ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍ ᠠᠷᠠᠳ ᠲᠦᠮᠡᠨ᠎ᠳᠦ ᠪᠤᠶᠠᠨ ᠦᠢᠯᠡᠳᠦᠨ᠎ᠡ
2026-02-27 10:22:57
ᠵᠣᠬᠢᠶᠠᠭ᠍ᠴᠢ᠄
ᠵᠦ᠍ ᠵᠶ᠋ᠢ ᠴᠠᠢ ᠬ᠍ᠤ᠌ ᠬᠤᠤ ᠳ᠋ᠢᠩ ᠱᠢᠶᠤᠤ ᠰᠢ ᠭᠤᠤ ᠯᠸᠢ ᠬ᠍ᠤ᠌ ᠮᠸᠩ ᠱᠢᠤᠸᠠᠢ
ᠣᠩᠱᠢᠭ᠍ᠰᠠᠨ ᠣᠳᠠᠭ᠎ᠠ᠄
★★★☆☆

—  ᠶᠡᠷᠦᠩᠬᠡᠶ ᠱᠦᠵᠢ ᠰᠢ ᠵᠢᠨ ᠫᠢᠩ ᠪᠥᠬᠥ᠌ ᠨᠠᠮ᠎ᠢ ᠬᠥᠲᠥᠯᠥᠨ ᠳᠠᠭᠠᠭᠤᠯᠵᠤ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠪᠠ


ᠬᠡᠭᠦᠳᠡᠭ ᠴᠡᠭᠡᠵᠢᠨ᠎ᠳᠡᠭᠡᠨ ᠠᠯᠤᠰ ᠬᠡᠳᠦ᠍᠎ᠶ᠋ᠢᠨ ᠬᠠᠷᠠᠯᠲᠠ᠎ᠶ᠋ᠢ ᠪᠠᠭ᠍ᠲᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠮᠢᠩᠭᠠᠨ ᠣᠨ᠎ᠤ ᠠᠤᠭ᠎ᠠ ᠦᠢᠯᠡᠰ᠎ᠢ ᠪᠦᠲᠦᠭᠡᠬᠦ᠌᠎ᠪᠡᠷ ᠵᠣᠷᠢᠭ ᠱᠢᠭᠤᠳᠤᠭ᠍ᠰᠠᠨ ᠲᠦᠷᠦ᠍᠎ᠶ᠋ᠢᠨ ᠨᠠᠮ ᠨᠢ ᠯᠠᠪᠲᠠᠢ ᠪᠣᠳᠠᠲᠤ ᠪᠦᠳᠦᠮᠵᠢ᠎ᠪᠠᠷ᠎ᠢᠶᠠᠨ ᠤᠷᠤᠰᠢᠨ ᠳᠤᠭᠳᠠᠨᠢᠵᠤ ᠠᠯᠤᠰ᠎ᠢ ᠵᠣᠷᠢᠬᠤ ᠶᠤᠮ᠃

《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠳᠤᠬᠠᠢ ᠦᠵᠡᠯᠲᠡ᠎ᠶ᠋ᠢᠨ ᠠᠰᠠᠭᠤᠳᠠᠯ ᠪᠣᠯ ᠦᠨᠳᠦᠰᠦᠨ ᠴᠢᠨᠠᠷᠳᠠᠢ ᠠᠰᠠᠭᠤᠳᠠᠯ ᠪᠠᠢᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ᠍ ᠪᠠᠷᠢᠬᠤ᠎ᠲᠠᠶ ᠬᠣᠯᠪᠣᠭ᠍ᠳᠠᠨ᠎ᠠ》᠃ ᠬᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠮᠠᠷ ᠶᠠᠩᠵᠤ᠎ᠶ᠋ᠢᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠶᠠᠭᠤᠨ᠎ᠳᠤ ᠲᠦᠱᠢᠭ᠌ᠯᠡᠵᠦ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠪᠣᠯ ᠣᠭ ᠰᠠᠨᠠᠭ᠎ᠠ᠎ᠶ᠋ᠢᠨ ᠠᠰᠠᠭᠤᠯᠲᠠ᠂ ᠡᠭᠦᠷᠭᠡ ᠬᠠᠷᠢᠭᠤᠴᠠᠯᠭ᠎ᠠ᠎ᠶ᠋ᠢᠨ ᠠᠰᠠᠭᠤᠯᠲᠠ᠂ ᠪᠠᠰᠠ ᠴᠤ᠌ ᠴᠠᠭ ᠦᠶ᠎ᠡ᠎ᠶ᠋ᠢᠨ ᠠᠰᠠᠭᠤᠯᠲᠠ᠂ ᠦᠶ᠋ᠯᠡᠳᠦᠯᠭᠡ᠎ᠶ᠋ᠢᠨ ᠠᠰᠠᠭᠤᠯᠲᠠ ᠮᠥᠨ᠃

ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠦᠵᠡᠯᠲᠡ᠎ᠶ᠋ᠢᠨ ᠲᠠᠯ᠎ᠠ ᠪᠡᠷ᠂ ᠶᠡᠷᠦᠩᠬᠡᠢ ᠱᠦᠵᠢ ᠰᠢ ᠵᠢᠨ ᠫᠢᠩ ᠢᠮᠠᠭ᠍ᠲᠠ ᠭᠦᠨᠵᠡᠭᠡᠢ ᠰᠡᠳᠭᠢᠨ ᠲᠣᠳᠣᠷᠬᠠᠢ ᠵᠢᠭᠠᠨ ᠵᠢᠯᠣᠭᠣᠳᠴᠦ᠂ ᠠᠷᠠᠳ ᠲᠦᠮᠡᠨ᠎ᠳᠦ ᠪᠤᠶᠠᠨ ᠦᠢᠯᠡᠳᠬᠦ᠌ ᠦᠨᠳᠦᠰᠦᠨ ᠬᠠᠷᠠᠯᠲᠠ ᠵᠢ ᠪᠠᠳᠤ ᠡᠵᠡᠮᠳᠡᠵᠦ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌ ᠦᠨᠳᠦᠰᠦᠨ ᠠᠷᠭ᠎ᠠ ᠵᠠᠮ᠎ᠢ ᠪᠠᠲᠤ ᠰᠠᠬᠢᠵᠤ᠂ ᠱᠢᠨᠵᠢᠯᠡᠬᠦ᠌ ᠤᠬᠠᠭᠠᠨᠴᠢ ᠨᠠᠷᠢᠯᠢᠭ ᠣᠨᠣᠪᠴᠢᠲᠠᠢ ᠬᠡᠮᠵᠢᠭᠦᠷ᠎ᠢ ᠡᠵᠡᠮᠳᠡᠵᠦ᠍᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌ ᠢᠯᠡ ᠲᠣᠳᠣ ᠤᠳᠤᠷᠢᠳᠤᠮᠵᠢ᠎ᠶ᠋ᠢ ᠰᠠᠨᠠᠭᠠᠴᠢᠯᠠᠪᠠ᠃

ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠠᠯᠪᠠᠨ ᠲᠢᠩᠬᠢᠮ 《ᠪᠥᠬᠥ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠪᠠ᠃ 《ᠮᠡᠳᠡᠭ᠌ᠳᠡᠯ》 ᠳ᠋ᠤ᠂ ᠨᠠᠮ᠎ᠤᠨ ᠲᠥᠪ ᠬᠤᠷᠢᠶ᠎ᠠ᠎ᠶᠢᠨ ᠵᠥᠪᠱᠢᠶᠡᠷᠡᠯ᠎ᠢᠶᠡᠷ᠂ ᠪᠦᠬᠦ᠌ ᠨᠠᠮ᠎ᠢᠶᠡᠷ᠎ᠢᠶᠡᠨ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠨ᠎ᠡ ᠭᠡᠵᠦ ᠵᠢᠭᠠᠵᠤ ᠭᠠᠷᠭᠠᠪᠠ᠃

《ᠪᠣᠳᠠᠲᠠᠢ ᠡᠴᠡ ᠡᠭᠦᠰᠭᠦ᠂ ᠵᠢᠮ᠎ᠡ ᠶᠣᠰᠣ᠎ᠪᠠᠷ ᠠᠵᠢᠯ ᠶᠠᠪᠤᠳᠠᠯ ᠬᠢᠬᠦ ᠵᠢ ᠪᠠᠷᠢᠮᠲᠠᠯᠠᠵᠤ᠂ ᠤᠬᠠᠮᠰᠠᠷ ᠡᠴᠡ᠎ᠪᠠᠨ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠵᠤ᠂ ᠪᠣᠳᠠᠲᠠᠢ ᠠᠵᠢᠯᠯᠠᠨ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ ᠬᠡᠷᠡᠭ᠌ᠲᠡᠢ》᠃

《ᠠᠷᠪᠠᠨ ᠳᠠᠪᠤᠳᠤᠭᠠᠷ ᠳᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ᠂ ᠶᠡᠷᠦᠩᠬᠡᠶ ᠱᠦᠵᠢ ᠰᠢ ᠵᠢᠨ ᠫᠢᠩ ᠤᠷᠢᠶᠠᠯᠠᠭ᠎ᠠ ᠭᠠᠷᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠤᠯᠠᠮ ᠨᠢᠭᠡ ᠠᠯᠬᠤᠮ ᠪᠣᠶ ᠪᠣᠯᠭᠠᠬᠤ ᠪᠠ ᠦᠶ᠋ᠯᠡᠳᠦᠯᠭᠡᠵᠢᠭᠦᠯᠵᠦ᠍᠂ ᠵᠢᠯᠤᠭᠤ ᠡᠷᠭᠦᠨ ᠳᠠᠰᠢᠭᠤᠷ ᠨᠡᠮᠡᠵᠦ᠂ ᠵᠣᠭ᠍ᠰᠣᠯ ᠥᠬᠡᠶ ᠤᠷᠤᠭ᠍ᠰᠢᠯᠠᠵᠤ᠂  ᠬᠦᠴᠦᠷᠬᠡᠭ᠌ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠵᠠᠩᠭᠢᠯᠠᠭ᠎ᠠ᠎ᠶ᠋ᠢᠨ ᠨᠢᠭᠡ ᠶᠠᠪᠤᠴᠠ᠎ᠳᠤ ᠣᠷᠣᠯᠴᠠᠬᠤ᠎ᠶ᠋ᠢ ᠵᠣᠷᠢᠭ᠍ᠵᠢᠭᠤᠯᠪᠠ᠃

(ᠨᠢᠭᠡ) ᠲᠦᠷᠦ ᠪᠠᠷᠢᠬᠤ ᠶᠤᠰᠤᠨ ᠠᠨᠤ ᠪᠠᠢᠩᠭᠤ ᠪᠤᠳᠤᠵᠤ ᠪᠠᠢᠩᠭᠤ ᠰᠡᠳᠬᠢᠬᠦ᠎ᠳᠦ ᠪᠤᠢ — 《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠳᠦ ᠱᠢᠢᠳᠪᠦᠷᠢᠯᠡᠭ᠌ᠴᠢ ᠦᠢᠯᠡᠳᠦᠯ ᠦᠵᠡᠭᠦᠯᠬᠦ᠌ ᠨᠢ ᠨᠠᠮᠴᠢ ᠴᠢᠨᠠᠷ ᠪᠣᠯᠤᠨ᠎ᠠ》

2026 ᠣᠨ᠎ᠤ 1 ᠰᠠᠷ᠎ᠠ᠎ᠳᠤ᠂ ᠲᠥᠪ᠎ᠦᠨ ᠨᠠᠮ᠎ᠤᠨ ᠰᠤᠷᠭᠠᠭᠤᠯᠢ ᠳ᠋ᠦ᠂ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠪᠡ᠃

ᠡᠬᠢᠯᠡᠯᠲᠡ᠎ᠶ᠋ᠢᠨ ᠵᠢᠯ᠎ᠦᠨ 《ᠨᠢᠭᠡᠳᠦᠭᠡᠷ ᠬᠢᠴᠢᠶᠡᠯ》 ᠳ᠋ᠤ᠌᠂ ᠶᠡᠷᠦᠩᠬᠡᠢ ᠱᠦᠵᠢ ᠰᠢ ᠵᠢᠨ ᠫᠢᠩ ᠱᠢᠨ᠎ᠡ ᠠᠶᠠᠨ᠎ᠳᠦ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠠᠯᠤᠰ ᠬᠡᠳᠦ᠍᠎ᠶ᠋ᠢᠨ ᠪᠣᠳᠣᠯᠬᠢᠯᠠᠯ᠎ᠢ ᠲᠣᠳᠣᠷᠬᠠᠢᠯᠠᠨ ᠥᠭᠦᠯᠡᠪᠡ᠄《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠡᠬᠢᠯᠡᠯᠲᠡ᠎ᠶ᠋ᠢᠨ ᠵᠢᠯ᠂ ᠲᠥᠯᠥᠪᠵᠢᠭᠦᠯᠭᠡ ᠲᠣᠭ᠍ᠲᠠᠭᠠᠬᠤ ᠪᠠ ᠪᠠᠢᠷᠢᠯᠠᠭᠤᠯᠤᠨ ᠬᠡᠷᠡᠭ᠌ᠵᠢᠭᠦᠯᠬᠦ᠌᠎ᠳᠦ ᠴᠥᠮ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠥᠪ ᠦᠵᠡᠯᠲᠡ᠎ᠲᠡᠶ ᠪᠠᠢᠬᠤ ᠬᠡᠷᠡᠭ᠌ᠲᠡᠢ᠃ ᠮᠤᠵᠢ ᠬᠣᠲᠠ ᠱᠢᠶᠠᠨ ᠱᠢᠶᠠᠩ᠎ᠤᠨ ᠤᠳᠤᠷᠢᠳᠭᠤ ᠪᠠᠭ ᠬᠣᠢᠨ᠎ᠠ ᠬᠣᠢᠨ᠎ᠠ ᠡᠴᠡ᠎ᠪᠠᠨ ᠬᠤᠭᠤᠴᠠᠭ᠎ᠠ ᠰᠣᠯᠢᠬᠤ ᠪᠣᠯᠤᠨ᠎ᠠ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠶ᠋ᠢ ᠴᠢᠬᠤᠯᠠᠴᠢᠯᠠᠬᠤ ᠨᠢ ᠪᠠᠰᠠ ᠮᠠᠰᠢ ᠬᠠᠨᠳᠤᠯᠭᠠᠲᠤ ᠴᠢᠨᠠᠷᠲᠠᠶ ᠶᠤᠮ》᠃

ᠶᠡᠷᠦᠩᠬᠡᠢ ᠱᠦᠵᠢ ᠰᠢ ᠵᠢᠨ ᠫᠢᠩ ᠬᠣᠶᠠᠷ ᠵᠦᠢᠯ᠎ᠦᠨ ᠠᠳᠠᠯᠢ ᠪᠤᠰᠤ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠳᠤᠬᠠᠢ ᠦᠵᠡᠯᠲᠡ᠎ᠶ᠋ᠢᠨ ᠳᠣᠲᠣᠭᠠᠳᠤ ᠮᠥᠨ ᠴᠢᠨᠠᠷ᠎ᠢ ᠤᠨᠤᠴᠠᠳᠠᠢ ᠭᠦᠨᠵᠡᠭᠡᠢ ᠵᠠᠳᠠᠯᠪᠠ᠃

《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ ᠨᠢ ᠪᠢᠳᠡᠨ᠎ᠢ ᠪᠣᠳᠠᠲᠠᠢ ᠡᠴᠡ ᠡᠭᠦᠰᠭᠦ᠂ ᠵᠢᠮ᠎ᠡ ᠶᠣᠰᠣ᠎ᠪᠠᠷ ᠠᠵᠢᠯ ᠶᠠᠪᠤᠳᠠᠯ ᠬᠢᠬᠦ ᠵᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠪᠠ ᠪᠣᠳᠠᠲᠠᠢ ᠠᠵᠢᠯᠯᠠᠵᠤ ᠬᠠᠲᠠᠭᠤᠵᠢᠯᠲᠠᠢ ᠠᠵᠢᠯᠯᠠᠬᠤ᠎ᠪᠠᠷ ᠳᠠᠮᠵᠢᠨ ᠦᠢᠯᠡᠳᠦᠯᠭᠡ ᠪᠠ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌᠂ ᠠᠷᠠᠳ ᠲᠦᠮᠡᠨ᠎ᠳᠦ ᠦᠨᠡᠨ ᠬᠦ᠌ ᠪᠤᠶᠠᠨ ᠦᠢᠯᠡᠳᠬᠦ᠌᠂ ᠤᠯᠠᠨ ᠲᠦᠮᠡᠨ᠎ᠳᠦ ᠮᠡᠳᠡᠷᠡᠭ᠌ᠳᠡᠭ᠌ᠰᠡᠨ ᠠᠵᠢᠯ᠎ᠤᠨ ᠠᠮᠵᠢᠯᠳᠠ᠎ᠶ᠋ᠢ ᠡᠭᠦᠳᠬᠦ᠌᠎ᠶ᠋ᠢ ᠱᠠᠭᠠᠷᠳᠠᠵᠤ ᠪᠠᠢᠨ᠎ᠠ》᠃

《 ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠶ ᠪᠤᠷᠤᠭᠤ ᠦᠵᠡᠯᠲᠡ ᠪᠣᠯ ᠬᠤᠪᠢ ᠬᠥᠮᠦᠨ ᠪᠤᠶᠤ ᠵᠢᠵᠢᠭ ᠪᠦᠯᠬᠦᠮ᠎ᠦᠨ ᠠᠱᠢᠭ ᠲᠤᠰᠠ ᠡᠴᠡ ᠡᠭᠦᠰᠴᠦ᠍᠂ ᠰᠡᠳᠭᠢᠯ ᠰᠠᠨᠠᠭ᠎ᠠ ᠨᠢ ᠬᠦᠯᠢᠴᠡᠩᠬᠦᠢ ᠪᠤᠰᠤ᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠵᠦ᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠵᠤ᠂ ᠰᠣᠬᠣᠷ ᠪᠠᠯᠠᠶ᠎ᠪᠠᠷ ᠠᠵᠢᠯᠯᠠᠵᠤ᠂ 〈ᠳᠦᠷᠢ ᠲᠥᠷᠬᠦ᠌᠎ᠶ᠋ᠢᠨ ᠢᠨᠵᠧᠨᠧᠷᠢᠩ〉 〈ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠢᠨᠵᠧᠨᠧᠷᠢᠩ〉 ᠬᠢᠵᠦ᠍᠂ ᠲᠡᠭᠡᠭᠡᠷ᠎ᠡ ᠳᠠᠷᠤᠭᠠᠰᠤ ᠪᠠ ᠭᠡᠮ ᠰᠤᠭᠤᠭ ᠦᠯᠡᠳᠡᠭᠡᠵᠦ᠍᠂ ᠠᠷᠠᠳ ᠣᠯᠠᠨ᠎ᠤ ᠳᠤᠷ᠎ᠠ ᠦᠭᠡᠢᠴᠡᠯ᠎ᠢ ᠬᠦᠷᠭᠡᠳᠡᠭ》᠃

2004 ᠣᠨ᠎ᠤ 2 ᠰᠠᠷ᠎ᠠ᠎ᠳᠤ᠂ ᠤᠷᠤᠨ ᠨᠤᠳᠤᠭ᠎ᠤᠨ ᠭᠤᠤᠯ ᠬᠠᠷᠢᠭᠤᠴᠠᠯᠭᠠᠳᠠᠨ ᠪᠠᠢᠬᠰᠠᠨ ᠰᠢ ᠵᠢᠨ ᠫᠢᠩ ᠨᠦᠬᠦᠷ ᠲᠥᠪ᠎ᠦᠨ ᠨᠠᠮ᠎ᠤᠨ ᠰᠤᠷᠭᠠᠭᠤᠯᠢ᠎ᠶ᠋ᠢᠨ ᠮᠤᠵᠢ ᠶᠠᠮᠤᠨ᠎ᠤ ᠳᠡᠰ᠎ᠤᠨ ᠭᠣᠣᠯ ᠤᠳᠤᠷᠢᠳᠭᠤ ᠺᠠᠳ᠋ᠷ᠎ᠤᠨ ᠲᠤᠰᠭᠠᠶ ᠰᠡᠳᠦᠪᠲᠦ ᠰᠤᠳᠤᠯᠬᠤ ᠠᠩᠭᠢ᠎ᠳᠤ ᠣᠷᠣᠯᠴᠠᠪᠠ᠃

ᠰᠢ ᠵᠢᠨ ᠫᠢᠩ ᠨᠥᠬᠥᠷ ᠶᠠᠷᠢᠶᠠᠨ᠎ᠳᠠᠭᠠᠨ《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ ᠨᠢ ᠪᠢᠳᠡᠨ ᠤ᠋ ᠪᠡᠶᠡᠴᠢ ᠶᠢᠷᠲᠢᠨᠴᠦ᠍᠎ᠪᠡᠨ ᠵᠥᠪ᠎ᠢᠶᠡᠷ ᠥᠭᠡᠷᠡᠴᠢᠯᠡᠬᠦ᠌ ᠵᠢ ᠵᠢᠯᠣᠭᠣᠳᠳᠠᠭ》 ᠭᠡᠵᠦ᠍ ᠢᠯᠡᠳᠬᠡᠭᠰᠡᠨ ᠪᠥᠭᠡᠳ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠶ ᠪᠣᠯᠭᠠᠬᠤ᠎ᠳᠤ ᠡᠷᠬᠡᠪᠰᠢ ᠭᠣᠣᠯᠳᠠᠯᠭ᠎ᠠ᠎ᠲᠠᠶ᠎ᠪᠠᠷ ᠱᠢᠶ᠋ᠳᠪᠦᠷᠢᠯᠡᠬᠦ᠌ ᠴᠢᠬᠤᠯᠠᠲᠠᠢ ᠠᠰᠠᠭᠤᠳᠠᠯ᠎ᠢ ᠵᠤᠷᠪᠤᠰ ᠵᠤᠷᠪᠤᠰ᠎ᠢᠶᠠᠷ ᠵᠠᠳᠠᠯᠤᠨ ᠲᠣᠳᠣᠷᠬᠠᠢᠯᠠᠨ ᠥᠭᠦᠯᠡᠵᠡᠶ᠃ ᠲᠡᠷᠡ ᠵᠢᠯ᠂ ᠲᠡᠷᠡᠪᠡᠷ 《ᠵᠧᠵᠢᠶᠠᠩ᠎ᠤᠨ ᠡᠳᠦᠷ᠎ᠦᠨ ᠰᠣᠨᠢᠨ》 ᠤ᠋ 《ᡁᠢ ᠵᠢᠶᠠᠩ᠎ᠤᠨ ᠰᠢᠬᠦᠮᠵᠢ》 ᠲᠤᠰᠭᠠᠢ ᠪᠤᠯᠤᠩ᠎ᠳᠤ ᠵᠠᠯᠭᠠᠭ᠎ᠠ ᠪᠡᠷ ᠵᠣᠬᠢᠶᠠᠯ ᠨᠡᠢᠲᠡᠯᠡᠵᠦ᠍᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠦᠵᠡᠯᠲᠡ᠎ᠶ᠋ᠢᠨ ᠵᠥᠪ ᠪᠤᠷᠤᠭᠤ᠎ᠶ᠋ᠢᠨ ᠪᠠᠷᠢᠮᠵᠢᠶ᠎ᠠ ᠪᠣᠯᠤᠨ ᠦᠢᠯᠡᠳᠦᠯᠭᠡ᠎ᠶ᠋ᠢᠨ ᠠᠷᠭ᠎ᠠ ᠵᠠᠮ᠎ᠢ ᠲᠣᠳᠣᠷᠬᠠᠢᠯᠠᠪᠠ᠃

《ᠮᠠᠨ᠎ᠤ ᠤᠳᠤᠷᠢᠳᠭᠤ ᠺᠠᠳ᠋ᠷ ᠨᠢᠭᠡ ᠪᠦᠷᠢ ᠴᠥᠮ 〈 ᠶᠠᠭᠤᠨ᠎ᠳᠤ ᠨᠠᠮ᠎ᠳᠤ ᠣᠷᠣᠬᠤ᠂ [ᠨᠣᠶᠠᠨ] ᠪᠣᠯᠣᠭᠠᠳ ᠶᠠᠭᠤ ᠬᠢᠬᠦ᠌᠂ ᠠᠷᠤ᠎ᠳᠠᠭᠠᠨ ᠶᠠᠭᠤ ᠦᠯᠡᠳᠡᠭᠡᠬᠦ᠌〉 ᠶ᠋ᠢ ᠦᠷᠭᠦᠯᠵᠢ ᠪᠣᠳᠣᠯᠬᠢᠯᠠᠬᠤ ᠬᠡᠷᠡᠭ᠌ᠲᠡᠢ》᠃ ᠣᠷᠣᠨ ᠨᠤᠲᠤᠭ ᠡᠴᠡ ᠲᠥᠪ ᠬᠣᠷᠢᠢ᠎ᠠ ᠬᠦᠷᠲᠡᠯ᠎ᠡ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠠᠰᠠᠭᠤᠯᠲᠠ ᠪᠣᠳᠣᠯᠬᠢᠯᠠᠯ ᠶᠡᠷᠦ᠍᠎ᠡᠴᠡ ᠵᠣᠭ᠍ᠰᠣᠭ᠍ᠰᠠᠨ ᠦᠭᠡᠢ᠃

ᠳᠡᠭᠡᠷ᠎ᠡ ᠵᠠᠭᠤᠨ᠎ᠤ ᠶᠡᠷᠡᠭᠡᠳ ᠣᠨ᠎ᠤ ᠡᠬᠢ᠎ᠪᠡᠷ᠂ ᠹᠦᠵᠢᠶᠠᠨ ᠮᠤᠵᠢ᠎ᠶ᠋ᠢᠨ ᠤᠳᠤᠷᠢᠳᠭᠤ ᠬᠥᠮᠦᠰ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠤᠷᠠᠯ ᠲᠤᠬᠠᠢ᠎ᠶ᠋ᠢᠨ ᠦᠶ᠎ᠡ᠎ᠳᠦ ᠨᠢᠩᠳ᠋ᠸ ᠲᠤᠰᠭᠠᠢ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠪᠠᠢᠭ᠍ᠰᠠᠨ ᠰᠢ ᠵᠢᠨ ᠫᠢᠩ᠎ᠢ ᠤᠷᠢᠵᠤ ᠵᠠᠯᠠᠭᠤ ᠤᠳᠤᠷᠢᠳᠭᠤ ᠺᠠᠳ᠋ᠷ ᠠᠵᠢᠯ᠎ᠢᠶᠠᠨ ᠬᠡᠷᠬᠢᠨ ᠰᠠᠢᠲᠤᠷ ᠬᠢᠬᠦ᠌ ᠲᠤᠬᠠᠢ ᠠᠰᠠᠭᠤᠳᠠᠯ᠎ᠢ ᠶᠠᠷᠢᠭᠤᠯᠵᠤ᠂ 《ᠵᠠᠰᠠᠭ᠎ᠤᠨ ᠶᠠᠪᠤᠳᠠᠯ᠎ᠤᠨ ᠲᠤᠬᠠᠢ ᠰᠤᠯᠠ ᠶᠠᠷᠢᠯᠴᠠᠭ᠎ᠠ》 ᠭᠡᠬᠦ᠌ ᠵᠣᠬᠢᠶᠠᠯ ᠨᠢ ᠨᠣᠮ ᠰᠤᠳᠤᠷ ᠡᠴᠡ ᠡᠰᠢ ᠲᠠᠲᠠᠵᠤ᠂ ᠬᠥᠮᠦᠰ᠎ᠢ ᠭᠦᠨ ᠰᠡᠳᠭᠢᠭᠦᠯᠵᠡᠢ  —

《ᠳᠤᠮᠳᠠᠳᠤ ᠤᠯᠤᠰ᠎ᠤᠨ ᠬᠡᠳᠦᠨ ᠮᠢᠩᠭᠠᠨ ᠵᠢᠯ᠎ᠦᠨ ᠪᠣᠯᠪᠠᠰᠤᠨ᠎ᠤ ᠲᠡᠦᠬᠡᠨ ᠳᠡᠭᠡᠷ᠎ᠡ᠂ ᠡᠵᠡᠨ ᠬᠠᠭᠠᠨ ᠵᠠᠩᠵᠤᠨ ᠬᠡᠴᠢᠨᠡᠨ ᠤᠯᠠᠨ ᠪᠠᠢᠭ᠍ᠰᠠᠨ ᠴᠤ᠌᠂ ᠠᠷᠠᠳ ᠤᠯᠠᠨ᠎ᠳᠦ ᠮᠠᠷᠲᠠᠭ᠍ᠳᠠᠰᠢ ᠦᠭᠡᠢ ᠳᠤᠷᠠᠳᠭᠠᠯ ᠦᠯᠡᠳᠡᠭᠡᠭ᠌ᠰᠡᠨ ᠨᠢ ᠵᠠᠭᠤ ᠰᠢᠬᠠᠮ ᠬᠥᠮᠦᠨ ᠯᠡ ᠪᠢᠯᠡ》᠃ 《ᠳᠡᠦᠬᠡ ᠰᠤᠳᠤᠷ᠎ᠲᠤ ᠨᠡᠷ᠎ᠡ ᠪᠠᠨ ᠦᠯᠡᠳᠡᠭᠡᠬᠦ᠌ ᠨᠢ ᠨᠣᠶᠠᠨ ᠵᠡᠷᠭᠡ᠎ᠲᠡᠶ ᠮᠥᠨ ᠴᠢᠨᠠᠷ᠎ᠤᠨ ᠬᠠᠷᠢᠴᠠᠭ᠎ᠠ ᠥᠬᠡᠶ᠂ ᠬᠠᠷᠢᠨ ᠬᠢᠵᠦ ᠪᠦᠳᠦᠭᠡᠭᠰᠡᠨ ᠠᠵᠢᠯ᠎ᠲᠡᠶ ᠨᠢ ᠬᠣᠯᠪᠣᠭ᠎ᠠ᠎ᠲᠠᠶ ᠶᠤᠮ》᠃

《ᠵᠠᠷᠢᠮ ᠬᠥᠮᠦᠨ ᠬᠡᠳᠦᠨ ᠠᠷᠪᠠᠨ ᠵᠢᠯ ᠨᠣᠶᠠᠨ ᠰᠠᠭᠤᠭᠠᠳ᠂ ᠡᠴᠦᠰ᠎ᠲᠡᠬᠡᠨ ᠨᠡᠷ᠎ᠡ ᠠᠱᠢᠭ᠎ᠲᠤ ᠪᠠᠷᠢᠭ᠍ᠳᠠᠨ᠂ ᠡᠰᠡᠬᠦᠯ᠎ᠡ ᠶᠠᠭᠤ ᠴᠤ᠌ ᠪᠦᠲᠦᠭᠡᠵᠦ᠍ ᠴᠢᠳᠠᠬᠤ ᠦᠭᠡᠢ᠂ ᠡᠰᠡᠬᠦᠯ᠎ᠡ ᠨᠡᠷ᠎ᠡ ᠨᠢᠭᠤᠷ᠎ᠢᠶᠠᠨ ᠪᠠᠷᠠᠵᠤ ᠡᠴᠦᠰᠯᠡᠳᠡᠭ᠃ ᠡᠭᠦᠨ᠎ᠦ ᠱᠢᠯᠲᠠᠭᠠᠨ᠎ᠢ ᠡᠷᠢᠪᠡᠯ ᠨᠣᠶᠠᠨ ᠰᠠᠭᠤᠬᠤ ᠵᠥᠪ ᠵᠣᠷᠢᠯᠲᠠ᠎ᠶ᠋ᠢ ᠪᠤᠢ ᠪᠣᠯᠭᠠᠭ᠍ᠰᠠᠨ ᠦᠭᠡᠢ᠎ᠳᠦ ᠣᠷᠣᠱᠢᠨ᠎ᠠ》᠃ 《ᠨᠣᠶᠠᠨ ᠰᠠᠭᠤᠬᠤ᠂ ᠡᠪ ᠬᠠᠮᠲᠤ ᠨᠠᠮ᠎ᠤᠨ 〈ᠨᠣᠶᠠᠨ〉 ᠪᠤᠯᠬᠤ᠎ᠳᠦ ᠨᠢᠭᠡ ᠯᠡ ᠵᠣᠷᠢᠯᠲᠠ ᠪᠠᠢᠳᠠᠭ᠂ ᠳᠠᠷᠤᠢ ᠠᠷᠠᠳ ᠲᠦᠮᠡᠨ᠎ᠳᠦ ᠪᠤᠶᠠᠨ ᠦᠢᠯᠡᠳᠬᠦ᠌ ᠶᠠᠪᠤᠳᠠᠯ ᠪᠣᠯᠤᠨ᠎ᠠ》᠃

ᠡᠷᠲᠡᠨ᠎ᠤ ᠪᠡᠷ ᠡᠳᠦᠭᠡ᠎ᠶ᠋ᠢ ᠤᠮᠳᠠᠯᠠᠵᠤ᠂ ᠥᠩᠭᠡᠷᠡᠭ᠌ᠰᠡᠨ᠎ᠢᠶᠡᠷ ᠲᠤᠯᠢ ᠪᠣᠯᠭᠠᠵᠤ ᠢᠷᠡᠭᠡᠳᠦᠢ᠎ᠶ᠋ᠢ ᠮᠡᠳᠡᠵᠦ᠂ ᠶᠡᠷᠦᠩᠬᠡᠢ ᠱᠦᠵᠢ ᠰᠢ ᠵᠢᠨ ᠫᠢᠩ ᠢᠮᠠᠭ᠍ᠲᠠ ᠤᠬᠠᠮᠰᠠᠷ ᠡᠴᠡ᠎ᠪᠠᠨ ᠮᠠᠷᠺᠰ᠎ᠤᠨ ᠦᠵᠡᠯ᠎ᠦᠨ ᠤᠨᠤᠯ ᠪᠣᠯᠤᠨ ᠨᠠᠮ᠎ᠤᠨ ᠭᠡᠷᠡᠯ ᠰᠠᠴᠤᠷᠠᠩᠭᠤᠢ ᠲᠡᠦᠬᠡ᠎ᠡᠴᠡ ᠵᠠᠰᠠᠭ ᠪᠠᠷᠢᠬᠤ ᠤᠬ ᠰᠠᠨᠠᠭ᠎ᠠ᠎ᠪᠠᠨ ᠲᠠᠬᠢᠨ ᠡᠷᠭᠢᠴᠡᠭᠦᠯᠵᠦ᠍᠂ ᠶᠡᠷᠦᠨᠢ ᠳᠤᠮᠳᠠᠳᠤ᠎ᠶ᠋ᠢᠨ ᠪᠣᠯᠪᠠᠰᠤᠨ᠎ᠤ ᠬᠤᠷᠠᠮᠳᠤᠭᠤᠯᠤᠭ᠍ᠰᠠᠨ ᠤᠶᠤᠨ ᠤᠬᠠᠭᠠᠨ ᠡᠴᠡ ᠵᠠᠰᠠᠭ ᠪᠠᠷᠢᠬᠤ ᠶᠣᠰᠣ᠎ᠶ᠋ᠢ ᠴᠢᠳᠠᠮᠠᠭᠠᠢ᠎ᠪᠠᠷ ᠱᠢᠩᠭᠡᠭᠡᠨ ᠠᠪᠴᠠᠢ᠃

ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ᠎ᠤᠨ ᠬᠤᠷᠠᠯ ᠳᠡᠭᠡᠷ᠎ᠡ᠂ 《ᠮᠠᠨ᠎ᠤ ᠠᠯᠢᠪᠠ ᠪᠦᠬᠦᠨ ᠴᠥᠮ ᠠᠷᠠᠳ ᠲᠦᠮᠡᠨ᠎ᠦ ᠲᠥᠯᠥᠭᠡ ᠪᠠᠢᠬᠤ ᠬᠡᠷᠡᠭ᠌ᠲᠡᠢ᠂ ᠥᠪᠡᠷ᠎ᠢ᠎ᠪᠡᠨ ᠪᠤᠳᠤᠬᠤ ᠦᠭᠡᠢ᠂ ᠨᠡᠢᠲᠡ᠎ᠶ᠋ᠢ ᠲᠡᠷᠢᠭᠦᠨ᠎ᠳᠦ ᠲᠠᠯᠪᠢᠵᠤ ᠬᠤᠪᠢ᠎ᠪᠠᠨ ᠪᠤᠳᠤᠬᠤ ᠦᠭᠡᠢ᠂ ᠠᠮᠢ ᠬᠤᠪᠢ᠎ᠪᠠᠨ ᠪᠤᠳᠤᠬᠤ ᠦᠭᠡᠢ᠎ᠪᠡᠷ ᠤᠯᠠᠨ᠎ᠤ ᠲᠥᠯᠥᠭᠡ ᠵᠢᠳᠬᠦᠬᠦ᠌ ᠬᠡᠷᠡᠭ᠌ᠲᠡᠢ》᠂ 《ᠮᠠᠨ᠎ᠤ ᠬᠠᠮᠤᠭ᠎ᠤᠨ ᠭᠣᠣᠯᠯᠠᠭ᠍ᠴᠢ ᠡᠨᠡ ᠨᠢᠭᠡ ᠳᠠᠪᠬᠤᠷᠭ᠎ᠠ᠎ᠶ᠋ᠢᠨ ᠬᠥᠮᠦᠨ ᠪᠣᠯ ᠠᠮᠢ ᠪᠡᠶ᠎ᠡ᠎ᠪᠡᠨ ᠵᠣᠷᠢᠭᠤᠯᠬᠤ ᠵᠣᠷᠢᠭ ᠰᠠᠨᠠᠭ᠎ᠠ᠎ᠲᠠᠶ ᠨᠢᠭᠡ ᠪᠦᠯᠦᠭ ᠬᠥᠮᠦᠨ ᠪᠠᠢᠬᠤ ᠶᠣᠰᠣᠲᠠᠢ》 ᠭᠡᠵᠦ᠍ ᠲᠣᠳᠣᠷᠬᠠᠢ ᠴᠢᠬᠤᠯᠠᠴᠢᠯᠠᠪᠠ; ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠠᠮᠲᠤ᠎ᠶ᠋ᠢᠨ ᠰᠤᠷᠤᠯᠴᠠᠯᠭ᠎ᠠ᠎ᠶ᠋ᠢ ᠡᠷᠬᠢᠯᠡᠬᠦ᠌᠎ᠳᠡᠭᠡᠨ᠂ 《ᠵᠧᠩ ᠤᠯᠤᠰ᠎ᠤᠨ ᠬᠦᠮᠦᠨ ᠱᠠᠬᠠᠢ ᠬᠤᠳᠠᠯᠳᠤᠨ ᠠᠪᠤᠭ᠍ᠰᠠᠨ ᠨᠢ》᠂ 《ᠴᠢᠬᠢ᠎ᠪᠡᠨ ᠪᠥᠭ᠌ᠯᠡᠵᠦ᠍ ᠬᠤᠩᠬᠤ ᠬᠤᠯᠠᠭᠠᠢᠯᠠᠭ᠍ᠰᠠᠨ ᠨᠢ 》᠂ 《ᠦᠰᠬᠡᠭᠦ ᠭᠡᠳ ᠦᠭᠳᠡᠭᠡᠭᠰᠡᠨ ᠨᠢ》 ᠂ 《ᠮᠣᠭᠠᠢ᠎ᠳᠤ ᠬᠦᠯ ᠨᠡᠮᠡᠭ᠌ᠰᠡᠨ ᠨᠢ》 ᠵᠡᠷᠭᠡ ᠵᠤᠬᠰᠤᠩᠭᠤᠢ ᠠᠷᠭ᠎ᠠ᠎ᠶ᠋ᠢ ᠬᠣᠱᠣᠩᠨᠠᠭ᠍ᠰᠠᠨ ᠦᠯᠢᠭᠡᠷ᠎ᠢ ᠨᠢᠭᠡᠳ ᠨᠢᠭᠡ᠎ᠪᠡᠷ ᠲᠣᠭᠠᠴᠢᠵᠤ᠂ ᠪᠣᠳᠠᠲᠠᠢ ᠪᠠᠢᠳᠠᠯ᠎ᠢ ᠦᠨᠳᠦᠰᠦᠯᠡᠨ ᠠᠵᠢᠯ᠎ᠤᠨ ᠴᠢᠭ᠌ᠯᠡᠯᠲᠡ᠎ᠪᠡᠨ ᠲᠣᠭ᠍ᠲᠠᠭᠠᠬᠤ ᠬᠡᠷᠡᠭ᠌ᠲᠡᠢ ᠭᠡᠵᠦ᠍ ᠱᠠᠭᠠᠷᠳᠠᠪᠠ᠃

2022 ᠣᠨ᠎ᠳᠤ᠂ ᠲᠥᠪ᠎ᠦᠨ ᠨᠠᠮ᠎ᠤᠨ ᠰᠤᠷᠭᠠᠭᠤᠯᠢ᠎ᠶ᠋ᠢᠨ ᠢᠳᠡᠷ ᠵᠠᠯᠠᠭᠤ ᠺᠠᠳ᠋ᠷ᠎ᠤᠨ ᠰᠤᠷᠤᠯᠭ᠎ᠠ᠎ᠶᠢᠨ ᠠᠩᠬᠢ ᠡᠬᠢᠯᠡᠬᠦ᠌ ᠶᠣᠰᠣᠯᠠᠯ ᠳᠡᠭᠡᠷ᠎ᠡ᠂ ᠵᠠᠯᠠᠭᠤ ᠺᠠᠳ᠋ᠷ ᠲᠠᠢ ᠨᠢᠭᠤᠷᠳᠡᠵᠦ᠂ ᠶᠡᠷᠦᠩᠬᠡᠢ ᠱᠦᠵᠢ ᠰᠢ ᠵᠢᠨ ᠫᠢᠩ ᠄ 《ᠠᠵᠢᠯ᠎ᠤᠨ ᠪᠦᠳᠦᠮᠵᠢ ᠭᠠᠷᠭᠠᠬᠤ᠎ᠳᠤ ᠡᠷᠬᠡᠪᠰᠢ ᠬᠡᠨ ᠤ᠋ ᠲᠦᠯᠦᠭᠡ ᠠᠵᠢᠯ᠎ᠤᠨ ᠪᠦᠳᠦᠮᠵᠢ ᠭᠠᠷᠭᠠᠬᠤ᠂ ᠶᠠᠮᠠᠷ ᠠᠵᠢᠯ᠎ᠤᠨ ᠪᠦᠳᠦᠮᠵᠢ ᠭᠠᠷᠭᠠᠬᠤ᠂ ᠬᠡᠷᠬᠢᠨ ᠠᠵᠢᠯ᠎ᠤᠨ ᠪᠦᠳᠦᠮᠵᠢ ᠭᠠᠷᠭᠠᠬᠤ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌ ᠬᠡᠷᠡᠭ᠌ᠲᠡᠢ᠂ ᠥᠭᠡᠷ᠎ᠡ᠎ᠪᠡᠷ ᠬᠡᠯᠡᠪᠡᠯ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠳᠤᠬᠠᠢ ᠵᠦᠪ ᠦᠵᠡᠯᠲᠡ᠎ᠶ᠋ᠢᠨ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌ ᠬᠡᠷᠡᠭ᠌ᠲᠡᠢ᠂ ᠦᠨᠡᠨ᠎ᠢ ᠬᠡᠯᠡᠪᠡᠯ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠳᠦ ᠱᠢᠢᠳᠪᠦᠷᠢᠯᠡᠭ᠌ᠴᠢ ᠦᠢᠯᠡᠳᠦᠯ ᠦᠵᠡᠭᠦᠯᠬᠦ᠌ ᠨᠢ ᠨᠠᠮᠴᠢ ᠴᠢᠨᠠᠷ ᠪᠣᠯᠤᠨ᠎ᠠ》 ᠭᠡᠵᠦ ᠢᠳᠡ ᠬᠦᠴᠦᠳᠡᠢ ᠶᠠᠷᠢᠪᠠ᠃

ᠵᠠᠭᠤᠨ ᠵᠢᠯ᠎ᠦᠨ ᠨᠠᠮ᠎ᠤᠨ ᠲᠡᠦᠬᠡ ᠵᠢᠷ᠎ᠤᠨ ᠪᠤᠰᠤ ᠪᠢᠯᠡ᠃ ᠲᠥᠪ᠎ᠦᠨ ᠨᠠᠮ᠎ᠤᠨ ᠰᠤᠷᠭᠠᠭᠤᠯᠢ᠎ᠶᠢᠨ ᠠᠭᠤᠳᠠᠮ ᠲᠠᠯᠠᠪᠠᠢ᠎ᠳᠦ ᠪᠤᠰᠬᠠᠭᠰᠠᠨ ᠲᠤᠮᠤ ᠴᠢᠯᠠᠭᠤᠨ ᠤ᠋ ᠬᠣᠶᠠᠷ ᠲᠠᠯ᠎ᠠ᠎ᠳᠤ 《ᠦᠨᠡᠨ ᠡᠴᠡ ᠵᠥᠪ᠎ᠢ ᠡᠷᠢᠬᠦ᠌ 》᠂ 《ᠠᠷᠠᠳ ᠲᠦᠮᠡᠨ᠎ᠳᠦ ᠦᠢᠯᠡᠴᠢᠯᠡᠬᠦ᠌》 ᠰᠤᠷᠭᠠᠯ ᠦᠭᠡ ᠣᠨᠴᠠ᠎ᠶ᠋ᠢᠨ ᠢᠯᠡ ᠲᠣᠳᠣ ᠬᠠᠷᠠᠭ᠍ᠳᠠᠵᠤ᠂ ᠰᠤᠷᠭᠠᠭᠤᠯᠢ᠎ᠶ᠋ᠢᠨ ᠬᠦᠷᠢᠶᠡᠨ᠎ᠦ ᠬᠣᠶᠠᠷ ᠲᠠᠯ᠎ᠠ᠎ᠳᠤ᠂ ᠵᠢᠶᠤᠤ ᠢᠦᠢ ᠯᠦ᠍᠂ ᠭᠦ᠋ ᠸᠸᠨ ᠴᠠᠩ᠎ᠤᠨ ᠱᠤᠭᠤᠮᠠᠯ ᠬᠦᠷᠦᠭ ᠨᠠᠮ ᠵᠢᠮ ᠰᠦᠨᠳᠡᠷᠯᠡᠵᠦ᠍᠂ ᠢᠮᠠᠭ᠍ᠲᠠ ᠬᠤᠪᠢᠷᠠᠰᠢ ᠦᠭᠡᠢ ᠤᠭ ᠰᠠᠨᠠᠭ᠎ᠠ᠂ ᠪᠠᠢᠳᠠᠯ᠎ᠢ ᠳᠠᠭᠠᠨ ᠤᠯᠠᠷᠢᠬᠤ ᠦᠭᠡᠢ ᠬᠥᠭᠡᠭᠡᠴᠡᠯᠳᠦᠯ᠂ ᠴᠠᠭ᠎ᠢ ᠳᠠᠭᠠᠨ ᠬᠤᠪᠢᠷᠠᠬᠤ ᠦᠭᠡᠢ ᠪᠠᠷᠢᠮᠳᠠᠯᠠᠯ᠎ᠢ ᠬᠠᠷᠠᠭᠤᠯᠪᠠ᠃

ᠱᠢᠷ᠎ᠠ ᠬᠥᠷᠥᠰᠥᠨ᠎ᠳᠦ ᠦᠨᠳᠦᠰᠦᠯᠡᠭ᠌ᠰᠡᠨ ᠣᠨ ᠰᠠᠷ᠎ᠠ ᠨᠢ ᠵᠠᠯᠠᠭᠤ ᠰᠢ ᠵᠢᠨ ᠫᠢᠩ᠎ᠳᠦ 《ᠶᠠᠭᠤ᠎ᠶ᠋ᠢ ᠪᠣᠳᠠᠲᠤ ᠪᠠᠢᠳᠠᠯ ᠭᠡᠬᠦ᠌᠂ ᠶᠠᠭᠤ᠎ᠶ᠋ᠢ ᠦᠨᠡᠨ᠎ᠡᠴᠡ ᠵᠥᠪ᠎ᠢ ᠡᠷᠢᠬᠦ᠌ ᠭᠡᠬᠦ᠂ ᠶᠠᠭᠤ᠎ᠶ᠋ᠢ ᠣᠯᠠᠨ ᠲᠦᠮᠡᠨ ᠭᠡᠬᠦ᠌ ᠭᠡᠳᠡᠭ᠎ᠢ ᠮᠡᠳᠡᠭᠦᠯᠪᠡ》᠃ ᠡᠢᠮᠦ᠍᠎ᠡᠴᠡ 《ᠬᠣᠢᠱᠢᠳᠠ ᠨᠥᠬᠥᠴᠡᠯ᠎ᠲᠡᠶ᠂ ᠵᠠᠪᠱᠢᠶᠠᠨ᠎ᠲᠠᠶ ᠪᠣᠯ ᠪᠢ ᠵᠠᠪᠠᠯ ᠵᠠᠰᠠᠭ ᠪᠠᠷᠢᠵᠤ᠂ ᠠᠷᠠᠳ ᠲᠦᠮᠡᠨ᠎ᠳᠦ ᠰᠠᠢ᠌ᠨ ᠶᠠᠪᠤᠳᠠᠯ ᠬᠢᠬᠦ ᠠᠵᠢᠯ᠎ᠢ ᠬᠢᠨ᠎ᠠ》᠃

ᠤᠷᠤᠨ ᠨᠤᠳᠤᠭ᠎ᠤᠨ ᠭᠤᠤᠯ ᠬᠠᠷᠢᠭᠤᠴᠠᠯᠭᠠᠳᠠᠨ ᠪᠤᠯᠤᠭᠠᠳ᠂ 《ᠶᠡᠬᠡ ᠨᠣᠶᠠᠨ ᠪᠣᠯᠬᠤ᠎ᠪᠠᠷ ᠵᠣᠷᠢᠭ ᠱᠢᠭᠤᠳᠴᠤ᠌ ᠪᠣᠯᠬᠤ ᠦᠭᠡᠢ᠂ ᠬᠠᠷᠢᠨ ᠶᠡᠬᠡ ᠦᠢᠯᠡᠰ ᠪᠦᠲᠦᠭᠡᠬᠦ᠌᠎ᠪᠡᠷ ᠵᠣᠷᠢᠭ ᠱᠢᠭᠤᠳᠴᠤ᠌ ᠭᠡᠷᠡᠭᠲᠡᠢ》 ᠭᠡᠵᠦ ᠥᠪᠡᠷ᠎ᠢ᠎ᠪᠡᠨ ᠵᠣᠷᠢᠭ᠍ᠵᠢᠭᠤᠯᠪᠠ; ᠰᠥᠨᠢ᠎ᠶᠢᠨ ᠬᠦᠨ᠎ᠳᠦ 《ᠠᠷᠠᠳ ᠲᠦᠮᠡᠨ ᠵᠢᠶᠤᠤ ᠢᠦᠶ ᠯᠦ᠍᠎ᠶ᠋ᠢ ᠤᠷᠢᠶᠠᠯᠠᠨ ᠳᠠᠭᠤᠳᠠᠨ᠎ᠠ》 ᠭᠡᠬᠦ᠌ ᠨᠣᠮ᠎ᠢ ᠤᠩᠱᠢᠵᠤ᠂ ᠭᠦᠨ ᠰᠡᠳᠭᠢᠯᠭᠡ᠎ᠲᠡᠶ᠎ᠪᠡᠷ᠄ 《 ᠨᠢᠭᠡᠨ ᠭᠠᠵᠠᠷ᠎ᠲᠤᠷ ᠨᠣᠶᠠᠨ ᠰᠠᠭᠤᠪᠠᠰᠤ᠂ ᠨᠢᠭᠡᠨ ᠭᠠᠵᠠᠷ᠎ᠲᠤᠷ ᠪᠤᠶᠠᠨ ᠦᠢᠯᠡᠳᠦᠮᠦᠶ᠂ ᠨᠢᠭᠡ ᠨᠠᠰᠤᠨ᠎ᠤ ᠬᠦᠭᠡᠭᠡᠴᠡᠯᠳᠦᠯ ᠠᠨᠤ ᠡᠨᠡ ᠪᠤᠯᠠᠢ》 ᠭᠡᠵᠦ ᠪᠢᠴᠢᠪᠡ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠎ᠶ᠋ᠢᠨ ᠲᠤᠱᠢᠶᠠᠯ᠎ᠢ ᠡᠭᠦᠷᠭᠡᠯᠡᠵᠦ᠍᠂ ᠣᠷᠣᠰ᠎ᠤᠨ ᠲᠧᠯᠸᠢᠰ ᠬᠤᠷᠢᠶ᠎ᠠ᠎ᠶᠢᠨ ᠲᠤᠰᠭᠠᠶ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠄《ᠮᠢᠨᠦ᠍ ᠲᠥᠷᠥ᠍ ᠪᠠᠷᠢᠬᠤ ᠣᠢᠯᠠᠭᠠᠭ᠍ᠳᠠᠬᠤᠨ᠎ᠢ ᠬᠤᠷᠢᠶᠠᠩᠭᠤᠢᠯᠠᠭᠠᠳ ᠬᠡᠯᠡᠪᠡᠯ ᠳᠠᠷᠤᠶ᠄ ᠠᠷᠠᠳ ᠲᠦᠮᠡᠨ᠎ᠳᠦ ᠦᠶ᠋ᠯᠡᠴᠢᠯᠡᠵᠦ᠍᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ᠎ᠪᠠᠨ ᠡᠭᠦᠷᠭᠡᠯᠡᠬᠦ ᠪᠤᠯᠤᠨ᠎ᠠ》 ᠭᠡᠵᠦ ᠰᠡᠳᠬᠢᠯ᠎ᠤᠨ ᠦᠭᠡ ᠪᠠᠨ ᠬᠡᠯᠡᠪᠡ᠃

ᠭᠣᠶᠠᠴᠢ ᠦᠭᠡᠢ ᠬᠥᠮᠦᠨ ᠵᠠᠰᠠᠭ ᠪᠠᠷᠢᠵᠤ ᠪᠣᠯᠤᠨ᠎ᠠ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠪᠣᠯ ᠶᠢᠷᠲᠢᠨᠴᠦ᠍᠎ᠶ᠋ᠢᠨ ᠦᠵᠡᠯᠲᠡ᠂ ᠠᠮᠢᠳᠤᠷᠠᠬᠤᠢ᠎ᠶ᠋ᠢᠨ ᠦᠵᠡᠯᠲᠡ᠂ ᠦᠷᠳᠡᠭ᠎ᠦᠨ ᠦᠵᠡᠯᠲᠡ᠎ᠶ᠋ᠢᠨ ᠵᠠᠰᠠᠭ ᠪᠠᠷᠢᠬᠤ ᠦᠢᠯᠡᠳᠦᠯᠭᠡ᠎ᠶ᠋ᠢᠨ ᠳᠤᠮᠳᠠᠬᠢ ᠲᠥᠪᠯᠡᠷᠡᠩᠭᠦᠢ ᠢᠯᠡᠷᠡᠯ ᠮᠥᠨ᠃

ᠵᠢᠩᠬᠢᠨᠢ ᠵᠠᠰᠠᠭ᠎ᠤᠨ ᠠᠵᠢᠯ᠎ᠤᠨ ᠪᠦᠲᠦᠮᠵᠢ ᠭᠡᠵᠦ᠍ ᠶᠠᠭᠤ ᠪᠤᠢ?

《ᠪᠢᠳᠡ ᠶᠠᠪᠤᠳᠠᠯ ᠬᠢᠵᠦ᠍᠂ ᠠᠵᠢᠯ ᠬᠢᠬᠦ᠌᠎ᠳᠡᠭᠡᠨ ᠬᠡᠷᠪᠡ ᠳᠡᠭᠡᠭᠰᠢ ᠤᠯᠤᠰ ᠣᠷᠣᠨ᠎ᠳᠤ ᠠᠱᠢᠭ᠍ᠲᠠᠢ᠂ ᠳᠤᠷᠤᠭᠰᠢ ᠠᠷᠠᠳ ᠲᠦᠮᠡᠨ᠎ᠳᠦ ᠠᠱᠢᠭ᠍ᠲᠠᠢ ᠪᠠᠢᠬᠤ᠎ᠶ᠋ᠢ ᠪᠡᠶᠡᠯᠡᠭᠦᠯᠵᠤ; ᠤᠯᠤᠰ ᠣᠷᠣᠨ ᠪᠠ ᠠᠷᠠᠳ ᠲᠦᠮᠡᠨ᠎ᠦ ᠨᠢᠳᠤᠨ ᠡᠮᠦᠨᠡᠬᠢ ᠠᠱᠢᠭ ᠲᠤᠰᠠ᠎ᠶ᠋ᠢᠨ ᠱᠠᠭᠠᠷᠳᠠᠯᠭ᠎ᠠ᠎ᠳᠤ ᠨᠡᠢᠴᠡᠬᠦ᠌ ᠮᠥᠷᠲᠡᠭᠡᠨ ᠤᠯᠤᠰ ᠣᠷᠣᠨ ᠪᠠ ᠠᠷᠠᠳ ᠲᠦᠮᠡᠨ᠎ᠦ ᠠᠯᠤᠰ ᠭᠡᠳᠤ᠎ᠶ᠋ᠢᠨ ᠠᠱᠢᠭ ᠲᠤᠰᠠ᠎ᠶ᠋ᠢᠨ ᠱᠠᠭᠠᠷᠳᠠᠯᠭ᠎ᠠ᠎ᠳᠤ ᠴᠤ᠌ ᠨᠡᠢᠴᠡᠵᠤ; ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠵᠤ ᠴᠢᠳᠠᠬᠤ ᠮᠥᠷᠲᠡᠭᠡᠨ ᠪᠠᠰᠠ ᠤᠯᠤᠰ ᠣᠷᠣᠨ᠎ᠤ ᠪᠠᠶᠠᠵᠢᠯ ᠬᠦᠴᠦᠷᠬᠡᠭ᠌ᠵᠢᠯ ᠪᠠ ᠠᠷᠠᠳ ᠲᠦᠮᠡᠨ᠎ᠦ ᠵᠣᠯ ᠵᠢᠷᠭᠠᠯ᠎ᠢ ᠠᠬᠢᠭᠤᠯᠵᠤ ᠴᠢᠳᠠᠬᠤ᠎ᠳᠤ ᠬᠦᠷᠪᠡᠯ᠂ ᠨᠠᠮ ᠪᠠ ᠠᠷᠠᠳ ᠲᠦᠮᠡᠨ᠎ᠳᠦ ᠬᠡᠷᠡᠭ᠌ᠴᠡᠭᠡ᠎ᠲᠡᠶ ᠵᠢᠩᠬᠢᠨᠢ ᠵᠠᠰᠠᠭ᠎ᠤᠨ ᠠᠵᠢᠯ᠎ᠤᠨ ᠪᠦᠳᠦᠮᠵᠢ᠎ᠶ᠋ᠢ ᠭᠠᠷᠭᠠᠭ᠍ᠰᠠᠨ ᠶᠠᠪᠤᠳᠠᠯ ᠪᠣᠯᠤᠨ᠎ᠠ》᠃

(ᠬᠣᠶᠠᠷ)ᠦᠨᠡᠨ᠎ᠡᠴᠡ ᠵᠥᠪ᠎ᠢ ᠡᠷᠢᠵᠦ  ᠵᠢᠮ᠎ᠡ ᠶᠣᠰᠣ᠎ᠶ᠋ᠢ ᠬᠦᠨᠳᠦᠳᠭᠡᠪᠡ — 《ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠬᠢᠬᠦ ᠬᠡᠷᠡᠭᠳᠡᠢ》

2025 ᠣᠨ᠎ᠤ 11 ᠰᠠᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠳᠠᠷᠠᠭ᠎ᠠ ᠠᠩᠬ᠎ᠠ ᠤᠳᠠᠭ᠎ᠠ ᠣᠷᠣᠨ ᠨᠤᠲᠤᠭ᠎ᠲᠤ ᠱᠢᠨᠵᠢᠯᠡᠨ ᠪᠠᠢᠴᠠᠭᠠᠬᠤ᠎ᠳᠠᠭᠠᠨ᠂ ᠶᠡᠷᠦᠩᠬᠡᠶ ᠱᠦᠵᠢ ᠰᠢ ᠵᠢᠨ ᠫᠢᠩ ᠡᠮᠦᠨᠡᠰᠢ ᠮᠣᠷᠳᠠᠵᠤ᠂ ᠬᠠᠢᠨᠠᠨ᠂ ᠭᠤᠸᠠᠩᠳᠦ᠋ᠩ ᠬᠣᠶᠠᠷ ᠮᠤᠵᠢ᠎ᠳᠤ ᠭᠦᠨᠵᠡᠭᠡᠢᠷᠡᠪᠡ᠃

ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠪᠣᠭᠣᠮᠲᠠ ᠪᠠᠨ ᠬᠠᠭᠠᠵᠤ ᠠᠵᠢᠯᠯᠠᠭᠤᠯᠬᠤ᠎ᠪᠠᠷ ᠪᠠᠢᠭ᠎ᠠ ᠪᠠᠢᠳᠠᠯ᠎ᠤᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ᠄ 《ᠯᠠᠪᠳᠠᠭᠤᠨ ᠳᠤᠭᠳᠠᠭᠤᠨ ᠪᠠᠢᠬᠤ ᠬᠡᠷᠡᠭ᠌ᠲᠡᠢ᠂ ᠪᠢᠳᠡ ᠶᠠᠮᠠᠷ ᠤᠴᠢᠷ ᠬᠢᠭ᠌ᠰᠡᠨ ᠴᠦ᠍ ᠪᠦᠷ ᠳᠣᠲᠣᠭᠠᠳᠤ᠎ᠶ᠋ᠢᠨ ᠵᠢᠮ᠎ᠡ ᠬᠠᠤᠯᠢ᠎ᠲᠠᠶ ᠪᠠᠢᠳᠠᠭ᠃ ᠨᠡᠭᠡᠭᠡᠯᠲᠡ ᠬᠢᠬᠦ ᠠᠢᠵᠠᠮ ᠪᠣᠯᠤᠨ ᠠᠬᠢᠴᠠ᠎ᠶ᠋ᠢ ᠱᠢᠨᠵᠢᠯᠡᠬᠦ᠌ ᠤᠬᠠᠭᠠᠨᠴᠢ ᠡᠮᠬᠢ ᠵᠢᠷᠤᠮ᠎ᠲᠠᠶ ᠲᠤᠬᠢᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠠᠯᠬᠤᠮ ᠠᠯᠬᠤᠮ᠎ᠢᠶᠠᠷ ᠤᠷᠤᠭ᠍ᠰᠢᠯᠠᠵᠤ᠂〈ᠴᠢᠯᠦᠭᠡᠳᠡᠢ ᠲᠠᠯᠪᠢᠬᠤ〉ᠪᠥᠭᠡᠳ〈ᠰᠠᠢᠲᠤᠷ ᠬᠠᠮᠢᠶᠠᠷᠬᠤ〉 ᠵᠢ ᠪᠡᠶᠡᠯᠡᠬᠦᠯᠬᠦ ᠬᠡᠷᠡᠭ᠌ᠲᠡᠢ》 ᠭᠡᠵᠦ ᠰᠠᠨᠠᠭᠤᠯᠪᠠ᠃

ᠠᠯᠢᠪᠠ ᠵᠠᠰᠠᠭ᠎ᠤᠨ ᠠᠵᠢᠯ᠎ᠤᠨ ᠪᠦᠲᠦᠮᠵᠢ ᠨᠢ ᠡᠷᠬᠡᠪᠰᠢ《ᠪᠣᠳᠠᠲᠠᠢ》ᠬᠥᠷᠥᠰᠥ᠍ ᠱᠢᠷᠣᠢ᠎ᠳᠤ ᠦᠨᠳᠦᠰᠦᠯᠡᠵᠦ᠍᠂ 《ᠵᠢᠮ᠎ᠡ ᠶᠣᠰᠣ》 ᠶ᠋ᠢᠨ ᠪᠠᠷᠢᠮᠵᠢᠶ᠎ᠠ᠎ᠶ᠋ᠢ ᠵᠢᠷᠤᠮᠯᠠᠬᠤ ᠬᠡᠷᠡᠭ᠌ᠲᠡᠢ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠦᠨᠡᠨ᠎ᠡᠴᠡ ᠵᠥᠪ᠎ᠢ ᠡᠷᠢᠬᠦ᠌ ᠵᠣᠷᠢᠭ ᠰᠠᠨᠠᠭᠠᠨ᠎ᠤ ᠳᠣᠲᠣᠭᠠᠳᠤ ᠱᠠᠭᠠᠷᠳᠠᠯᠭ᠎ᠠ ᠮᠥᠨ᠃

ᠪᠣᠳᠠᠲᠤ ᠪᠠᠢᠳᠠᠯ ᠡᠴᠡ ᠡᠭᠦᠰᠬᠦ᠎ᠶᠢᠨ ᠤᠷᠢᠲᠠᠯ ᠪᠣᠯ ᠪᠣᠳᠠᠲᠤ ᠪᠠᠢᠳᠠᠯ᠎ᠢ ᠭᠦᠨᠵᠡᠭᠡᠢ ᠣᠢᠯᠠᠭᠠᠬᠤ ᠶᠠᠪᠤᠳᠠᠯ ᠪᠣᠯᠤᠨ᠎ᠠ᠃

ᠰᠢ ᠵᠢᠨ ᠫᠢᠩ ᠨᠥᠬᠥᠷ᠎ᠦᠨ ᠣᠷᠣᠨ ᠨᠤᠲᠤᠭ᠎ᠲᠤ ᠠᠵᠢᠯᠯᠠᠵᠤ ᠪᠠᠢᠭ᠍ᠰᠠᠨ ᠦᠶ᠎ᠡ᠎ᠶ᠋ᠢᠨ ᠬᠣᠶᠠᠷ ᠦᠯᠢᠭᠡᠷ ᠣᠳᠣ ᠪᠣᠯᠲᠠᠯ᠎ᠠ ᠬᠥᠮᠦᠰ᠎ᠲᠦ ᠭᠦᠨ ᠰᠡᠩᠬᠡᠷᠡᠭᠦᠯᠦᠯ ᠪᠣᠯᠤᠭ᠍ᠰᠠᠭᠠᠷ ᠪᠠᠢᠨ᠎ᠠ—

ᠹᠦᠵᠢᠶᠠᠨ᠎ᠤ ᠨᠢᠩᠳ᠋ᠸ ᠲᠤᠰᠭᠠᠢ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠎ᠶ᠋ᠢᠨ ᠲᠤᠱᠢᠶᠠᠯ᠎ᠢ ᠬᠠᠷᠢᠭᠤᠴᠠᠬᠤ᠎ᠳᠠᠭᠠᠨ᠂ ᠲᠤᠬᠠᠢ᠎ᠶ᠋ᠢᠨ ᠭᠠᠵᠠᠷ᠎ᠤᠨ ᠵᠠᠷᠢᠮ ᠺᠠᠳ᠋ᠷ ᠤᠯᠠᠨ᠎ᠢ ᠳᠠᠭᠠᠭᠤᠯᠤᠨ ᠶᠠᠳᠠᠭᠤ ᠡᠴᠡ ᠠᠩᠭᠢᠵᠢᠷᠠᠨ ᠪᠠᠶᠠᠵᠢᠬᠤ ᠪᠠᠴᠢᠮ ᠲᠤᠯᠭᠠᠮ ᠣᠪᠣᠷ᠎ᠲᠤ ᠬᠠᠨᠳᠤᠵᠤ᠂ ᠰᠢ ᠵᠢᠨ ᠫᠢᠩ ᠨᠥᠬᠥᠷ 《ᠠᠪᠤᠨ ᠲᠤᠤᠷ᠎ᠡ ᠪᠡᠨ ᠬᠢᠭᠰᠡᠨ ᠦᠭᠡᠢ》᠂ ᠬᠠᠷᠢᠨ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠨᠢᠭᠡ ᠰᠠᠷ᠎ᠠ᠎ᠶ᠋ᠢᠨ ᠳᠣᠲᠣᠷ᠎ᠠ ᠹᠦᠵᠢᠶᠠᠨ᠎ᠤ ᠵᠡᠭᠦᠨ ᠬᠡᠰᠡᠭ᠎ᠦᠨ 9 ᠱᠢᠶᠠᠨ᠎ᠳᠤ ᠬᠦᠷᠴᠦ᠍ ᠪᠣᠳᠠᠲᠤ ᠪᠠᠢᠳᠠᠯ᠎ᠢ ᠪᠠᠢᠴᠠᠭᠠᠪᠠ᠃

ᠵᠧᠵᠢᠶᠠᠩ᠎ᠳᠤ ᠠᠩᠬ᠎ᠠ ᠢᠷᠡᠵᠦ᠍ ᠠᠵᠢᠯᠯᠠᠬᠤ᠎ᠳᠠᠭᠠᠨ᠂ ᠵᠠᠷᠢᠮ ᠬᠥᠮᠦᠨ ᠰᠢ ᠵᠢᠨ ᠫᠢᠩ ᠨᠥᠬᠥᠷ᠎ᠢᠶᠡᠷ《ᠵᠠᠰᠠᠭ ᠶᠠᠪᠤᠭᠤᠯᠬᠤ ᠬᠥᠲᠥᠯᠪᠦᠷᠢ》ᠵᠢᠨ ᠲᠤᠬᠠᠢ ᠶᠠᠷᠢᠭᠤᠯᠬᠤ᠎ᠳᠦ᠂ ᠲᠡᠷᠡ ᠢᠨᠢᠶᠡᠮᠰᠦᠭ᠌ᠯᠡᠨ᠄ 《 ᠪᠢ ᠰᠠᠶᠢᠬᠠᠨ ᠢᠷᠡᠭ᠌ᠰᠡᠨ᠂ ᠦᠭᠡ ᠬᠡᠯᠡᠬᠦ᠌ ᠡᠷᠬᠡ ᠦᠬᠡᠢ ᠪᠠᠢᠭ᠍ᠰᠠᠭᠠᠷ᠂ ᠴᠠᠭ ᠨᠢ ᠳᠤᠯᠪᠠᠯ᠂ ᠪᠢ ᠬᠡᠯᠡᠬᠦ᠌ ᠯᠡ ᠶᠤᠮ》 ᠭᠡᠪᠡ᠃

《ᠰᠢᠨ᠎ᠡ ᠳᠠᠷᠤᠭ᠎ᠠ》 ᠶᠠᠭᠤᠨ᠎ᠳᠤ 《ᠠᠪᠤᠨ ᠲᠤᠤᠷ᠎ᠡ ᠪᠡᠨ ᠬᠢᠬᠦ》 ᠭᠡᠵᠦ ᠶᠠᠭᠠᠷᠠᠵᠤ ᠪᠤᠯᠬᠤ ᠦᠭᠡᠢ ᠪᠤᠶ?

