ᠰᠦᠨ ᡁᠢ ᠬᠣᠩ ᠭᠡᠱᠢᠭᠦᠨ᠄ 《ᠱᠢᠨᠵᠢᠯᠡᠬᠦ᠌ ᠤᠬᠠᠭᠠᠨ᠎ᠤ ᠰᠤᠳᠤᠯᠭᠠᠨ + ᠪᠠᠢᠴᠠᠭᠠᠨ ᠰᠤᠳᠤᠯᠤᠯᠲᠠ》 ᠪᠡᠷ ᠤᠨᠤᠴᠠᠳᠠᠢ ᠰᠠᠨᠠᠯ ᠲᠤᠷᠠᠳᠤᠯᠭ᠎ᠠ ᠲᠡᠪᠰᠢᠭᠦᠯᠭᠦ ᠵᠢ ᠠᠬᠢᠭᠤᠯᠤᠨ᠎ᠠ
2026-02-27 10:51:38
ᠵᠣᠬᠢᠶᠠᠭ᠍ᠴᠢ᠄
​ ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

《ᠪᠢ ᠬᠣᠯᠪᠣᠭ᠍ᠳᠠᠯ ᠪᠦᠬᠦᠢ ᠰᠠᠨᠠᠭᠤᠯᠭ᠎ᠠ᠎ᠶ᠋ᠢ ᠲᠠᠬᠢᠨ ᠨᠠᠷᠢᠯᠢᠬ᠍ᠵᠢᠭᠤᠯᠵᠤ ᠲᠠᠬᠢᠨ ᠲᠡᠭᠦᠯᠳᠡᠷᠵᠢᠭᠦᠯᠵᠦ᠍᠂ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ ᠴᠢᠨᠠᠷ ᠰᠠᠢᠲᠠᠢ ᠰᠠᠨᠠᠯ ᠳᠤᠷᠠᠳᠤᠯᠭ᠎ᠠ ᠪᠤᠯᠭᠠᠨ ᠳᠡᠪᠱᠢᠭᠦᠯᠬᠦ᠌᠎ᠪᠡᠷ ᠴᠢᠷᠮᠠᠢᠨ᠎ᠠ》᠃ ᠰᠠᠨᠠᠯ ᠲᠤᠷᠠᠳᠤᠯᠭ᠎ᠠ ᠪᠠᠨ ᠳᠠᠬᠢᠨ ᠳᠠᠪᠳᠠᠨ ᠵᠠᠰᠠᠨ ᠰᠢᠯᠢᠳᠡᠭᠵᠢᠭᠦᠯᠵᠤ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠰᠦ ᠵᠢᠨ ᠦᠶ᠋ᠯᠡᠰ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ᠂ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠶᠠᠮᠤᠨ᠎ᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠳᠡᠳ᠋ ᠡᠷᠬᠢᠯᠡᠭ᠌ᠴᠢ ᠰᠦᠨ ᡁᠢ ᠬᠣᠩ ᠡᠨᠡ ᠵᠢᠯ᠎ᠤᠨ ᠴᠠᠭᠠᠨ ᠰᠠᠷ᠎ᠠ ᠵᠢᠨ ᠠᠮᠠᠷᠠᠯᠳᠠ ᠪᠠᠨ ᠮᠠᠰᠢ ᠶᠠᠭᠠᠷᠠᠯᠳᠠᠢ ᠮᠦᠷᠳᠡᠭᠡᠨ ᠤᠳᠬ᠎ᠠ ᠠᠭᠤᠯᠭ᠎ᠠ ᠲᠠᠢ ᠦᠨᠭᠭᠡᠷᠡᠭᠦᠯᠪᠡ᠃

