ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠦᠯᠬᠦᠮᠳᠡᠨ ᠨᠢᠭᠡᠳᠴᠤ ᠤᠷᠤᠭᠰᠢᠯᠠᠨ ᠲᠠᠪᠰᠢᠨ᠎ᠠ
2026-02-27 10:48:02
ᠵᠣᠬᠢᠶᠠᠭ᠍ᠴᠢ᠄
​ ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

《 ᠳᠦᠷᠪᠡᠨ ᠨᠠᠰᠤᠳᠠᠢ ᠬᠠᠯᠢᠭᠤᠨ ᠡ᠂ ᠳᠦᠷᠦᠭᠡ ᠵᠢᠭᠢᠭᠡᠳ ᠶᠦᠷᠭᠡᠭᠦᠯᠦᠨ᠎ᠠ ᠁ 》᠂ ᠲᠥᠪ ᠤ᠋ᠨ ᠲᠧᠯᠸᠢᠰ ᠬᠤᠷᠢᠶ᠎ᠠ ᠵᠢᠨ ᠮᠣᠷᠢᠨ ᠵᠢᠯ᠎ᠦᠨ ᠴᠠᠭᠠᠨ ᠰᠠᠷ᠎ᠠ᠎ᠶ᠋ᠢᠨ ᠦᠳᠡᠱᠢᠯᠡᠭᠡ᠎ᠳᠡᠭᠡᠷ᠎ᠡ᠂ ᠳᠠᠭᠤᠴᠢᠨ ᠤᠷᠠᠨ᠎ᠠ᠂ ᠲᠣᠭ᠍ᠯᠠᠭ᠍ᠴᠢ ᠠᠷᠢᠭᠤᠨ᠎ᠠ ᠪᠤᠯᠤᠨ ᠥᠪᠥᠷ ᠮᠣᠩᠭᠣᠯ᠎ᠤᠨ ᠤᠯᠠᠭᠠᠨᠮᠥ᠋ᠴᠢᠷ᠎ᠦᠨ 95 ᠲᠤᠭᠯᠠᠭᠴᠢᠳ 《ᠳᠦᠷᠪᠡᠨ ᠨᠠᠰᠤᠳᠠᠢ ᠬᠠᠯᠢᠭᠤᠨ》 ᠭᠡᠬᠦ᠌ ᠳᠠᠭᠤᠤ᠎ᠶ᠋ᠢ ᠳᠠᠭᠤᠯᠠᠵᠤ᠂ ᠢᠷᠠᠭᠤ ᠰᠠᠢᠬᠠᠨ ᠠᠶᠠᠯᠭᠤ ᠪᠠ ᠭᠣᠢᠳᠠ ᠰᠠᠢᠬᠠᠨ ᠲᠣᠭ᠍ᠯᠠᠯᠲᠠ᠎ᠪᠠᠷ᠎ᠢᠶᠠᠨ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠲᠠᠢᠯᠪᠤᠷᠢᠯᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠪᠦᠯᠬᠦᠮᠳᠡᠨ ᠲᠡᠮᠡᠴᠡᠵᠦ᠍᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠤᠬᠴᠠᠯᠠᠵᠤ ᠪᠠᠢᠭ᠎ᠠ ᠬᠠᠯᠠᠭᠤᠨ ᠳᠤᠯᠠᠭᠠᠨ ᠵᠢᠷᠤᠭ᠎ᠢ ᠳᠡᠯᠭᠡᠨ ᠦᠵᠡᠭᠦᠯᠵᠦ᠍᠂ ᠦᠵᠡᠭᠴᠢᠳ ᠤᠯᠠᠨ᠎ᠤ ᠬᠠᠯᠠᠭᠤᠨ ᠬᠦᠷᠢᠶᠡᠯᠡᠯ᠎ᠢ ᠣᠯᠵᠠᠶ᠃

ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠳᠤ ᠤᠯᠠᠮᠵᠢᠯᠠᠯ᠎ᠲᠠᠶ ᠪᠠᠢᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠬᠡᠬᠦ ᠡᠷᠬᠢᠮ ᠳᠡᠭᠡᠳᠦ ᠢᠷᠠᠭᠤ ᠠᠯᠳᠠᠷ᠎ᠢ ᠬᠥᠷᠲᠡᠭᠰᠡᠨ  ᠶᠤᠮ ᠃ ᠤᠢ᠍ᠢᠷ᠎ᠠ᠎ᠶ᠋ᠢᠨ ᠵᠢᠯ᠎ᠡᠴᠡ᠂ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠪᠣᠯᠤᠨ ᠤᠨᠤᠯ᠎ᠤᠨ ᠰᠤᠳᠤᠯᠭᠠᠨ᠎ᠢ ᠭᠦᠨᠵᠡᠭᠡᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠨᠦᠭᠦᠳ ᠤ᠋ᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠵᠠᠮᠨᠠᠬᠤ᠎ᠳᠤ ᠬᠦᠴᠦᠨ ᠨᠡᠮᠡᠷᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠤᠷᠤᠭ᠍ᠰᠢᠯᠠᠬᠤ ᠰᠦᠷᠯᠢᠭ ᠰᠠᠢᠬᠠᠨ ᠬᠠᠭᠤᠳᠠᠰᠤ᠎ᠶ᠋ᠢ ᠵᠢᠷᠤᠭ᠍ᠯᠠᠭ᠍ᠰᠠᠨ ᠪᠠᠢᠨ᠎ᠠ᠃

ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠬᠥᠬᠡᠬᠣᠲᠠ᠎ᠶ᠋ᠢᠨ ᠮᠦᠽᠧᠢ 《ᠬᠠᠪᠤᠷ᠎ᠤᠨ ᠰᠠᠯᠬᠢ ᠰᠡᠩᠭᠢᠨᠡᠵᠤ ᠮᠣᠷᠢᠨ ᠲᠤᠭᠤᠷᠠᠢ᠎ᠲᠠᠴᠢᠭᠢᠨᠠᠨ᠎ᠠ — ᠠᠳᠤᠭᠤᠨ ᠰᠣᠶᠣᠯ᠎ᠤᠨ ᠣᠨᠴᠠᠭᠠᠢ ᠦᠵᠡᠰᠬᠦᠯᠡᠩ 》᠎ᠢ᠋ ᠡᠷᠬᠢᠯᠡᠵᠤ᠂ ᠲᠠᠩ ᠤᠯᠤᠰ᠎ᠤᠨ ᠬᠦᠷᠡᠯ ᠳᠥᠷᠥᠭᠡ᠂ ᠶᠤᠸᠠᠨ ᠤᠯᠤᠰ᠎ᠤᠨ ᠯᠣᠣ᠎ᠶ᠋ᠢᠨ ᠤᠭᠠᠯᠵᠠ᠎ᠲᠠᠶ ᠠᠯᠲᠠ᠎ᠪᠠᠷ ᠪᠤᠯᠬᠠᠯᠠᠬᠰᠠᠨ ᠲᠡᠮᠦᠷ ᠡᠮᠡᠭᠡᠯ ᠵᠡᠷᠭᠡ 145 ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠳᠡᠯᠭᠡᠨ ᠦᠵᠡᠭᠦᠯᠵᠤ᠂ ᠥᠷᠭᠡᠨ ᠤᠯᠠᠨ ᠬᠤᠳᠠ᠎ᠶ᠋ᠢᠨ ᠠᠷᠠᠳ ᠪᠠ ᠵᠢᠭᠤᠯᠴᠢᠯᠠᠭ᠍ᠰᠠᠳ᠎ᠲᠤ ᠮᠣᠷᠢ ᠪᠣᠯᠤᠨ ᠳᠤᠮᠳᠠᠳᠤ᠎ᠶ᠋ᠢᠨ ᠪᠣᠯᠪᠠᠰᠤᠨ ᠬᠠᠷᠢᠯᠴᠠᠨ ᠲᠦᠰᠢᠯᠴᠡᠨ ᠬᠦᠭᠵᠢᠭᠰᠡᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠥᠨᠢ ᠤᠳᠠᠭᠠᠨ ᠲᠡᠦᠬᠡ᠎ᠶ᠋ᠢ ᠭᠦᠨᠵᠡᠭᠡᠢ ᠤᠢ᠍ᠢᠯᠠᠭᠠᠭᠤᠯᠪᠠ᠃

ᠡᠨᠡ ᠬᠦ᠌ ᠮᠢᠩᠭᠠᠨ ᠣᠨ᠎ᠤ ᠠᠳᠤᠭᠤᠨ ᠰᠣᠶᠣᠯ᠎ᠢ ᠱᠢᠩᠭᠡᠭᠡᠭ᠌ᠰᠡᠨ ᠦᠵᠡᠰᠭᠦᠯᠡᠩ ᠨᠢ ᠥᠪᠥᠷ ᠮᠣᠩᠭᠣᠯ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠭ᠍ᠰᠠᠨ ᠠᠮᠢᠳᠤᠯᠢᠭ ᠬᠤᠷᠢᠶᠠᠩᠭᠤᠢ ᠳᠦᠷᠰᠦ ᠪᠣᠯᠬᠤ ᠪᠥᠭᠡᠳ ᠪᠠᠰᠠ ᠬᠥᠬᠡᠬᠣᠲᠠ᠎ᠶ᠋ᠢᠨ ᠮᠦᠽᠧᠢ᠎ᠶ᠋ᠢᠨ ᠬᠢᠨ ᠤ᠋ ᠰᠣᠶᠣᠯ᠎ᠤᠨ ᠦᠵᠡᠰᠭᠦᠯᠡᠩ᠎ᠦᠨ ᠦᠢᠯᠡᠰ ᠪᠣᠯᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠠᠵᠢᠯ᠎ᠢ ᠭᠦᠨᠵᠡᠭᠡᠢ ᠠᠭᠤᠰᠤᠯᠴᠠᠭᠤᠯᠤᠭ᠍ᠰᠠᠨ ᠱᠢᠨ᠎ᠡ᠎ᠶ᠋ᠢ ᠡᠭᠦᠳᠬᠦ᠌ ᠦᠢᠯᠡᠳᠦᠯᠭᠡ ᠪᠣᠯᠤᠨ᠎ᠠ᠃

ᠲᠦᠷᠦᠭᠦᠬᠡᠨ᠂ ᠬᠥᠬᠡᠬᠣᠲᠠ᠎ᠶ᠋ᠢᠨ ᠮᠦᠽᠧᠶ ᠨᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢᠨ ᠢᠷᠠᠭᠤ ᠠᠯᠳᠠᠷ᠎ᠢ ᠭᠥᠷᠳᠡᠪᠡ᠃ 《 ᠪᠢᠳᠡ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯ᠎ᠢ ᠰᠣᠶᠣᠯ᠎ᠤᠨ ᠦᠵᠡᠰᠭᠦᠯᠡᠩ᠎ᠦᠨ ᠦᠶ᠋ᠯᠡᠰ᠎ᠦᠨ ᠡᠯ᠎ᠡ ᠲᠠᠯ᠎ᠠ᠎ᠳᠤ ᠠᠭᠤᠰᠤᠯᠴᠠᠭᠤᠯᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠦᠷᠭᠦᠯᠵᠢᠯᠡᠨ ᠰᠠᠢᠲᠤᠷ ᠶᠠᠷᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠨᠠᠩ ᠣᠯᠠᠨ ᠰᠣᠶᠣᠯ᠎ᠤᠨ ᠦᠵᠡᠰᠭᠦᠯᠡᠩ᠎ᠦᠨ ᠬᠦᠴᠦᠨ᠎ᠢ ᠨᠡᠮᠡᠷᠢᠯᠡᠨ᠎ᠡ 》 ᠭᠡᠵᠦ᠍ ᠬᠥᠬᠡᠬᠣᠲᠠ᠎ᠶ᠋ᠢᠨ ᠮᠦᠽᠧᠶ᠎ᠶ᠋ᠢᠨ ᠳᠠᠷᠤᠭ᠎ᠠ ᠪᠠᠶ ᠶᠦᠨ ᠹᠸᠩ ᠬᠡᠯᠡᠪᠡ᠃

ᠣᠢᠷ᠎ᠠ᠎ᠶ᠋ᠢᠨ ᠵᠢᠯ᠎ᠦᠳ᠎ᠲᠦ᠂ ᠥᠪᠥᠷ ᠮᠣᠩᠭᠣᠯ ᠠᠭᠤᠯᠤᠭ᠍ᠳᠠᠬᠤᠨ᠎ᠢᠶᠠᠨ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠬᠡᠯᠪᠡᠷᠢ᠎ᠪᠡᠨ ᠪᠠᠶᠠᠯᠢᠭ᠍ᠵᠢᠭᠤᠯᠵᠤ᠂ ᠠᠴᠢᠶᠠᠯᠠᠪᠤᠷᠢ᠎ᠪᠠᠨ ᠱᠢᠨᠡᠴᠢᠯᠡᠵᠦ᠍᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢᠶᠠᠨ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢ ᠠᠬᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ 65 ᠭᠠᠵᠠᠷ ᠣᠷᠣᠨ ᠪᠠ ᠨᠢᠭᠡᠴᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠵᠢᠱ᠌ᠢᠶ᠎ᠡ ᠦᠵᠡᠭᠦᠯᠬᠦ᠌ ᠨᠢᠭᠡᠴᠢ ᠪᠤᠯᠵᠤ᠂ 14 ᠬᠠᠮᠲᠤ ᠨᠢᠭᠡᠴᠢ ᠪᠠ 17 ᠬᠤᠪᠢ ᠬᠥᠮᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ ᠨᠢᠭᠡᠴᠢ ᠪᠠ ᠵᠢᠱ᠌ᠢᠶᠡᠴᠢ ᠬᠤᠪᠢ ᠬᠥᠮᠦᠨ᠎ᠦ ᠢᠷᠠᠭᠤ ᠠᠯᠳᠠᠷ᠎ᠢ ᠭᠥᠷᠳᠡᠪᠡ᠃

ᠡᠨᠡ ᠡᠪᠦᠯ᠎ᠦᠨ ᠠᠮᠠᠷᠠᠯᠲᠠ᠎ᠳᠤ᠂ ᠪᠡᠭᠡᠵᠢᠩ ᠬᠤᠳᠠ᠎ᠶᠢᠨ 38 ᠵᠠᠯᠠᠭᠤᠴᠤᠳ ᠪᠠᠭᠠᠴᠤᠳ ᠥᠪᠥᠷ ᠮᠣᠩᠭᠣᠯ᠎ᠳᠤ ᠢᠷᠡᠵᠦ᠍᠂ ᠦᠵᠡᠰᠭᠦᠯᠡᠩᠲᠦ ᠰᠠᠢᠬᠠᠨ ᠪᠠᠢᠭᠠᠯᠢ᠎ᠶ᠋ᠢᠨ ᠵᠠᠩ ᠦᠢᠯᠡ᠎ᠶ᠋ᠢ ᠰᠤᠨᠢᠷᠬᠠᠨ ᠣᠢᠯᠠᠭᠠᠵᠤ᠂ ᠭᠦᠨ ᠵᠤᠵᠠᠭᠠᠨ ᠰᠣᠶᠣᠯ ᠢᠷᠭᠡᠨᠱᠢᠯ᠎ᠦᠨ ᠠᠭᠤᠯᠤᠭ᠍ᠳᠠᠬᠤᠨ᠎ᠢ ᠣᠢᠯᠠᠭᠠᠬᠤ᠎ᠶ᠋ᠢᠨ ᠬᠠᠮᠲᠤ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠲᠠᠶ ᠬᠦᠨᠵᠡᠬᠡᠢ ᠰᠤᠯᠢᠯᠴᠠᠨ ᠬᠠᠷᠢᠯᠴᠠᠨ ᠬᠦᠳᠡᠯᠦᠯᠴᠡᠵᠤ᠂ 《ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌》 ᠭᠦᠨ ᠠᠭᠤᠯᠤᠭ᠍ᠳᠠᠬᠤᠨ᠎ᠢ ᠪᠡᠶᠡᠴᠢᠯᠡᠨ ᠣᠢᠯᠠᠭᠠᠪᠠ᠃

《 ᠪᠡᠭᠡᠵᠢᠩ᠎ᠦᠨ ᠰᠤᠷᠤᠭ᠍ᠴᠢᠳ᠎ᠲᠠᠶ ᠨᠢᠭᠤᠷᠳᠠᠨ ᠶᠠᠷᠢᠯᠴᠠᠵᠤ᠂ ᠪᠢᠳᠡ ᠬᠠᠷᠢᠯᠴᠠᠨ ᠵᠢᠵᠢᠭ ᠪᠡᠯᠡᠭ ᠬᠦᠷᠭᠡᠵᠦ᠍᠂ ᠬᠠᠮᠲᠤ᠎ᠪᠠᠷ ᠲᠣᠭ᠍ᠯᠡᠵᠤ᠂ ᠰᠠᠢᠨ ᠨᠠᠢᠵᠠ ᠪᠣᠯᠤᠭ᠍ᠰᠠᠨ᠎ᠳᠠᠭᠠᠨ ᠮᠠᠰᠢ ᠪᠠᠶᠠᠷ ᠲᠠᠶ ᠪᠠᠢᠨ᠎ᠠ》 ᠭᠡᠵᠦ ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠤ ᠨᠢᠭᠡᠨ ᠰᠤᠷᠤᠭ᠍ᠴᠢ ᠰᠡᠳᠭᠢᠯ ᠳᠣᠭ᠍ᠳᠣᠯᠤᠨ ᠬᠡᠯᠡᠪᠡ᠃

ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠷᠢᠯᠴᠠᠨ ᠠᠭᠤᠰᠤᠯᠴᠠᠬᠤ ᠮᠠᠶᠢᠭ᠎ᠤᠨ ᠬᠥᠭ᠌ᠵᠢᠯᠲᠡ᠎ᠶ᠋ᠢᠨ ᠲᠥᠯᠥᠪᠯᠡᠭᠡ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠂ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ᠎ᠶ᠋ᠢ ᠭᠦᠨᠵᠡᠭᠡᠢ ᠥᠷᠨᠢᠭᠦᠯᠬᠦ᠌ ᠪᠣᠯ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠠᠷᠭ᠎ᠠ ᠵᠠᠮ ᠮᠥᠨ᠃