ᠰᠢ᠎ᠶᠢᠨ ᠫᠢᠩ ᠨᠥᠬᠥᠷ᠄ 《〈ᠠᠪᠤᠨ ᠲᠤᠤᠷ᠎ᠡ ᠪᠡᠨ ᠬᠢᠬᠦ〉 ᠪᠡᠷ ᠶᠠᠭᠠᠷᠠᠬᠤ ᠬᠡᠷᠡᠭᠲᠡᠢ ᠡᠰᠡᠭᠦ᠂ ᠬᠡᠵᠢᠶ᠎ᠡ ᠬᠢᠬᠦ  ᠨᠢ ᠴᠥᠮ ᠪᠣᠳᠠᠲᠤ ᠪᠠᠢᠳᠠᠯ ᠡᠴᠡ ᠡᠭᠦᠰᠬᠦ ᠬᠡᠷᠡᠭᠲᠡᠢ》᠃ 《ᠤᠯᠠᠨ ᠲᠦᠮᠡᠨ᠎ᠦ ᠳᠤᠮᠳᠠ ᠢᠯᠡᠭᠦᠬᠡᠨ ᠭᠦᠨᠵᠡᠭᠡᠢᠷᠡᠵᠦ᠂ ᠪᠠᠢᠴᠠᠭᠠᠨ ᠰᠤᠳᠤᠯᠤᠯᠲᠠ᠎ᠶᠢ ᠢᠯᠡᠭᠦᠬᠡᠨ ᠬᠢᠵᠦ᠂ ᠤᠴᠢᠷ ᠶᠠᠪᠤᠳᠠᠯ᠎ᠤᠨ ᠤᠴᠢᠷ ᠰᠢᠯᠲᠠᠭᠠᠨ᠎ᠢ ᠲᠣᠳᠣᠷᠬᠠᠢᠯᠠᠭᠰᠠᠨ᠎ᠤ ᠲᠠᠷᠠᠭ᠎ᠠ ᠴᠠᠭ᠎ᠢ ᠦᠵᠡᠨ ᠪᠠᠢᠳᠠᠯ᠎ᠢ ᠰᠢᠨᠵᠢᠵᠦ᠂ ᠬᠢᠬᠦ ᠶᠣᠰᠣᠲᠠᠢ᠎ᠶᠢ ᠨᠢ ᠬᠢᠬᠦ ᠬᠡᠷᠡᠭᠲᠡᠢ᠂ ᠬᠢᠵᠦ ᠪᠤᠯᠬᠤ ᠦᠭᠡᠢ ᠵᠢ ᠨᠢ ᠴᠠᠭ᠎ᠤᠨ ᠥᠩᠭᠡ᠎ᠶᠢ ᠲᠠᠭᠠᠵᠦ ᠠᠯᠪᠠ᠎ᠪᠠᠷ 〈ᠬᠢᠵᠦ〉 ᠶᠠᠭᠠᠬᠢᠭ᠍ᠰᠠᠨ ᠴᠤ᠌ ᠪᠣᠯᠬᠤ ᠦᠭᠡᠢ》ᠭᠡᠵᠦ ᠭᠦᠨᠵᠡᠭᠡᠢ ᠵᠢᠭᠠᠵᠤ ᠭᠠᠷᠭᠠᠪᠠ᠃

ᠲᠤᠰᠢᠶᠠᠯ᠎ᠳᠤ ᠭᠠᠷᠴᠦ ᠵᠠᠰᠠᠭ ᠶᠠᠪᠤᠭᠤᠯᠬᠤ᠎ᠳᠠᠭᠠᠨ ᠬᠡᠷᠪᠡ ᠰᠢᠯᠭᠠᠯᠲᠠ᠎ᠶᠢᠨ ᠬᠠᠭᠤᠳᠠᠰᠤ ᠬᠠᠷᠢᠭᠤᠯᠬᠤ᠎ᠳᠦ ᠬᠦᠷᠪᠡᠯ᠂ ᠭᠠᠭᠴᠠ ᠬᠦ᠌ ᠰᠡᠳᠦᠪ ᠵᠢᠡᠨ ᠨᠠᠷᠢᠨ ᠬᠢᠨᠠᠮᠠᠭᠠᠢ ᠬᠢᠨᠠᠵᠤ᠂ ᠰᠢᠨᠵᠢᠯᠡᠬᠦ ᠤᠬᠠᠭᠠᠨᠴᠢ᠎ᠪᠠᠷ ᠰᠡᠳᠦᠪ᠎ᠢ ᠵᠠᠳᠠᠯᠵᠤ᠂《ᠪᠣᠳᠠᠲᠠᠢ ᠠᠰᠠᠭᠤᠳᠠᠯ᠎ᠢ ᠪᠣᠳᠠᠲᠠᠢ᠎ᠪᠠᠷ ᠵᠠᠳᠠᠯᠬᠤ᠎ᠶᠢ ᠪᠠᠷᠢᠮᠲᠠᠯᠠᠵᠤ᠂〈ᠠᠭᠤᠯᠠᠨ᠎ᠳᠤ ᠣᠷᠣᠬᠤ᠎ᠳᠦ ᠲᠦᠯᠡᠭᠡᠴᠢᠨ ᠡᠴᠡ ᠠᠰᠠᠭᠤᠵᠤ᠂ ᠤᠰᠤᠨ᠎ᠳᠤ ᠤᠷᠤᠬᠤ᠎ᠳᠦ ᠵᠢᠭᠠᠰᠤᠴᠢᠨ ᠡᠴᠡ ᠠᠰᠠᠭᠤᠵᠤ〉᠂ ᠠᠯᠢᠪᠠ ᠪᠦᠬᠦᠨ᠎ᠳᠦ ᠴᠠᠭ ᠬᠤᠭᠤᠴᠠᠭ᠎ᠠ᠂ ᠭᠠᠵᠠᠷ ᠣᠷᠣᠨ᠂ ᠨᠥᠬᠥᠴᠡᠯ᠎ᠢᠶᠡᠷ ᠰᠢᠯᠵᠢᠪᠡᠯ》 ᠰᠠᠶᠢ 《ᠪᠠᠢᠳᠠᠯ᠎ᠢ ᠦᠨᠡᠨ ᠬᠦ᠌ ᠲᠣᠳᠣᠷᠬᠠᠢ ᠣᠢᠯᠠᠭᠠᠵᠤ᠂ ᠠᠰᠠᠭᠤᠳᠠᠯ᠎ᠢ ᠣᠨᠣᠪᠴᠢᠲᠠᠶ ᠡᠷᠢᠵᠦ᠂ ᠠᠷᠭᠠᠴᠠᠭᠠᠬᠤ ᠪᠣᠳᠣᠯᠭ᠎ᠠ᠎ᠶᠢ ᠪᠣᠳᠠᠲᠠᠢ᠎ᠪᠠᠷ ᠳᠤᠷᠠᠳᠴᠤ》᠂ 《ᠨᠢᠭᠡ ᠲᠦᠯᠬᠢᠭᠦᠷ᠎ᠢᠶᠡᠷ ᠨᠢᠭᠡ ᠣᠨᠢᠰᠤ᠎ᠶᠢ ᠨᠡᠭᠡᠭᠡᠵᠦ》 ᠴᠢᠳᠠᠨ᠎ᠠ᠃

ᠵᠧᠩ ᠳ᠋ᠢᠩ᠎ᠳᠦ ᠪᠠᠢᠬᠤ ᠳ᠋ᠠᠭᠠᠨ《ᠬᠠᠭᠠᠰ ᠬᠤᠳᠠ᠎ᠶᠢᠨ ᠲᠡᠬᠦᠷᠭᠡ᠎ᠶᠢᠨ ᠬᠡᠯᠪᠡᠷᠢ》ᠵᠢᠨ ᠠᠵᠤ ᠠᠬᠤᠢ᠎ᠶᠢᠨ ᠬᠥᠭᠵᠢᠯᠲᠡ᠎ᠶᠢᠨ ᠵᠠᠮ᠎ᠢ ᠳᠤᠷᠠᠳᠴᠤ᠂ ᠹᠦᠵᠢᠶᠠᠨ᠎ᠳᠤ 《ᠠᠭᠤᠯᠨ ᠳᠠᠯᠠᠢ ᠵᠢᠨ ᠳᠠᠪᠠᠭᠤᠯᠢᠭ》ᠵᠢᠡᠨ  ᠰᠠᠢᠲᠤᠷ ᠪᠠᠳᠠᠷᠠᠭᠤᠯᠬᠤ ᠵᠢ ᠰᠠᠨᠠᠭᠠᠴᠢᠯᠠᠵᠤ᠂ ᠵᠧᠵᠢᠶᠠᠩ᠎ᠳᠤ ᠬᠤᠳᠠ ᠬᠥᠳᠡᠭᠡ᠎ᠶᠢᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠤᠨ᠂ 《ᠮᠢᠨᠭᠭ᠎ᠠ ᠲᠦᠮᠨ ᠵᠢᠨ ᠢᠨᠵᠧᠨᠧᠷᠢᠩ》ᠢ᠋ ᠵᠢᠷᠤᠭᠯᠠᠵᠤ᠂ ᠱᠠᠩᠬᠠᠢ᠎ᠳᠤ ᠣᠨᠴᠠ ᠲᠣᠮᠣ᠌ ᠬᠡᠯᠪᠡᠷᠢ᠎ᠶᠢᠨ ᠬᠤᠳᠠ᠎ᠶᠢᠨ ᠬᠠᠮᠢᠶᠠᠷᠤᠯᠲᠠ᠎ᠶᠢᠨ ᠰᠢᠨ᠎ᠡ ᠵᠠᠭᠪᠤᠷ᠎ᠢ ᠬᠠᠢᠨ ᠰᠦᠪᠡᠭᠴᠢᠯᠡᠪᠡ ᠁ ᠲᠡᠦᠬᠡ ᠪᠠ ᠦᠢᠯᠡᠳᠦᠯᠭᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ ᠵᠠᠰᠠᠭ᠎ᠤᠨ ᠠᠵᠢᠯ᠎ᠤᠨ ᠪᠦᠲᠦᠮᠵᠢ ᠶ᠋ᠢ ᠢᠮᠠᠭᠲᠠ《ᠪᠠᠢᠴᠠᠭᠠᠨ ᠰᠤᠳᠤᠯᠤᠯᠲᠠ᠎ᠪᠠᠷ ᠵᠠᠮ ᠨᠡᠭᠡᠭᠡᠬᠦ》᠂《ᠪᠣᠳᠠᠲᠠᠢ᠎ᠡᠴᠡ ᠡᠭᠦᠰᠬᠦ》 ᠰᠠᠭᠤᠷᠢᠨ ᠳᠡᠭᠡᠷ᠎ᠡ ᠪᠠᠢᠭᠤᠯᠤᠭᠰᠠᠨ ᠶᠤᠮ᠃

2012  ᠣᠨ ᠎ᠤ 12 ᠰᠠᠷ᠎ᠠ ᠎ᠳᠤ ᠂  ᠨᠠᠮ ᠎ᠤᠨ ᠠᠷᠪᠠᠨ  ᠨᠠᠢ᠍ᠮᠠᠳᠤᠭᠠᠷ  ᠶᠡᠬᠡ  ᠬᠤᠷᠠᠯ  ᠲᠡᠭᠦᠰᠦᠭᠰᠡᠨ ᠎ᠦ  ᠳᠠᠷᠠᠭᠠᠬᠠᠨ ᠂ ᠶᠡᠷᠦᠩᠬᠡᠢ ᠱᠦᠵᠢ ᠰᠢ᠎ᠶᠢᠨ ᠫᠢᠩ ᠲᠠᠶ ᠬᠠᠩ ᠱᠠᠨ ᠠᠭᠤᠯᠠ᠎ᠶᠢᠨ ᠭᠦᠨ᠎ᠳᠦ ᠪᠠᠢᠭ᠎ᠠ ᠡᡁᠸᠪᠸᠢ ᠵᠢᠨ ᠹᠦᠫᠢᠩ ᠰᠢᠶᠠᠨ᠎ᠳᠤ ᠬᠦᠷᠴᠦ᠂ ᠲᠣᠰᠬᠣᠨ᠎ᠳᠤ ᠬᠦᠷᠴᠦ ᠡᠷᠦᠭᠡ᠎ᠳᠦ ᠤᠷᠤᠨ ᠦᠨᠡᠨ ᠬᠦ᠌ ᠶᠠᠳᠠᠭᠤ ᠬᠦᠴᠢᠷᠳᠡᠯᠲᠡᠢ ᠪᠠᠢᠳᠠᠯ᠎ᠢ ᠦᠵᠡᠪᠡ᠃

ᠲᠤᠬᠠᠢ᠎ᠶᠢᠨ ᠦᠶ᠎ᠡ᠎ᠳᠦ᠂ ᠵᠠᠷᠢᠮ ᠭᠠᠵᠠᠷ ᠣᠷᠣᠨ᠎ᠳᠤ ᠪᠠᠰᠠ ᠶᠠᠳᠠᠭᠤ ᠬᠦᠴᠢᠷᠳᠡᠯᠲᠠᠢ ᠬᠥᠮᠥᠨ ᠠᠮᠠ᠎ᠶᠢᠨ ᠰᠠᠭᠤᠷᠢ ᠲᠣᠭ᠎ᠠ ᠨᠢ ᠲᠣᠳᠣᠷᠬᠠᠢ ᠦᠭᠡᠢ᠂ ᠶᠠᠳᠠᠭᠤ᠎ᠶᠢ ᠲᠡᠳᠬᠦᠬᠦ ᠡᠲᠡᠭᠡᠳ ᠨᠢ ᠲᠣᠳᠣᠷᠬᠠᠢ ᠦᠭᠡᠢ᠂ ᠶᠠᠳᠠᠭᠤ᠎ᠶᠢ ᠲᠡᠳᠬᠦᠬᠦ ᠪᠡᠯᠡ ᠮᠥᠩᠭᠥ ᠵᠢ《ᠵᠠᠮᠪᠠᠷᠠᠭ᠎ᠠ ᠦᠭᠡᠢ ᠬᠡᠷᠡᠭᠯᠡᠬᠦ》 ᠵᠡᠷᠭᠡ ᠠᠰᠠᠭᠤᠳᠠᠯ ᠣᠷᠣᠰᠢᠵᠤ᠂ 《ᠵᠢᠯ ᠵᠢᠯ ᠶᠠᠳᠠᠭᠤ᠎ᠶᠢ ᠲᠡᠳᠬᠦᠭᠡᠳ ᠵᠢᠯ ᠵᠢᠯ ᠶᠠᠳᠠᠭᠤᠷᠠᠬᠤ》 ᠬᠡᠮᠵᠢᠶᠡᠨ᠎ᠳᠦ ᠬᠦᠷᠴᠡᠢ᠃

ᠭᠦᠨ ᠭᠦᠨᠵᠡᠭᠡᠢ ᠨᠠᠷᠢᠨ ᠨᠢᠮᠪᠠᠢ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠬᠦ᠎ᠪᠡᠷ ᠳᠡᠮᠵᠢᠨ᠂ ᠶᠡᠷᠦᠩᠬᠡᠢ ᠱᠦᠵᠢ ᠰᠢ᠎ᠶᠢᠨ ᠫᠢᠩ ᠪᠣᠳᠠᠲᠠᠢ ᠣᠷᠣᠰᠢᠵᠤ ᠪᠠᠢᠭ᠎ᠠ ᠠᠰᠠᠭᠤᠳᠠᠯ᠎ᠳᠤ ᠴᠢᠭᠯᠡᠭᠦᠯᠵᠤ᠂ ᠶᠠᠳᠠᠭᠤ᠎ᠶᠢ ᠲᠡᠳᠬᠦᠬᠦ᠎ᠳᠦ 《ᠨᠠᠷᠢᠯᠢᠭ᠋ ᠣᠨᠣᠴᠠᠲᠠᠢ》ᠵᠣᠷ ᠪᠢᠴᠢᠵᠦ᠂ ᠶᠠᠳᠠᠭᠤ᠎ᠡᠴᠡ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠢᠯᠠᠯᠳᠤᠭᠠᠨ᠎ᠦ ᠢᠯᠠᠯᠲᠠ᠎ᠶᠢ ᠣᠯᠬᠤ᠎ᠶᠢ ᠪᠦᠲᠦᠮᠵᠢᠲᠡᠶ ᠵᠢᠯᠣᠭᠣᠳᠪᠠ᠃

《〈ᠶᠠᠳᠠᠭᠤ ᠬᠦᠴᠢᠷᠳᠡᠯᠲᠡᠢ ᠵᠢᠨ ᠦᠨᠳᠦᠰᠦ〉ᠶ᠋ᠢ ᠣᠯᠵᠤ᠂ ᠡᠪᠡᠳᠴᠢᠨ ᠳ᠋ᠦ᠍ᠨᠢ ᠲᠠᠭᠠᠷᠠᠭᠤᠯᠵᠤ ᠡᠮ ᠥᠭᠴᠦ᠂ ᠬᠠᠷᠠᠯᠲᠠ᠎ᠲᠠᠢ᠎ᠪᠠᠷ ᠡᠮᠨᠡᠨ ᠵᠠᠰᠠᠬᠤ》 ᠡᠴᠡ ᠠᠵᠤ ᠦᠢᠯᠡᠰ ᠵᠢᠡᠷ ᠬᠦᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ 《〈ᠨᠤᠲᠤᠭ᠎ᠤᠨ ᠣᠨᠴᠠ ᠭᠠᠷᠤᠯᠲᠠ〉ᠭᠡᠬᠦ ᠭᠤᠷᠪᠠᠨ ᠦᠰᠦᠭ᠎ᠢ ᠰᠠᠢᠲᠤᠷ ᠤᠢᠯᠠᠭᠠᠵᠤ ᠡᠵᠡᠮᠰᠢᠬᠦ》ᠬᠦᠷᠲᠡᠯ᠎ᠡ; ᠬᠣᠲᠠ᠎ᠶᠢᠨ ᠲᠥᠯᠦᠪᠵᠢᠭᠦᠯᠭᠡ᠎ᠳᠦ 《ᠰᠠᠯᠬᠢᠨ᠎ᠤ ᠠᠶ᠎ᠠ᠎ᠪᠠᠷ ᠭᠠᠯ ᠦᠯᠢᠶᠡᠵᠦ᠂ ᠬᠡᠷᠴᠢᠯᠡᠭᠡᠰᠦ ᠵᠢ ᠨᠢ ᠲᠠᠭᠠᠷᠠᠭᠤᠯᠵᠤ ᠲᠦᠯᠡᠭᠡ ᠬᠠᠭᠠᠯᠬᠤ》ᠡᠴᠡ《ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ》ᠬᠦᠷᠲᠡᠯ᠎ᠡ ᠁ ᠪᠣᠳᠠᠲᠤ ᠪᠠᠢᠳᠠᠯ᠎ᠢ ᠡᠵᠡᠮᠰᠢᠴᠢᠬᠡᠪᠡᠯ ᠰᠠᠶᠢ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠬᠦ᠂ ᠨᠢᠭᠡ ᠯᠡ ᠳᠡᠭᠡᠷ᠎ᠡ ᠳᠦᠷᠭᠢᠯᠳᠦᠨ ᠬᠢᠬᠦ 《ᠵᠠᠰᠠᠭ᠎ᠤᠨ ᠠᠵᠢᠯ᠎ᠤᠨ ᠪᠦᠲᠦᠮᠵᠢ᠎ᠶᠢᠨ ᠬᠡᠢᠷᠬᠡᠯ》ᠡᠴᠡ ᠵᠠᠢᠯᠠᠰᠬᠢᠵᠦ᠂《ᠠᠷᠭ᠎ᠠ ᠤᠬᠠᠭᠠᠨ᠂ ᠲᠥᠷᠥ᠎ᠶᠢᠨ ᠪᠣᠳᠣᠯᠭ᠎ᠠ᠂ ᠲᠥᠰᠥᠯ᠎ᠢ ᠪᠣᠳᠠᠲᠤ ᠪᠠᠢᠳᠠᠯ᠎ᠳᠤ ᠨᠡᠢᠴᠡᠭᠦᠯᠵᠦ᠂ ᠪᠤᠰᠤᠳᠴᠢ ᠵᠢᠮ᠎ᠡ ᠶᠣᠰᠣᠨ᠎ᠳᠤ ᠨᠡᠢᠴᠡᠭᠦᠯᠵᠦ᠂ ᠰᠢᠨᠵᠢᠯᠡᠬᠦ ᠤᠬᠠᠭᠠᠨᠴᠢ ᠵᠣᠷᠢᠭ᠋ ᠰᠠᠨᠠᠭ᠎ᠠ᠎ᠳᠤ ᠨᠡᠢᠴᠡᠭᠦᠯᠵᠦ ᠴᠢᠳᠠᠨ᠎ᠠ》᠃

2024 ᠣᠨ᠎ᠤ 4 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠴᠦᠩᠴᠢᠩ᠎ᠳᠦ ᠰᠢᠨᠵᠢᠯᠡᠨ ᠪᠠᠢᠴᠠᠭᠠᠬᠤ᠎ᠳᠠᠭᠠᠨ᠂《ᠰᠢᠰᠢ ᠵᠢᠨ ᠪᠤᠤᠪᠤ》ᠪᠠ《ᠨᠠᠷᠢᠯᠢᠭ᠋ ᠭᠤᠯᠢᠷ ᠨᠠᠷᠢᠨ ᠭᠤᠯᠢᠷ》ᠵᠢᠡᠷ ᠵᠦᠢᠷᠯᠡᠵᠤ᠂ ᠨᠡᠭᠦᠷᠡᠰᠦ ᠵᠡᠷᠭᠡ ᠡᠨᠧᠷᠭᠢ᠎ᠶᠢᠨ ᠠᠵᠢᠯ ᠲᠦᠷᠦᠯ᠎ᠦᠨ ᠬᠥᠭᠵᠢᠯᠲᠡ᠎ᠶᠢ ᠥᠭᠦᠯᠡᠬᠦ᠎ᠳᠡᠭᠡᠨ᠄ 《ᠤᠷᠢᠳ᠎ᠢᠶᠠᠷ ᠢᠳᠡᠵᠤ ᠴᠠᠳᠤᠭᠠᠳ ᠳᠠᠷᠠᠭ᠎ᠠ ᠨᠢ ᠰᠠᠢᠨ᠎ᠢ ᠢᠳᠡᠬᠦ ᠬᠡᠷᠡᠭᠳᠡᠢ᠃ ᠪᠢᠳᠡ ᠦᠨᠡᠨ᠎ᠡᠴᠡ ᠵᠥᠪ᠎ᠢ ᠡᠷᠢᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠠᠯᠬᠤᠴᠠ᠎ᠶᠢ ᠤᠳᠠᠭᠠᠰᠢᠷᠠᠭᠤᠯᠵᠤ ᠪᠣᠯᠬᠤ ᠦᠭᠡᠢ ᠮᠥᠷᠲᠡᠭᠡᠨ ᠪᠠᠰᠠ ᠳᠡᠩᠳᠡᠭᠦᠦ ᠬᠦᠰᠡᠯᠡᠩᠴᠢᠯᠡᠵᠦ ᠪᠣᠯᠬᠤ ᠦᠭᠡᠢ᠂ ᠡᠩ ᠲᠡᠷᠢᠭᠦᠨ᠎ᠳᠦ ᠡᠨᠧᠷᠭᠢ᠎ᠶᠢᠨ ᠬᠠᠩᠭᠠᠯᠭ᠎ᠠ᠎ᠶᠢ ᠪᠠᠲᠤᠯᠠᠬᠤ ᠬᠡᠷᠡᠭᠲᠡᠢ》 ᠭᠡᠪᠡ᠃

《ᠤᠷᠢᠳ᠎ᠢᠶᠠᠷ ᠢᠳᠡᠵᠤ ᠴᠠᠳᠤᠭᠠᠳ ᠳᠠᠷᠠᠭ᠎ᠠ ᠨᠢ ᠰᠠᠢᠨ᠎ᠢ ᠢᠳᠡᠬᠦ ᠬᠡᠷᠡᠭᠳᠡᠢ》ᠭᠡᠳᠡᠭ᠎ᠲᠦ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠬᠤ ᠦᠨᠳᠦᠰᠦᠨ ᠶᠣᠰᠣ᠌ ᠠᠭᠤᠯᠤᠭᠳᠠᠵᠤ ᠪᠠᠢᠳᠠᠭ᠃

ᠶᠣᠰᠣ᠌ ᠪᠣᠯ ᠳᠠᠷᠤᠢ ᠵᠢᠮ᠎ᠡ ᠶᠣᠰᠣ᠌ ᠮᠥᠨ᠃ 《ᠤᠳᠤᠷᠢᠳᠤᠯᠭ᠎ᠠ ᠨᠢ ᠬᠢᠷᠢ ᠬᠡᠮᠵᠢᠶ᠎ᠡ᠎ᠲᠠᠢ ᠪᠠᠢᠬᠤ ᠬᠡᠷᠡᠭᠲᠡᠢ᠂ ᠬᠢᠷᠢ ᠬᠡᠮᠵᠢᠶ᠎ᠡ ᠨᠢ ᠬᠠᠮᠢᠭ᠎ᠠ᠎ᠡᠴᠡ ᠢᠷᠡᠳᠡᠭ ᠪᠤᠢ?ᠬᠢᠷᠢ ᠬᠡᠮᠵᠢᠶ᠎ᠡ ᠨᠢ ᠪᠤᠰᠤᠳᠴᠢ ᠵᠢᠮ᠎ᠡ ᠶᠣᠰᠣ᠌᠎ᠶᠢ ᠲᠠᠨᠢᠵᠤ ᠡᠵᠡᠮᠰᠢᠬᠦ᠎ᠡᠴᠡ ᠢᠷᠡᠳᠡᠭ》᠂ ᠶᠡᠷᠦᠩᠬᠡᠢ ᠱᠦᠵᠢ ᠰᠢ᠎ᠶᠢᠨ ᠫᠢᠩ ᠵᠢᠮ᠎ᠡ ᠶᠣᠰᠣ᠌᠎ᠶᠢ ᠲᠠᠨᠢᠬᠤ᠂ ᠵᠢᠮ᠎ᠡ ᠶᠣᠰᠣ᠌᠎ᠶᠢ ᠡᠵᠡᠮᠰᠢᠬᠦ᠎ᠶᠢᠨ ᠴᠢᠬᠤᠯᠠ ᠴᠢᠨᠠᠷ᠎ᠢ ᠢᠩᠭᠢᠵᠦ ᠴᠢᠬᠤᠯᠠᠴᠢᠯᠠᠭᠰᠠᠨ ᠶᠤᠮ᠃

ᠨᠡᠢᠰᠯᠡᠯ ᠪᠡᠭᠡᠵᠢᠩ᠎ᠦᠨ ᠲᠥᠯᠦᠪᠵᠢᠭᠦᠯᠭᠡ᠎ᠶᠢᠨ ᠠᠵᠢᠯ᠎ᠤᠨ ᠲᠤᠬᠠᠢ᠂《ᠲᠥᠯᠦᠪᠵᠢᠭᠦᠯᠭᠡ᠎ᠨᠢ ᠰᠢᠨᠵᠢᠯᠡᠬᠦ ᠤᠬᠠᠭᠠᠨᠴᠢ ᠪᠠᠢᠬᠤ ᠪᠣᠯ ᠬᠠᠮᠤᠭ᠎ᠤᠨ ᠶᠡᠬᠡ ᠦᠷ᠎ᠡ ᠠᠰᠢᠭ᠋ ᠮᠥᠨ᠂ ᠲᠥᠯᠦᠪᠵᠢᠭᠦᠯᠭᠡ᠎ᠨᠢ ᠠᠯᠳᠠᠰᠢ ᠲᠠᠢ ᠪᠤᠯᠬᠤ ᠪᠣᠯ ᠬᠠᠮᠤᠭ᠎ᠤᠨ ᠶᠡᠬᠡ ᠪᠦᠷᠢᠯᠭᠡᠯᠲᠡ ᠮᠥᠨ᠂ ᠲᠥᠯᠦᠪᠵᠢᠭᠦᠯᠭᠡ ᠨᠢ ᠲᠡᠩᠰᠡᠯᠭᠡᠯᠲᠠ ᠲᠠᠢ ᠪᠠᠢᠬᠤ ᠪᠤᠯ ᠬᠠᠮᠤᠭ᠎ᠤᠨ ᠶᠡᠬᠡ ᠴᠡᠭᠡᠷᠯᠡᠯ ᠮᠥᠨ》 ᠭᠡᠵᠦ ᠲᠣᠳᠣᠷᠬᠠᠢ ᠰᠠᠨᠠᠭᠤᠯᠪᠠ;

ᠱᠠᠨ ᠰᠢ᠎ᠶᠢᠨ ᠬᠡᠯᠪᠡᠷᠢ᠎ᠪᠡᠨ ᠬᠤᠪᠢᠷᠠᠭᠤᠯᠤᠨ ᠬᠥᠭᠵᠢᠭᠦᠯᠬᠦ ᠲᠠᠯ᠎ᠠ᠎ᠪᠠᠷ᠂《ᠡᠷᠡᠰ ᠪᠠᠲᠤ》ᠪᠠᠢᠬᠤ ᠮᠥᠷᠲᠡᠭᠡᠨ《ᠡᠮᠬᠢ ᠵᠢᠷᠤᠮ᠎ᠲᠠᠢ》ᠪᠠᠢᠬᠤ᠎ᠶᠢ ᠴᠢᠬᠤᠯᠠᠴᠢᠯᠠᠵᠤ᠂ 《ᠰᠢᠨ᠎ᠡ ᠬᠠᠭᠤᠴᠢᠨ ᠬᠥᠳᠡᠯᠭᠡᠬᠦ ᠬᠦᠴᠦᠨ᠎ᠦ ᠰᠣᠯᠢᠭ᠍ᠳᠠᠯ᠎ᠤᠨ ᠰᠢᠯᠵᠢᠯᠲᠡ ᠪᠠ ᠵᠣᠯᠭᠠᠯᠴᠠᠭ᠎ᠠ᠎ᠶᠢ ᠴᠢᠬᠤᠯᠠᠴᠢᠯᠠᠵᠤ᠂ ᠰᠢᠨ᠎ᠡ᠎ᠪᠡᠷ ᠬᠠᠭᠤᠴᠢᠨ᠎ᠢ ᠥᠭᠡᠷᠡᠴᠢᠯᠡᠵᠦ᠂ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠬᠤ ᠬᠡᠷᠡᠭᠲᠡᠢ᠂ ᠨᠢᠭᠡ ᠯᠡ ᠳᠡᠭᠡᠷ᠎ᠡ ᠳᠦᠷᠬᠢᠯᠳᠦᠨ ᠬᠢᠵᠦ ᠪᠣᠯᠬᠤ ᠦᠭᠡᠢ᠂ 〈ᠠᠯᠲᠠᠨ ᠬᠡᠦᠬᠡᠯᠳᠡᠢ〉 ᠲᠡᠪᠡᠷᠢᠬᠦ᠎ᠡᠴᠡ᠎ᠪᠡᠨ ᠡᠮᠦᠨ᠎ᠡ ᠬᠣᠭᠣᠯᠠᠨ ᠰᠠᠪᠠ ᠪᠡᠨ ᠬᠠᠶᠠᠴᠢᠬᠠᠵᠤ ᠪᠣᠯᠬᠤ ᠦᠭᠡᠢ》 ᠭᠡᠵᠦ ᠴᠢᠬᠤᠯᠠᠴᠢᠯᠠᠪᠠ;

《ᠢᠷᠡᠭᠡᠳᠦᠢ᠎ᠶᠢᠨ ᠬᠤᠳᠠ》 ᠪᠣᠯᠬᠤ ᠰᠢᠶᠦᠢ᠍ᠩ ᠠᠨ ᠰᠢᠨ᠎ᠡ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠳᠤ ᠴᠢᠭᠯᠡᠭᠦᠯᠵᠤ᠂《ᠢᠮᠠᠬᠤ᠎ᠶᠢᠨ ᠲᠡᠳᠦᠢ ᠭᠠᠵᠠᠷ ᠰᠢᠷᠣᠢ᠎ᠶᠢ ᠴᠥᠮ ᠲᠣᠪ ᠲᠣᠳᠣᠷᠬᠠᠢ ᠲᠥᠯᠥᠪᠵᠢᠭᠦᠯᠦᠭᠰᠡᠨ᠎ᠦ ᠳᠠᠷᠠᠭ᠎ᠠ ᠲᠠᠬᠢᠨ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠲᠡᠦᠬᠡ᠎ᠶᠢᠨ ᠬᠠᠷᠠᠮᠰᠠᠯ ᠦᠯᠡᠳᠡᠭᠡᠵᠦ ᠪᠣᠯᠬᠤ ᠦᠭᠡᠢ》 ᠭᠡᠵᠦ ᠰᠡᠷᠡᠮᠵᠢᠯᠡᠭᠦᠯᠪᠡ;

᠁ ᠁

ᠦᠭᠡ ᠬᠦᠨᠳᠦ ᠰᠡᠳᠬᠢᠯ ᠬᠦᠨᠵᠡᠭᠡᠢ ᠵᠠᠬᠢᠶ᠎ᠠ ᠨᠢ ᠲᠠᠨᠢᠯᠲᠠ᠎ᠶᠢᠨ ᠤᠨᠤᠯ᠎ᠢ ᠲᠣᠳᠣᠷᠬᠠᠢ ᠵᠢᠭᠠᠭᠰᠠᠨ ᠮᠥᠷᠲᠡᠭᠡᠨ ᠪᠠᠰᠠ ᠠᠷᠭ᠎ᠠ᠎ᠶᠢᠨ ᠤᠨᠤᠯ᠎ᠢ ᠭᠠᠷᠭᠠᠭᠰᠠᠨ ᠪᠠᠢᠨ᠎ᠠ᠃

ᠡᠬᠢᠯᠡᠯᠲᠡ᠎ᠶᠢᠨ ᠱᠠᠲᠤ᠂ ᠵᠠᠩᠭᠢᠯᠠᠭ᠎ᠠ᠎ᠶᠢᠨ ᠦᠶ᠎ᠡ᠎ᠳᠦ᠂ ᠵᠢᠮ᠎ᠡ ᠶᠣᠰᠣ᠌᠎ᠪᠠᠷ ᠠᠵᠢᠯᠯᠠᠬᠤ᠎ᠶᠢ ᠪᠠᠷᠢᠮᠲᠠᠯᠠᠵᠤ᠂ ᠲᠦᠷᠭᠡᠨ ᠮᠥᠷᠲᠡᠭᠡᠨ ᠯᠠᠪᠳᠠᠭᠤᠨ ᠪᠠᠢᠵᠤ ᠴᠢᠳᠠᠬᠤ ᠡᠰᠡᠬᠦ᠎ᠳᠦ ᠤᠨᠴᠠᠭᠠᠢᠯᠠᠨ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ᠎ᠶᠢ ᠪᠠᠢᠴᠠᠭᠠᠨ ᠦᠵᠡᠬᠦ ᠴᠢᠬᠤᠯᠠᠲᠠᠢ᠃

ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ᠂ ᠵᠠᠷᠢᠮ ᠺᠠᠳ᠋ᠷ ᠬᠥᠭᠵᠢᠯᠲᠡ ᠨᠢ ᠳᠠᠷᠤᠢ ᠲᠦᠷᠦᠯ ᠵᠦᠢᠯ ᠣᠷᠣᠭᠤᠯᠵᠤ᠂ ᠪᠡᠯᠡ ᠣᠷᠣᠭᠤᠯᠤᠯᠲᠠ ᠬᠢᠵᠦ᠂ ᠬᠡᠪᠴᠢᠶ᠎ᠡ᠎ᠪᠡᠨ ᠥᠷᠭᠡᠳᠬᠡᠬᠦ ᠪᠡᠷ ᠦᠵᠡᠳᠡᠭ;ᠵᠠᠷᠢᠮ ᠨᠢ ᠬᠡᠲᠦᠷᠬᠡᠢ ᠶᠡᠬᠡ ᠥᠷᠢ ᠲᠠᠯᠪᠢᠨ ᠪᠦᠲᠦᠭᠡᠨ ᠪᠠᠢᠭᠤᠯᠤᠯᠲᠠ ᠬᠢᠵᠦ᠂ ᠰᠣᠬᠣᠷ ᠪᠠᠯᠠᠢ᠎ᠪᠠᠷ ᠬᠡᠪᠴᠢᠶ᠎ᠡ ᠪᠡᠨ ᠥᠷᠭᠡᠳᠬᠡᠵᠦ ᠠᠵᠢᠯ ᠬᠢᠳᠡᠭ;ᠵᠠᠷᠢᠮ ᠨᠢ ᠠᠷᠭ᠎ᠠ ᠬᠡᠯᠪᠡᠷᠢ ᠨᠢ ᠳᠥᠭᠥᠮ ᠪᠦᠳᠦᠭᠦᠯᠢᠭ ᠪᠠᠢᠵᠤ᠂ ᠨᠢᠭᠡ ᠯᠡ ᠠᠷᠭ᠎ᠠ ᠪᠡᠷ ᠪᠦᠭᠦᠳᠡ ᠵᠢ ᠬᠢᠬᠦ ᠪᠡᠷ ᠤᠷᠤᠯᠳᠤᠳᠠᠭ;ᠪᠠᠰᠠ ᠵᠠᠷᠢᠮ ᠨᠢ ᠥᠪᠡᠷ᠎ᠢ ᠪᠡᠨ ᠯᠡ ᠪᠤᠳᠤᠬᠤ ᠦᠵᠡᠯ ᠭᠠᠷᠭᠠᠵᠤ᠂ ᠶᠡᠬᠡ ᠵᠢ ᠰᠠᠨᠠᠵᠤ ᠭᠠᠪᠢᠶ᠎ᠠ᠎ᠳᠦ ᠳᠤᠷᠠᠯᠠᠬᠤ᠂ ᠬᠤᠳᠠᠯ ᠬᠡᠯᠡᠵᠦ ᠬᠠᠭᠤᠷᠮᠠᠭ ᠵᠣᠬᠢᠶᠠᠬᠤ᠂ ᠬᠠᠷᠢᠭᠤᠴᠠᠯᠭ᠎ᠠ᠎ᠡᠴᠡ᠎ᠪᠠᠨ ᠵᠠᠢᠯᠠᠭᠤᠯᠬᠤ ᠵᠡᠷᠭᠡ ᠬᠢᠳᠡᠯ ᠤᠷᠤᠰᠢᠵᠤ ᠪᠤᠢ  ᠁

ᠶᠡᠷᠦᠩᠬᠡᠢ ᠱᠦᠵᠢ ᠰᠢ᠎ᠶᠢᠨ ᠫᠢᠩ ᠴᠢᠬᠤᠯᠠ ᠬᠤᠷᠠᠯ ᠳᠡᠭᠡᠷ᠎ᠡ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠪᠤᠷᠤᠭᠤ ᠦᠵᠡᠯᠲᠡ᠎ᠶᠢᠨ ᠢᠯᠡᠷᠡᠯ᠎ᠢ ᠣᠯᠠᠨᠲᠠ ᠰᠢᠭᠦᠮᠵᠢᠯᠡᠵᠤ᠄《ᠶᠡᠬᠡ᠎ᠪᠡᠷ ᠬᠢᠵᠦ ᠲᠦᠷᠭᠡᠨ ᠬᠢᠬᠦ ᠬᠡᠢᠷᠬᠡᠯ᠎ᠲᠠᠢ ᠪᠠᠢᠵᠤ ᠪᠣᠯᠬᠤ ᠦᠭᠡᠢ᠂ ᠥᠭᠡᠷ᠎ᠡ᠎ᠪᠡᠷ ᠬᠡᠯᠡᠪᠡᠯ ᠵᠢᠮ᠎ᠡ ᠶᠣᠰᠣ᠌᠎ᠶᠢ ᠵᠢᠷᠤᠮᠯᠠᠨ ᠠᠵᠢᠯᠯᠠᠬᠤ ᠦᠭᠡᠢ᠂ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠵᠦ᠂ ᠠᠮᠵᠢᠯᠲᠠ ᠭᠠᠷᠭᠠᠬᠤ᠎ᠶᠢ ᠶᠠᠭᠠᠷᠠᠵᠦ ᠪᠣᠯᠬᠤ ᠦᠭᠡᠢ᠃ ᠡᠢᠮᠦᠷᠬᠦᠦ ᠬᠦᠭᠰᠡᠵᠦ ᠬᠡᠢᠷᠬᠡᠭᠰᠡᠨ ᠰᠡᠳᠬᠢᠴᠡ᠂ ᠶᠠᠭᠠᠷᠠᠮᠠᠲᠠᠭᠠᠢ ᠪᠤᠳᠤᠯ᠎ᠢᠶᠠᠨ ᠳᠠᠷᠤᠵᠤ᠂ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ᠎ᠪᠠᠷ ᠬᠢᠬᠦ ᠬᠡᠷᠡᠭᠲᠡᠢ》 ᠭᠡᠵᠦ ᠲᠣᠳᠣᠷᠬᠠᠢ ᠴᠢᠬᠤᠯᠠᠴᠢᠯᠠᠪᠠ᠃

ᠵᠠᠰᠠᠭ᠎ᠢ ᠡᠷᠬᠢᠯᠡᠭᠰᠡᠳ ᠲᠦᠪ ᠪᠠᠢᠬᠤ ᠬᠡᠷᠡᠭᠳᠡᠢ᠃ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ᠎ᠶᠢ ᠲᠥᠪ ᠪᠣᠯᠭᠠᠪᠠᠯ᠂ ᠤᠴᠢᠷ ᠶᠠᠪᠤᠳᠠᠯ᠎ᠢ ᠪᠦᠲᠦᠭᠡᠬᠦ᠎ᠳᠦ ᠰᠠᠶᠢ ᠬᠠᠲᠠᠭᠤ ᠴᠢᠨᠭᠭ᠎ᠠ ᠪᠠᠢᠵᠤ ᠴᠢᠳᠠᠨ᠎ᠠ᠃

ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠵᠤ ᠦᠢᠯᠡᠳᠦᠯᠭᠡᠵᠢᠭᠦᠯᠦᠭᠰᠡᠨ ᠡᠰᠡᠬᠦ ᠵᠢ ᠬᠡᠮᠵᠢᠬᠦ ᠬᠡᠮᠵᠢᠭᠦᠷ ᠨᠢ ᠶᠠᠭᠤ ᠪᠤᠢ?

