ᠢᠨ ᠴᠢᠭᠯᠡᠯ ᠶ᠋ᠢᠡᠷ ᠢᠳᠡᠷᠡᠭᠦᠨ ᠶ᠋ᠢᠡᠷ ᠤᠷᠤᠭᠰᠢᠯᠠᠵᠤ ᠪᠠᠢᠨ᠎ᠠ᠃
( ᠲᠤᠰ ᠨᠢᠭᠤᠷ ᠤ᠋ᠨ ᠭᠡᠷᠡᠯ ᠵᠢᠷᠤᠭ ᠢ᠋ ᠰᠤᠷᠪᠤᠯᠵᠢᠯᠠᠭ᠎ᠠ ᠬᠦᠯᠢᠶᠡᠭᠰᠡᠨ ᠪᠠᠢᠭᠤᠯᠭ᠎ᠠ ᠨᠢᠭᠡᠴᠢ ᠡᠴᠡ ᠬᠠᠩᠭᠠᠪᠠ )