《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ《ᠲᠥᠷᠥᠯ ᠲᠡᠮᠳᠡᠭ᠌ᠵᠢᠭᠦᠯᠬᠦ᠌》ᠬᠡᠯᠪᠡᠷᠢ᠎ᠪᠡᠷ ᠦᠨᠳᠦᠰᠦᠲᠡᠨ᠎ᠨᠦᠭᠦᠳ᠎ᠦᠨ ᠬᠠᠷᠢᠯᠴᠠᠨ ᠠᠭᠤᠰᠤᠯᠴᠠᠬᠤ ᠮᠠᠶᠢᠭ᠎ᠤᠨ ᠬᠥᠭ᠌ᠵᠢᠯᠲᠡ᠎ᠶ᠋ᠢ ᠭᠦᠨᠵᠡᠭᠡᠢᠷᠡᠭᠦᠯᠵᠦ᠍᠂《ᠪᠥᠬᠥ᠌ ᠣᠷᠣᠨ ᠪᠦᠰᠡᠵᠢᠭᠦᠯᠬᠦ᠌》 ᠵᠠᠭ᠍ᠪᠤᠷ᠎ᠢᠶᠠᠷ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂《ᠱᠢᠨ᠎ᠡ᠎ᠶ᠋ᠢ ᠡᠭᠦᠳᠬᠦ᠌》ᠪᠠᠷᠢᠮᠵᠢᠶ᠎ᠠ᠎ᠪᠠᠷ ᠵᠢᠭᠤᠯᠴᠢᠯᠠᠯ᠎ᠤᠨ 《ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ》᠎ᠤ᠋ᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠷᠱᠢᠯᠲᠠ᠎ᠶ᠋ᠢᠨ ᠴᠡᠭ᠎ᠤᠨ ᠲᠥᠷᠥᠯ ᠵᠦᠶ᠋ᠯ᠎ᠢ ᠨᠡᠢᠲᠡ 358᠂ ᠤᠯᠤᠰ᠎ᠤᠨ ᠲᠠᠰ᠎ᠤᠨ ᠲᠤᠷᠱᠢᠯᠲᠠ᠎ᠶ᠋ᠢᠨ ᠴᠡᠭ᠎ᠤᠨ ᠲᠥᠷᠥᠯ ᠵᠦᠶ᠋ᠯ᠎ᠢ 11 ᠪᠣᠢᠵᠢᠭᠤᠯᠪᠠ; ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶ᠋ᠢᠨ ᠲᠤᠬᠠᠢ ᠣᠷᠣᠨ ᠪᠦᠰᠡ ᠠᠯᠤᠰᠯᠠᠭ᠍ᠰᠠᠨ ᠠᠵᠢᠯᠯᠠᠭ᠎ᠠ᠎ᠶ᠋ᠢ 5000 ᠭᠠᠷᠤᠶ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠢ ᠨᠡᠢᠲᠡ 500 ᠲᠦᠮᠡᠨ ᠬᠥᠮᠦᠨ ᠤᠳᠠᠭ᠎ᠠ᠎ᠶ᠋ᠢ ᠤᠷᠤᠯᠴᠠᠭᠤᠯᠪᠠ; 327 ᠰᠤᠳᠤᠯᠤᠨ ᠰᠤᠷᠤᠯᠴᠠᠬᠤ ᠰᠤᠳᠤᠨ ᠵᠠᠮ ᠱᠤᠭᠤᠮ᠂ 125 ᠵᠢᠭᠤᠯᠴᠢᠯᠠᠯ᠎ᠤᠨ ᠠᠭᠤᠰᠤᠯᠴᠠᠯ᠎ᠤᠨ ᠲᠦᠷᠦᠯ ᠲᠡᠮᠳᠡᠭ᠎ᠢ ᠡᠬᠦᠳᠪᠡ; 163 ᠰᠣᠶᠣᠯ᠎ᠤᠨ ᠮᠦᠽᠧᠢ ᠣᠷᠳᠣᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠷᠳᠡᠭ᠎ᠦᠨ ᠠᠭᠤᠯᠤᠭ᠍ᠳᠠᠬᠤᠨ᠎ᠢ ᠳᠡᠭᠡᠭ᠌ᠰᠢᠯᠡᠭᠦᠯᠵᠦ᠍᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠦᠬᠦ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠲᠠᠰᠤᠷᠠᠯᠳᠠ ᠦᠭᠡᠢ ᠠᠬᠢᠭᠤᠯᠪᠠ᠃