《ᠡᠪ ᠬᠠᠮᠲᠤ ᠶᠣᠰᠣᠨ᠎ᠤ ᠠᠯᠤᠰ ᠬᠡᠳᠦ᠎ᠶᠢᠨ ᠬᠦᠰᠡᠯᠡᠩ ᠪᠣᠯᠣᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠬᠠᠮᠲᠤ᠎ᠶᠢᠨ ᠬᠦᠰᠡᠯᠡᠩ᠎ᠡᠴᠡ ᠰᠠᠯᠤᠭᠰᠠᠨ ᠡᠰᠡᠬᠦ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠡᠴᠡ ᠰᠠᠯᠤᠭᠰᠠᠨ ᠡᠰᠡᠬᠦ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠣᠳᠣᠯᠭ᠎ᠠ ᠪᠣᠯᠣᠨ ᠨᠠᠮ᠎ᠤᠨ ᠲᠥᠪ ᠬᠣᠷᠢᠶ᠎ᠡ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠡᠴᠡ ᠰᠠᠯᠤᠭᠰᠠᠨ ᠡᠰᠡᠬᠦ᠂ ᠤᠯᠤᠰ᠎ᠤᠨ ᠪᠠᠢᠳᠠᠯ ᠪᠣᠯᠣᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ ᠪᠣᠳᠠᠲᠤ ᠪᠠᠢᠳᠠᠯ᠎ᠡᠴᠡ ᠰᠠᠯᠤᠭᠰᠠᠨ ᠡᠰᠡᠬᠦ》᠃

(ᠭᠤᠷᠪᠠ)ᠠᠯᠤᠰ ᠬᠡᠳᠦ᠎ᠶᠢ ᠪᠣᠳᠣᠯᠬᠢᠯᠠᠨ ᠪᠦᠬᠦ ᠲᠠᠯ᠎ᠠ᠎ᠳᠤ ᠰᠠᠭᠤᠷᠢᠯᠠᠪᠠ︱ 《ᠠᠮᠵᠢᠯᠲᠠ ᠠᠨᠤ ᠭᠠᠭᠴᠠ ᠮᠢᠨᠤ ᠭᠠᠪᠢᠶ᠎ᠠ ᠪᠤᠰᠤ᠂ ᠠᠮᠵᠢᠯᠲᠠ ᠵᠢ ᠪᠦᠲᠦᠭᠡᠬᠦ᠎ᠳᠦ ᠪᠢ ᠯᠠᠪᠲᠠᠢ ᠪᠠᠢᠨ᠎ᠠ》᠃

ᠳᠡᠭᠡᠷ᠎ᠡ ᠵᠠᠭᠤᠨ᠎ᠳᠤ᠂ ᠹᠦᠵᠢᠶᠠᠨ᠎ᠤ ᠲᠤᠬᠠᠢ᠎ᠶᠢᠨ ᠭᠠᠵᠠᠷ᠎ᠤᠨ ᠨᠢᠭᠡᠨ ᠠᠵᠤ ᠠᠬᠤᠢᠯᠠᠯ ᠶᠡᠬᠡ ᠬᠡᠮᠵᠢᠶᠡᠨ᠎ᠦ ᠪᠡᠯᠡ ᠮᠥᠩᠭᠥ᠎ᠪᠡᠷ ᠰᠠᠨᠮᠢᠩ ᠬᠤᠳᠠ᠎ᠶᠢᠨ ᠸᠠᠨ ᠱᠧᠦ ᠶᠠᠨ᠎ᠤ ᠨᠡᠭᠡᠭᠡᠨ ᠮᠠᠯᠲᠠᠬᠤ ᠡᠷᠬᠡ᠎ᠶᠢ ᠠᠪᠤᠭᠰᠠᠨ ᠡᠴᠡ ᠬᠣᠵᠢᠮ ᠨᠢ 《ᠡᠮᠦᠨᠡᠲᠦ ᠣᠷᠣᠨ᠎ᠤ ᠵᠧᠦ ᠺᠧᠦ ᠳ᠋ᠢᠶᠠᠨ》ᠬᠡᠮᠡᠭᠳᠡᠭᠰᠡᠨ ᠡᠨᠡ ᠬᠦ᠌ ᠪᠠᠯᠠᠷ ᠡᠷᠲᠡᠨ᠎ᠦ ᠪᠠᠭᠤᠷᠢ ᠨᠢ ᠨᠢᠭᠡ ᠦᠶ᠎ᠡ ᠤᠳᠬᠤᠭᠤᠷ ᠮᠠᠰᠢᠨ ᠪᠣᠯᠣᠨ ᠳᠠᠷᠢ᠎ᠶᠢᠨ ᠳᠡᠯᠪᠡᠴᠢᠯᠲᠡ ᠵᠢᠨ ᠰᠦᠷᠳᠡᠭᠦᠯᠦᠯ᠎ᠳᠦ ᠤᠴᠠᠷᠠᠵᠠᠢ᠃

ᠨᠢᠭᠡ ᠦᠶ᠎ᠡ ᠮᠠᠷᠭᠤᠭᠠᠨ ᠶᠡᠬᠡᠲᠡᠢ ᠪᠠᠢᠪᠠ᠃ ᠨᠢᠭᠡ ᠲᠠᠯ᠎ᠠ ᠨᠢ ᠯᠤᠲᠤ ᠶᠡᠬᠡ ᠠᠵᠤ ᠠᠬᠤᠢ᠎ᠶᠢᠨ ᠠᠰᠢᠭ᠋ ᠣᠷᠣᠯᠭ᠎ᠠ᠂ ᠨᠥᠭᠥᠭᠡ ᠲᠠᠯ᠎ᠠ ᠨᠢ ᠳᠠᠬᠢᠨ ᠡᠭᠦᠰᠴᠦ ᠥᠯᠥ ᠪᠣᠯᠬᠤ ᠴᠢᠬᠤᠯᠠ ᠦᠯᠡᠳᠡᠭᠳᠡᠯ ᠪᠣᠯᠣᠨ᠎ᠠ᠃ ᠡᠨᠡ ᠬᠦ᠌ ᠵᠦᠷᠢᠴᠡᠯ ᠮᠠᠷᠭᠤᠭᠠᠨ᠎ᠢ ᠲᠤᠬᠠᠢ᠎ᠶᠢᠨ ᠦᠶ᠎ᠡ᠎ᠳᠦ ᠹᠦᠵᠢᠶᠠᠨ ᠮᠤᠵᠢ᠎ᠶᠢᠨ ᠣᠷᠣᠯᠠᠭ᠍ᠴᠢ ᠮᠤᠵᠢ ᠵᠢᠨ ᠳᠠᠷᠤᠭ᠎ᠠ ᠪᠠᠢᠭᠰᠠᠨ ᠰᠢ᠎ᠶᠢᠨ ᠫᠢᠩ᠄ 《ᠶᠠᠮᠠᠷᠪᠠ ᠬᠤᠪᠢ ᠬᠥᠮᠥᠨ ᠪᠠ ᠪᠠᠢᠭᠤᠯᠭ᠎ᠠ ᠨᠢᠭᠡᠴᠢ  ᠴᠦᠮ ᠨᠢᠳᠦᠨ ᠡᠮᠦᠨᠡᠬᠢ ᠪᠤᠶᠤ ᠬᠡᠰᠡᠭ ᠲᠠᠯ᠎ᠠ᠎ᠶᠢᠨ ᠠᠰᠢᠭ᠋ ᠲᠤᠰᠠ ᠣᠯᠬᠤ᠎ᠶᠢᠨ ᠲᠥᠯᠥᠭᠡ ᠪᠦᠬᠦ ᠨᠡᠢᠭᠡᠮ ᠪᠠ ᠬᠣᠢᠴᠢ ᠦᠶ᠎ᠡ᠎ᠶᠢᠨ ᠬᠢᠨ᠎ᠦ ᠠᠰᠢᠭ᠋ ᠲᠤᠰᠠ᠎ᠶᠢ ᠡᠪᠳᠡᠵᠦ ᠪᠣᠯᠬᠤ ᠦᠭᠡᠢ》 ᠭᠡᠵᠦ ᠨᠢᠭᠡ ᠯᠡ ᠦᠭᠡ᠎ᠪᠡᠷ ᠲᠠᠰᠤᠯᠪᠠ᠃

ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ ᠪᠣᠯ ᠠᠯᠤᠰ ᠬᠡᠳᠦ᠎ᠶᠢᠨ ᠪᠠ ᠨᠢᠳᠦᠨ ᠡᠮᠦᠨᠡᠬᠢ᠂ ᠪᠦᠬᠦ ᠲᠠᠯ᠎ᠠ᠎ᠶᠢᠨ ᠪᠠ ᠬᠡᠰᠡᠭ ᠲᠠᠯ᠎ᠠ᠎ᠶᠢᠨ ᠰᠣᠩᠭᠣᠯᠲᠠ ᠮᠥᠨ᠃ ᠲᠡᠩᠨᠡᠭᠦᠷ᠎ᠦᠨ ᠬᠣᠶᠠᠷ ᠦᠵᠦᠭᠦᠷ᠎ᠲᠦ ᠠᠯᠤᠰ᠎ᠤᠨ ᠬᠠᠷᠠᠭ᠎ᠠ᠂ ᠲᠣᠭᠲᠠᠯ ᠬᠦᠴᠦᠨ᠂ ᠡᠭᠦᠷᠭᠡ ᠬᠠᠷᠢᠭᠤᠴᠠᠯᠭ᠎ᠠ ᠵᠢ ᠤᠯᠵᠤ ᠬᠠᠷᠠᠨ᠎ᠠ᠃

ᠨᠢᠭᠡ ᠴᠠᠭ ᠨᠢᠭᠡ ᠶᠠᠪᠤᠳᠠᠯ᠎ᠤᠨ ᠣᠯᠵᠤ ᠠᠯᠳᠠᠬᠤ᠎ᠳᠤ ᠬᠢᠵᠠᠭᠠᠷᠯᠠᠭᠳᠠᠬᠤ ᠤᠤ᠂ ᠡᠰᠡᠬᠦᠯ᠎ᠡ ᠰᠠᠭᠤᠷᠢ ᠲᠠᠯᠪᠢᠬᠤ᠂ ᠠᠯᠤᠰ ᠭᠡᠳᠤ ᠵᠢᠨ ᠪᠤᠲᠠᠲᠤ ᠠᠮᠵᠢᠯᠲᠠ ᠵᠢ ᠪᠤᠳᠤᠯᠬᠢᠯᠠᠬᠤ ᠤᠤ?

《ᠥᠨᠥᠳᠥᠷ ᠲᠠ ᠨᠠᠷ᠎ᠢ ᠬᠥᠰᠡᠷᠳᠡᠭᠦᠯᠬᠦ ᠮᠠᠭᠠᠳ᠂ ᠡᠨᠡ ᠤᠳᠠᠭ᠎ᠠ ᠵᠢᠨ ᠶᠠᠷᠢᠯᠴᠠᠬᠤ ᠵᠦᠢᠯ ᠪᠤᠯ ᠬᠥᠭᠵᠢᠯᠲᠡ᠎ᠶᠢᠨ ᠠᠰᠠᠭᠤᠳᠠᠯ ᠪᠢᠰᠢ᠂ ᠬᠠᠷᠢᠨ ᠬᠠᠮᠠᠭᠠᠯᠠᠯᠲᠠ᠎ᠶᠢᠨ ᠠᠰᠠᠭᠤᠳᠠᠯ ᠶᠤᠮ》᠃ 2016 ᠣᠨ᠎ᠤ 1 ᠰᠠᠷ᠎ᠠ᠎ᠳᠤ᠂ ᠬᠥᠬᠡᠮᠥ᠋ᠷᠡᠨ᠎ᠦ ᠠᠵᠤ ᠠᠬᠤᠢ᠎ᠶᠢᠨ ᠪᠦᠰᠡ᠎ᠶᠢᠨ ᠬᠥᠭᠵᠢᠯᠲᠡ᠎ᠶᠢ ᠠᠬᠢᠭᠤᠯᠬᠤ ᠶᠠᠷᠢᠯᠴᠠᠬᠤ ᠬᠤᠷᠠᠯ ᠴᠦᠩᠴᠢᠩ᠎ᠳᠦ ᠬᠤᠷᠠᠯᠳᠤᠵᠤ᠂ ᠶᠡᠷᠦᠩᠬᠡᠢ ᠱᠦᠵᠢ ᠰᠢ᠎ᠶᠢᠨ ᠫᠢᠩ ᠰᠢᠭᠤᠳ ᠰᠢᠯᠤᠭᠤᠨ ᠶᠠᠷᠢᠪᠠ᠃

ᠠᠯᠤᠰ ᠬᠡᠲᠦ ᠵᠢᠨ ᠲᠤᠬᠠᠢ᠂ ᠶᠡᠷᠦᠩᠬᠡᠢ ᠱᠦᠵᠢ ᠰᠢ᠎ᠶᠢᠨ ᠫᠢᠩ᠄ 《ᠣᠳᠣᠬᠠᠨ᠎ᠤ᠋ ᠪᠠ ᠬᠣᠢᠰᠢᠳᠠ᠎ᠶᠢᠨ ᠨᠡᠯᠢᠶᠡᠳ ᠤᠷᠳᠤ ᠬᠤᠭᠤᠴᠠᠭᠠᠨ᠎ᠳᠤ᠂ ᠬᠥᠬᠡᠮᠥ᠋ᠷᠡᠨ᠎ᠦ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠬᠦ ᠠᠵᠢᠯ᠎ᠢ ᠳᠡᠢᠯᠦᠩᠭᠦᠢ ᠪᠠᠢᠷᠢᠨ᠎ᠳᠤ ᠲᠠᠯᠪᠢᠵᠤ᠂ ᠶᠡᠬᠡ ᠬᠠᠮᠠᠭᠠᠯᠠᠯᠲᠠ᠎ᠶᠢ ᠬᠠᠮᠲᠤ ᠪᠠᠷ ᠠᠳᠬᠤᠵᠤ᠂ ᠶᠡᠬᠡ ᠨᠡᠭᠡᠭᠡᠨ ᠬᠥᠭᠵᠢᠭᠦᠯᠦᠯᠲᠡ ᠬᠢᠬᠦ ᠦᠭᠡᠢ ᠪᠠᠢᠬᠤ ᠬᠡᠷᠡᠭᠲᠡᠢ》ᠭᠡᠵᠦ ᠭᠦᠨᠵᠡᠭᠡᠢ ᠵᠢᠭᠠᠵᠤ ᠭᠠᠷᠭᠠᠪᠠ᠃ ᠬᠥᠬᠡᠮᠥ᠋ᠷᠡᠨ᠎ᠤ ᠤᠷᠤᠰᠬᠠᠯ ᠳᠤᠯᠭᠢᠶᠠᠯᠠᠨ ᠳᠠᠪᠠᠯᠭᠠᠯᠠᠵᠤ᠂ ᠮᠦᠷᠡᠨ ᠭᠣᠣᠯ᠎ᠡᠴᠡ ᠴᠦ᠍ ᠭᠦᠨ ᠠᠭᠤᠳᠠᠮ ᠪᠠᠢᠳᠠᠭ ᠨᠢ ᠡᠪ ᠬᠠᠮᠲᠤᠴᠤᠳ᠎ᠤᠨ ᠲᠠᠨᠢᠯᠲᠠ ᠠᠯᠤᠰ᠎ᠤᠨ ᠬᠠᠷᠡᠴᠡ ᠪᠣᠯᠣᠨ᠎ᠠ᠃

ᠰᠢᠨ᠎ᠡ ᠴᠠᠭ ᠦᠶ᠎ᠡ᠎ᠡᠴᠡ ᠨᠠᠭᠠᠰᠢ᠂ 《ᠤᠳᠤ ᠦᠶ᠎ᠡ᠎ᠳᠦ ᠭᠠᠪᠢᠶ᠎ᠠ ᠪᠠᠢᠭᠤᠯᠵᠤ᠂ ᠠᠯᠤᠰ ᠭᠡᠳᠦ ᠳ᠋ᠦ ᠠᠰᠢᠭ᠋ ᠬᠦᠷᠲᠡᠭᠡᠬᠦ》 ᠵᠣᠷᠢᠭ᠋ ᠰᠠᠨᠠᠭ᠎ᠠ᠎ᠪᠠᠷ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠠᠯᠢ ᠤᠯᠠᠨ ᠡᠭᠦᠳᠦᠯᠲᠡ᠎ᠶᠢᠨ ᠴᠢᠨᠠᠷᠲᠠᠢ ᠠᠵᠢᠯ᠎ᠢ ᠥᠷᠨᠢᠭᠦᠯᠪᠡ;《ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠦᠨᠳᠦᠰᠦ ᠰᠠᠭᠤᠷᠢ᠎ᠶᠢ ᠨᠢ ᠪᠣᠰᠬᠠᠵᠤ ᠰᠦᠭ ᠰᠦᠨᠡᠰᠦ᠎ᠶᠢ ᠨᠢ ᠱᠤᠭᠤᠬᠤ》ᠥᠨᠳᠥᠷᠴᠡ ᠳ᠋ᠤ᠌ ᠵᠣᠭᠰᠣᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠠᠬᠢᠭᠤᠯᠪᠠ;ᠰᠠᠮᠠᠭᠤᠷᠠᠯ᠎ᠢ ᠵᠠᠰᠠᠬᠤ ᠮᠠᠨᠳᠤᠯ ᠪᠠᠭᠤᠷᠠᠯ᠎ᠤᠨ《ᠲᠡᠦᠬᠡ᠎ᠶᠢᠨ ᠦᠶᠡᠯᠡᠯ᠎ᠦᠨ ᠨᠤᠷᠮ᠎ᠠ》ᠡᠴᠡ ᠮᠤᠯᠲᠤᠷᠠᠬᠤ᠎ᠶᠢᠨ ᠰᠡᠷᠭᠡᠭ ᠪᠠᠢᠳᠠᠯ᠎ᠢ ᠡᠵᠡᠮᠳᠡᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠪᠠ  ᠁

ᠶᠠᠪᠤᠳᠠᠯ ᠪᠦᠬᠦᠨ᠎ᠳᠦ ᠣᠳᠣᠬᠠᠨ᠎ᠤ ᠪᠠᠢᠳᠠᠯ᠎ᠳᠠᠭᠠᠨ ᠰᠠᠭᠤᠷᠢᠯᠠᠨ᠂ ᠠᠯᠤᠰ ᠢᠷᠡᠭᠡᠳᠦᠢ᠎ᠶᠢ ᠪᠣᠳᠣᠯᠬᠢᠯᠠᠬᠤ ᠨᠢ ᠴᠥᠮ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠦᠷᠭᠦᠯᠵᠢᠯᠡᠬᠦ ᠬᠥᠭᠵᠢᠯᠲᠡ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡᠬᠢ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠲᠦᠯᠦᠭᠡᠬᠢ ᠦᠨᠳᠦᠰᠦᠨ ᠪᠣᠳᠣᠯᠭ᠎ᠠ ᠶᠤᠮ᠃

《ᠥᠴᠥᠭᠡᠳᠦᠷ᠎ᠦᠨ ᠬᠢ᠎ᠶᠢ ᠪᠠᠷᠢᠮᠲᠠᠯᠠᠵᠤ᠂ ᠥᠨᠥᠳᠥᠷ᠎ᠦᠨ ᠬᠢ᠎ᠶᠢ ᠭᠦᠨᠵᠡᠭᠡᠢᠷᠡᠭᠦᠯᠵᠦ᠂ ᠮᠠᠷᠭᠠᠰᠢ᠎ᠶᠢᠨ ᠬᠢ᠎ᠶᠢ ᠨᠡᠩ ᠶᠡᠬᠡ ᠦᠷ᠎ᠡ ᠪᠦᠲᠦᠮᠵᠢ ᠣᠯᠬᠤ ᠬᠡᠷᠡᠭᠲᠡᠢ》᠃ ᠢᠷᠡᠬᠦ ᠵᠢᠯ᠎ᠦᠨ ᠬᠦᠨᠡᠰᠦ᠎ᠪᠡᠨ ᠡᠨᠡ ᠵᠢᠯ᠎ᠳᠡᠭᠡᠨ ᠢᠳᠡᠵᠦ᠂ ᠨᠢᠳᠦᠨ ᠡᠮᠦᠨᠡᠬᠢ ᠪᠡᠨ ᠯᠡ ᠪᠤᠳᠤᠯᠬᠢᠯᠠᠬᠤ ᠬᠠᠭᠤᠮᠠᠭᠠᠢ ᠠᠵᠢᠯᠯᠠᠭ᠎ᠠ᠎ᠶᠢ ᠬᠢᠬᠦ ᠦᠭᠡᠢ᠂ ᠬᠠᠷᠢᠨ《ᠳᠤᠷᠠᠲᠠᠶ᠎ᠠ ᠳᠡᠪᠢᠰᠬᠡᠷ᠎ᠦᠨ ᠴᠢᠨᠠᠷᠲᠠᠢ ᠠᠵᠢᠯ᠎ᠢ ᠬᠢᠵᠦ᠂ ᠳᠤᠷᠠᠲᠠᠶ᠎ᠠ ᠪᠦᠲᠦᠭᠡᠵᠦ ᠳᠡᠢᠯᠦᠭᠡᠳᠦᠢ ᠶᠠᠪᠤᠳᠠᠯ᠎ᠢ ᠠᠳᠬᠤᠬᠤ ᠭᠡᠷᠡᠭᠲᠡᠢ》᠃

2015 ᠣᠨ᠎ᠤ 1 ᠰᠠᠷ᠎ᠠ᠎ᠳᠤ᠂ ᠲᠥᠪ᠎ᠦᠨ ᠨᠠᠮ᠎ᠤᠨ ᠰᠤᠷᠭᠠᠭᠤᠯᠢ᠎ᠶᠢᠨ ᠰᠢᠶᠠᠨ᠎ᠤ ᠨᠠᠮ᠎ᠤᠨ ᠬᠣᠷᠢᠶ᠎ᠡ ᠵᠢᠨ ᠱᠦᠵᠢ᠎ᠶᠢᠨ ᠰᠤᠳᠤᠯᠤᠨ ᠰᠤᠷᠤᠯᠴᠠᠬᠤ ᠠᠩᠭᠢ᠎ᠶᠢᠨ ᠰᠤᠷᠤᠭ᠍ᠴᠢᠳ᠎ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ ᠱᠠᠨ ᠰᠢ᠎ᠶᠢᠨ ᠶᠢᠦ ᠢᠦᠢ ᠰᠢᠶᠠᠨ᠎ᠤ ᠡᠯᠡᠰᠦ᠎ᠶᠢ ᠵᠠᠰᠠᠵᠤ ᠣᠢᠵᠢᠭᠤᠯᠤᠭᠰᠠᠨ ᠦᠯᠢᠭᠡᠷ᠎ᠢ ᠶᠠᠷᠢᠪᠠ᠃

《ᠨᠢᠭᠡ ᠵᠢᠷᠤᠭ ᠲᠦᠰᠦᠪ᠎ᠢ ᠪᠠᠷᠢᠵᠤ᠂ ᠨᠢᠭᠡ ᠬᠠᠷᠠᠯᠲᠠ ᠵᠢᠨ ᠵᠦᠭ ᠬᠤᠭᠤᠴᠠᠭ᠎ᠠ ᠪᠤᠯᠭᠠᠨ᠎ᠤ ᠰᠢᠶᠠᠨ᠎ᠤ ᠨᠠᠮ᠎ᠤᠨ ᠬᠣᠷᠢᠶ᠎ᠠ ᠪᠦᠬᠦ ᠰᠢᠶᠠᠨ᠎ᠤ ᠺᠠᠳ᠋ᠷ ᠤᠯᠠᠨ ᠲᠦᠮᠡᠨ᠎ᠢ ᠵᠠᠯᠭᠠᠭ᠎ᠠ᠎ᠪᠠᠷ ᠳᠠᠢ᠍ᠢᠴᠢᠯᠠᠨ ᠴᠥᠬᠥᠷᠡᠰᠢ ᠦᠭᠡᠢ ᠠᠵᠢᠯᠯᠠᠵᠤ》᠂ 《ᠬᠠᠮᠠᠷ ᠬᠠᠳᠬᠤᠬᠤ ᠡᠪᠡᠰᠦ ᠦᠭᠡᠢ ᠬᠠᠯᠴᠠᠭᠠᠢ ᠭᠠᠵᠠᠷ》 ᠢ᠋ 《ᠨᠣᠭᠣᠭᠠᠨ ᠪᠦᠷᠢᠳᠦ》 ᠪᠣᠯᠭᠠᠨ ᠬᠤᠪᠢᠷᠠᠭᠤᠯᠵᠠᠢ᠃

ᠡᠨᠡ ᠪᠣᠯ ᠶᠠᠭ ᠠᠯᠤᠰ ᠬᠡᠳᠦ᠎ᠶᠢᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢᠨ ᠠᠮᠢᠳᠤᠯᠢᠭ᠋ ᠢᠯᠡᠷᠡᠯ ᠮᠥᠨ᠄《ᠨᠢᠭᠡᠨ ᠰᠠᠢᠨ ᠵᠢᠷᠤᠭ ᠲᠥᠰᠥᠪ ᠨᠢ ᠰᠢᠨᠵᠢᠯᠡᠬᠦ ᠤᠬᠠᠭᠠᠨᠴᠢ᠂ ᠪᠣᠳᠠᠲᠤ ᠪᠠᠢᠳᠠᠯ᠎ᠳᠤ ᠨᠡᠢᠴᠡᠭᠰᠡᠨ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠨᠡᠢᠴᠡᠭᠰᠡᠨ ᠯᠡ ᠶᠤᠮ ᠪᠣᠯ ᠪᠤᠤᠬᠢᠶ᠎ᠠ ᠤᠷᠤᠯᠳᠤᠭᠠᠨ ᠰᠢᠭ᠋  ᠵᠠᠯᠭᠠᠭ᠎ᠠ᠎ᠪᠠᠷ ᠬᠢᠬᠦ ᠬᠡᠷᠡᠭᠲᠡᠢ》᠃

2002 ᠣᠨ᠎ᠤ 10 ᠰᠠᠷ᠎ᠠ᠎ᠳᠤ᠂ ᠵᠧᠵᠢᠶᠠᠩ᠎ᠤᠨ ᠪᠦᠬᠦ ᠮᠤᠵᠢ᠎ᠶᠢᠨ ᠤᠳᠤᠷᠢᠳᠬᠤ ᠺᠠᠳ᠋ᠷᠴᠤᠳ᠎ᠤᠨ ᠬᠤᠷᠠᠯ ᠳᠡᠭᠡᠷ᠎ᠡ᠂ ᠲᠠᠢᠰᠠᠨ ᠳᠣᠣᠷᠠᠬᠢ 500 ᠭᠠᠷᠤᠢ ᠺᠠᠳ᠋ᠷᠴᠤᠳ᠎ᠤᠨ ᠬᠠᠯᠠᠭᠤᠨ ᠬᠠᠷᠡᠴᠡ᠎ᠶᠢᠨ ᠡᠮᠦᠨ᠎ᠡ᠂ ᠰᠠᠶᠢᠬᠠᠨ ᠲᠤᠰᠢᠶᠠᠯ᠎ᠳᠤ ᠭᠠᠷᠤᠭᠰᠠᠨ ᠰᠢ᠎ᠶᠢᠨ ᠫᠢᠩ ᠨᠥᠬᠥᠷ᠄《〈ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠵᠤ᠂ ᠨᠢᠭᠡ ᠲᠤᠰᠢᠶᠠᠯ᠎ᠤᠨ ᠬᠤᠭᠤᠴᠠᠭ᠎ᠠ ᠨᠢ ᠨᠦᠬᠦᠭᠡ ᠪᠡᠨ ᠵᠠᠯᠭᠠᠨ ᠠᠵᠢᠯᠯᠠᠬᠤ〉ᠶ᠋ᠢ ᠪᠡᠶᠡᠯᠡᠭᠦᠯᠵᠤ》᠂ 《〈ᠪᠤᠤᠬᠢᠶ᠎ᠠ ᠤᠷᠤᠯᠳᠤᠭᠠᠨ〉 ᠳ᠋ᠠᠬᠢ ᠥᠪᠡᠷ᠎ᠦᠨ᠎ᠢᠶᠡᠨ 〈ᠪᠤᠤᠬᠢᠶ᠎ᠠ〉 ᠵᠢ ᠰᠠᠢᠲᠤᠷ ᠭᠦᠶᠦᠨ᠎ᠡ》ᠭᠡᠵᠦ ᠲᠥᠪ ᠴᠢᠩᠭ᠎ᠠ᠎ᠪᠠᠷ ᠠᠮᠠᠯᠳᠠᠪᠠ᠃

2025 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠡᠴᠡ ᠳᠤᠮᠳᠠᠳᠤ ᠤᠯᠤᠰ᠎ᠤᠨ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠶᠢᠨ ᠵᠢᠷᠤᠭ ᠲᠦᠰᠦᠪ᠎ᠢ ᠵᠢᠷᠤᠭᠯᠠᠪᠠ᠃ ᠨᠢᠭᠡ ᠭᠠᠷᠠᠭ᠎ᠤᠨ ᠲᠠᠷᠠᠭ᠎ᠠ᠂ ᠭᠠᠳᠠᠭᠠᠳᠤ ᠶᠠᠪᠤᠳᠠᠯ᠎ᠤᠨ ᠠᠶ᠋ᠢᠯᠴᠢᠯᠠᠯᠲᠠ᠎ᠶᠢᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ ᠤᠯᠤᠰ᠎ᠤᠨ ᠠᠮᠵᠢᠯᠳᠠ ᠤᠯᠤᠭᠰᠠᠨ ᠨᠢᠭᠤᠴᠠ ᠵᠢᠨ ᠲᠤᠬᠠᠢ ᠳᠡᠯᠡᠬᠡᠢ ᠳ᠋ᠠᠬᠢᠨ᠎ᠳᠤ᠄ 《70 ᠭᠠᠷᠤᠢ ᠵᠢᠯ᠎ᠦᠨ ᠲᠤᠷᠰᠢ᠂ ᠪᠢᠳᠡ ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ᠎ᠶᠢ ᠪᠠᠷᠢᠮᠲᠠᠯᠠᠵᠤ᠂ ᠬᠣᠢᠨ᠎ᠠ ᠬᠣᠢᠨ᠎ᠠ᠎ᠡᠴᠡ᠎ᠪᠠᠨ ᠵᠠᠯᠭᠠᠨ ᠠᠵᠢᠯᠯᠠᠵᠠᠢ》 ᠭᠡᠵᠦ ᠲᠠᠢᠯᠪᠤᠷᠢᠯᠠᠪᠠ᠃

ᠨᠢᠭᠡ ᠰᠢᠶᠠᠨ᠎ᠢ ᠵᠠᠰᠠᠵᠤ᠂ ᠨᠢᠭᠡ ᠮᠤᠵᠢ᠎ᠶᠢ ᠮᠠᠨᠳᠤᠭᠤᠯᠵᠤ᠂ ᠨᠢᠭᠡ ᠤᠯᠤᠰ᠎ᠢ ᠵᠠᠰᠠᠬᠤ᠎ᠳᠤ ᠲᠦᠷᠦ᠎ᠶᠢᠨ ᠶᠠᠪᠤᠳᠠᠯ ᠯᠠᠪᠳᠠᠭᠤᠨ ᠲᠤᠭᠲᠠᠭᠤᠨ᠎ᠢ ᠡᠷᠬᠢᠮᠯᠡᠬᠦ ᠬᠡᠷᠡᠭᠳᠡᠢ᠃《ᠲᠣᠭᠣᠷᠢᠭᠤ ᠵᠠᠮ᠎ᠢᠶᠠᠷ ᠶᠠᠪᠤᠬᠤ᠂ ᠤᠷᠪᠠᠭᠠᠨ ᠬᠦᠷᠪᠡᠬᠡᠨ ᠶᠡᠬᠡᠲᠡᠢ ᠪᠠᠢᠬᠤ ᠵᠢ ᠰᠡᠷᠭᠡᠢᠯᠡᠵᠤ》᠂ 《ᠲᠦᠷᠦ ᠵᠢᠨ ᠪᠤᠳᠤᠯᠭ᠎ᠠ ᠬᠤᠪᠢᠷᠠᠯᠳᠠ ᠤᠯᠠᠨᠲᠠᠢ ᠪᠠᠢᠵᠤ ᠪᠤᠯᠬᠤ ᠦᠭᠡᠢ》᠂《ᠲᠦᠷ ᠴᠠᠭ᠎ᠤᠨ ᠠᠵᠢᠯᠴᠢᠨ᠎ᠤ ᠦᠵᠡᠯ ᠰᠠᠨᠠᠭ᠎ᠠ᠎ᠲᠠᠢ ᠪᠠᠢᠵᠤ ᠪᠣᠯᠬᠤ ᠦᠭᠡᠢ》᠂《ᠨᠢᠭᠡ ᠬᠤᠭᠤᠴᠠᠭᠠᠨ᠎ᠤ ᠤᠳᠤᠷᠢᠳᠤᠯᠭ᠎ᠠ ᠰᠤᠯᠢᠭᠳᠠᠮᠠᠭᠴᠠ ᠪᠦᠬᠦᠨ᠎ᠢ ᠤᠷᠪᠠᠭᠤᠯᠵᠤ ᠪᠤᠯᠬᠤ ᠦᠭᠡᠢ》᠂《ᠨᠡᠩ ᠴᠤ᠌ ᠵᠠᠰᠠᠭ᠎ᠤᠨ ᠠᠵᠢᠯ᠎ᠤᠨ ᠪᠦᠲᠦᠮᠵᠢ ᠪᠡᠨ ᠬᠠᠷᠠᠭᠤᠯᠬᠤ ᠵᠢᠨ ᠲᠥᠯᠥᠭᠡ ᠥᠭᠡᠷ᠎ᠡ ᠨᠢᠭᠡ ᠵᠦᠢᠯ᠎ᠦᠨ ᠶᠠᠭᠤᠮ᠎ᠠ ᠬᠢᠵᠦ ᠪᠣᠯᠬᠤ ᠦᠭᠡᠢ》᠂ ᠬᠠᠷᠢᠨ《ᠤᠳᠤ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ》ᠶ᠋ᠢ ᠡᠷᠡᠰ ᠴᠢᠩᠭ᠎ᠠ ᠡᠭᠦᠷᠭᠡᠯᠡᠬᠦ ᠬᠡᠷᠡᠭᠲᠡᠢ᠃

ᠲᠤᠰ ᠲᠤᠰ᠎ᠲᠠᠭᠠᠨ ᠲᠤᠭ ᠪᠤᠰᠭᠠᠵᠤ᠂ ᠬᠠᠮᠠᠭᠠᠯᠠᠬᠤ ᠦᠵᠡᠯ᠂ ᠥᠪᠡᠷᠮᠡᠲᠡᠭᠡᠢ ᠦᠵᠡᠯ ᠶᠠᠪᠤᠭᠤᠯᠬᠤ ᠶᠤᠮ ᠦᠦ᠂ ᠡᠰᠡᠬᠦᠯ᠎ᠡ ᠭᠡᠬᠦᠳᠡᠭ ᠴᠡᠭᠡᠵᠢᠨ᠎ᠳᠡᠭᠡᠨ 《 ᠤᠯᠤᠰ᠎ᠤᠨ ᠶᠡᠬᠡ ᠶᠠᠪᠤᠳᠠᠯ》᠎ᠢ᠋ ᠪᠠᠭ᠍ᠲᠠᠭᠠᠵᠤ᠂ ᠪᠦᠬᠦ᠌ ᠲᠠᠯ᠎ᠠ᠎ᠶ᠋ᠢᠨ ᠰᠡᠳᠭᠢᠬᠦᠢ᠎ᠶ᠋ᠢ ᠪᠠᠲᠤ ᠪᠤᠢ ᠪᠣᠯᠭᠠᠬᠤ ᠶᠤᠮ ᠦᠦ?