ᠰᠦᠨ ᡁᠢ ᠬᠣᠩ ᠪᠣᠯᠤᠨ ᠲᠡᠭᠦᠨ᠎ᠦ ᠪᠦᠯᠬᠦᠮ᠎ᠦᠨ᠎ᠬᠢᠨ ᠣᠷᠳᠣ ᠬᠤᠭᠤᠴᠠᠭ᠎ᠠ᠎ᠪᠠᠷ ᠰᠦᠨ ᠬᠦᠴᠢᠯ᠎ᠦᠨ ᠪᠠᠺᠲ᠋ᠧᠷᠢ᠎ᠶ᠋ᠢᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠠᠱᠢᠭ᠍ᠯᠠᠬᠤ ᠰᠤᠳᠤᠯᠭᠠᠨ ᠬᠢᠵᠤ᠂ ᠣᠯᠠᠨ ᠵᠢᠯ᠎ᠦᠨ ᠭᠦᠨᠵᠡᠭᠡᠶ ᠴᠢᠷᠮᠠᠢᠯᠭ᠎ᠠ᠎ᠪᠠᠷ ᠳᠡᠮᠵᠢᠨ ᠠᠯᠢ ᠣᠯᠠᠨ ᠠᠩᠬᠠᠨ᠎ᠤ ᠡᠭᠦᠳᠦᠯᠲᠡ᠎ᠶ᠋ᠢᠨ ᠴᠢᠨᠠᠷᠲᠠᠶ ᠰᠤᠳᠤᠯᠭᠠᠨ᠎ᠤ ᠦᠷ᠎ᠡ ᠪᠦᠲᠦᠭᠡᠯ ᠣᠯᠵᠤ᠂ ᠮᠠᠨ᠎ᠤ ᠤᠯᠤᠰ᠎ᠤᠨ ᠰᠦᠨ ᠬᠦᠴᠢᠯ᠎ᠦᠨ ᠪᠠᠺᠲ᠋ᠧᠷᠢ᠎ᠶ᠋ᠢᠨ ᠨᠠᠢᠷᠠᠯᠭ᠎ᠠ᠎ᠶ᠋ᠢᠨ ᠪᠠᠺᠲ᠋ᠧᠷᠢ᠎ᠶ᠋ᠢᠨ ᠲᠥᠷᠥᠯ ᠵᠦᠶ᠋ᠯ ᠪᠣᠯᠤᠨ ᠮᠡᠷᠭᠡᠵᠢᠯ ᠤ᠋ᠨ ᠲᠠᠯ᠎ᠠ ᠪᠡᠷ ᠭᠠᠳᠠᠭᠠᠳᠤ᠎ᠶ᠋ᠢᠨ ᠭᠠᠭ᠍ᠴᠠᠭᠠᠷ ᠡᠵᠡᠮᠱᠢᠯ᠎ᠳᠦ ᠤᠴᠠᠷᠠᠵᠤ ᠪᠠᠢᠭᠰᠠᠨ 《 ᠪᠤᠭᠤᠮᠢ 》 ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠵᠡᠶ᠃

ᠥᠩᠭᠡᠷᠡᠭ᠌ᠰᠡᠨ ᠨᠢᠭᠡ ᠵᠢᠯ᠎ᠳᠦ᠂ ᠲᠡᠷᠡ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ᠂ ᠮᠢᠺᠷᠣᠪ᠎ᠤᠨ ᠦᠷ᠎ᠡ ᠡᠳ᠋᠎ᠦᠨ ᠡᠬᠢ ᠪᠠᠶᠠᠯᠢᠭ᠎ᠢ ᠬᠠᠮᠠᠭᠠᠯᠠᠬᠤ ᠪᠠ ᠥᠨᠳᠥᠷ ᠪᠦᠲᠦᠮᠵᠢᠲᠡᠶ ᠠᠱᠢᠭ᠍ᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠦᠨ ᠬᠦᠴᠢᠯ᠎ᠦᠨ ᠪᠠᠺᠲ᠋ᠧᠷᠢ᠎ᠶ᠋ᠢᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠦᠷᠭᠦᠯᠵᠢᠯᠡᠨ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ  ᠦᠷ᠎ᠡ ᠪᠦᠲᠦᠭᠡᠯ᠎ᠢ ᠤᠨᠳᠤᠤᠱᠢᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠨ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌᠂ ᠰᠦᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳᠤᠮᠳᠠ ᠱᠢᠨ᠎ᠡ ᠡᠭᠦᠷᠭᠡᠯᠡᠯ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠴᠢᠷᠮᠠᠢᠪᠠ᠃

ᠲᠤᠬᠠᠢ ᠵᠢᠨ ᠭᠠᠵᠠᠷ ᠲᠦ᠍ ᠨᠢ ᠬᠦᠷᠴᠦ ᠠᠷᠠᠳ᠎ᠤᠨ ᠲᠠᠭᠤᠨ᠎ᠢ ᠰᠤᠨᠤᠰᠴᠤ ᠠᠷᠠᠳ᠎ᠤᠨ ᠪᠠᠢᠳᠠᠯ᠎ᠢ ᠤᠢᠯᠠᠭᠠᠵᠤ᠂ ᠪᠠᠢᠴᠠᠭᠠᠨ ᠰᠤᠳᠤᠯᠤᠯᠲᠠ᠎ᠪᠠᠷ ᠰᠠᠨᠠᠯ ᠲᠤᠷᠠᠳᠤᠯᠭ᠎ᠠ᠎ᠪᠠᠨ ᠭᠦᠨᠵᠡᠭᠡᠢᠷᠡᠭᠦᠯᠦᠨ᠎ᠡ᠃ 2025 ᠣᠨ᠎ᠳᠤ᠂ ᠰᠦᠨ ᡁᠢ ᠬᠣᠩ ᠪᠠᠢᠴᠠᠭᠠᠨ ᠰᠤᠳᠤᠯᠵᠤ ᠵᠥᠪᠳᠡᠯᠴᠡᠬᠦ᠌᠎ᠳᠦ ᠢᠳᠡᠪᠬᠢᠲᠡᠢ ᠣᠷᠣᠯᠴᠠᠪᠠ᠄ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠤᠴᠢᠨ ᠵᠢᠷᠭᠤᠳᠤᠭᠠᠷ ᠤᠳᠠᠭ᠎ᠠ᠎ᠶ᠋ᠢᠨ ᠬᠣᠣᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ᠎ᠳᠤ ᠣᠷᠣᠯᠴᠠᠬᠤ᠎ᠶ᠋ᠢᠨ ᠬᠠᠮᠲᠤ《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠭ᠍ᠰᠠᠨ ᠰᠦᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠢᠯᠡᠰ᠎ᠦᠨ ᠱᠢᠪᠲᠤᠯᠤᠯᠲᠠ᠎ᠪᠠᠷ ᠬᠥᠳᠡᠭᠡ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠶ᠎ᠠ》ᠭᠡᠬᠦ᠌ ᠪᠢᠴᠢᠭ᠎ᠦᠨ ᠶᠠᠷᠢᠶ᠎ᠠ ᠲᠠᠯᠪᠢᠪᠠ; ᠬᠥᠬᠡᠬᠣᠲᠠ᠂ ᠪᠤᠭᠤᠲᠤ᠂ ᠤᠯᠠᠭᠠᠨᠴᠠᠪ ᠵᠡᠷᠭᠡ ᠠᠢᠮᠠᠭ ᠬᠣᠲᠠ᠎ᠶ᠋ᠢᠨ ᠰᠦ ᠵᠢᠨ ᠠᠵᠤ ᠠᠬᠤᠢᠯᠠᠯ ᠵᠢᠴᠢ ᠠᠵᠤ ᠦᠢᠯᠡᠰ᠎ᠤᠨ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠠᠵᠤ ᠠᠬᠤᠢᠯᠠᠯ᠎ᠢᠶᠠᠷ ᠭᠦᠨᠵᠡᠭᠡᠢᠷᠡᠨ ᠲᠣᠭᠣᠷᠢᠨ ᠦᠵᠡᠵᠦ᠍ ᠪᠠᠢᠴᠠᠭᠠᠨ ᠰᠤᠳᠤᠯᠤᠯᠲᠠ ᠬᠢᠬᠦ᠌᠎ᠶ᠋ᠢᠨ ᠬᠠᠮᠲᠤ ᠰᠤᠷᠭᠠᠭᠤᠯᠢ ᠠᠵᠤ ᠠᠬᠤᠢᠯᠠᠯ᠎ᠢ ᠤᠨᠤᠴᠠᠳᠠᠢ ᠵᠣᠯᠭᠠᠭᠤᠯᠬᠤ᠎ᠶ᠋ᠢ ᠢᠳᠡᠪᠬᠢᠲᠡᠶ ᠠᠬᠢᠭᠤᠯᠪᠠ;ᠲᠦᠩᠯᠢᠶᠣᠤ᠂ ᠣᠷᠳᠣᠰ ᠵᠡᠷᠭᠡ ᠠᠢᠮᠠᠭ ᠬᠣᠲᠠ᠎ᠶ᠋ᠢᠨ ᠠᠵᠤ ᠠᠬᠤᠢᠯᠠᠯ ᠪᠣᠯᠤᠨ ᠱᠢᠨᠵᠢᠯᠡᠬᠦ᠌ ᠤᠬᠠᠭᠠᠨ ᠰᠤᠳᠤᠯᠤᠯ᠎ᠤᠨ ᠬᠦᠷᠢᠶᠡᠯᠡᠩ ᠭᠠᠵᠠᠷ᠎ᠲᠤ ᠭᠦᠨᠵᠡᠭᠡᠢᠷᠡᠨ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠤᠯᠲᠠ ᠬᠢᠵᠦ᠍᠂ ᠰᠦᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ᠎ᠤᠨ ᠬᠦᠭᠵᠢᠯᠳᠠ ᠳ᠋ᠤ ᠣᠷᠣᠱᠢᠵᠤ ᠪᠠᠢᠭ᠎ᠠ ᠠᠰᠠᠭᠤᠳᠠᠯ᠎ᠢ ᠨᠠᠷᠢᠨ ᠣᠢᠯᠠᠭᠠᠪᠠ᠃ ᠲᠡᠭᠦᠨ᠎ᠦ ᠦᠵᠡᠬᠦ᠌᠎ᠪᠡᠷ᠂ ᠪᠠᠢᠴᠠᠭᠠᠨ ᠰᠤᠳᠤᠯᠤᠯᠲᠠ ᠬᠢᠬᠦ᠌ ᠪᠣᠯ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠡᠬᠢᠯᠡᠯᠲᠡ ᠮᠥᠨ᠂ ᠪᠠᠰᠠ ᠴᠤ᠌ ᠰᠠᠨᠠᠯ ᠲᠤᠷᠠᠳᠤᠯᠭ᠎ᠠ ᠳᠤᠷᠠᠳᠭᠤ᠎ᠶ᠋ᠢᠨ ᠰᠠᠭᠤᠷᠢ ᠮᠥᠨ᠃ 3 ᠵᠢᠯ᠎ᠦᠨ ᠲᠤᠷᠰᠢ᠂ ᠲᠡᠷᠡ ᠯᠠᠪᠳᠠᠭᠤᠨ ᠪᠠᠲᠤᠲᠠᠢ ᠪᠠᠢᠴᠠᠭᠠᠨ ᠰᠤᠳᠤᠯᠤᠯᠲᠠ ᠬᠢᠬᠦ᠌᠂ ᠪᠣᠳᠠᠲᠠᠢ᠎ᠶ᠋ᠢ ᠡᠷᠬᠢᠮᠯᠡᠭᠰᠡᠨ ᠰᠠᠨᠠᠯ ᠲᠤᠷᠠᠳᠤᠯᠭ᠎ᠠ᠎ᠵᠢ ᠲᠡᠪᠰᠢᠬᠦᠯᠵᠤ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠪᠠ᠃ ᠲᠡᠭᠦᠨ᠎ᠦ ᠤᠯᠠᠨ ᠰᠠᠨᠠᠯ ᠲᠤᠷᠠᠳᠤᠯᠭ᠎ᠠ ᠨᠢ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ᠂ ᠰᠤᠷᠭᠠᠨ ᠬᠥᠮᠦᠵᠢᠯ᠎ᠦᠨ ᠶᠠᠮᠤᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠠᠮᠤᠨ ᠵᠡᠷᠭᠡ ᠣᠯᠠᠨ ᠶᠠᠮᠤᠨ ᠵᠦᠪᠯᠡᠯ᠎ᠤᠨ ᠳᠡᠭᠡᠳᠦ ᠬᠡᠮᠵᠢᠶᠡᠨ᠎ᠦ ᠠᠩᠬᠠᠷᠤᠯ᠎ᠢ ᠲᠠᠲᠠᠪᠠ᠃

ᠰᠦᠨ ᡁᠢ ᠬᠣᠩ᠄《ᠡᠨᠡ ᠵᠢᠯ᠂ ᠪᠢ ᠰᠦᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠡᠶ᠎ᠡ᠎ᠪᠡᠨ ᠳᠠᠭᠠᠭᠠᠭ᠍ᠰᠠᠨ ᠡᠵᠡᠮᠳᠡᠯ᠎ᠦᠨ ᠱᠢᠰᠲ᠋ᠧᠮ᠎ᠢ ᠲᠦᠷᠭᠡᠳᠭᠡᠨ ᠪᠠᠢᠭᠤᠯᠬᠤ ᠪᠠ ᠲᠠᠷᠢᠶᠠᠯᠠᠩ᠎ᠳᠤ ᠬᠣᠯᠪᠣᠭ᠍ᠳᠠᠬᠤ ᠶᠡᠬᠡ ᠳᠡᠭᠡᠳᠦ ᠰᠤᠷᠭᠠᠭᠤᠯᠢ᠎ᠶ᠋ᠢᠨ ᠲᠡᠷᠢᠭᠦᠨ᠎ᠦ ᠱᠢᠨᠵᠢᠯᠡᠭᠡᠨ᠎ᠦ ᠰᠠᠯᠠᠭᠠᠨ᠎ᠤ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ᠎ᠶ᠋ᠢᠨ ᠲᠣᠭᠣᠷᠢᠨ᠎ᠳᠤ ᠴᠢᠨᠠᠷ ᠰᠠᠢᠲᠠᠶ ᠰᠠᠨᠠᠯ ᠲᠤᠷᠠᠳᠤᠯᠭ᠎ᠠ ᠳᠤᠷᠠᠳᠭᠤ᠎ᠪᠠᠷ ᠳᠠᠮᠵᠢᠨ ᠮᠠᠨ᠎ᠤ ᠤᠯᠤᠰ᠎ᠤᠨ ᠰᠦᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ》 ᠭᠡᠪᠡ᠃


[ᠰᠤᠷᠪᠤᠯᠵᠢᠯᠠᠭ᠍ᠴᠢ᠎ᠶ᠋ᠢᠨ ᠲᠡᠮᠳᠡᠭ᠌ᠯᠡᠯ]

ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠵᠠᠮ ᠳᠡᠭᠡᠷ᠎ᠡ ᠳᠥᠭᠥᠮ ᠳᠥᠲᠡ ᠵᠠᠮ ᠭᠡᠵᠦ᠍ ᠪᠠᠢᠬᠤ ᠦᠭᠡᠢ᠂ ᠭᠠᠭ᠍ᠴᠠ ᠬᠦ᠌ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠪᠡᠯ ᠰᠠᠶᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ ᠵᠢᠨ ᠮᠡᠳᠡᠭᠡ ᠵᠠᠩᠭᠢ᠎ᠶ᠋ᠢ ᠴᠤᠭ᠍ᠯᠠᠭᠤᠯᠵᠤ᠂ ᠬᠠᠢᠷ᠎ᠠ ᠰᠡᠳᠭᠢᠯᠭᠡ᠎ᠲᠡᠶ ᠭᠦᠨᠴᠡ᠎ᠲᠡᠶ ᠰᠠᠨᠠᠯ ᠳᠤᠷᠠᠳᠤᠯᠭ᠎ᠠ᠎ᠶ᠋ᠢ ᠪᠢᠴᠢᠵᠦ᠍ ᠭᠠᠷᠭᠠᠵᠤ ᠴᠢᠳᠠᠨ᠎ᠠ᠃ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ᠎ᠡᠴᠡ ᠨᠠᠭᠠᠰᠢ᠂ ᠰᠦᠨ ᡁᠢ ᠬᠣᠩ ᠢᠳᠡᠪᠬᠢᠲᠡᠶ᠎ᠪᠡᠷ ᠪᠠᠢᠴᠠᠭᠠᠨ ᠰᠤᠳᠤᠯᠤᠯᠲᠠ ᠬᠢᠬᠦ᠌᠎ᠶ᠋ᠢᠨ ᠬᠠᠮᠲᠤ ᠭᠡᠱᠢᠭᠦᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠪᠠ ᠲᠤᠬᠠᠢᠯᠠᠭ᠍ᠰᠠᠨ ᠠᠵᠢᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂《ᠨᠢᠭᠡ ᠪᠠᠺᠲ᠋ᠧᠷᠢ》᠂《ᠰᠢᠷᠬᠡᠭ ᠡᠪᠡᠰᠦ》ᠡᠴᠡ 《ᠨᠢᠭᠡ ᠦᠬᠡᠷ》᠂《ᠴᠣᠮᠣ ᠰᠦ》ᠬᠦᠷᠳᠡᠯᠡᠬᠢ 《ᠡᠴᠦᠰ᠎ᠦᠨ ᠨᠢᠭᠡ ᠺᠢᠯᠣᠮᠧᠲ᠋ᠷ》ᠢ᠋ ᠨᠡᠪᠲᠡᠷᠡᠭᠦᠯᠬᠦ᠌᠎ᠳᠦ ᠬᠦᠴᠦᠨ ᠨᠡᠮᠡᠷᠢᠯᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠢᠬᠡᠨ ᠤᠯᠤᠰ ᠲᠥᠷᠥ᠎ᠶ᠋ᠢᠨ ᠵᠥᠪᠯᠡᠯᠭᠡᠨ᠎ᠦ  ᠭᠡᠱᠢᠭᠦᠨ᠎ᠤ ᠡᠭᠦᠷᠭᠡ ᠬᠠᠷᠢᠭᠤᠴᠠᠯᠭ᠎ᠠ᠎ᠶ᠋ᠢ ᠲᠠᠢᠯᠪᠤᠷᠢᠯᠠᠪᠠ᠃

ᠰᠦᠨ ᡁᠢ ᠬᠣᠩ ᠰᠦᠨ ᠬᠦᠴᠢᠯ᠎ᠦᠨ ᠪᠠᠺᠲ᠋ᠧᠷᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠨ᠎ᠳᠦ 20 ᠭᠠᠷᠤᠢ ᠵᠢᠯ ᠵᠢᠳᠬᠦᠨ ᠴᠢᠷᠮᠡᠢᠪᠡ᠃ ᠲᠡᠷᠡ ᠦᠷᠬᠦᠯᠵᠢᠯᠡᠨ ᠤᠭ ᠰᠠᠨᠠᠭ᠎ᠠ᠎ᠪᠠᠨ ᠪᠠᠳᠤ ᠴᠠᠬᠡᠵᠢᠯᠡᠵᠤ᠂ ᠨᠡᠩ ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号