ᠬᠥᠭ᠌ᠵᠢᠯᠲᠡ᠎ᠪᠡᠷ ᠪᠦᠯᠬᠦᠮᠳᠡᠯ᠎ᠢ ᠠᠬᠢᠭᠤᠯᠵᠤ᠂ ᠪᠦᠯᠬᠦᠮᠳᠡᠯ᠎ᠢᠶᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠪᠠ᠃ ᠤᠢ᠍ᠢᠷ᠎ᠠ᠎ᠶ᠋ᠢᠨ ᠵᠢᠯ᠎ᠡᠴᠡ᠂ ᠥᠪᠥᠷ ᠮᠣᠩᠭᠣᠯ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠬᠦ᠌᠂ ᠬᠠᠮᠲᠤ᠎ᠪᠠᠷ ᠪᠠᠶᠠᠵᠢᠬᠤ ᠶ᠋ᠢ ᠪᠡᠶᠡᠯᠡᠭᠦᠯᠬᠦ᠌ ᠲᠠᠯ᠎ᠠ᠎ᠪᠠᠷ ᠲᠡᠰ ᠳᠡᠪᠱᠢᠭᠦᠯᠦᠨ ᠬᠦᠴᠦᠯᠡᠵᠦ᠍᠂ ᠬᠢᠯᠢ ᠬᠢᠵᠠᠭᠠᠷ ᠣᠷᠣᠨ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳ᠋ᠤ ᠬᠠᠮᠲᠤ᠎ᠪᠠᠷ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠠᠬᠢᠴᠠ ᠳᠤᠮᠳᠠ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠪᠡ᠃

ᠥᠩᠭᠡᠷᠡᠭ᠌ᠰᠡᠨ᠎ᠳᠦ᠂ ᠤᠯᠠᠭᠠᠨᠴᠠᠪ ᠬᠣᠲᠠ᠎ᠶ᠋ᠢᠨ ᠳᠥᠷᠪᠡᠳ ᠬᠣᠱᠢᠭᠤᠨ᠎ᠤ ᠬᠢᠯᠢ ᠬᠢᠵᠠᠭᠠᠷ᠎ᠤᠨ ᠮᠠᠯᠴᠢᠳ ᠱᠢᠨ᠎ᠡ ᠰᠣᠷᠭᠣᠭ ᠢᠳᠡᠱᠢᠨ ᠨᠣᠭᠣᠭ᠎ᠠ ᠵᠢ ᠵᠠᠭᠤ ᠭᠠᠷᠤᠶ ᠺᠢᠯᠣᠮᠧᠲ᠋ᠷ ᠵᠠᠢᠲᠠᠶ  ᠪᠠᠢᠭ᠎ᠠ ᠪᠠᠯᠭᠠᠰᠤᠨ᠎ᠡᠴᠡ ᠬᠤᠳᠠᠯᠳᠤᠨ ᠠᠪᠴᠤ ᠪᠠᠢᠬᠰᠠᠨ᠃ 2025 ᠣᠨ᠎ᠳᠤ᠂ ᠤᠯᠠᠭᠠᠨᠴᠠᠪ ᠬᠣᠲᠠ᠎ᠶ᠋ᠢᠨ ᠣᠯᠠᠨ ᠰᠠᠯᠠᠭ᠎ᠠ ᠮᠥᠴᠢᠷ ᠬᠠᠮᠲᠤ᠎ᠪᠠᠷ ᠪᠠᠯᠠ ᠮᠥᠩᠭᠥ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠵᠢᠡᠷ ᠬᠦᠴᠦᠯᠡᠵᠦ᠂ 3 ᠬᠢᠯᠢ᠎ᠶ᠋ᠢᠨ ᠰᠤᠮᠤᠨ᠎ᠳᠤ ᠠᠨᠠᠷ᠎ᠤᠨ ᠦᠷ᠎ᠡ᠎ᠬᠢᠯᠢ᠎ᠶ᠋ᠢᠨ ᠬᠠᠮᠠᠭᠠᠯᠠᠯᠲᠠ ᠵᠢᠨ ᠢᠳᠡᠰᠢᠨ ᠨᠤᠭᠤᠭ᠎ᠠ ᠵᠢᠨ ᠲᠤᠯᠠᠭᠠᠨ ᠬᠦᠯᠡᠮᠵᠢ ᠵᠢ 300 ᠭᠠᠷᠤᠶ ᠪᠠᠢᠭᠤᠯᠵᠤ᠂ ᠬᠢᠯᠢ᠎ᠶ᠋ᠢ ᠬᠠᠮᠠᠭᠠᠯᠠᠬᠤ 800 ᠭᠠᠷᠤᠶ ᠮᠠᠯᠴᠢᠨ ᠡᠷᠦᠬᠡ᠎ᠳᠦ ᠠᠱᠢᠭ ᠬᠦᠷᠲᠡᠭᠡᠪᠡ᠃