《ᠡᠨᠳᠡ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠴᠢᠬᠤᠯᠠ ᠶᠤᠮ ᠦᠦ ᠨᠤᠮᠢᠨ ᠤᠰᠤ ᠬᠥᠬᠡᠮᠳᠦᠭ ᠠᠭᠤᠯᠠ ᠴᠢᠬᠤᠯᠠ ᠶᠤᠮ ᠦᠦ ᠭᠡᠳᠡᠭ᠎ᠢ ᠪᠤᠳᠤᠯᠬᠢᠯᠠᠬᠤ ᠬᠡᠷᠡᠭᠲᠡᠢ᠂ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠭᠠᠵᠠᠷ ᠪᠣᠯᠤᠭ᠍ᠰᠠᠨ᠎ᠤ ᠬᠤᠪᠢ᠎ᠳᠤ᠂ ᠠᠮᠢ ᠠᠬᠤᠶ᠎ᠶ᠋ᠢᠨ ᠴᠢᠳᠠᠮᠵᠢ᠎ᠶ᠋ᠢ ᠬᠠᠮᠤᠭ᠎ᠤᠨ ᠶᠡᠬᠡ ᠪᠣᠯᠭᠠᠬᠤ ᠡᠭᠦᠷᠭᠡ᠎ᠶ᠋ᠢ ᠡᠭᠦᠷᠭᠡᠯᠡᠵᠦ᠍ ᠪᠠᠢᠬᠤ᠎ᠡᠴᠡ ᠪᠢᠰᠢ ᠬᠠᠷᠢᠨ ᠥᠪᠡᠷ᠎ᠢᠶᠡᠨ ᠦᠶ᠋ᠯᠡᠳᠪᠦᠷᠢ ᠪᠠᠢᠭᠤᠯᠬᠤ᠂ ᠠᠭᠤᠷᠬᠠᠶ ᠨᠡᠭᠡᠭᠡᠬᠦ᠌᠂ ᠤᠯᠤᠰ᠎ᠤᠨ ᠳᠣᠲᠣᠭᠠᠳᠤ᠎ᠶ᠋ᠢᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠢ ᠪᠠᠭ᠎ᠠ ᠰᠠᠭ᠎ᠠ ᠭᠠᠷᠭᠠᠵᠤ ᠥᠪᠡᠰᠦᠪᠡᠨ ᠠᠮᠢᠳᠤᠷᠠᠬᠤ᠎ᠪᠢᠰᠢ ᠶᠤᠮ》᠃ 2019 ᠣᠨ᠎ᠤ ᠨᠢᠭᠡ ᠤᠳᠠᠭ᠎ᠠ᠎ᠶ᠋ᠢᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠳᠤᠮᠳᠠᠳᠤ᠎ᠶ᠋ᠢᠨ ᠤᠰᠤᠨ ᠰᠤᠪᠤᠷᠭ᠎ᠠ 》 ᠭᠤᠷᠪᠠᠨ ᠮᠥᠷᠡᠨ᠎ᠦ ᠡᠬᠢ᠎ᠶ᠋ᠢ ᠬᠠᠮᠠᠭᠠᠯᠠᠬᠤ ᠴᠢᠬᠤᠯᠠ ᠴᠢᠨᠠᠷ᠎ᠤᠨ ᠲᠤᠬᠠᠢ ᠢᠨᠭᠬᠢᠵᠦ ᠶᠠᠷᠢᠪᠠ᠃

2024 ᠣᠨ᠎ᠳᠤ᠂ ᠬᠥᠬᠡᠨᠠᠭᠤᠷ᠎ᠲᠤ ᠱᠢᠨᠵᠢᠯᠡᠨ ᠪᠠᠢᠴᠠᠭᠠᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠲᠤᠬᠠᠢ᠎ᠶ᠋ᠢᠨ ᠭᠠᠵᠠᠷ᠎ᠤᠨ ᠬᠢᠨ᠎ᠦ 《ᠬᠥᠬᠡᠨᠠᠭᠤᠷ ᠲᠥᠪᠡᠳ᠎ᠦᠨ ᠥᠨᠳᠥᠷᠯᠢᠭ᠎ᠢ ᠠᠮᠢ ᠠᠬᠤᠢ᠎ᠶ᠋ᠢᠨ ᠪᠣᠯᠪᠠᠰᠤᠨ᠎ᠤ ᠥᠨᠳᠥᠷᠯᠢᠭ ᠪᠣᠯᠭᠠᠨ ᠪᠦᠳᠦᠭᠡᠨ ᠪᠠᠢᠭᠤᠯᠬᠤ》 ᠠᠷᠭ᠎ᠠ ᠬᠢᠳᠡᠯ᠎ᠢ ᠨᠤᠲᠠᠯᠠᠵᠤ᠂ 《 ᠡᠨᠡ ᠪᠣᠯ ᠲᠠ᠎ᠨᠠᠷ᠎ᠤᠨ ᠬᠠᠮᠤᠭ᠎ᠤᠨ ᠶᠡᠬᠡ ᠬᠤᠪᠢ ᠨᠡᠮᠡᠷᠢ ᠪᠣᠯᠤᠨ᠎ᠠ》 ᠭᠡᠵᠦ᠍ ᠵᠢᠭᠠᠵᠤ ᠭᠠᠷᠭᠠᠭ᠍ᠰᠠᠨ ᠪᠥᠭᠡᠳ 《 ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠪᠣᠳᠣᠯᠬᠢᠯᠠᠬᠤ ᠬᠡᠷᠡᠭ᠌ᠲᠡᠢ 》᠂ 《ᠡᠷᠬᠡᠪᠰᠢ ᠬᠢᠬᠦ᠌ ᠴᠢᠬᠤᠯᠠᠲᠠᠢ ᠵᠦᠢᠯ᠎ᠢ ᠬᠢᠵᠦ᠍᠂ ᠬᠢᠬᠦ᠌ ᠦᠭᠡᠢ ᠵᠦᠢᠯ᠎ᠢ ᠬᠢᠬᠦ᠌ ᠦᠭᠡᠢ ᠪᠠᠢᠬᠤ ᠬᠡᠷᠡᠭ᠌ᠲᠡᠢ》 ᠭᠡᠵᠦ᠍ ᠵᠠᠬᠢᠪᠠ᠃

ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠢᠭᠡ ᠭᠠᠵᠠᠷ ᠣᠷᠣᠨ᠎ᠳᠤ ᠪᠠᠢᠵᠤ᠂ 《ᠨᠠᠮ᠎ᠤᠨ ᠲᠥᠪ ᠬᠤᠷᠢᠶ᠎ᠠ᠎ᠵᠢᠨ ᠶᠠᠭᠤ᠎ᠶ᠋ᠢ ᠬᠠᠯᠠᠮᠵᠢᠯᠠᠵᠤ ᠪᠠᠢᠬᠤ᠂ ᠶᠠᠭᠤ᠎ᠶ᠋ᠢ ᠴᠢᠬᠤᠯᠠᠴᠢᠯᠠᠵᠤ ᠪᠠᠢᠬᠤ᠎ᠶ᠋ᠢ ᠴᠠᠭ ᠢᠮᠠᠭ᠍ᠲᠠ ᠠᠩᠬᠠᠷᠴᠤ᠌᠂ ᠨᠠᠮ ᠪᠣᠯᠤᠨ ᠤᠯᠤᠰ᠎ᠤᠨ ᠬᠠᠮᠤᠭ᠎ᠤᠨ ᠴᠢᠬᠤᠯᠠ ᠠᠱᠢᠭ ᠲᠤᠰᠠ ᠨᠢ ᠶᠠᠭᠤ ᠪᠣᠯᠬᠤ᠂ ᠬᠠᠮᠤᠭ᠎ᠡᠴᠡ ᠡᠷᠡᠰ ᠬᠠᠮᠠᠭᠠᠯᠠᠬᠤ ᠴᠢᠬᠤᠯᠠᠲᠠᠢ ᠵᠣᠭ᠍ᠰᠣᠯᠲᠠ ᠨᠢ ᠶᠠᠭᠤ ᠪᠣᠯᠬᠤ᠎ᠶ᠋ᠢ ᠭᠦᠨᠵᠡᠭᠡᠢ ᠣᠢᠯᠠᠭᠠᠪᠠᠯ》 ᠰᠠᠶᠢ ᠲᠦᠷᠦ᠍ ᠪᠠᠷᠢᠬᠤ ᠪᠠᠲᠤ ᠵᠣᠭ᠍ᠰᠣᠯᠲᠠ᠎ᠪᠠᠨ ᠣᠨᠣᠪᠴᠢᠲᠠᠢ ᠣᠯᠵᠤ ᠴᠢᠳᠠᠨ᠎ᠠ᠃

ᠣᠷᠣᠨ ᠨᠤᠲᠤᠭ᠎ᠲᠤ ᠬᠦᠷᠴᠦ᠍ ᠪᠠᠢᠴᠠᠭᠠᠨ ᠰᠤᠳᠤᠯᠤᠯᠲᠠ ᠬᠢᠬᠦ᠌᠎ᠳᠡᠭᠡᠨ᠂ ᠶᠡᠷᠦᠩᠬᠡᠢ ᠱᠦᠵᠢ ᠰᠢ ᠵᠢᠨ ᠫᠢᠩ ᠦᠷᠭᠦᠯᠵᠢ ᠭᠠᠵᠠᠷ᠎ᠤᠨ ᠵᠢᠷᠤᠭ᠎ᠢ ᠭᠠᠷ᠎ᠲᠠᠭᠠᠨ ᠪᠠᠷᠢᠵᠤ᠂ ᠡᠯ᠎ᠡ ᠭᠠᠵᠠᠷ᠎ᠤᠨ ᠬᠢᠨ᠎ᠢ 《ᠥᠪᠡᠷ᠎ᠦᠨ ᠭᠡᠷ᠎ᠦᠨ᠎ᠢᠶᠡᠨ 〈 ᠲᠤᠭᠤᠭ᠎ᠠ ᠲᠤᠯᠭ᠎ᠠ ᠪᠠᠨ ᠲᠤᠭᠤᠷᠢᠭᠰᠠᠨ〉 ᠰᠡᠳᠭᠢᠬᠦᠢ᠎ᠶ᠋ᠢᠨ ᠲᠣᠭ᠍ᠲᠠᠮᠠᠯ ᠬᠡᠯᠪᠡᠷᠢ᠎ᠶ᠋ᠢ ᠤᠬᠠᠮᠰᠠᠷ᠎ᠡᠴᠡ᠎ᠪᠠᠨ ᠡᠪᠳᠡᠵᠦ᠍᠂ ᠪᠦᠯᠬᠦᠮᠳᠡᠨ ᠦᠵᠦ᠍ ᠲᠥᠯᠥᠪᠯᠡᠭᠡ ᠬᠢᠬᠦ᠌ ᠬᠠᠷᠠᠯᠲᠠ ᠵᠦᠭ ᠬᠠᠮᠲᠤ ᠠᠵᠢᠯᠯᠠᠬᠤ ᠬᠡᠷᠡᠭ᠌ᠲᠡᠢ 》 ᠭᠡᠵᠦ᠍ ᠵᠠᠬᠢᠪᠠ᠃

ᠭᠦᠶ᠋ᠵᠧᠤ᠎ᠳᠦ᠂ ᠲᠤᠬᠠᠶ᠎ᠶ᠋ᠢᠨ ᠭᠠᠵᠠᠷ᠎ᠤᠨ᠎ᠬᠢᠨ᠎ᠢ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠠᠭᠤᠰᠤᠯᠴᠠᠵᠤ᠂ 《 ᠣᠷᠣᠨ ᠨᠤᠲᠤᠭ᠎ᠤᠨ ᠬᠠᠮᠠᠭᠠᠯᠠᠯᠲᠠ᠂ ᠵᠠᠬ᠎ᠠ ᠳᠡᠯᠭᠡᠭᠦᠷ᠎ᠦᠨ ᠬᠡᠰᠡᠭ᠌ᠯᠡᠯ᠂〈ᠳᠤᠳᠤᠭᠠᠳᠤ ᠥᠷᠢᠰᠥᠯᠳᠦᠭᠡᠨ〉᠎ᠢ᠋ ᠡᠷᠡᠰ ᠠᠷᠢᠯᠭᠠᠬᠤ ᠬᠡᠷᠡᠭ᠌ᠲᠡᠶ》ᠭᠡᠵᠦ᠍ ᠱᠠᠭᠠᠷᠳᠠᠪᠠ; ᠬᠠᠢᠨᠠᠨ᠎ᠤ ᠬᠠᠯᠠᠭᠤᠨ ᠪᠦᠰᠡᠨ᠎ᠦ ᠪᠣᠷᠣᠭᠠᠨᠲᠤ ᠣᠶ᠎ᠶ᠋ᠢ ᠬᠠᠮᠠᠭᠠᠯᠠᠬᠤ ᠲᠤᠬᠠᠶ ᠦᠷᠭᠦᠯᠵᠢ ᠰᠠᠨᠠᠭᠠᠯᠵᠠᠵᠤ᠂ 《ᠬᠠᠢᠨᠠᠨ᠎ᠡᠴᠡ ᠭᠠᠷᠴᠤ᠌ ᠡᠨᠡ ᠬᠦ᠌ ᠠᠵᠢᠯ᠎ᠢ ᠦᠵᠡᠬᠦ᠌ ᠬᠡᠷᠡᠭ᠌ᠲᠡᠶ》 ᠭᠡᠵᠦ᠍ ᠴᠢᠬᠤᠯᠠᠴᠢᠯᠠᠪᠠ;ᠱᠢᠨᠵᠢᠶᠠᠩ᠎ᠤᠨ ᠬᠥᠭ᠌ᠵᠢᠯᠲᠡ᠎ᠳᠦ᠂ 《 ᠱᠢᠨᠵᠢᠶᠠᠩ᠎ᠤᠨ ᠲᠣᠰ ᠪᠡᠶ᠎ᠡ᠎ᠶ᠋ᠢᠨ ᠣᠷᠣᠨ ᠪᠦᠰᠡ᠎ᠶ᠋ᠢᠨ ᠴᠢᠨᠠᠷᠲᠠᠶ ᠨᠡᠭᠡᠭᠡᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠤᠯᠤᠰ᠎ᠤᠨ ᠪᠠᠷᠠᠭᠤᠨᠰᠢ ᠨᠡᠭᠡᠭᠡᠯᠲᠡ ᠬᠢᠬᠦ᠌ ᠶᠡᠷᠦᠩᠬᠡᠶ ᠪᠠᠢᠷᠢᠱᠢᠭᠤᠯᠤᠯᠲᠠ᠎ᠳᠤ ᠣᠷᠣᠭᠤᠯᠬᠤ ᠬᠡᠷᠡᠭ᠌ᠲᠡᠶ 》 ᠭᠡᠵᠦ᠍ ᠵᠣᠷᠢᠭ᠍ᠵᠢᠭᠤᠯᠪᠠ;ᠥᠪᠥᠷ ᠮᠣᠩᠭᠣᠯ᠎ᠳᠤ᠂ 《ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠪᠣᠯ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ》 ᠭᠡᠵᠦ᠍ ᠵᠢᠭᠠᠵᠤ ᠭᠠᠷᠭᠠᠪᠠ  ᠁

ᠵᠠᠰᠠᠭ ᠶᠠᠪᠤᠭᠤᠯᠬᠤᠶ᠎ᠶ᠋ᠢᠨ ᠶᠣᠰᠣᠨ ᠠᠨᠤ ᠶᠡᠬᠡ᠎ᠶ᠋ᠢ ᠣᠯᠤᠭ᠍ᠰᠠᠳ ᠪᠠᠭ᠎ᠠ᠎ᠶ᠋ᠢ ᠬᠠᠪᠰᠤᠷᠭᠠᠵᠤ ᠪᠣᠯᠤᠮᠤᠶ᠃

ᠡᠨᠡ ᠪᠣᠯ ᠠᠵᠢᠯ ᠬᠢᠵᠦ᠍ ᠦᠢᠯᠡᠰ ᠪᠤᠰᠭᠠᠬᠤ᠎ᠶ᠋ᠢᠨ ᠠᠵᠢᠯᠯᠠᠭᠠᠨ᠎ᠤ ᠪᠠᠷᠢᠮᠵᠢᠶ᠎ᠠ ᠪᠣᠯᠤᠨ᠎ᠠ᠄ 《 ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ ᠠᠵᠢᠯ᠎ᠢ ᠲᠥᠯᠥᠪᠵᠢᠭᠦᠯᠬᠦ᠌ ᠪᠠ ᠠᠬᠢᠭᠤᠯᠬᠤ᠎ᠳᠤ ᠨᠠᠮ᠎ᠤᠨ ᠲᠥᠪ ᠬᠤᠷᠢᠶ᠎ᠠ᠎ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠪᠠᠷ ᠤᠷᠢᠲᠠᠯ ᠪᠣᠯᠭᠠᠵᠤ᠂ ᠪᠦᠲᠦᠭᠡᠯᠴᠢ ᠴᠢᠨᠠᠷᠲᠠᠢ᠎ᠪᠠᠷ ᠠᠵᠢᠯ᠎ᠢᠶᠠᠨ ᠥᠷᠨᠢᠭᠦᠯᠵᠦ᠍᠂ ᠨᠢᠭᠡ ᠣᠷᠣᠨ ᠪᠦᠰᠡ᠎ᠳᠦ ᠭᠡᠷᠡᠯ ᠭᠢᠯᠪᠠᠭ᠎ᠠ ᠨᠡᠮᠡᠷᠢᠯᠡᠬᠦ᠌᠎ᠪᠡᠷ ᠪᠠᠷᠠᠬᠤ ᠦᠭᠡᠢ ᠪᠠᠰᠠ ᠪᠦᠬᠦ᠌ ᠲᠠᠯ᠎ᠠ᠎ᠳᠤ ᠭᠡᠷᠡᠯ ᠭᠢᠯᠪᠠᠭ᠎ᠠ ᠨᠡᠮᠡᠷᠢᠯᠡᠬᠦ᠌ ᠬᠡᠷᠡᠭ᠌ᠲᠡᠢ 》᠃

ᠡᠨᠡ ᠪᠣᠯ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠷᠳᠡᠭ᠎ᠦᠨ ᠤᠳᠤᠷᠢᠳᠤᠮᠵᠢ ᠪᠣᠯᠤᠨ᠎ᠠ᠄ 《ᠢᠯᠡᠭᠦᠬᠡᠨ ᠶᠡᠬᠡ ᠲᠠᠯ᠎ᠠ᠎ᠶ᠋ᠢ ᠪᠣᠳᠣᠯᠬᠢᠯᠠᠵᠤ᠂ ᠶᠡᠬᠡ ᠳᠠᠨᠭᠰᠠ ᠶ᠋ᠢ ᠪᠤᠳᠤᠵᠤ᠂ ᠳᠤᠲᠠᠭᠤᠬᠠᠨ ᠪᠠᠭ᠎ᠠ ᠲᠠᠯ᠎ᠠ᠎ᠶ᠋ᠢ ᠪᠤᠳᠤᠵᠤ᠂ ᠳᠤᠲᠠᠭᠤᠬᠠᠨ ᠪᠠᠭ᠎ᠠ ᠳᠠᠩᠰᠠ᠎ᠶ᠋ᠢ ᠪᠤᠳᠤᠬᠤ ᠭᠡᠷᠡᠭᠲᠡᠢ》᠂ 《 ᠦᠨᠡᠨ᠎ᠳᠡᠭᠡᠨ ᠬᠠᠮᠲᠤ ᠨᠡᠢᠲᠡ ᠪᠣᠯᠤᠨ ᠬᠤᠪᠢ ᠬᠦᠮᠦᠨ᠎ᠤ ᠬᠠᠷᠢᠴᠠᠭ᠎ᠠ᠂ ᠠᠯᠤᠰ ᠬᠡᠳᠤ᠎ᠶ᠋ᠢᠨ ᠠᠱᠢᠭ ᠲᠤᠰᠠ᠂ ᠦᠨᠳᠦᠰᠦᠨ ᠠᠱᠢᠭ ᠲᠤᠰᠠ ᠪᠣᠯᠤᠨ ᠬᠤᠪᠢ ᠬᠥᠮᠦᠨ᠎ᠦ ᠬᠦᠰᠡᠯ ᠵᠣᠷᠢᠯᠲᠠ᠂ ᠬᠤᠪᠢ ᠬᠥᠮᠦᠨ᠎ᠦ ᠠᠱᠢᠭ ᠲᠤᠰᠠ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠬᠦ᠌ ᠬᠡᠷᠡᠭ᠌ᠲᠡᠢ》᠃

《 ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ᠂ ᠠᠮᠵᠢᠯᠲᠠ ᠵᠢ ᠪᠦᠲᠦᠭᠡᠬᠦ ᠳ᠋ᠤ ᠪᠢ ᠯᠠᠪᠳᠠᠢ ᠪᠠᠢᠨ᠎ᠠ》 ᠃

(ᠳᠥᠷᠪᠡ)ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠨᠳᠦᠰᠦ ᠨᠢ ᠠᠷᠠᠳ᠎ᠤ᠋ᠨ ᠲᠦᠯᠦᠭᠡ᠎ᠭᠡᠬᠦ ᠪᠤᠳᠤᠯ ᠳ᠋ᠦ ᠪᠤᠢ —《 ᠠᠷᠠᠳ ᠲᠦᠮᠡᠨ᠎ᠳᠦ ᠪᠤᠶᠠᠨ ᠦᠶ᠋ᠯᠡᠳᠬᠦ᠌ ᠪᠣᠯ ᠵᠠᠰᠠᠭ᠎ᠤᠨ ᠠᠵᠢᠯ᠎ᠤᠨ ᠬᠠᠮᠤᠭ᠎ᠤᠨ ᠶᠡᠬᠡ ᠪᠦᠲᠦᠮᠵᠢ ᠮᠥᠨ ᠭᠡᠳᠡᠭ᠎ᠢ ᠡᠪ ᠬᠠᠮᠲᠤᠴᠤᠳ ᠡᠷᠬᠡᠪᠰᠢ ᠪᠠᠲᠤ ᠴᠡᠭᠡᠵᠢᠯᠡᠬᠦ᠌ ᠬᠡᠷᠡᠭ᠌ᠲᠡᠶ》

2024 ᠣᠨ᠎ᠤ 10 ᠰᠠᠷ᠎ᠠ᠎ᠳᠤ᠂ ᠹᠦᠵᠢᠶᠠᠨ᠎ᠳᠤ ᠱᠢᠨᠵᠢᠯᠡᠨ ᠪᠠᠢᠴᠠᠭᠠᠬᠤ ᠬᠤᠭᠤᠴᠠᠭᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠲᠤᠰᠭᠠᠢᠯᠠᠨ ᠬᠦ᠋ ᠸᠸᠨ ᠴᠠᠩ᠎ᠤᠨ ᠳᠤᠷᠠᠰᠭᠠᠯ᠎ᠤᠨ ᠣᠷᠳᠣᠨ᠎ᠳᠤ ᠬᠦᠷᠴᠦ᠍᠂ ᠭᠦ᠋ ᠸᠸᠨ ᠴᠠᠩ ᠨᠥᠬᠥᠷ᠎ᠦᠨ ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ᠎ᠶ᠋ᠢ ᠲᠠᠬᠢᠨ ᠡᠷᠭᠢᠴᠡᠭᠦᠯᠪᠡ᠃

ᠶᠡᠷᠦᠩᠬᠡᠢ ᠱᠦᠵᠢ ᠰᠢ ᠵᠢᠨ ᠫᠢᠩ ᠄ 《 ᠺᠠᠳ᠋ᠷ᠎ᠤᠨ ᠠᠵᠢᠯ᠎ᠤᠨ ᠪᠦᠳᠦᠮᠵᠢ᠎ᠶ᠋ᠢᠨ ᠰᠠᠢ᠌ᠨ ᠮᠠᠭᠤ᠎ᠶ᠋ᠢ ᠬᠡᠮᠵᠢᠬᠦ᠌᠎ᠳᠦ ᠵᠠᠩᠭᠢᠯᠠᠭ᠎ᠠ ᠨᠢ ᠠᠷᠠᠳ ᠤᠯᠠᠨ᠎ᠤ ᠮᠠᠭ᠍ᠲᠠᠭᠠᠯ ᠰᠠᠢᠱᠢᠶᠠᠯ ᠰᠠᠢ᠌ᠨ ᠡᠰᠡᠬᠦ᠌᠎ᠶ᠋ᠢ ᠦᠵᠡᠨ᠎ᠡ᠃ ᠡᠯ᠎ᠡ ᠱᠠᠲᠤᠨ᠎ᠤ ᠤᠳᠤᠷᠢᠳᠭᠤ ᠺᠠᠳ᠋ᠷ ᠭᠦ᠋ ᠸᠸᠨ ᠴᠠᠩ ᠨᠥᠬᠥᠷ᠎ᠡᠴᠡ ᠳᠠᠭᠠᠨ ᠰᠤᠷᠤᠯᠴᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠵᠤ᠂ ᠨᠢᠭᠡ ᠭᠠᠵᠠᠷ ᠳᠠᠷᠤᠭ᠎ᠠ ᠪᠣᠯᠪᠠᠯ᠂ ᠨᠢᠭᠡ ᠭᠠᠵᠠᠷ᠎ᠲᠤ ᠪᠤᠶᠠᠨ ᠦᠢᠯᠡᠳᠴᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠴᠤᠴᠠᠯᠲᠠ ᠦᠭᠡᠢ ᠴᠢᠷᠮᠠᠢᠵᠤ᠂ ᠥᠷᠯᠥᠭ ᠬᠥᠱᠢᠢ᠎ᠡ᠎ᠶ᠋ᠢ ᠠᠷᠠᠳ ᠤᠯᠠᠨ᠎ᠤ ᠰᠡᠳᠭᠢᠯ᠎ᠳᠦ ᠱᠤᠭᠤᠬᠤ ᠬᠡᠷᠡᠭ᠌ᠲᠡᠢ》 ᠭᠡᠪᠡ᠃

ᠣᠷᠣᠨ ᠨᠤᠲᠤᠭ᠎ᠲᠤ ᠠᠵᠢᠯᠯᠠᠵᠤ ᠪᠠᠢᠬᠤ᠎ᠳᠠᠭᠠᠨ ᠰᠢ ᠵᠢᠨ ᠫᠢᠩ ᠨᠥᠬᠥᠷ ᠳᠡᠷᠭᠡᠳᠡᠬᠢ ᠨᠥᠬᠥᠳ᠎ᠲᠡᠬᠡᠨ ᠬᠥ᠋ ᠸᠸᠨ ᠴᠠᠩ᠎ᠤᠨ ᠦᠯᠢᠭᠡᠷ᠎ᠢ ᠣᠯᠠᠨᠲᠠ ᠶᠠᠷᠢᠵᠤ᠂ 《 ᠬᠥ᠋ ᠸᠸᠨ ᠴᠠᠩ ᠪᠣᠯ ᠥᠷᠭᠡᠨ ᠣᠯᠠᠨ ᠺᠠᠳ᠋ᠷ ᠣᠯᠠᠨ ᠲᠦᠮᠡᠨ᠎ᠦ ᠬᠦᠨᠳᠦᠳᠭᠡᠯ ᠪᠢᠱᠢᠷᠡᠯ᠎ᠢ ᠣᠯᠤᠭ᠍ᠰᠠᠭᠠᠷ ᠢᠷᠡᠭ᠌ᠰᠡᠨ ᠶᠤᠮ᠂ ᠤᠴᠢᠷ ᠨᠢ ᠲᠡᠷᠡ ᠬᠡᠵᠢᠶ᠎ᠡ ᠴᠦ᠍ ᠭᠡᠰᠡᠨ ᠰᠦᠷ ᠳᠠᠯᠠᠢᠴᠠᠲᠠᠶ 〈ᠢᠯᠡ ᠠᠮᠵᠢᠯᠲᠠ ᠪᠦᠲᠦᠮᠵᠢ〉ᠵᠢ ᠬᠥᠭᠡᠭᠡᠴᠡᠯᠳᠦᠬᠦ᠌ ᠦᠭᠡᠶ᠂ ᠬᠠᠷᠢᠨ ᠦᠭᠡ ᠳᠠᠭᠤᠨ ᠦᠭᠡᠶ᠎ᠪᠡᠷ ᠬᠤᠪᠢ ᠨᠡᠮᠡᠷᠢ ᠦᠵᠡᠭᠦᠯᠳᠡᠭ》 《ᠡᠢᠮᠦ᠍ 〈ᠳᠠᠯᠳᠠ ᠠᠮᠵᠢᠯᠲᠠ ᠪᠦᠲᠦᠮᠵᠢ〉 ᠪᠣᠯ ᠬᠠᠮᠤᠭ᠎ᠤᠨ ᠶᠡᠬᠡ 〈ᠢᠯᠡ ᠠᠮᠵᠢᠯᠲᠠ ᠪᠦᠲᠦᠮᠵᠢ〉 ᠮᠥᠨ᠃ ᠪᠢᠳᠡᠨ᠎ᠦ ᠦᠷᠭᠦᠯᠵᠢ ᠶᠠᠷᠢᠳᠠᠭ ᠠᠯᠲᠠᠨ ᠬᠤᠨᠳᠠᠭ᠎ᠠ ᠮᠥᠩᠭᠥᠨ ᠬᠤᠨᠳᠠᠭ᠎ᠠ ᠠᠷᠠᠳ᠎ᠤᠨ ᠦᠨᠡᠯᠡᠯᠲᠡ᠎ᠵᠢ ᠬᠦᠷᠬᠦ᠌ ᠦᠭᠡᠢ;ᠠᠯᠲᠠᠨ ᠮᠧᠳᠠᠯ ᠮᠥᠩᠭᠥᠨ ᠮᠧᠳᠠᠯ ᠨᠢ ᠠᠷᠠᠳ᠎ᠤᠨ ᠮᠠᠭ᠍ᠲᠠᠭᠠᠯ᠎ᠢ ᠬᠦᠷᠬᠦ᠌ ᠦᠭᠡᠢ ᠭᠡᠳᠡᠭ ᠨᠢ ᠶᠠᠭ ᠡᠨᠡ ᠶᠣᠰᠣ᠎ᠶ᠋ᠢ ᠬᠡᠯᠡᠵᠦ᠍ ᠪᠠᠢᠨ᠎ᠠ》ᠭᠡᠪᠡ᠃

ᠶᠠᠮᠠᠷ ᠬᠥᠮᠦᠨ᠎ᠤ ᠲᠦᠯᠦᠭᠡ ᠭᠡᠳᠡᠭ ᠠᠰᠠᠭᠤᠳᠠᠯ ᠪᠣᠯ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠲᠡᠷᠢᠭᠦᠨ ᠴᠢᠬᠤᠯᠠ ᠠᠰᠠᠭᠤᠳᠠᠯ ᠮᠥᠨ᠂ ᠲᠡᠷᠡ ᠨᠢ ᠨᠢᠭᠡᠨ ᠲᠦᠷᠦ᠍᠎ᠶ᠋ᠢᠨ ᠨᠠᠮ᠎ᠤᠨ ᠲᠦᠷᠦ᠍ ᠪᠠᠷᠢᠬᠤ ᠵᠣᠷᠢᠯᠲᠠ᠎ᠶ᠋ᠢ ᠱᠢᠯᠭᠠᠵᠤ᠂ ᠠᠵᠢᠯ ᠬᠢᠵᠦ᠍ ᠦᠢᠯᠡᠰ ᠪᠤᠰᠬᠠᠬᠤ᠎ᠶ᠋ᠢᠨ ᠦᠨᠳᠦᠰᠦᠨ ᠴᠢᠭ᠌ᠯᠡᠯ᠎ᠢ ᠲᠣᠭ᠍ᠲᠠᠭᠠᠵᠤ ᠪᠠᠢᠳᠠᠭ᠃

1982 ᠣᠨ᠎ᠳᠤ᠂ ᠰᠢ ᠵᠢᠨ ᠫᠢᠩ ᠨᠥᠬᠥᠷ ᠵᠧᠩ ᠳ᠋ᠢᠩ᠎ᠳᠦ ᠬᠦᠷᠴᠦ᠍ ᠠᠵᠢᠯᠯᠠᠪᠠ᠃ ᠪᠠᠢᠴᠠᠭᠠᠨ ᠰᠤᠳᠤᠯᠤᠯᠲᠠ᠎ᠶ᠋ᠢᠨ ᠳᠤᠮᠳᠠ᠂ ᠠᠮᠤ ᠪᠤᠳᠠᠭ᠎ᠠ ᠲᠠᠲᠠᠪᠤᠷᠢᠯᠠᠬᠤ ᠪᠠ ᠬᠤᠳᠠᠯᠳᠤᠨ ᠠᠪᠬᠤ ᠡᠭᠦᠷᠭᠡ ᠬᠡᠲᠦ ᠬᠦᠨᠳᠦ᠂ ᠲᠤᠬᠠᠶ᠎ᠶ᠋ᠢᠨ ᠭᠠᠵᠠᠷ᠎ᠤᠨ ᠵᠠᠷᠢᠮ ᠲᠠᠷᠢᠶᠠᠴᠢᠨ᠎ᠤ ᠬᠦᠨᠡᠰᠦᠨ ᠠᠮᠤ ᠬᠦᠷᠦᠯᠴᠡᠬᠦ᠌ ᠥᠬᠡᠶ ᠪᠣᠯᠬᠣᠷ ᠠᠷᠭ᠎ᠠ ᠪᠤᠰᠤ ᠭᠠᠳᠠᠷ ᠱᠢᠶᠠᠨ᠎ᠳᠤ ᠰᠡᠮᠡᠭᠡᠷ ᠣᠴᠢᠵᠤ ᠠᠮᠲᠠᠲᠤ ᠲᠥᠮᠥᠰᠥ᠍ ᠰᠣᠯᠢᠵᠤ ᠢᠳᠡᠳᠡᠭ᠎ᠢ ᠤᠯᠵᠦ ᠮᠡᠳᠡᠵᠡᠢ᠃

《 ᠪᠢᠳᠡ 〈ᠪᠦᠬᠦ᠌ ᠤᠯᠤᠰ᠎ᠤᠨ ᠥᠨᠳᠥᠷ ᠤᠨᠠᠯᠲᠠ᠎ᠲᠠᠶ ᠱᠢᠶᠠᠨ〉 ᠭᠡᠬᠦ᠌ ᠡᠨᠡ ᠬᠦ᠌ ᠠᠯᠳᠠᠷ ᠴᠣᠯᠠ᠎ᠶ᠋ᠢ ᠠᠪᠬᠤ ᠦᠭᠡᠢ ᠴᠦ᠍ ᠭᠡᠰᠡᠨ ᠤᠯᠠᠨ ᠲᠦᠮᠡᠨ᠎ᠢ ᠰᠠᠢ᠌ᠨ ᠰᠠᠢᠬᠠᠨ ᠠᠮᠢᠳᠤᠷᠠᠭᠤᠯᠤᠨ᠎ᠠ》᠃ ᠰᠢ ᠵᠢᠨ ᠫᠢᠩ ᠨᠥᠬᠥᠷ ᠳᠠᠷᠤᠯᠲᠠ᠎ᠶ᠋ᠢ ᠲᠤᠯᠵᠤ ᠳᠡᠭᠡᠳᠦ ᠱᠠᠲᠤᠨ᠎ᠳᠤ ᠠᠰᠠᠭᠤᠳᠠᠯ᠎ᠢ ᠲᠤᠰᠭᠠᠬᠤ᠎ᠶ᠋ᠢ ᠪᠠᠷᠢᠮᠲᠠᠯᠠᠪᠠ᠃ ᠪᠠᠢᠴᠠᠭᠠᠯᠲᠠ᠎ᠪᠠᠷ ᠳᠠᠮᠵᠢᠭᠠᠳ᠂ ᠤᠯᠤᠰ᠎ᠡᠴᠡ ᠲᠠᠲᠠᠪᠤᠷᠢᠯᠠᠨ ᠬᠤᠳᠠᠯᠳᠤᠨ ᠠᠪᠬᠤ ᠬᠡᠮᠵᠢᠶ᠎ᠡ 2800 ᠲᠦᠮᠡᠨ ᠵᠢᠩ ᠪᠠᠭᠠᠰᠴᠤ᠌᠂ 36.8% ᠎ᠪᠠᠷ ᠪᠠᠭᠤᠷᠠᠵᠤ᠌᠂ ᠠᠷᠠᠳ᠎ᠤᠨ ᠬᠣᠭᠣᠯᠠᠨ ᠱᠢᠷᠡᠭᠡᠨ ᠳᠡᠭᠡᠷ᠎ᠡ ᠠᠮᠲᠠᠲᠤ ᠲᠥᠮᠥᠰᠥ᠎ᠶ᠋ᠢᠨ ᠬᠠᠲᠠᠭᠠᠮᠠᠯ ᠪᠠᠭᠠᠰᠴᠤ᠌᠂ ᠴᠠᠭᠠᠨ ᠭᠤᠯᠢᠷ ᠮᠠᠨᠲᠠᠸ᠋ ᠨᠡᠮᠡᠭᠳᠡᠵᠡᠢ᠃

《 ᠠᠷᠠᠳ ᠲᠦᠮᠡᠨ᠎ᠢ ᠪᠤᠳᠤᠬᠤ ᠦᠭᠡᠢ ᠪᠣᠯ 〈ᠨᠣᠶᠠᠨ〉 ᠪᠤᠯᠵᠤ ᠪᠣᠯᠬᠤ ᠦᠭᠡᠢ》᠂ 《〈ᠵᠡᠷᠭᠡ ᠬᠡᠷᠬᠡᠮ〉 ᠬᠡᠳᠦᠢ ᠶᠡᠬᠡ ᠪᠤᠯᠬᠤ᠎ᠶ᠋ᠢ ᠬᠦᠰᠡᠬᠦ᠌ ᠦᠭᠡᠢ᠂ ᠠᠷᠠᠳ ᠲᠦᠮᠡᠨ᠎ᠳᠦ ᠣᠰᠣᠯᠳᠠᠬᠤ ᠦᠭᠡᠢ ᠪᠠᠢᠬᠤ᠎ᠵᠢ ᠬᠦᠰᠡᠨ᠎ᠡ》᠂ 《ᠨᠠᠮ᠎ᠤᠨ ᠲᠥᠪ ᠬᠤᠷᠢᠶ᠎ᠠ᠎ᠵᠢᠨ ᠲᠣᠭ᠍ᠲᠠᠭᠠᠭ᠍ᠰᠠᠨ ᠲᠦᠷᠦ᠍᠎ᠶ᠋ᠢᠨ ᠪᠤᠳᠤᠯᠭ᠎ᠠ᠎ᠶ᠋ᠢᠨ ᠰᠠᠢ᠌ᠨ ᠡᠰᠡᠬᠦ᠌᠎ᠶ᠋ᠢ ᠨᠤᠲᠤᠭ᠎ᠤᠨ ᠠᠬ᠎ᠠ ᠳᠡᠭᠦᠦ᠍᠎ᠨᠡᠷ ᠤᠬᠢᠯᠠᠵᠤ ᠪᠠᠢᠬᠤ ᠶᠤᠮ ᠦᠦ ᠢᠨᠢᠶᠡᠵᠦ᠍ ᠪᠠᠢᠬᠤ ᠶᠤᠮ ᠦᠦ ᠭᠡᠳᠡᠭ ᠡᠴᠡ ᠦᠵᠡᠬᠦ᠌ ᠬᠡᠷᠡᠭ᠌ᠲᠡᠢ ᠁ ᠠᠷᠠᠳ ᠲᠦᠮᠡᠨ᠎ᠢ ᠳᠡᠭᠡᠳᠦᠯᠡᠬᠦ᠌ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ ᠶᠠᠪᠤᠭᠤᠯᠬᠤ ᠦᠢᠯᠡᠳᠦᠯᠭᠡ᠎ᠶ᠋ᠢᠨ ᠳᠤᠮᠳᠠᠬᠢ ᠬᠠᠮᠤᠭ᠎ᠤᠨ ᠢᠯᠡ ᠲᠣᠳᠣ ᠳᠡᠪᠢᠰᠭᠡᠷ ᠦᠩᠭᠡ ᠮᠥᠨ᠃

ᠦᠷᠯᠦᠭᠡ ᠦᠳᠡᠰᠢ᠎ᠵᠢ ᠲᠡᠮᠡᠴᠡᠨ ᠠᠯᠪᠠᠨ᠎ᠤ ᠲᠦᠯᠦᠭᠡ ᠵᠢᠳᠭᠦᠵᠦ᠂ ᠨᠢᠭᠡ ᠰᠡᠳᠭᠢᠯ᠎ᠢᠶᠡᠷ ᠠᠷᠠᠳ᠎ᠤᠨ ᠲᠥᠯᠥᠭᠡ ᠵᠢᠳᠬᠦᠨ᠎ᠡ᠃

《 ᡁᠢ ᠵᠢᠶᠠᠩ᠎ᠤᠨ ᠰᠢᠭᠦᠮᠵᠢ》 ᠳ᠋ᠤ᠂ ᠰᠢ ᠵᠢᠨ ᠫᠢᠩ ᠨᠥᠬᠥᠷ᠄ 《ᠤᠳᠤᠷᠢᠳᠭᠤ ᠺᠠᠳ᠋ᠷ ᠵᠢᠯ᠎ᠳᠡᠭᠡᠨ ᠶᠠᠭᠠᠷᠠᠭᠠᠳ ᠪᠠᠷᠠᠬᠤ ᠦᠭᠡᠢ᠂ ᠦᠨᠳᠦᠰᠦᠨ ᠵᠣᠷᠢᠯᠲᠠ ᠨᠢ ᠠᠷᠠᠳ ᠲᠦᠮᠡᠨ᠎ᠳᠦ ᠦᠢᠯᠡᠴᠢᠯᠡᠬᠦ᠌ ᠶᠠᠪᠤᠳᠠᠯ ᠪᠣᠯᠤᠨ᠎ᠠ》 ᠭᠡᠵᠦ ᠬᠡᠯᠡᠪᠡ᠃

2021 ᠣᠨ᠎ᠤ ᠬᠠᠪᠤᠷ᠂ ᠭᠤᠸᠠᠩᠰᠢ᠎ᠶ᠋ᠢᠨ ᠭᠦᠢᠯᠢᠨ᠎ᠦ ᠮᠤᠤ ᠵᠦ᠍ ᠱᠠᠨ ᠲᠣᠰᠭᠣᠨ᠎ᠳᠤ᠂ ᠶᠡᠷᠦᠩᠬᠡᠢ ᠱᠦᠵᠢ ᠰᠢ ᠵᠢᠨ ᠫᠢᠩ ᠲᠣᠰᠭᠣᠨ᠎ᠤ ᠠᠷᠠᠳ ᠸᠠᠩ ᠳ᠋ᠸ ᠯᠢ᠎ᠶ᠋ᠢᠨ ᠭᠡᠷ᠎ᠲᠦ ᠬᠦᠷᠪᠡ᠃

《 ᠶᠡᠷᠦᠩᠬᠡᠢ ᠱᠦᠵᠢ᠂ ᠲᠠ ᠡᠩ᠎ᠦᠨ ᠴᠠᠭ᠎ᠲᠠᠭᠠᠨ ᠡᠢᠮᠦ᠍ ᠶᠠᠭᠠᠷᠠᠤ ᠪᠠᠢᠭᠠᠳ ᠪᠢᠳᠡᠨ᠎ᠢ ᠡᠷᠭᠢᠵᠦ᠍ ᠦᠵᠡᠬᠦ᠌᠎ᠪᠡᠷ ᠢᠷᠡᠭ᠌ᠰᠡᠨ᠎ᠳᠦ ᠴᠢᠨᠢ ᠦᠨᠡᠬᠡᠷ ᠲᠠᠯᠠᠷᠬᠠᠵᠤ ᠪᠠᠢᠨ᠎ᠠ 》 ᠭᠡᠵᠦ᠍ ᠲᠣᠰᠭᠣᠨ᠎ᠤ ᠠᠷᠠᠳ ᠦᠨᠡᠨ ᠰᠡᠳᠭᠢᠯ᠎ᠡᠴᠡ᠎ᠪᠡᠨ ᠬᠡᠯᠡᠪᠡ᠃

ᠶᠡᠷᠦᠩᠬᠡᠢ ᠱᠦᠵᠢ ᠰᠢ ᠵᠢᠨ ᠫᠢᠩ᠎ᠦᠨ ᠬᠠᠷᠢᠭᠤᠯᠲᠠ ᠬᠥᠮᠦᠰ᠎ᠦᠨ ᠰᠡᠳᠭᠢᠯ᠎ᠢ ᠳᠤᠯᠠᠭᠠᠴᠡᠭᠤᠯᠤᠨ᠎ᠠ᠄ 《ᠮᠢᠨᠦ ᠶᠠᠭᠠᠷᠠᠤ ᠨᠢ ᠳᠠᠷᠤᠢ ᠡᠳᠡᠭᠡᠷ ᠶᠠᠪᠤᠳᠠᠯ᠎ᠳᠤ ᠶᠠᠭᠠᠷᠠᠵᠤ ᠪᠠᠢᠨ᠎ᠠ᠂ 〈ᠤᠯᠤᠰ᠎ᠤᠨ ᠶᠡᠬᠡ ᠶᠠᠪᠤᠳᠠᠯ〉 ᠪᠣᠯ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ ᠪᠣᠯᠤᠨ᠎ᠠ》᠃

ᠨᠠᠮ᠎ᠤᠨ ᠭᠡᠱᠢᠭᠦᠨ ᠺᠠᠳ᠋ᠷᠴᠤᠳ᠎ᠲᠤ ᠠᠪᠴᠤ᠌ ᠬᠡᠯᠡᠪᠡᠯ ᠬᠤᠪᠢ ᠬᠥᠮᠦᠨ᠎ᠦ ᠴᠠᠭ ᠪᠠ ᠤᠶᠦᠠ ᠴᠢᠳᠠᠯ ᠶᠡᠷᠦᠨᠢ ᠬᠢᠵᠠᠭᠠᠷ᠎ᠲᠠᠶ ᠪᠠᠢᠳᠠᠭ᠃ ᠬᠡᠷᠬᠢᠨ ᠠᠷᠠᠳ ᠲᠦᠮᠡᠨ᠎ᠳᠦ ᠨᠠᠩ ᠰᠠᠢᠨ ᠪᠤᠶᠠᠨ ᠦᠶ᠋ᠯᠡᠳᠬᠦ᠌ ᠪᠣᠶ ᠭᠡᠳᠡᠭ ᠨᠢ ᠵᠠᠰᠠᠭ ᠪᠠᠷᠢᠬᠤ ᠵᠣᠭ᠍ᠰᠣᠯᠲᠠ ᠪᠠ ᠣᠶᠤᠨ ᠤᠬᠠᠭᠠᠨ᠎ᠢ ᠱᠢᠯᠭᠠᠵᠤ ᠪᠠᠢᠳᠠᠭ᠃

《ᠪᠣᠳᠠᠲᠤ ᠪᠠᠢᠳᠠᠯ᠎ᠤᠨ ᠳᠤᠮᠳᠠ ᠵᠠᠷᠢᠮ ᠺᠠᠳ᠋ᠷ ᠠᠷᠠᠳ᠎ᠤᠨ ᠲᠥᠯᠥᠭᠡ ᠪᠣᠳᠠᠲᠠᠢ ᠠᠵᠢᠯ ᠬᠢᠬᠦ᠌ ᠠᠵᠢᠯ᠎ᠤᠨ ᠬᠠᠯᠠᠭᠤᠨ ᠰᠡᠳᠭᠢᠯᠭᠡ᠎ᠪᠡᠷ ᠮᠠᠰᠢ ᠥᠨᠳᠥᠷ ᠪᠠᠢᠳᠠᠭ᠂ ᠭᠡᠪᠡᠴᠦ᠍ ᠬᠢᠵᠦ᠍ ᠪᠠᠢᠭ᠎ᠠ ᠶᠠᠪᠤᠳᠠᠯ ᠨᠢ ᠤᠯᠠᠨ ᠲᠦᠮᠡᠨ᠎ᠦ ᠬᠠᠮᠤᠭ᠎ᠡᠴᠡ ᠱᠠᠭᠠᠷᠳᠠᠳᠠᠭ᠂ ᠬᠠᠮᠤᠭ᠎ᠡᠴᠡ ᠬᠦᠷᠢᠶᠡᠯᠡᠳᠡᠭ᠂ ᠬᠠᠮᠤᠭ᠎ᠡᠴᠡ ᠢᠯᠡᠭᠦᠦ ᠠᠱᠢᠭ ᠬᠦᠷᠳᠡᠳᠡᠭ ᠶᠠᠪᠤᠳᠠᠯ ᠪᠢᠰᠢ》᠃ ᠶᠡᠷᠦᠩᠬᠡᠶ ᠱᠦᠵᠢ ᠰᠢ ᠵᠢᠨ ᠫᠢᠩ᠄ 《ᠡᠭᠦᠨ᠎ᠦ ᠳᠣᠲᠣᠷ᠎ᠠ ᠣᠬᠣᠷ ᠬᠤᠭᠤᠴᠠᠭᠠᠨ᠎ᠤ ᠠᠱᠢᠭ ᠲᠤᠰᠠ ᠬᠢᠭᠡᠳ ᠣᠷᠳᠣ ᠬᠤᠭᠤᠴᠠᠭᠠᠨ᠎ᠤ ᠠᠱᠢᠭ ᠲᠤᠰᠠ᠂ ᠬᠡᠰᠡᠭ ᠲᠠᠯ᠎ᠠ᠎ᠶ᠋ᠢᠨ ᠠᠱᠢᠭ ᠲᠤᠰᠠ ᠬᠢᠭᠡᠳ ᠪᠥᠬᠥ᠌ ᠲᠠᠯ᠎ᠠ᠎ᠶ᠋ᠢᠨ ᠠᠱᠢᠭ ᠲᠤᠰᠠ ᠵᠡᠷᠭᠡ ᠬᠠᠷᠢᠴᠠᠭᠠᠨ᠎ᠤ ᠠᠰᠠᠭᠤᠳᠠᠯ ᠣᠷᠣᠱᠢᠵᠤ ᠪᠠᠢᠨ᠎ᠠ᠂ ᠭᠡᠪᠡᠴᠦ᠍ ᠬᠥᠮᠦᠨ᠎ᠢᠶᠡᠷ ᠦᠨᠳᠦᠰᠦ ᠪᠣᠯᠭᠠᠬᠤ ᠣᠢᠯᠠᠭᠠᠭ᠍ᠳᠠᠬᠤᠨ ᠪᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠦᠨᠡᠨ ᠬᠦ᠌ ᠰᠠᠢᠲᠤᠷ ᠢᠯᠡᠷᠡᠭᠦᠯᠵᠦ᠍ ᠴᠢᠳᠠᠭ᠍ᠰᠠᠨ ᠥᠬᠡᠶ ᠠᠰᠠᠭᠤᠳᠠᠯ ᠴᠤ᠌ ᠦᠨᠡᠬᠡᠷ ᠣᠷᠣᠱᠢᠵᠤ ᠪᠠᠢᠨ᠎ᠠ》ᠭᠡᠵᠦ ᠵᠢᠭᠠᠵᠤ ᠭᠠᠷᠭᠠᠪᠠ᠃ ᠲᠦᠷᠦ᠍᠎ᠶ᠋ᠢ ᠵᠠᠰᠠᠬᠤ᠎ᠶ᠋ᠢᠨ ᠵᠠᠩᠭᠢᠯᠠᠭ᠎ᠠ ᠨᠢ ᠠᠷᠠᠳ᠎ᠢ ᠠᠮᠤᠷᠵᠢᠭᠤᠯᠬᠤ᠎ᠳᠤ ᠪᠤᠢ᠂ ᠠᠷᠠᠳ᠎ᠢ ᠠᠮᠤᠷᠵᠢᠭᠤᠯᠬᠤ᠎ᠶ᠋ᠢᠨ ᠶᠣᠰᠣ ᠨᠢ ᠲᠡᠭᠦᠨ᠎ᠦ ᠵᠣᠪᠠᠭᠤᠷᠢ ᠵᠦᠳᠡᠭᠦᠷᠢ᠎ᠶ᠋ᠢ ᠪᠠᠢᠴᠠᠭᠠᠬᠤ᠎ᠳᠤ ᠪᠤᠢ᠃

30 ᠭᠠᠷᠤᠶ ᠵᠢᠯ᠎ᠦᠨ ᠡᠮᠦᠨ᠎ᠡ᠂ ᠹᠦᠵᠢᠶᠠᠨ᠎ᠤ ᠬᠠᠮᠤᠭ᠎ᠤᠨ ᠶᠠᠳᠠᠭᠤ ᠬᠦᠴᠢᠷᠳᠡᠯᠲᠡᠶ ᠹᠦᠵᠢᠶᠠᠨ᠎ᠤ ᠵᠡᠭᠦᠨ ᠬᠡᠰᠡᠭ᠎ᠦᠨ ᠠᠭᠤᠯᠠᠷᠬᠠᠭ ᠣᠷᠣᠨ᠎ᠳᠤ ᠲᠤᠱᠢᠶᠠᠯ ᠡᠭᠦᠷᠭᠡᠯᠡᠭ᠌ᠰᠡᠨ ᠰᠢ ᠵᠢᠨ ᠫᠢᠩ ᠨᠥᠬᠥᠷ᠄

《ᠠᠵᠤ ᠠᠬᠤᠶ᠎ᠶ᠋ᠢᠨ ᠬᠥᠭ᠌ᠵᠢᠯᠲᠡ᠎ᠶ᠋ᠢ ᠲᠡᠳᠬᠦᠵᠦ᠍᠂ ᠣᠯᠠᠨ ᠲᠦᠮᠡᠨ᠎ᠢ ᠬᠠᠪᠰᠤᠷᠤᠨ ᠪᠠᠶᠠᠵᠢᠭᠤᠯᠬᠤ ᠪᠣᠯ ᠰᠠᠢᠨ ᠶᠠᠪᠤᠳᠠᠯ᠂ ᠪᠣᠳᠠᠲᠤ ᠶᠠᠪᠤᠳᠠᠯ ᠮᠥᠨ;ᠨᠡᠢᠭᠡᠮ᠎ᠦᠨ ᠲᠥᠪ ᠰᠤᠷᠲᠠᠯ᠎ᠢ ᠪᠠᠳᠠᠷᠠᠭᠤᠯᠵᠤ᠂ ᠰᠦᠷᠦᠭ᠎ᠵᠢᠨᠨ ᠲᠦᠢᠳᠦᠭᠰᠡᠨ ᠠᠭᠲᠠ᠎ᠳᠤ ᠴᠣᠬᠢᠯᠲᠠ ᠥᠭ᠌ᠴᠦ᠂ ᠤᠯᠠᠨ ᠲᠦᠮᠡᠨ᠎ᠦ ᠠᠵᠢᠯ᠎ᠤᠨ ᠴᠢᠯᠥᠭᠡᠨ᠎ᠦ ᠠᠮᠢᠳᠤᠷᠠᠯ᠎ᠢ ᠪᠠᠶᠠᠯᠢᠭ᠍ᠵᠢᠭᠤᠯᠤᠨ᠂ ᠰᠠᠢ᠌ᠨ ᠰᠠᠢᠬᠠᠨ ᠨᠡᠢᠭᠡᠮ᠎ᠦᠨ ᠣᠷᠴᠢᠨ ᠨᠥᠬᠥᠴᠡᠯ᠂ ᠪᠣᠯᠪᠠᠰᠤᠨ᠂ ᠡᠶ᠎ᠡ ᠨᠠᠢᠷᠠᠮᠳᠠᠭᠤ᠂ ᠡᠶ᠎ᠡ ᠵᠣᠬᠢᠴᠠᠯ᠎ᠲᠠᠶ᠂ ᠠᠮᠤᠷ ᠲᠣᠭ᠍ᠲᠠᠭᠤᠨ ᠪᠠᠢᠳᠠᠯ᠎ᠢ ᠪᠤᠢ ᠪᠣᠯᠭᠠᠬᠤ ᠪᠣᠯ ᠪᠠᠰᠠ ᠴᠤ᠌ ᠪᠣᠳᠠᠲᠤ ᠶᠠᠪᠤᠳᠠᠯ᠂ ᠰᠠᠢ᠌ᠨ ᠶᠠᠪᠤᠳᠠᠯ ᠮᠥᠨ᠃ ᠤᠯᠠᠨ ᠲᠦᠮᠡᠨ᠎ᠦ ᠢᠳᠡᠵᠦ᠍ ᠡᠮᠦᠰᠭᠦ ᠶᠠᠪᠤᠵᠤ ᠰᠠᠭᠤᠬᠤ᠎ᠶ᠋ᠢᠨ ᠵᠣᠪᠠᠭᠤᠷᠢ᠂ ᠲᠦᠷᠦᠭᠦ᠌ ᠥᠲᠡᠯᠬᠦ᠌ ᠡᠪᠡᠳᠴᠢᠯᠡᠬᠦ᠌ ᠦᠬᠦᠬᠦ᠌ ᠬᠡᠷᠡᠭ᠌ᠴᠡᠭᠡ᠎ᠶ᠋ᠢ ᠱᠢᠢᠳᠪᠦᠷᠢᠯᠡᠬᠦ᠌ ᠪᠣᠯ ᠪᠣᠳᠠᠲᠤ ᠶᠠᠪᠤᠳᠠᠯ᠂ ᠰᠠᠢ᠌ᠨ ᠶᠠᠪᠤᠳᠠᠯ ᠮᠥᠨ;ᠲᠡᠷᠡᠴᠢᠯᠡᠨ ᠪᠤᠢ᠌ᠳᠠ ᠪᠥᠭ᠌ᠯᠡᠭᠦᠦ ᠭᠠᠵᠠᠷ ᠭᠦᠨ ᠠᠭᠤᠯᠠᠨ᠎ᠳᠤ ᠪᠠᠢᠭ᠎ᠠ ᠤᠯᠠᠨ ᠲᠦᠮᠡᠨ ᠳ᠋ᠧᠩ᠎ᠦᠨ ᠫᠣᠤᠽᠢ᠂ ᠰᠠᠪᠤᠩ ᠬᠤᠳᠠᠯᠳᠤᠨ ᠠᠪᠴᠤ᠌ ᠳᠡᠢᠯᠬᠦ᠌ ᠦᠭᠡᠢ ᠪᠠᠢᠬᠤ ᠶᠠᠯᠢᠮ ᠦᠭᠡᠢ ᠶᠠᠪᠤᠳᠠᠯ᠎ᠢ ᠪᠢᠳᠡ ᠠᠩᠬᠠᠷᠤᠨ ᠱᠢᠢᠳᠪᠦᠷᠢᠯᠡᠪᠡᠯ ᠮᠥᠨ ᠴᠦ᠍ ᠪᠣᠳᠠᠲᠤ ᠶᠠᠪᠤᠳᠠᠯ᠂ ᠰᠠᠢ᠌ᠨ ᠶᠠᠪᠤᠳᠠᠯ ᠮᠦᠨ》  ᠭᠡᠵᠦ ᠴᠢᠬᠤᠯᠠᠴᠢᠯᠠᠪᠠ᠃

ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠦᠭᠡᠢ᠂ ᠵᠢᠵᠢᠭ ᠰᠠᠵᠢᠬ ᠵᠦᠢᠯᠡᠰ᠎ᠢ ᠴᠤ᠌ ᠠᠨᠭᠬᠠᠷᠬᠤ ᠬᠡᠷᠡᠭᠲᠡᠢ᠃ 《ᠠᠷᠠᠳ ᠲᠦᠮᠡᠨ᠎ᠦ ᠬᠡᠷᠡᠭ᠌ᠴᠡᠭᠡ ᠬᠠᠮᠢᠭ᠎ᠠ ᠪᠠᠢᠪᠠᠯ ᠲᠡᠨᠳᠡ ᠳᠠᠷᠤᠢ ᠰᠠᠢ᠌ᠨ ᠶᠠᠪᠤᠳᠠᠯ ᠪᠣᠳᠠᠲᠤ ᠶᠠᠪᠤᠳᠠᠯ ᠬᠢᠵᠦ᠍᠂ ᠲᠡᠨᠳᠡ ᠳᠠᠷᠤᠢ ᠠᠮᠵᠢᠯᠲᠠ ᠪᠦᠲᠦᠮᠵᠢ ᠡᠭᠦᠳᠴᠦ᠍ ᠴᠢᠳᠠᠨ᠎ᠠ》 ᠃

2012 ᠣᠨ᠎ᠤ 11 ᠰᠠᠷ᠎ᠠ᠎ᠳᠤ᠂ ᠱᠢᠨ᠎ᠡ᠎ᠪᠡᠷ ᠰᠣᠩᠭᠣᠭ᠍ᠳᠠᠭ᠍ᠰᠠᠨ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢᠳ᠎ᠲᠠᠶ ᠠᠭᠤᠯᠵᠠᠵᠤ᠂ 《ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠦ ᠲᠡᠮᠡᠴᠡᠬᠦ᠌ ᠬᠠᠷᠠᠯᠲᠠ ᠮᠥᠨ》 ᠭᠡᠰᠡᠨ ᠦᠭᠡ ᠨᠢ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠠᠮᠤᠭ᠎ᠤᠨ ᠬᠠᠩᠭᠢᠨᠠᠮ᠎ᠠ ᠲᠠᠩᠭᠠᠷᠢᠭ ᠪᠣᠯᠵᠠᠢ᠃

ᠠᠷᠪᠠ ᠭᠠᠷᠤᠢ ᠵᠢᠯ᠎ᠦᠨ ᠲᠤᠷᠰᠢ᠂ ᠬᠣᠭ ᠨᠣᠪᠰᠢ᠎ᠶ᠋ᠢ ᠠᠩᠬᠢᠯᠠᠬᠤ᠂ ᠨᠠᠰᠤᠲᠠᠨ᠎ᠢ ᠠᠰᠠᠷᠠᠬᠤ ᠬᠦᠷᠢᠶᠡᠯᠡᠩ᠎ᠦᠨ ᠦᠢᠯᠡᠴᠢᠯᠡᠭᠡᠨ᠎ᠦ ᠶᠠᠰᠤ ᠴᠢᠨᠠᠷ᠂ ᠮᠠᠯ ᠵᠢᠭᠦᠷᠲᠡᠨ ᠲᠡᠵᠢᠭᠡᠪᠦᠷᠢ᠎ᠶ᠋ᠢᠨ ᠬᠠᠶᠠᠭ᠍ᠳᠠᠮᠠᠯ ᠪᠣᠳᠠᠰ᠎ᠢ ᠱᠢᠢᠳᠪᠦᠷᠢᠯᠡᠬᠦ᠌ ᠵᠡᠷᠭᠡ ᠠᠷᠠᠳ᠎ᠤᠨ ᠠᠮᠢᠳᠤᠷᠠᠯ᠎ᠤᠨ ᠪᠠᠭ᠎ᠠ ᠶᠠᠪᠤᠳᠠᠯ ᠨᠢ ᠵᠦᠩ ᠨᠠᠨ ᠬᠠᠢ᠎ᠶ᠋ᠢᠨ ᠴᠢᠬᠤᠯᠠ ᠬᠤᠷᠠᠯ᠎ᠤᠨ ᠵᠥᠪᠯᠡᠬᠦ᠌ ᠵᠦᠢᠯ ᠪᠣᠯᠪᠠ;ᠵᠠᠷᠢᠮ ᠬᠥᠮᠦᠰ᠎ᠦᠨ ᠦᠨᠳᠦᠰᠦ᠎ᠪᠡᠷ ᠨᠢ ᠠᠷᠢᠯᠭᠠᠬᠤ᠎ᠶ᠋ᠢᠨ ᠠᠷᠭ᠎ᠠ ᠦᠭᠡᠢ ᠭᠡᠵᠦ᠍ ᠦᠵᠡᠵᠦ᠍ ᠪᠠᠢᠭ᠎ᠠ ᠬᠠᠷᠢᠴᠠᠯᠠᠱᠢᠭᠦᠢ ᠶᠠᠳᠠᠭᠤ ᠬᠦᠴᠢᠷᠳᠡᠯ ᠨᠢ ᠳᠤᠮᠳᠠᠳᠤ᠎ᠶ᠋ᠢᠨ ᠡᠬᠡ ᠭᠠᠵᠠᠷ᠎ᠲᠤ ᠲᠡᠦᠬᠡᠲᠦ ᠴᠢᠨᠠᠷᠲᠠᠢ ᠱᠢᠢᠳᠪᠦᠷᠢᠯᠡᠭ᠌ᠳᠡᠵᠡᠢ; ᠬᠠᠮᠲᠤ᠎ᠪᠠᠷ ᠪᠠᠶᠠᠵᠢᠬᠤ ᠠᠬᠢᠴᠠ᠎ᠳᠤ《ᠬᠦᠯᠢᠶᠡᠵᠦ᠍ ᠪᠣᠯᠬᠤ ᠦᠭᠡᠢ᠂ ᠶᠠᠭᠠᠷᠠᠵᠤ ᠴᠤ᠌ ᠪᠣᠯᠬᠤ ᠦᠭᠡᠢ》 ᠪᠠᠢᠳᠠᠯ ᠲᠠᠰᠤᠷᠠᠯᠲᠠ ᠦᠭᠡᠢ ᠱᠢᠨ᠎ᠡ ᠠᠯᠬᠤᠮ᠎ᠢ  ᠠᠯᠬᠤᠪᠠ ᠁

ᠤᠴᠢᠷ ᠶᠠᠪᠤᠳᠠᠯ ᠪᠠᠭ᠎ᠠ ᠭᠡᠳ ᠬᠠᠷᠠᠵᠤ ᠪᠠᠢᠭᠠᠳ ᠬᠠᠢᠬᠤᠷᠬᠤ ᠦᠭᠡᠢ ᠪᠠᠢᠵᠤ ᠪᠣᠯᠬᠤ ᠦᠭᠡᠢ᠂ ᠡᠭᠦᠷᠭᠡ ᠬᠠᠲᠠᠭᠤ ᠪᠡᠷᠬᠡ ᠭᠡᠳ ᠤᠬᠤᠷᠢᠵᠤ ᠰᠠᠭᠤᠭᠠᠳ ᠤᠷᠤᠭ᠍ᠰᠢᠯᠠᠬᠤ ᠦᠭᠡᠢ ᠪᠠᠢᠵᠤ ᠪᠣᠯᠬᠤ ᠦᠭᠡᠢ᠂ ᠬᠠᠷᠠᠯᠲᠠ ᠠᠯᠤᠰ ᠬᠤᠯᠠ ᠭᠡᠳ ᠨᠠᠵᠠᠭᠠᠢᠷᠠᠨ ᠬᠣᠢᠷᠭᠣᠱᠢᠵᠤ ᠪᠣᠯᠬᠤ ᠦᠭᠡᠢ᠃

ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠨᠳᠦᠰᠦ ᠨᠢ ᠠᠷᠠᠳ᠎ᠤᠨ ᠲᠥᠯᠥᠭᠡ᠎ᠳᠤ ᠪᠠᠢᠨ᠎ᠠ᠃ ᠵᠠᠰᠠᠭ᠎ᠤᠨ ᠠᠵᠢᠯ᠎ᠤᠨ ᠪᠦᠲᠦᠮᠵᠢ ᠰᠠᠢ᠌ᠨ ᠪᠠᠢᠬᠤ ᠡᠰᠡᠬᠦ᠌᠎ᠵᠢ ᠠᠷᠠᠳ ᠲᠦᠮᠡᠨ ᠬᠠᠮᠤᠭ᠎ᠡᠴᠡ ᠢᠯᠡᠭᠦᠦ ᠦᠭᠡ ᠬᠡᠯᠡᠬᠦ᠌ ᠡᠷᠬᠡ᠎ᠲᠡᠶ ᠶᠤᠮ᠃