ᠳᠥᠷᠪᠡᠳ ᠬᠣᠱᠢᠭᠤᠨ᠎ᠤ ᠵᠠᠨᠭᠭᠠᠨ ᠰᠤᠮᠤ᠎ᠶ᠋ᠢᠨ ᠸᠧᠢ ᠵᠢᠩ ᠭᠠᠴᠠᠭᠠᠨ᠎ᠤ ᠮᠠᠯᠴᠢᠨ ᠡᠷᠬᠢᠮᠪᠠᠶᠠᠷ᠄ 《ᠲᠥᠪᠡᠳ ᠬᠠᠰᠢ᠂ ᠥᠷᠭᠡᠰᠦᠲᠦ ᠬᠡᠮᠬᠡ᠂ ᠴᠤᠭᠤᠷ ᠨᠣᠭᠣᠭ᠎ᠠ ᠁ ᠤᠳᠤ ᠶᠠᠮᠠᠷ ᠨᠣᠭᠣᠭ᠎ᠠ ᠢᠳᠡᠶ᠎ᠡ ᠭᠡᠵᠦ᠍ ᠰᠠᠨᠠᠪᠠᠯ ᠬᠦᠯᠡᠮᠵᠢ᠎ᠳᠦ ᠣᠴᠢᠵᠤ ᠲᠡᠭᠦᠵᠦ᠍ ᠂ ᠥᠪᠡᠷ᠎ᠢᠶᠡᠨ ᠢᠳᠡᠵᠦ᠍ ᠪᠠᠷᠠᠬᠤ ᠦᠭᠡᠢ ᠪᠤᠯ ᠪᠠᠰᠠ ᠡᠷᠭᠢᠨ ᠲᠣᠭᠣᠷᠢᠨ᠎ᠤ ᠬᠥᠷᠰᠢ ᠰᠠᠭᠠᠬᠠᠯᠲᠠ᠎ᠳᠠᠭᠠᠨ ᠬᠦᠷᠭᠡᠨ᠎ᠡ᠂ ᠠᠮᠢᠳᠤᠷᠠᠯ ᠮᠠᠰᠢ ᠲᠠᠨᠭᠰᠤᠭ ᠪᠣᠯᠵᠠᠢ!》 ᠭᠡᠵᠦ᠍ ᠪᠠᠶᠠᠷᠯᠠᠨ ᠬᠡᠯᠡᠪᠠ᠃

《ᠠᠷᠪᠠᠨ ᠳᠥᠷᠪᠡᠳᠦᠭᠡᠷ ᠲᠠᠪᠤᠨ ᠵᠢᠯ》ᠤ᠋ᠨ  ᠬᠤᠭᠤᠴᠠᠭᠠᠨ᠎ᠳᠤ᠂ ᠥᠪᠥᠷ ᠮᠣᠩᠭᠣᠯ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠯᠲᠡ᠎ᠶ᠋ᠢᠨ ᠡᠭᠦᠷᠭᠡ᠎ᠶ᠋ᠢᠨ ᠪᠠᠯᠠ ᠮᠥᠩᠭᠥ᠎ᠶ᠋ᠢ ᠨᠡᠢᠲᠡ 35.39 ᠳ᠋ᠦᠩᠱᠢᠭᠤᠷ ᠲᠥᠭᠥᠷᠢᠭ ᠪᠠᠭᠤᠯᠭᠠᠵᠤ᠂ 3640 ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠤ 457.9 ᠲᠦᠮᠡᠨ ᠬᠥᠮᠦᠨ ᠤᠳᠠᠭ᠎ᠠ ᠳ᠋ᠤ ᠠᠱᠢᠭ ᠬᠦᠷᠲᠡᠭᠡᠪᠡ ᠨᠡᠢᠲᠡ 20 ᠬᠢᠯᠢ᠎ᠶ᠋ᠢᠨ ᠬᠣᠱᠢᠭᠤᠨ (ᠬᠣᠲᠠ᠂ ᠲᠣᠭᠣᠷᠢᠭ) ᠳ᠋ᠦ᠍ 216.74 ᠳ᠋ᠦᠩᠱᠢᠭᠤᠷ ᠲᠥᠭᠥᠷᠢᠭ᠎ᠢ ᠲᠤᠬᠢᠷᠠᠭᠤᠯᠤᠨ ᠱᠢᠯᠵᠢᠭᠦᠯᠦᠨ ᠦᠭᠴᠤ᠂《ᠤᠰᠤ ᠴᠠᠬᠢᠯᠭᠠᠨ ᠵᠠᠮ ᠴᠢᠮᠡᠭᠡ ᠬᠣᠯᠪᠣᠭ᠎ᠠ》ᠵᠡᠷᠭᠡ ᠰᠠᠭᠤᠷᠢ ᠲᠦᠬᠦᠭᠡᠷᠦᠮᠵᠢ᠎ᠶ᠋ᠢ ᠲᠦᠷᠭᠡᠳᠭᠡᠨ ᠲᠡᠭᠦᠯᠳᠡᠷᠵᠢᠭᠦᠯᠵᠦ᠍᠂ ᠬᠢᠯᠢ ᠬᠢᠵᠠᠭᠠᠷ ᠣᠷᠣᠨ᠎ᠤ ᠬᠥᠮᠦᠨ ᠳᠤᠮᠳᠠᠴᠢ  ᠵᠢᠨ ᠡᠵᠡᠮᠳᠡᠵᠦ᠍ ᠪᠣᠯᠬᠤ ᠣᠷᠣᠯᠭ᠎ᠠ ᠵᠢᠯ ᠪᠦᠷᠢ ᠳᠤᠮᠳᠠᠴᠢ᠎ᠪᠠᠷ 6% ᠡᠴᠡ ᠳᠡᠭᠡᠭ᠌ᠰᠢ ᠨᠡᠮᠡᠭ᠌ᠳᠡᠪᠡ ᠦᠨᠳᠦᠰᠦᠲᠡᠨ᠎ᠦ ᠠᠷᠠᠯᠵᠢᠶ᠎ᠠ ᠦᠨᠳᠦᠰᠦᠲᠡᠨ᠎ᠦ ᠤᠨᠴᠠ ᠲᠠᠸᠠᠷ᠎ᠤᠨ ᠦᠢᠯᠡᠳᠬᠦᠨ᠎ᠦ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠶᠡᠬᠡ ᠪᠡᠷ ᠳᠠᠮᠵᠢᠵᠤ᠂ 35.48 ᠲᠦᠮᠡᠨ ᠬᠥᠮᠦᠨ᠎ᠦ ᠠᠵᠢᠯ ᠣᠯᠬᠤ᠎ᠶ᠋ᠢ ᠳᠠᠢᠴᠢᠯᠠᠵᠠᠢ᠁ ᠡᠳᠡᠭᠡᠷ ᠪᠠᠲᠤᠲᠠᠢ ᠲᠣᠭ᠎ᠠ ᠪᠠᠷᠢᠮᠲᠠ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠢᠳᠤᠷᠠᠯ᠎ᠤᠨ ᠬᠢᠷᠢ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠵᠦ᠍᠂ ᠨᠢᠬᠳᠠᠷᠠᠨ ᠪᠦᠯᠬᠦᠮᠳᠡᠵᠤ ᠭᠠᠷ ᠬᠣᠯᠪᠣᠨ ᠠᠵᠢᠯ ᠦᠢᠯᠡᠰ᠎ᠢᠶᠡᠨ ᠬᠦᠭᠵᠢᠬᠦᠯᠵᠤ ᠬᠢᠯᠢ᠎ᠪᠡᠨ ᠮᠠᠨᠳᠤᠭᠤᠯᠵᠤ ᠪᠠᠢᠭ᠎ᠠ᠎ᠶ᠋ᠢᠨ ᠠᠮᠢᠳᠤᠯᠢᠭ ᠲᠠᠢᠯᠪᠤᠷᠢ ᠪᠣᠯᠤᠨ᠎ᠠ᠃

ᠱᠢᠨ᠎ᠡ ᠠᠶᠠᠨ᠎ᠳᠤ᠂ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠰᠡᠳᠭᠢᠯ ᠨᠢᠭᠡᠳᠦᠨ ᠬᠠᠮᠲᠤ᠎ᠪᠠᠷ ᠤᠷᠤᠭ᠍ᠰᠢᠯᠠᠵᠤ᠂ ᠪᠦᠯᠬᠦᠮᠳᠡᠨ ᠲᠡᠮᠡᠴᠡᠵᠦ᠍᠂ ᠠᠨᠠᠷ᠎ᠤᠨ ᠦᠷ᠎ᠡ ᠱᠢᠭ ᠪᠦᠯᠬᠦᠮᠳᠡᠨ ᠨᠢᠭ᠍ᠲᠠᠷᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠬᠠᠮᠲᠤ᠎ᠪᠠᠷ ᠰᠠᠢᠲᠤᠷ ᠬᠠᠮᠠᠭᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号