ᠶᠡᠷᠦᠩᠬᠡᠢ ᠱᠦᠵᠢ ᠰᠢ ᠵᠢᠨ ᠫᠢᠩ ᠲᠤᠭ ᠲᠡᠮᠳᠡᠭ ᠲᠣᠳᠣᠷᠬᠠᠢ᠎ᠪᠠᠷ᠄ 《ᠠᠮᠢᠳᠤᠷᠠᠯ ᠵᠣᠯ ᠵᠢᠷᠭᠠᠯ᠎ᠲᠠᠶ ᠦᠦ ᠦᠭᠡᠢ ᠦᠦ᠂ ᠡᠭᠦᠨ᠎ᠢ ᠠᠷᠠᠳ ᠤᠯᠠᠨ ᠥᠪᠡᠷ᠎ᠢᠶᠡᠨ ᠦᠨᠡᠯᠡᠬᠦ᠌ ᠬᠡᠷᠡᠭ᠌ᠲᠡᠢ᠂ ᠪᠢᠳᠡ ᠬᠡᠳᠦᠢ ᠰᠠᠢᠨ ᠭᠡᠵᠦ ᠬᠡᠯᠡᠭᠰᠡᠨ ᠴᠤ᠌ ᠠᠷᠠᠳ ᠤᠯᠠᠨ᠎ᠳᠤ ᠲᠦᠷᠦᠭ᠌ᠳᠡᠯ ᠥᠭ᠌ᠬᠦ ᠦᠭᠡᠢ ᠪᠣᠯ ᠪᠣᠯᠬᠤ ᠦᠭᠡᠢ ᠶᠤᠮ᠂ ᠡᠨᠡ ᠨᠢ ᠵᠥᠪ ᠠᠳᠭᠤᠭ᠍ᠰᠠᠨ ᠦᠭᠡᠢ᠎ᠶ᠋ᠢ ᠬᠠᠷᠠᠭᠤᠯᠵᠤ ᠪᠠᠢᠨ᠎ᠠ》᠂《ᠵᠦᠢᠯ ᠵᠢᠰᠦᠮ᠎ᠦᠨ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠲᠡᠪᠴᠢᠵᠦ᠍᠂ ᠤᠳᠤᠷᠢᠳᠤᠯᠭ᠎ᠠ᠎ᠶ᠋ᠢ ᠪᠠᠶᠠᠷᠯᠠᠭᠤᠯᠬᠤ᠎ᠶ᠋ᠢ ᠯᠠ ᠪᠤᠳᠤᠭᠠᠳ᠂ ᠤᠯᠠᠨ ᠲᠦᠮᠡᠨ᠎ᠢ ᠬᠥᠰᠡᠷᠳᠡᠭᠦᠯᠦᠭ᠌ᠰᠡᠨ ᠲᠡᠳᠡᠭᠡᠷ ᠲᠡᠨᠡᠭ ᠶᠠᠪᠤᠳᠠᠯ᠎ᠢ ᠶᠠᠭᠠᠬᠢᠭ᠍ᠰᠠᠨ ᠴᠤ᠌ ᠬᠢᠵᠦ᠍ ᠪᠣᠯᠬᠤ ᠦᠭᠡᠢ》  ᠭᠡᠪᠡ᠃

ᠵᠠᠰᠠᠭ᠎ᠤᠨ ᠠᠵᠢᠯ᠎ᠤᠨ ᠪᠦᠲᠦᠮᠵᠢ᠎ᠶ᠋ᠢ ᠬᠦᠢᠲᠡᠮᠰᠦᠭ ᠲᠣᠭ᠎ᠠ ᠪᠠᠷᠢᠮᠲᠠ᠎ᠪᠠᠷ ᠯᠠ ᠲᠣᠮᠢᠶᠠᠯᠠᠬᠤ ᠪᠢᠰᠢ᠂ 《ᠠᠷᠠᠳ ᠲᠦᠮᠡᠨ ᠦᠨᠡᠨ ᠬᠦ᠌ ᠪᠣᠳᠠᠲᠤ ᠠᠱᠢᠭ ᠬᠦᠷᠲᠡᠭᠰᠠᠨ ᠡᠰᠡᠬᠦ᠌᠂ ᠠᠷᠠᠳ᠎ᠤᠨ ᠠᠮᠢᠳᠤᠷᠠᠯ  ᠦᠨᠡᠨ ᠬᠦ᠌ ᠰᠠᠢᠵᠢᠷᠠᠭ᠍ᠰᠠᠨ ᠡᠰᠡᠬᠦ᠌᠂ ᠠᠷᠠᠳ ᠲᠦᠮᠡᠨ᠎ᠦ ᠡᠷᠬᠡ ᠠᠱᠢᠭ ᠦᠨᠡᠨ ᠬᠦ᠌ ᠪᠠᠲᠤᠯᠠᠭ᠎ᠠ᠎ᠲᠠᠶ ᠪᠣᠯᠤᠭ᠍ᠰᠠᠨ ᠡᠰᠡᠬᠦ᠌》 ᠪᠣᠯ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠱᠢᠯᠭᠠᠬᠤ ᠬᠠᠮᠤᠭ᠎ᠤᠨ ᠵᠠᠩᠭᠢᠯᠠᠭ᠎ᠠ᠎ᠶ᠋ᠢᠨ ᠪᠠᠷᠢᠮᠵᠢᠢ᠎ᠠ ᠪᠤᠯᠤᠨ᠎ᠠ —

ᠹᠦᠵᠢᠶᠠᠨ᠎ᠳᠤ ᠶᠠᠳᠠᠭᠤ ᠬᠦᠴᠢᠷᠳᠡᠯᠲᠡᠶ ᠣᠯᠠᠨ ᠲᠦᠮᠡᠨ᠎ᠦ ᠶᠠᠳᠠᠭᠤᠷᠠᠯ᠎ᠤᠨ ᠦᠨᠳᠦᠰᠦ᠎ᠶ᠋ᠢ ᠲᠠᠰᠤᠯᠵᠤ᠂ ᠬᠠᠭᠤᠴᠢᠨ ᠬᠡᠷ᠎ᠡᠴᠡ᠎ᠪᠡᠨ ᠰᠠᠯᠬᠤ᠎ᠶ᠋ᠢ ᠠᠬᠢᠭᠤᠯᠵᠤ᠂ ᠠᠱᠢᠭ ᠭᠥᠷᠳᠡᠭ᠌ᠰᠡᠨ ᠲᠠᠷᠢᠶᠠᠴᠢᠨ ᠡᠷᠦᠬᠡ᠎ᠶ᠋ᠢᠨ 《 ᠱᠢᠨ᠎ᠡ ᠣᠷᠣᠨ ᠵᠠᠶ᠎ᠶ᠋ᠢ ᠪᠠᠢᠭᠤᠯᠵᠤ᠂ ᠪᠤᠶᠠᠨ ᠬᠡᠱᠢᠭ ᠬᠥᠳᠡᠭᠡ ᠲᠣᠰᠭᠣᠨ᠎ᠳᠤ ᠬᠦᠷᠴᠦ᠍ ᠨᠠᠮ᠎ᠤᠨ ᠠᠴᠢ᠎ᠳᠤ ᠲᠠᠯᠠᠷᠬᠠᠶ᠎ᠠ 》 ᠭᠡᠬᠦ  ᠬᠤᠤᠰ  ᠤᠶᠠᠩᠭ᠎ᠠ ᠪᠣᠯ ᠬᠠᠮᠤᠭ᠎ᠤᠨ ᠴᠢᠩ ᠰᠡᠳᠭᠢᠯ᠎ᠦᠨ ᠦᠨᠡᠯᠡᠯᠲᠡ ᠪᠣᠯᠤᠨ᠎ᠠ;

ᠰᠠᠯᠬᠢ ᠱᠢᠭᠤᠷᠭᠠᠨ᠎ᠢ ᠰᠥᠷᠦᠨ ᠵᠢᠶᠠᠩᠰᠢ᠎ᠶ᠋ᠢᠨ ᠱᠸᠨ ᠱᠠᠨ ᠲᠣᠰᠭᠣᠨ᠎ᠳᠤ ᠬᠦᠷᠴᠦ᠍ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠪᠣᠯᠭᠣᠭᠠᠨ ᠦᠵᠡᠬᠦ᠌᠎ᠳᠦ᠂ ᠲᠣᠰᠭᠣᠨ᠎ᠤ ᠠᠷᠠᠳ ᠶᠡᠷᠦᠩᠬᠡᠢ ᠱᠦᠵᠢ ᠰᠢ ᠵᠢᠨ ᠫᠢᠩ᠎ᠳᠤ 《ᠲᠠ ᠦᠨᠡᠬᠡᠷ ᠰᠠᠢ᠌ᠨ ᠪᠠᠢᠨ᠎ᠠ》 ᠭᠡᠵᠦ᠍ ᠬᠡᠯᠡᠭᠰᠡᠨ ᠨᠢ ᠠᠷᠠᠳ ᠲᠦᠮᠡᠨ᠎ᠦ ᠤᠳᠤᠷᠢᠳᠤᠭ᠍ᠴᠢ᠎ᠶ᠋ᠢ ᠲᠤᠢᠯ᠎ᠢᠶᠠᠷ ᠬᠠᠢᠷᠠᠯᠠᠨ ᠬᠦᠨᠳᠦᠳᠭᠡᠵᠦ᠍ ᠪᠠᠢᠭ᠎ᠠ ᠶᠠᠪᠤᠳᠠᠯ ᠪᠣᠯᠤᠨ᠎ᠠ;

《ᠤᠨᠢᠨ ᠳᠡᠭᠡᠷ᠎ᠡ ᠨᠢ  ᠶᠠᠳᠠᠭᠤ᠎ᠶ᠋ᠢ ᠲᠡᠳᠬᠦᠬᠦ᠌》 ᠣᠢᠯᠠᠭᠠᠭ᠍ᠳᠠᠬᠤᠨ ᠨᠢ ᠬᠤᠨᠠᠨ᠎ᠤ ᠪᠠᠷᠠᠭᠤᠨ ᠬᠡᠰᠡᠭ᠎ᠦᠨ ᠱ᠌ᠢ ᠪᠠ ᠳ᠋ᠦᠩ ᠲᠣᠰᠭᠣᠨ᠎ᠤ ᠡᠨᠡ ᠬᠦ᠌ ᠮᠢᠶᠣᠣ ᠦᠨᠳᠦᠰᠦᠲᠡᠨ᠎ᠦ ᠲᠣᠰᠭᠣᠨ᠎ᠢ ᠱᠢᠨ᠎ᠡ ᠳᠦᠷᠰᠦ ᠪᠠᠢᠳᠠᠯ᠎ᠲᠠᠶ ᠪᠣᠯᠭᠠᠪᠠ᠂ ᠰᠠᠢ᠌ᠨ ᠰᠠᠢᠬᠠᠨ ᠠᠮᠢᠳᠤᠷᠠᠯ ᠲᠠᠢ ᠪᠤᠯᠤᠭᠰᠠᠨ ᠲᠣᠰᠭᠣᠨ᠎ᠤ ᠠᠷᠠᠳ ᠥᠬᠢᠨ᠎ᠳᠡᠭᠡᠨ《ᠰᠸ ᠡᠸᠨ》 ᠭᠡᠰᠡᠨ ᠨᠡᠷ᠎ᠡ ᠬᠠᠢᠷᠠᠯᠠᠭᠰᠠᠨ ᠨᠢ ᠱᠢᠨ᠎ᠡ ᠴᠠᠭ ᠦᠶ᠎ᠡ᠎ᠶ᠋ᠢᠨ ᠵᠠᠮᠴᠢᠯᠠᠭ᠍ᠴᠢ᠎ᠶ᠋ᠢᠨ ᠲᠤᠬᠠᠢ  ᠬᠠᠮᠤᠭ᠎ᠤᠨ ᠪᠣᠷᠣᠭ᠍ᠵᠢᠭᠤᠨ ᠮᠥᠷᠥᠭᠡᠳᠦᠯ ᠪᠣᠯᠤᠨ᠎ᠠ  ᠁

ᠭᠤᠸᠠᠩᠳᠦ᠋ᠩ᠎ᠦᠨ ᠴᠤᠤᠵᠸᠦ ᠳ᠋ᠦ᠍᠂ ᠮᠢᠩᠭᠠᠨ ᠣᠨ᠎ᠤ ᠡᠷᠲᠡᠨ᠎ᠦ ᠬᠥᠭᠥᠷᠭᠡ  ᠪᠤᠯᠬᠤ  ᠭᠤᠸᠠᠩ ᠵᠢᠢ ᠬᠥᠭᠥᠷᠭᠡ᠎ᠶ᠋ᠢᠨ ᠬᠠᠵᠠᠭᠤ ᠳ᠋ᠤ᠂ ᠭᠤᠸᠠᠩ ᠵᠢᠢ ᠠᠰᠠᠷ ᠰᠡᠬᠦᠢᠨ ᠰᠦᠨᠳᠡᠷᠯᠡᠨ᠎ᠡ᠃

2020 ᠣᠨ᠎ᠤ 10 ᠰᠠᠷ᠎ᠠ᠎ᠳᠤ ᠂ ᠭᠤᠸᠠᠩᠳᠦ᠋ᠩ᠎ᠳᠦ ᠱᠢᠨᠵᠢᠯᠡᠨ ᠪᠠᠢᠴᠠᠭᠠᠵᠤ ᠪᠠᠢᠭ᠍ᠰᠠᠨ ᠶᠡᠷᠦᠩᠬᠡᠢ ᠱᠦᠵᠢ ᠰᠢ ᠵᠢᠨ ᠫᠢᠩ ᠭᠤᠸᠠᠩ ᠵᠶ᠋ᠢ ᠠᠰᠠᠷ᠎ᠲᠤ ᠭᠠᠷᠴᠤ᠌᠂ ᠠᠯᠤᠰ᠎ᠢ ᠪᠠᠷᠠᠯᠠᠨ ᠪᠤᠳᠤᠯᠭᠠᠰᠢᠷᠠᠯ ᠪᠤᠯᠪᠠ᠃

ᠲᠤᠬᠠᠢ᠎ᠶ᠋ᠢᠨ ᠭᠠᠵᠠᠷ᠎ᠤᠨ ᠬᠠᠷᠢᠭᠤᠴᠠᠯᠭᠠᠲᠠᠨ ᠶᠡᠷᠦᠩᠬᠡᠢ ᠱᠦᠵᠢ᠎ᠳᠦ᠄ ᠵᠠᠭᠤ ᠮᠢᠩᠭᠠᠨ ᠵᠢᠯ᠎ᠦᠨ ᠲᠤᠷᠰᠢ ᠭᠤᠸᠠᠩ ᠵᠶ᠋ᠢ ᠬᠥᠭᠥᠷᠭᠡ ᠨᠢ 《ᠥᠷᠭᠡᠨ ᠤᠯᠠᠨ ᠭᠤᠸᠠᠩᠳᠦ᠋ᠩ᠎ᠦᠨ ᠠᠷᠠᠳ᠎ᠢ ᠲᠡᠳᠬᠦᠭ᠌ᠰᠡᠨ》 ᠪᠣᠯᠪᠠᠴᠤ᠌ ᠡᠨᠡ ᠬᠦ᠌ ᠬᠦᠰᠡᠯ ᠡᠷᠡᠮᠡᠯᠵᠡᠯ᠎ᠢ ᠦᠨᠡᠨ ᠬᠦ᠌ ᠪᠡᠶᠡᠯᠡᠭᠦᠯᠵᠦ᠍᠂ ᠤᠯᠠᠨ ᠲᠦᠮᠡᠨ᠎ᠢ ᠠᠮᠤᠷ ᠲᠠᠢᠪᠤᠩ ᠠᠵᠤ  ᠲᠦᠷᠦᠭᠦᠯᠦᠭ᠌ᠰᠡᠨ ᠨᠢ  ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ᠎ᠠ ᠭᠡᠵᠦ᠍ ᠲᠠᠨᠢᠯᠴᠠᠭᠤᠯᠪᠠ᠃

ᠶᠡᠷᠦᠩᠬᠡᠢ ᠱᠦᠵᠢ ᠰᠢ ᠵᠢᠨ ᠫᠢᠩ᠄ 《ᠴᠠᠭ ᠦᠶ᠎ᠡ ᠨᠢᠭᠡ ᠪᠦᠷᠢ ᠴᠥᠮ ᠴᠠᠭ ᠦᠶ᠎ᠡ ᠨᠢᠭᠡ ᠪᠦᠷᠢ᠎ᠶ᠋ᠢᠨ ᠶᠠᠪᠤᠳᠠᠯ᠎ᠢ ᠬᠢᠬᠦ᠌ ᠬᠡᠷᠡᠭ᠌ᠲᠡᠢ᠃ ᠰᠠᠢᠨ ᠬᠢᠬᠦ᠂ ᠮᠠᠭᠤ ᠬᠢᠬᠦ᠂ ᠶᠡᠬᠡ ᠬᠤᠪᠢ ᠨᠡᠮᠡᠷᠢ ᠦᠵᠡᠭᠦᠯᠬᠦ᠂ ᠪᠠᠭ᠎ᠠ ᠬᠤᠪᠢ ᠨᠡᠮᠡᠷᠢ ᠦᠵᠡᠭᠦᠯᠬᠦ ᠵᠢ ᠲᠡᠦᠬᠡ ᠪᠦᠷ ᠲᠡᠮᠳᠡᠭᠯᠡᠨ᠎ᠡ ᠱᠢᠤ! ᠡᠪ ᠬᠠᠮᠲᠤᠴᠤᠳ ᠵᠠᠪᠠᠯ ᠠᠷᠠᠳ ᠲᠦᠮᠡᠨ᠎ᠦ ᠲᠥᠯᠥᠭᠡ ᠰᠠᠢ᠌ᠨ ᠶᠠᠪᠤᠳᠠᠯ ᠬᠢᠬᠦ᠌ ᠬᠡᠷᠡᠭ᠌ᠲᠡᠢ》 ᠭᠡᠵᠦ ᠬᠦᠨ ᠭᠦᠨᠵᠡᠭᠡᠢ ᠬᠡᠯᠡᠪᠡ᠃

(ᠲᠠᠪᠤ)ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍ ᠦᠨᠡᠨ ᠬᠦ᠌ ᠠᠳᠭᠤᠨ ᠪᠣᠳᠠᠲᠠᠢ ᠠᠵᠢᠯᠯᠠᠪᠠ — 《 ᠴᠠᠭ ᠦᠶ᠎ᠡ᠎ᠳᠦ ᠦᠯᠦ᠍ ᠣᠰᠣᠯᠳᠠᠬᠤ  ᠱᠢᠨ᠎ᠡ  ᠠᠮᠵᠢᠯᠲᠠ ᠪᠦᠲᠦᠮᠵᠢ᠎ᠶ᠋ᠢ  ᠴᠢᠷᠮᠠᠢᠨ ᠡᠭᠦᠳᠬᠦ  ᠬᠡᠷᠡᠭᠳᠡᠢ 》

2025 ᠣᠨ᠎ᠤ 12 ᠰᠠᠷ᠎ᠠ᠎ᠳᠤ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠠᠷᠠᠳᠴᠢᠯᠠᠯ᠎ᠦᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠭ᠌ᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃

ᠶᠡᠷᠦᠩᠬᠡᠢ ᠱᠦᠵᠢ ᠰᠢ ᠵᠢᠨ ᠫᠢᠩ᠄《ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠨᠥᠬᠥᠳ ᠨᠠᠮᠴᠢ ᠴᠢᠨᠠᠷ ᠨᠠᠮ᠎ᠤᠨ ᠰᠤᠷᠲᠠᠯ᠎ᠤᠨ ᠬᠡᠪ ᠳᠠᠭᠤᠷᠢᠶᠠᠯ ᠪᠤᠯᠵᠤ᠂ ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠪᠡᠶ᠎ᠡ᠎ᠪᠡᠨ ᠱᠠᠭᠠᠷᠳᠠᠬᠤ ᠲᠠᠯ᠎ᠠ᠎ᠪᠠᠷ ᠪᠦᠬᠦ᠌ ᠨᠠᠮ᠎ᠤᠨ ᠰᠠᠢ᠌ᠨ ᠳᠠᠭᠠᠭᠤᠯᠤᠭ᠍ᠴᠢ ᠪᠤᠯᠵᠤ᠂ ᠵᠢᠱ᠌ᠢᠢ᠎ᠡ ᠦᠵᠡᠭᠦᠯᠬᠦ᠌ ᠬᠡᠷᠡᠭ᠌ᠲᠡᠢ》᠃ 《ᠡᠪ ᠬᠠᠮᠲᠤᠴᠤᠳ ᠪᠣᠯ ᠪᠣᠳᠠᠰᠴᠢ ᠦᠵᠡᠯᠳᠡᠨ ᠮᠥᠨ᠂ ᠪᠣᠳᠠᠲᠠᠢ᠎ᠶ᠋ᠢ ᠡᠷᠬᠢᠮᠯᠡᠬᠦ᠌ ᠪᠣᠯ ᠵᠠᠪᠠᠯ ᠪᠦᠷᠢᠯᠳᠦᠭᠦᠯᠬᠦ᠌ ᠬᠡᠪ ᠰᠤᠷᠲᠠᠯ ᠮᠥᠨ᠂ ᠡᠷᠬᠡᠪᠰᠢ ᠦᠨᠡᠨ᠎ᠡᠴᠡ ᠵᠥᠪ᠎ᠢ ᠡᠷᠢᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠦᠨᠡᠨ ᠬᠦ᠌ ᠠᠳᠭᠤᠵᠤ ᠪᠣᠳᠠᠲᠠᠢ ᠠᠵᠢᠯᠯᠠᠬᠤ ᠬᠡᠷᠡᠭ᠌ᠲᠡᠢ》 ᠭᠡᠵᠦ ᠴᠢᠬᠤᠯᠠᠴᠢᠯᠠᠪᠠ᠃

2026 ᠣᠨ᠎ᠤ 2 ᠰᠠᠷ᠎ᠠ᠎ᠳᠤ᠂ ᠴᠠᠭᠠᠨ ᠰᠠᠷ᠎ᠠ᠎ᠡᠴᠡ ᠡᠮᠦᠨᠡᠬᠡᠨ᠂ ᠶᠡᠷᠦᠩᠬᠡᠢ ᠱᠦᠵᠢ ᠰᠢ ᠵᠢᠨ ᠫᠢᠩ ᠪᠡᠭᠡᠵᠢᠩ᠎ᠳᠦ ᠱᠢᠨᠵᠢᠯᠡᠨ ᠪᠠᠢᠴᠠᠭᠠᠬᠤ᠎ᠳᠠᠭᠠᠨ᠄《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠨᠢᠭᠡᠨᠳᠡ ᠡᠬᠢᠯᠡᠨ ᠬᠡᠷᠡᠭ᠌ᠵᠢᠭᠦᠯᠵᠦ᠍᠂ ᠡᠯ᠎ᠡ ᠱᠠᠲᠤᠨ᠎ᠤ ᠤᠳᠤᠷᠢᠳᠭᠤ ᠪᠠᠭ᠎ᠤᠨ ᠤᠷᠮ᠎ᠠ ᠰᠡᠳᠭᠢᠯᠭᠡ ᠤᠷᠭᠢᠯᠤᠮ᠎ᠠ᠂ ᠡᠷᠴᠢ ᠵᠣᠷᠢᠭ ᠲᠡᠭᠦᠯᠳᠡᠷ ᠪᠠᠢᠨ᠎ᠠ᠂ ᠡᠨᠡ ᠪᠣᠯ ᠰᠠᠢ᠌ᠨ ᠶᠠᠪᠤᠳᠠᠯ ᠮᠥᠨ᠂ ᠵᠠᠩᠭᠢᠯᠠᠭ᠎ᠠ ᠨᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ ᠵᠠᠪᠠᠯ ᠵᠥᠪ ᠪᠠᠢᠬᠤ ᠬᠡᠷᠡᠭ᠌ᠲᠡᠢ᠃ ᠨᠠᠮ᠎ᠤᠨ ᠭᠡᠱᠢᠭᠦᠨ ᠺᠠᠳ᠋ᠷᠴᠤᠳ ᠢᠯᠠᠩᠭᠤᠶ᠎ᠠ ᠤᠳᠤᠷᠢᠳᠭᠤ ᠺᠠᠳ᠋ᠷᠴᠤᠳ᠎ᠢ ᠬᠦᠳᠦᠯᠦᠨ ᠵᠢᠯᠣᠭᠣᠳᠴᠤ᠌  ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ  ᠵᠥᠪ ᠦᠵᠡᠯᠲᠡ᠎ᠶ᠋ᠢ   ᠪᠤᠢ  ᠪᠣᠯᠭᠠᠬᠤ ᠪᠠ  ᠦᠢᠯᠡᠳᠦᠯᠭᠡᠵᠢᠭᠦᠯᠬᠦ᠌ ᠨᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠨᠠᠮ᠎ᠤᠨ ᠪᠠᠢᠭᠤᠯᠤᠯᠲᠠ᠎ᠳᠤ ᠦᠵᠡᠭᠦᠯᠬᠦ᠌ ᠴᠢᠬᠤᠯᠠ ᠴᠢᠨᠠᠷ᠎ᠢ ᠭᠦᠨᠵᠡᠭᠡᠢ ᠲᠠᠨᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢᠨ ᠵᠥᠷᠢᠶ᠎ᠡ᠎ᠶ᠋ᠢ ᠭᠦᠨᠵᠡᠭᠡᠢ ᠪᠠᠢᠴᠠᠭᠠᠨ ᠡᠷᠢᠵᠦ᠍ ᠵᠠᠯᠠᠷᠠᠭᠤᠯᠤᠨ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ᠎ᠶ᠋ᠢ ᠴᠢᠷᠮᠠᠢᠨ ᠡᠭᠦᠳᠬᠦ᠌ ᠬᠡᠷᠡᠭ᠌ᠲᠡᠢ》 ᠭᠡᠵᠦ ᠲᠠᠬᠢᠨᠳᠠ ᠵᠠᠬᠢᠪᠠ᠃

ᠵᠠᠰᠠᠭ ᠪᠠᠷᠢᠬᠤ᠎ᠶ᠋ᠢᠨ ᠡᠷᠬᠢᠮ ᠢᠨᠤ ᠬᠢᠬᠦ᠌᠎ᠳᠦᠷ ᠠᠮᠤᠢ᠂《ᠪᠣᠳᠠᠲᠠᠢ᠎ᠶ᠋ᠢ ᠡᠷᠬᠢᠮᠯᠡᠪᠡᠰᠦ ᠵᠠᠰᠠᠵᠤ ᠴᠢᠳᠠᠮᠤᠢ》᠃

ᠵᠸᠩ ᠳ᠋ᠢᠩ  ᠳ᠋ᠤ ᠠᠵᠢᠯᠯᠠᠵᠤ ᠪᠠᠢᠬᠤ᠎ᠳᠠᠭᠠᠨ᠂ ᠰᠢ ᠵᠢᠨ ᠫᠢᠩ ᠨᠥᠬᠥᠷ ᠱᠢᠶᠠᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠬᠤᠷᠠᠯ ᠳᠡᠭᠡᠷ᠎ᠡ ᠳᠠᠷᠤᠢ《ᠤᠳᠤᠷᠢᠳᠤᠯᠭ᠎ᠠ ᠵᠢᠨ ᠰᠤᠷᠲᠠᠯ ᠪᠠ ᠠᠵᠢᠯ᠎ᠤᠨ ᠰᠤᠷᠲᠠᠯ᠎ᠳᠤ ᠱᠢᠪᠲᠤᠯᠤᠯᠲᠠ᠎ᠶ᠋ᠢᠨ ᠴᠢᠨᠠᠷᠲᠠᠢ ᠬᠤᠪᠢᠷᠠᠯᠲᠠ ᠭᠠᠷᠭᠠᠬᠤ ᠬᠡᠷᠡᠭ᠌ᠲᠡᠢ》᠂ 《ᠵᠠᠪᠠᠯ ᠦᠨᠡᠨ᠎ᠢ ᠪᠠᠷᠢᠮᠲᠠᠯᠠᠬᠤ ᠵᠣᠷᠢᠭ ᠰᠠᠨᠠᠭ᠎ᠠ᠎ᠶ᠋ᠢ ᠪᠤᠢ ᠪᠣᠯᠭᠠᠵᠤ᠂ ᠪᠣᠳᠠᠲᠠᠢ ᠠᠵᠢᠯ᠎ᠢ ᠠᠳᠭᠤᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠵᠦ᠍᠂ ᠦᠨᠡᠨ ᠪᠣᠳᠠᠲᠠᠢ᠎ᠪᠠᠷ ᠬᠢᠬᠦ᠌ ᠬᠡᠷᠡᠭ᠌ᠲᠡᠢ》 ᠭᠡᠵᠦ᠍ ᠲᠣᠳᠣᠷᠬᠠᠢ ᠱᠠᠭᠠᠷᠳᠠᠵᠠᠢ᠃

1990 ᠣᠨ᠎ᠳᠤ᠂ 《ᠲᠤᠰᠤᠯ ᠤᠰᠤ ᠴᠢᠯᠠᠭᠤ᠎ᠶ᠋ᠢ ᠴᠤᠭᠤᠯᠬᠤ ᠰᠡᠩᠬᠡᠷᠡᠭᠦᠯᠦᠯ》 ᠭᠡᠬᠦ᠌ ᠵᠣᠬᠢᠶᠠᠯ᠎ᠳᠠᠭᠠᠨ ᠰᠢ ᠵᠢᠨ ᠫᠢᠩ ᠨᠥᠬᠥᠷ᠄

《ᠪᠢᠳᠡᠨ᠎ᠳᠦ ᠪᠣᠳᠠᠲᠤ ᠪᠠᠢᠳᠠᠯ᠎ᠳᠤ ᠰᠠᠭᠤᠷᠢᠯᠠᠭ᠍ᠰᠠᠨ ᠮᠥᠷᠲᠡᠭᠡᠨ ᠠᠯᠤᠰ ᠬᠡᠳᠦ᠍᠎ᠶ᠋ᠢᠨ ᠬᠠᠷᠠᠯᠲᠠ᠎ᠶ᠋ᠢ ᠡᠪᠦᠷᠯᠡᠭ᠌ᠰᠡᠨ ᠪᠣᠳᠠᠲᠠᠢ ᠠᠵᠢᠯᠯᠠᠭ᠎ᠠ ᠴᠢᠬᠤᠯᠠ ᠲᠠᠢ᠂ ᠬᠠᠷᠢᠨ ᠵᠦᠭᠡᠷ ᠰᠠᠭᠤᠵᠤ ᠶᠡᠬᠡ᠎ᠶ᠋ᠢ ᠰᠠᠨᠠᠭᠠᠷᠬᠠᠬᠤ ᠬᠡᠢ ᠪᠤᠳᠤᠯ ᠬᠡᠷᠡᠭ ᠦᠭᠡᠢ; ᠪᠢᠳᠡᠨ᠎ᠳᠦ ᠨᠢᠭᠡ ᠨᠢᠭᠡ ᠠᠯᠬᠤᠮ᠎ᠢᠶᠠᠷ ᠦᠨᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠴᠢᠬᠤᠯᠠ ᠲᠠᠢ᠂ ᠬᠠᠷᠢᠨ ᠱᠢᠨ᠎ᠡ ᠳᠠᠷᠤᠭ᠎ᠠ ᠲᠤᠱᠢᠶᠠᠯ᠎ᠳᠤ ᠭᠠᠷᠤᠭᠠᠳ ᠠᠵᠠ ᠵᠠᠪᠱᠢᠶᠠᠨ᠎ᠢᠶᠠᠷ ᠠᠮᠵᠢᠯᠲᠠ ᠤᠯᠬᠤ ᠭᠡᠰᠡᠨ ᠵᠠᠪᠱᠢᠬᠤ ᠪᠤᠳᠤᠯ ᠬᠡᠷᠡᠭ᠎ᠦᠭᠡᠢ; ᠪᠢᠳᠡᠨ᠎ᠳᠦ ᠱᠢᠨᠲᠠᠷᠠᠰᠢ ᠦᠭᠡᠢ ᠬᠠᠳᠠᠨ ᠵᠣᠷᠢᠭ ᠴᠢᠬᠤᠯᠠ ᠲᠠᠢ᠂ ᠬᠠᠷᠢᠨ〈ᠭᠤᠷᠪᠠᠨ ᠡᠳᠦᠷ ᠵᠢᠭᠠᠰᠤ ᠠᠩᠨᠠᠵᠤ᠂ ᠬᠣᠶᠠᠷ ᠡᠳᠦᠷ ᠲᠣᠣᠷ᠎ᠢᠶᠠᠨ ᠬᠠᠳᠠᠭᠠᠬᠤ〉 ᠠᠯᠠᠩ ᠰᠠᠯᠠᠩ  ᠵᠠᠩ  ᠬᠡᠷᠡᠭ ᠦᠭᠡᠢ》 ᠭᠡᠵᠦ ᠪᠢᠴᠢᠵᠡᠢ᠃

ᠬᠣᠭᠣᠰᠣᠨ ᠦᠭᠡ ᠲᠦᠷᠦ᠍ ᠵᠢᠨ ᠪᠤᠳᠤᠯᠭ᠎ᠠ ᠵᠢ ᠰᠠᠭᠠᠳᠠᠭᠠᠵᠤ᠂ ᠪᠤᠳᠠᠳᠤ ᠠᠵᠢᠯᠯᠠᠭ᠎ᠠ ᠤᠯᠤᠰ ᠭᠦᠷᠦᠨ ᠢ᠋ ᠬᠦᠭᠵᠢᠭᠦᠯᠦᠨ᠎ᠡ᠃

ᠱᠢᠨ᠎ᠡ ᠴᠠᠭ ᠦᠶ᠎ᠡ᠎ᠡᠴᠡ ᠨᠠᠭᠠᠰᠢ᠂ ᠶᠡᠷᠦᠩᠬᠡᠶ ᠱᠦᠵᠢ ᠰᠢ ᠵᠢᠨ ᠫᠢᠩ 《ᠬᠡᠯᠡᠬᠦ᠌》 ᠪᠠ 《ᠬᠢᠬᠦ᠌》᠂ 《ᠮᠡᠳᠡᠬᠦ᠌》 ᠪᠠ 《ᠬᠢᠬᠦ᠌》 ᠶ᠋ᠢᠨ ᠬᠤᠪᠢᠰᠤᠩᠭᠤᠶ ᠬᠠᠷᠢᠴᠠᠭ᠎ᠠ᠎ᠶ᠋ᠢ ᠣᠯᠠᠨ ᠤᠳᠠᠭ᠎ᠠ ᠲᠣᠳᠣᠷᠬᠠᠢᠯᠠᠨ ᠲᠠᠢᠯᠪᠤᠷᠢᠯᠠᠵᠤ᠂《ᠠᠮᠵᠢᠯᠲᠠ ᠪᠦᠲᠦᠮᠵᠢ᠎ᠶ᠋ᠢ ᠴᠥᠮ ᠠᠵᠢᠯᠯᠠᠵᠤ ᠪᠠᠢᠭᠠᠳ ᠣᠯᠤᠭ᠍ᠰᠠᠨ ᠶᠤᠮ᠂ ᠦᠨᠡᠨ ᠠᠵᠢᠯᠯᠠᠪᠠᠯ ᠰᠠᠶᠢ ᠠᠮᠵᠢᠯᠲᠠ ᠪᠦᠲᠦᠮᠵᠢ ᠭᠠᠷᠭᠠᠵᠤ᠂ ᠵᠢᠩᠬᠢᠨᠢ ᠠᠮᠵᠢᠯᠲᠠ ᠪᠦᠲᠦᠮᠵᠢ ᠤᠯᠵᠤ ᠴᠢᠳᠠᠨ᠎ᠠ》ᠭᠡᠬᠦ ᠢᠯᠡ ᠲᠣᠳᠣ ᠤᠳᠤᠷᠢᠳᠤᠮᠵᠢ᠎ᠶ᠋ᠢ ᠪᠣᠶ ᠪᠣᠯᠭᠠᠪᠠ᠃

ᠪᠣᠳᠠᠲᠠᠢ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠤ ᠭᠠᠵᠠᠷ ᠲᠤ᠌ ᠠᠵᠢᠯᠯᠠᠪᠠᠯ ᠰᠠᠶᠢ ᠡᠮᠦᠨ᠎ᠡ ᠡᠩᠨᠡᠭᠡᠨ᠎ᠳᠦ ᠶᠠᠪᠤᠵᠤ ᠴᠢᠳᠠᠨ᠎ᠠ᠃

《ᠭᠤᠤᠯ ᠰᠡᠳᠦᠪᠲᠦ ᠬᠥᠮᠦᠵᠢᠯ᠎ᠢ ᠥᠷᠨᠢᠭᠦᠯᠬᠦ᠌᠎ᠳᠦ᠂ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠭ᠌ᠰᠡᠨ ᠦᠷ᠎ᠡ ᠪᠦᠲᠦᠮᠵᠢ᠎ᠪᠡᠷ ᠪᠠᠷᠢᠮᠵᠢᠶ᠎ᠠ ᠪᠣᠯᠭᠠᠵᠤ᠂ ᠮᠡᠳᠡᠭ᠌ᠰᠡᠨ ᠳᠠᠷᠤᠶ᠎ᠳᠠᠭᠠᠨ ᠴᠡᠭ᠌ᠴᠡᠯᠡᠨ ᠰᠠᠢᠵᠢᠷᠠᠭᠤᠯᠵᠤ᠂ ᠪᠠᠷᠢᠨ ᠬᠡᠷᠡᠭ᠌ᠵᠢᠭᠦᠯᠵᠦ᠍ ᠪᠠᠷᠢᠨ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠶ᠂ ᠤᠳᠠᠭᠠᠱᠢᠷᠠᠭᠤᠯᠵᠤ ᠪᠣᠯᠬᠤ ᠥᠬᠡᠶ᠂ ᠬᠤᠳᠠᠯ ᠬᠠᠭᠤᠷᠮᠠᠭ᠎ᠢᠶᠠᠷ ᠠᠷᠭᠠᠴᠠᠭᠠᠵᠤ ᠪᠣᠯᠬᠤ ᠥᠬᠡᠶ》᠃ 2019 ᠣᠨ᠎ᠤ 7 ᠰᠠᠷ᠎ᠠ᠎ᠳᠤ᠂ ᠶᠡᠷᠦᠩᠬᠡᠶ  ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠭ᠍ᠰᠠᠨ ᠪᠥᠭᠡᠳ《ᠣᠭ ᠰᠠᠨᠠᠭ᠎ᠠ᠎ᠪᠠᠨ ᠥᠯᠥ᠍  ᠮᠠᠷᠲᠠᠵᠤ  ᠡᠭᠦᠷᠭᠡ  ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ᠎ᠢ ᠵᠢᠯᠣᠭᠣᠳᠤᠨ ᠥᠷᠨᠢᠭᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ᠎ᠤ《ᠰᠤᠷᠤᠯᠴᠠᠬᠤ ᠬᠢᠬᠦ ᠨᠢ ᠰᠠᠯᠤᠩᠬᠢᠷᠠᠭᠰᠠᠨ》 《ᠬᠤᠶᠠᠷ ᠨᠢᠭᠤᠷᠳᠠᠨ》ᠤ᠋  ᠠᠰᠠᠭᠤᠳᠠᠯ᠎ᠢ ᠱᠢᠶ᠋ᠳᠪᠦᠷᠢᠯᠡᠬᠦ ᠵᠢ ᠵᠢᠭᠠᠨ ᠵᠢᠯᠤᠭᠤᠳᠪᠠ᠃

ᠠᠵᠢᠯ ᠶᠠᠪᠤᠳᠠᠯ᠎ᠢ ᠪᠣᠳᠣᠯᠬᠢᠯᠠᠬᠤ᠎ᠳᠠᠭᠠᠨ ᠪᠣᠳᠠᠲᠠᠢ ᠪᠠᠢᠬᠤ᠂ ᠦᠢᠯᠡᠰ ᠪᠤᠰᠭᠠᠬᠤ᠎ᠳᠠᠭᠠᠨ ᠪᠣᠳᠠᠲᠠᠢ ᠪᠠᠢᠬᠤ᠂ ᠬᠥᠮᠦᠨ ᠪᠣᠯᠬᠤ᠎ᠳᠠᠭᠠᠨ ᠪᠣᠳᠠᠲᠠᠢ ᠪᠠᠢᠬᠤ᠎ᠶ᠋ᠢ ᠪᠠᠷᠢᠮᠲᠠᠯᠠᠵᠤ᠂  ᠠᠷᠠᠳ᠎ᠤᠨ ᠲᠥᠯᠥᠭᠡ  ᠪᠣᠳᠠᠲᠠᠢ᠎ᠶ᠋ᠢ  ᠡᠷᠬᠢᠮᠯᠡᠬᠦ᠌  ᠠᠷᠢᠭᠤᠨ ᠴᠢᠬᠡᠴᠢ ᠪᠠᠢᠬᠤ ᠦᠷᠳᠡᠭ᠎ᠦᠨ ᠬᠥᠭᠡᠭᠡᠴᠡᠯᠳᠦᠯ᠎ᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠳᠠᠭᠠᠨ ᠭᠦᠨ ᠦᠨᠳᠦᠰᠦᠯᠡᠭᠦᠯᠵᠦ᠍᠂ ᠦᠢᠯᠡᠳᠦᠯᠭᠡ᠎ᠶ᠋ᠢᠨ ᠤᠳᠤᠷᠢᠳᠤᠮᠵᠢ᠎ᠶ᠋ᠢ ᠲᠤᠪᠤᠢ᠌ᠯᠭᠠᠨ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠬᠦ᠌ ᠬᠡᠷᠡᠭ᠌ᠲᠡᠢ ᠁ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠤᠳᠠᠭ᠎ᠠ ᠪᠦᠷᠢ᠎ᠶ᠋ᠢᠨ ᠨᠠᠮ᠎ᠤᠨ ᠳᠣᠲᠣᠭᠠᠳᠤ ᠳ᠋ᠡᠬᠢ ᠲᠥᠪᠯᠡᠷᠡᠭᠦᠯᠦᠨ ᠬᠥᠮᠦᠵᠢᠭᠦᠯᠬᠦ᠌᠂ 《ᠰᠤᠷᠤᠬ᠍ᠰᠠᠨ᠎ᠢᠶᠠᠨ ᠬᠡᠷᠡᠭ᠌ᠯᠡᠬᠦ᠌》᠂ 《ᠮᠡᠳᠡᠬᠦ ᠬᠢᠬᠦ ᠵᠢ ᠨᠢᠭᠡᠳᠭᠡᠬᠦ᠌》 ᠱᠠᠭᠠᠷᠳᠠᠯᠭ᠎ᠠ᠎ᠶ᠋ᠢ ᠢᠮᠠᠭ᠍ᠲᠠ ᠲᠤᠭᠤᠱᠢᠯᠠᠭᠤᠯᠪᠠ᠃ 《ᠬᠡᠯᠪᠡᠷᠢᠴᠢ ᠦᠵᠡᠯ ᠨᠢ ᠴᠥᠭᠡᠨ ᠱᠢᠭ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠨᠢ  ᠤᠯᠠᠨ ᠱᠢᠭ᠋  ᠪᠠᠢᠪᠠᠯ  ᠵᠥᠷᠢᠴᠡᠯ ᠴᠦ᠍ ᠴᠥᠭᠡᠨ ᠪᠤᠯᠵᠤ᠂ ᠪᠣᠳᠠᠲᠤ ᠠᠮᠵᠢᠯᠲᠠ ᠤᠯᠠᠨ ᠪᠤᠯᠤᠨ᠎ᠠ》᠃

ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ᠂ ᠶᠡᠬᠡ᠎ᠳᠦ ᠳᠤᠷᠠᠯᠠᠵᠤ ᠭᠠᠪᠢᠶ᠎ᠠ ᠬᠥᠭᠡᠭᠡᠴᠡᠯᠳᠦᠬᠦ᠌᠂ ᠬᠤᠭᠤᠰᠤᠨ ᠬᠡᠯᠡᠭᠡᠳ ᠬᠢᠬᠦ ᠦᠭᠡᠢ᠂ ᠤᠷᠠᠨ ᠠᠷᠭ᠎ᠠ᠎ᠪᠠᠷ ᠦᠩᠭᠡᠨ ᠲᠠᠯ᠎ᠠ ᠵᠢᠨ ᠠᠵᠢᠯ ᠬᠢᠬᠦ ᠵᠡᠷᠭᠡ ᠵᠠᠰᠠᠭ ᠤ᠋ᠨ ᠠᠵᠢᠯ᠎ᠤᠨ ᠪᠦᠲᠦᠮᠵᠢ ᠶ᠋ᠢᠨ ᠲᠤᠬᠠᠢ ᠦᠵᠡᠯᠲᠡ᠎ᠶ᠋ᠢ ᠭᠠᠵᠢᠭᠤᠳᠠᠭᠤᠯᠤᠭ᠍ᠰᠠᠨ ᠠᠰᠠᠭᠤᠳᠠᠯ᠎ᠳᠤ᠂ ᠶᠡᠷᠦᠩᠬᠡᠢ ᠱᠦᠵᠢ ᠰᠢ ᠵᠢᠨ ᠫᠢᠩ ᠤᠯᠠᠨ  ᠤᠳᠠᠭ᠎ᠠ ᠲᠣᠳᠣᠷᠬᠠᠢ ᠱᠢᠭᠦᠮᠵᠢᠯᠡᠯ ᠳᠤᠷᠠᠳᠴᠤ᠌᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠰᠡᠳᠭᠢᠯ ᠱᠢᠭᠤᠳᠤᠨ ᠯᠠᠪᠳᠠᠭᠤᠨ ᠪᠠᠲᠤᠲᠠᠢ ᠠᠵᠢᠯᠯᠠᠬᠤ᠂ 《ᠨᠢᠭᠡ  ᠨᠢᠭᠡ  ᠠᠯᠬᠤᠮ᠎ᠢᠶᠠᠷ  ᠯᠠᠪᠳᠠᠭᠤᠨ ᠪᠠᠲᠤᠲᠠᠢ  ᠤᠷᠤᠭ᠍ᠰᠢᠯᠠᠬᠤ》 ᠵᠢ ᠬᠥᠮᠦᠵᠢᠭᠦᠯᠦᠨ ᠵᠢᠯᠣᠭᠣᠳᠪᠠ᠃

ᠪᠣᠳᠠᠲᠠᠢ ᠠᠵᠢᠯᠯᠠᠬᠤ᠎ᠪᠠᠷ ᠲᠠᠮᠵᠢᠨ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠵᠤ᠂ ᠬᠦᠴᠢᠷ᠎ᠢ ᠰᠦᠷᠦᠨ ᠤᠷᠤᠭ᠍ᠰᠢᠯᠠᠬᠤ᠎ᠳᠤ ᠮᠥᠨ ᠴᠢᠨᠠᠷ᠎ᠤᠨ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠦᠨ᠎ᠡ᠃

《ᠨᠠᠮ᠎ᠡᠴᠡ ᠺᠠᠳ᠋ᠷ᠎ᠢ ᠦᠵᠡᠬᠦ᠌᠎ᠳᠡᠭᠡᠨ ᠭᠣᠣᠯᠳᠠᠭᠤ ᠮᠥᠷᠥᠨ᠎ᠳᠡᠭᠡᠨ ᠬᠦᠨᠳᠦ ᠡᠭᠦᠷᠭᠡ ᠡᠭᠦᠷᠭᠡᠯᠡᠵᠦ᠍ ᠳᠡᠢᠯᠬᠦ᠌ ᠡᠰᠡᠬᠦ᠌ ᠂ ᠳᠠᠭᠠᠭᠠᠴᠠ᠎ᠡᠴᠡ᠎ᠪᠠᠨ ᠬᠡᠲᠦᠷᠡᠲᠡᠯ᠎ᠡ ᠡᠭᠦᠷᠭᠡᠯᠡᠵᠦ᠍ ᠳᠡᠢᠯᠬᠦ᠌ ᠡᠰᠡᠬᠦ᠌᠎ᠶ᠋ᠢ ᠦᠵᠡᠨ᠎ᠡ》᠂《ᠪᠢᠳᠡ ᠬᠥᠮᠦᠨ ᠪᠤᠯᠵᠤ᠂ ᠳᠠᠷᠤᠭ᠎ᠠ ᠨᠤᠶᠠᠨ ᠪᠣᠯᠤᠭ᠍ᠰᠠᠨ᠎ᠤ ᠬᠤᠪᠢ᠎ᠳᠤ᠂ ᠵᠤᠷᠢᠭᠳᠠᠢ ᠪᠡᠷ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ᠎ᠲᠠᠶ ᠪᠠᠢᠬᠤ ᠬᠡᠷᠡᠭ᠌ᠲᠡᠢ》᠂《ᠵᠡᠷᠭᠡ ᠵᠢᠩᠰᠡ᠎ᠵᠡᠭᠦᠪᠡᠯ ᠵᠠᠰᠠᠭ ᠤ᠋ᠨ ᠠᠵᠢᠯ ᠢ᠋ ᠲᠠᠷᠢᠭᠦᠨ ᠳ᠋ᠤ ᠲᠠᠯᠪᠢᠵᠤ ᠬᠢᠬᠦ ᠬᠡᠷᠡᠭᠳᠡᠢ᠂ ᠬᠠᠷᠢᠨ ᠬᠤᠪᠢ ᠪᠡᠨ ᠪᠤᠳᠤᠭᠰᠠᠨ ᠨᠣᠶᠠᠨ ᠰᠠᠭᠤᠵᠤ ᠪᠣᠯᠬᠤ ᠦᠭᠡᠢ》᠂ 《〈ᠨᠣᠶᠠᠨ ᠰᠠᠭᠤᠭᠠᠳ ᠬᠡᠷᠡᠭ᠎ᠡᠴᠡ ᠵᠠᠢᠯᠠᠬᠤ ᠪᠣᠯ ᠨᠠᠰᠤᠨ ᠲᠤᠷᠱᠢᠳᠠ᠎ᠶ᠋ᠢᠨ ᠢᠴᠢᠭᠦᠷᠢ ᠭᠤᠲᠤᠮᠱᠢᠭ ᠮᠥᠨ〉᠃ ᠬᠠᠷᠢᠭᠤᠴᠠᠯᠭ᠎ᠠ ᠡᠭᠦᠷᠭᠡᠯᠡᠯ᠎ᠦᠨ ᠶᠡᠬᠡ  ᠪᠠᠭ᠎ᠠ ᠨᠢ  ᠺᠠᠳ᠋ᠷ᠎ᠤᠨ ᠬᠡᠬᠦᠳᠡᠭ ᠴᠡᠭᠡᠵᠢ᠂ ᠰᠥᠰᠥ᠍ ᠵᠣᠷᠢᠭ᠂ ᠬᠡᠪ ᠨᠠᠮᠪᠠ᠎ᠶ᠋ᠢ ᠢᠯᠡᠷᠡᠭᠦᠯᠳᠡᠭ》 ᠁ ᠵᠠᠩᠭᠢᠯᠠᠭ᠎ᠠ᠎ᠶ᠋ᠢᠨ ᠴᠠᠭ ᠮᠥᠴᠡ᠎ᠳᠦ ᠪᠣᠰᠴᠤ᠌ ᠵᠣᠭ᠍ᠰᠣᠨ᠂ ᠠᠶᠤᠯ ᠲᠦᠭ᠌ᠰᠢᠭᠦᠷᠢ᠎ᠲᠡᠶ ᠦᠶ᠎ᠡ᠎ᠳᠦ ᠴᠡᠭᠡᠵᠢ ᠳᠦᠷᠢᠨ ᠤᠷᠤᠬᠤ ᠨᠢ ᠵᠠᠰᠠᠭ ᠤ᠋ᠨ ᠠᠵᠢᠯ᠎ᠤᠨ ᠪᠦᠲᠦᠮᠵᠢ ᠵᠢᠨ ᠲᠤᠬᠠᠢ  ᠦᠵᠡᠯᠲᠡ᠎ᠶ᠋ᠢ  ᠲᠤᠰᠭᠠᠵᠤ᠂ ᠨᠠᠮᠴᠢ  ᠴᠢᠨᠠᠷ  ᠪᠣᠯᠤᠨ ᠰᠤᠷᠲᠠᠯ᠎ᠢ  ᠢᠯᠡᠷᠡᠭᠦᠯᠳᠡᠭ᠃

ᠱᠢᠨ᠎ᠡ ᠴᠠᠭ ᠦᠶ᠎ᠡ᠎ᠡᠴᠡ ᠨᠠᠭᠠᠰᠢ᠂《ᠨᠢᠭᠡ᠎ᠶ᠋ᠢ ᠴᠦ᠍ ᠣᠷᠬᠢᠭ᠍ᠳᠠᠭᠤᠯᠬᠤ ᠦᠭᠡᠢ》ᠵᠣᠷᠢᠭ᠎ᠢᠶᠠᠷ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂《ᠱᠢᠨᠳᠠᠷᠠᠰᠢ ᠦᠬᠡᠢ ᠴᠢᠷᠮᠠᠢ᠌ᠬᠤ》 ᠵᠣᠷᠢᠭ᠎ᠢᠶᠠᠷ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠠᠬᠢᠭᠤᠯᠵᠤ᠂ 《ᠵᠣᠷᠢᠭ᠍ᠲᠠᠢ᠎ᠪᠠᠷ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠵᠣᠷᠢᠭ᠍ᠲᠠᠢ᠎ᠪᠠᠷ ᠪᠠᠷᠲᠠᠭᠠᠲᠤ ᠭᠠᠵᠠᠷ᠎ᠢ ᠲᠤᠭᠤᠯᠬᠤ 》 ᠰᠥᠰᠥ᠍ ᠵᠣᠷᠢᠭ᠎ᠢᠶᠠᠷ ᠥᠭᠡᠷᠡᠴᠢᠯᠡᠯᠲᠡ᠎ᠶ᠋ᠢ ᠡᠴᠦᠰ᠎ᠲᠦᠨᠢ ᠲᠤᠯᠲᠠᠯ᠎ᠠ ᠬᠢᠵᠦ᠍᠂ 《ᠮᠢᠩᠭᠠᠨ ᠬᠥᠮᠦᠨ᠎ᠲᠡᠶ ᠮᠠᠭᠤᠳᠠᠯᠴᠠᠭᠰᠠᠨ ᠴᠤ᠌ ᠠᠷᠪᠠᠨ ᠲᠦᠷᠪᠡᠨ ᠳ᠋ᠦᠩᠱᠢᠭᠤᠷ ᠬᠥᠮᠦᠨ᠎ᠢ ᠬᠥᠰᠡᠷᠳᠡᠭᠦᠯᠬᠦ᠌ ᠦᠭᠡᠢ》 ᠬᠠᠷᠢᠭᠤᠴᠠᠯᠭ᠎ᠠ ᠡᠭᠦᠷᠭᠡᠯᠡᠯ᠎ᠢᠶᠡᠷ ᠲᠡᠦᠬᠡᠨ᠎ᠳᠦ ᠭᠠᠷᠤᠭ᠎ᠠ ᠦᠭᠡᠢ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠥᠷᠨᠢᠭᠦᠯᠪᠡ  ᠁

ᠶᠡᠷᠦᠩᠬᠡᠢ ᠱᠦᠵᠢ ᠰᠢ ᠵᠢᠨ ᠫᠢᠩ ᠢᠮᠠᠭ᠍ᠲᠠ ᠠᠭᠤᠤ ᠶᠡᠬᠡ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ᠂  ᠪᠦᠬᠦ᠌  ᠨᠠᠮ᠎ᠢ ᠳᠠᠭᠠᠭᠤᠯᠤᠨ ᠮᠠᠰᠢ ᠤᠯᠠᠨ ᠱᠢᠨ᠎ᠡ ᠲᠡᠦᠬᠡ᠎ᠶ᠋ᠢᠨ ᠣᠨᠴᠠᠯᠢᠭ᠎ᠲᠠᠶ ᠠᠭᠤᠤ ᠶᠡᠬᠡ ᠲᠡᠮᠡᠴᠡᠯ᠎ᠢ ᠬᠢᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠨᠢᠷᠤᠭᠤ ᠭᠡᠳᠡᠢᠨ᠂ ᠡᠮᠦᠨ᠎ᠡ ᠨᠢ ᠭᠠᠪᠱᠢᠭᠠᠢᠯᠠᠵᠤ᠂ ᠠᠶᠤᠯ ᠲᠦᠭ᠌ᠰᠢᠭᠦᠷᠢ᠎ᠲᠡᠶ ᠲᠡᠮᠡᠴᠡᠬᠦ᠌᠂ ᠥᠷᠢᠰᠥᠯᠳᠦᠭᠡᠨ᠎ᠢ ᠤᠭ᠍ᠲᠤᠬᠤ ᠳᠤᠮᠳᠠ ᠱᠢᠯᠭᠠᠯᠲᠠ᠎ᠶ᠋ᠢ ᠳᠠᠭᠠᠭᠠᠵᠤ᠂ ᠠᠰᠠᠭᠤᠳᠠᠯ᠎ᠳᠤ ᠱᠢᠭᠤᠳ ᠬᠠᠨᠳᠤᠬᠤ᠂ ᠬᠦᠴᠢᠷ ᠠᠰᠠᠭᠤᠳᠠᠯ᠎ᠢ  ᠱᠢᠢᠳᠪᠦᠷᠢᠯᠡᠬᠦ᠌  ᠳᠤᠮᠳᠠ ᠱᠢᠨ᠎ᠡ ᠪᠠᠢᠳᠠᠯ᠎ᠢ ᠡᠭᠦᠳᠬᠦ᠌᠎ᠶ᠋ᠢ ᠵᠣᠷᠢᠭ᠍ᠵᠢᠭᠤᠯᠪᠠ᠃

ᠪᠠᠲᠤ ᠴᠢᠩᠭ᠎ᠠ ᠰᠤᠷᠲᠠᠯ᠎ᠢᠶᠠᠷ ᠪᠠᠲᠤ ᠴᠢᠩᠭ᠎ᠠ ᠠᠮᠵᠢᠯᠲᠠ ᠪᠦᠲᠦᠮᠵᠢ᠎ᠶ᠋ᠢ ᠡᠭᠦᠳᠬᠦ᠌᠎ᠳᠦ ᠺᠠᠳ᠋ᠷᠴᠤᠳ᠎ᠤᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌᠎ᠳᠦ ᠲᠦᠱᠢᠭ᠌ᠯᠡᠬᠦ᠌᠎ᠪᠡᠷ ᠪᠠᠷᠠᠬᠤ ᠦᠭᠡᠢ ᠪᠠᠰᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠎ᠳᠤ ᠲᠦᠱᠢᠭ᠌ᠯᠡᠬᠦ᠌  ᠬᠡᠷᠡᠭ᠌ᠲᠡᠢ᠃

ᠵᠠᠷᠢᠮ ᠨᠠᠮ᠎ᠤᠨ ᠭᠡᠱᠢᠭᠦᠨ ᠺᠠᠳ᠋ᠷ᠎ᠤᠨ《ᠡᠭᠦᠷᠭᠡ ᠬᠠᠷᠢᠭᠤᠴᠠᠯᠭ᠎ᠠ ᠬᠡᠳᠦᠢ ᠶᠡᠭᠡ ᠪᠤᠯ ᠠᠶᠤᠯ ᠲᠦᠭᠰᠢᠭᠦᠷᠢ ᠳ᠋ᠤ ᠲᠤᠯᠭᠠᠷᠠᠬᠤ ᠪᠤᠷᠤᠭᠤ ᠭᠠᠷᠭᠠᠬᠤ ᠨᠢ ᠤᠯᠠᠮ ᠠᠷᠪᠢᠨ ᠪᠤᠯᠬᠤ》 ᠡᠷᠡᠭᠡᠯᠵᠡᠭᠡ᠂ ᠣᠨᠴᠠ ᠵᠠᠷᠢᠮ ᠭᠠᠵᠠᠷ ᠣᠷᠣᠨ᠎ᠤ᠋ 《ᠴᠢᠳᠠᠪᠤᠷᠢᠲᠠᠢ ᠨᠢ ᠢᠯᠡᠭᠦᠦ ᠬᠢᠵᠦ᠍᠂ ᠴᠢᠳᠠᠪᠤᠷᠢ ᠦᠭᠡᠢ ᠨᠢ ᠰᠡᠯᠡᠭᠦᠦ ᠰᠠᠭᠤᠬᠤ》᠂ 《ᠢᠯᠡᠭᠦᠦ ᠬᠢᠵᠦ᠍  ᠳᠤᠲᠠᠭᠤ  ᠬᠢᠬᠦ  ᠨᠢ ᠨᠢᠭᠡ ᠯᠡ ᠠᠳᠠᠯᠢ》 ᠪᠠᠢᠬᠤ ᠦᠵᠡᠭ᠌ᠳᠡᠯ᠎ᠳᠦ  ᠴᠢᠭ᠌ᠯᠡᠭᠦᠯᠦᠨ᠂ ᠶᠡᠷᠦᠩᠬᠡᠢ ᠱᠦᠵᠢ ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠢᠯᠡ ᠲᠣᠳᠣ ᠣᠪᠣᠷ᠎ᠢᠶᠠᠷ᠂ ᠬᠠᠷᠢᠭᠤᠴᠠᠯᠭ᠎ᠠ ᠡᠭᠦᠷᠭᠡᠯᠡᠭ᠌ᠴᠢ᠎ᠶ᠋ᠢᠨ ᠡᠮᠦᠨ᠎ᠡ᠎ᠡᠴᠡ ᠬᠠᠷᠢᠭᠤᠴᠠᠯᠭ᠎ᠠ ᠡᠭᠦᠷᠭᠡᠯᠡᠵᠦ᠍᠂ ᠬᠠᠷᠢᠭᠤᠴᠠᠯᠭᠠᠲᠠᠨ᠎ᠤ ᠡᠮᠦᠨ᠎ᠡ᠎ᠡᠴᠡ ᠬᠠᠷᠢᠭᠤᠴᠠᠵᠤ᠂ ᠠᠵᠢᠯ ᠶᠠᠪᠤᠳᠠᠯ ᠬᠢᠭ᠌ᠴᠢ᠎ᠶ᠋ᠢᠨ ᠡᠮᠦᠨ᠎ᠡ᠎ᠡᠴᠡ ᠲᠤᠯᠭᠠᠭᠤᠷᠢᠯᠠᠬᠤ ᠬᠡᠷᠡᠭ᠌ᠲᠡᠢ ᠭᠡᠵᠦ᠍ ᠲᠣᠳᠣᠷᠬᠠᠢ ᠳᠤᠷᠠᠳᠪᠠ᠃

ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠤᠢ ᠪᠣᠯᠭᠠᠵᠤ᠂ ᠤᠯᠤᠰ ᠲᠦᠷᠦ᠍᠎ᠶ᠋ᠢᠨ ᠪᠠᠷᠢᠮᠵᠢᠶ᠎ᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂《ᠲᠡᠳᠡᠭᠡᠷ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠳᠡᠭ᠂ ᠴᠢᠳᠠᠪᠤᠷᠢ᠎ᠲᠠᠶ᠂ ᠵᠠᠷᠴᠢᠮ᠎ᠢ ᠪᠠᠷᠢᠮᠲᠠᠯᠠᠳᠠᠭ᠂ ᠬᠥᠮᠦᠨ᠎ᠲᠡᠶ ᠮᠠᠭᠤᠳᠠᠯᠴᠠᠬᠤ᠎ᠡᠴᠡ ᠠᠶᠤᠳᠠᠭ ᠦᠭᠡᠢ᠂ ᠥᠪᠡᠷᠮᠢᠴᠡ ᠣᠨᠴᠠᠯᠢᠭ᠎ᠢᠶᠠᠷ ᠢᠯᠡ ᠲᠣᠳᠣ ᠺᠠᠳ᠋ᠷ᠎ᠲᠤ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠪᠠᠷ ᠵᠠᠪᠠᠯ ᠲᠡᠳᠡᠨ᠎ᠦ ᠲᠥᠯᠥᠭᠡ ᠭᠣᠣᠯᠴᠢ ᠦᠭᠡ ᠬᠡᠯᠡᠬᠦ᠌ ᠬᠡᠷᠡᠭ᠌ᠲᠡᠢ》ᠭᠡᠵᠦ᠍ ᠲᠣᠳᠣᠷᠬᠠᠢ ᠱᠠᠭᠠᠷᠳᠠᠪᠠ;ᠱᠢᠯᠭᠠᠨ ᠬᠢᠨᠠᠬᠤ ᠳᠣᠬᠢᠭᠤᠷ᠎ᠤᠨ ᠦᠶ᠋ᠯᠡᠳᠦᠯ᠎ᠢ ᠪᠠᠳᠠᠷᠠᠭᠤᠯᠬᠤ᠎ᠶ᠋ᠢ ᠴᠢᠬᠤᠯᠠᠴᠢᠯᠠᠵᠤ᠂《ᠴᠢᠨᠠᠷ ᠰᠠᠢᠲᠠᠶ ᠬᠥᠭ᠌ᠵᠢᠯᠲᠡ᠎ᠶ᠋ᠢ ᠱᠢᠯᠭᠠᠨ ᠬᠢᠨᠠᠬᠤ ᠱᠢᠰᠲ᠋ᠧᠮ ᠪᠠ ᠺᠠᠳ᠋ᠷ᠎ᠤᠨ ᠠᠵᠢᠯ᠎ᠤᠨ ᠪᠦᠳᠦᠮᠵᠢ᠎ᠶ᠋ᠢ ᠱᠢᠯᠭᠠᠨ ᠬᠢᠨᠠᠵᠤ ᠦᠨᠡᠯᠡᠬᠦ᠌ ᠱᠢᠰᠲ᠋ᠧᠮ᠎ᠢ᠋ ᠲᠡᠭᠦᠯᠳᠡᠷᠵᠢᠭᠦᠯᠬᠦ᠌》 ᠶ᠋ᠢ ᠠᠬᠢᠭᠤᠯᠤᠨ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠶ᠋ᠢᠨ ᠵᠥᠷᠢᠶ᠎ᠡ᠎ᠶ᠋ᠢ ᠪᠦᠲᠦᠮᠵᠢᠲᠡᠶ ᠰᠡᠷᠭᠡᠢᠯᠡᠬᠦ᠌ ᠪᠠ ᠵᠠᠯᠠᠷᠠᠭᠤᠯᠬᠤ ᠠᠵᠢᠯ᠎ᠤᠨ ᠲᠣᠭ᠍ᠲᠠᠴᠠ ᠵᠢ ᠪᠦᠷᠢᠨᠰᠢᠭᠦᠯᠪᠠ;

《ᠭᠤᠷᠪᠠ᠎ᠶ᠋ᠢ ᠢᠯᠭᠠᠨ ᠦᠵᠡᠬᠦ》 ᠵᠢ ᠨᠠᠢᠳᠠᠪᠤᠷᠢᠵᠢᠭᠤᠯᠵᠤ᠂ 《 ᠨᠠᠮ᠎ᠤᠨ ᠭᠡᠱᠢᠭᠦᠨ ᠺᠠᠳ᠋ᠷ᠎ᠤᠨ ᠠᠵᠢᠯ ᠬᠢᠵᠦ᠍ ᠦᠢᠯᠡᠰ ᠪᠤᠰᠭᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠭᠦᠢᠴᠡᠳ ᠲᠠᠢ᠌ᠴᠢᠯᠠᠵᠤ᠂ ᠺᠠᠳ᠋ᠷ᠎ᠤᠨ ᠳᠤᠷ᠎ᠠ᠎ᠵᠤᠷᠢᠭ ᠵᠢᠡᠷ ᠵᠢᠡᠨ ᠬᠢᠬᠦ᠌  ᠦᠭᠡᠢ᠂  ᠠᠵᠢᠯ ᠬᠢᠬᠦ᠌  ᠦᠭᠡᠢ᠂ ᠬᠢᠬᠦ᠌ ᠵᠣᠷᠢᠭ ᠦᠭᠡᠢ᠂  ᠴᠢᠳᠠᠮᠠᠭᠠᠢ  ᠬᠢᠬᠦ᠌  ᠦᠭᠡᠢ  ᠪᠠᠢᠬᠤ  ᠠᠰᠠᠭᠤᠳᠠᠯ᠎ᠢ  ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ 》 ᠭᠡᠵᠦ᠍ ᠱᠠᠭᠠᠷᠳᠠᠪᠠ;

ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍ ᠡᠨ᠋ᠸᠷᠬᠢ ᠣᠯᠭᠣᠬᠤ᠎ᠳᠤ᠂ 《ᠡᠷᠬᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠶᠠᠮᠠᠷ ᠶᠠᠪᠤᠳᠠᠯ᠎ᠢ ᠴᠤ᠌ ᠦᠨᠳᠦᠰᠦᠨ ᠱᠠᠲᠤᠨ᠎ᠳᠤ ᠲᠤᠯᠭᠠᠵᠤ ᠪᠣᠯᠬᠤ ᠦᠭᠡᠢ᠂ ᠦᠨᠳᠦᠰᠦᠨ ᠱᠠᠲᠤᠨ᠎ᠤ ᠬᠢᠨ ᠶᠠᠮᠠᠷ ᠶᠠᠮᠠᠷ ᠠᠵᠢᠯ᠎ᠢ ᠡᠭᠦᠷᠭᠡᠯᠡᠪᠡᠯ ᠵᠣᠬᠢᠬᠤ᠎ᠶ᠋ᠢ ᠲᠣᠳᠣᠷᠬᠠᠢ ᠪᠣᠯᠭᠠᠬᠤ ᠬᠡᠷᠡᠭ᠌ᠲᠡᠢ 》 ᠭᠡᠵᠦ᠍ ᠴᠢᠬᠤᠯᠠᠴᠢᠯᠠᠪᠠ;

᠁ ᠁

《ᠢᠲᠡᠭᠡᠯ ᠪᠢᠱᠢᠷᠡᠯ ᠡᠷᠡᠰ ᠪᠠᠲᠤ᠂ ᠠᠷᠠᠳ ᠲᠦᠮᠡᠨ᠎ᠳᠦ ᠦᠶ᠋ᠯᠡᠴᠢᠯᠡᠬᠦ᠌ ᠂ ᠠᠵᠢᠯᠴᠢ ᠬᠢᠴᠢᠶᠡᠩᠭᠦᠶ᠎ᠪᠡᠷ ᠵᠠᠰᠠᠭ ᠪᠠᠷᠢᠵᠤ ᠪᠣᠳᠠᠲᠠᠶ᠎ᠶ᠋ᠢ ᠡᠷᠬᠢᠮᠯᠡᠬᠦ᠌᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠠᠷᠢᠭᠤᠨ ᠴᠢᠬᠡᠴᠢ ᠪᠠᠢᠬᠤ》 ᠱᠢᠨ᠎ᠡ ᠴᠠᠭ ᠦᠶ᠎ᠡ᠎ᠶ᠋ᠢᠨ ᠰᠠᠢᠨ ᠺᠠᠳ᠋ᠷ᠎ᠤᠨ ᠪᠠᠷᠢᠮᠵᠢᠶ᠎ᠠ᠎ᠶ᠋ᠢ ᠢᠯᠡ ᠲᠣᠳᠣᠷᠬᠠᠶ ᠳᠤᠷᠠᠳᠴᠤ᠂ ᠠᠵᠢᠯ ᠬᠢᠵᠦ᠍ ᠦᠶ᠋ᠯᠡᠰ ᠪᠤᠰᠭᠠᠬᠤ᠎ᠳᠤ ᠠᠱᠢᠭ᠍ᠲᠠᠶ ᠰᠠᠢᠨ ᠰᠠᠢᠬᠠᠨ ᠣᠷᠴᠢᠨ ᠨᠦᠬᠦᠴᠡᠯ᠎ᠢ ᠪᠣᠶ ᠪᠣᠯᠭᠠᠬᠤ᠎ᠶ᠋ᠢ  ᠠᠬᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠴᠢᠩᠭ᠎ᠠ ᠬᠠᠮᠢᠶᠠᠷᠬᠤ ᠭᠦᠨ ᠬᠠᠯᠠᠮᠵᠢᠯᠠᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠺᠠᠳ᠋ᠷ᠎ᠤᠨ ᠡᠩᠨᠡᠭᠡ᠎ᠶ᠋ᠢᠨ ᠡᠷᠡᠭᠦᠯ ᠦᠰᠦᠨ ᠪᠣᠢᠵᠢᠬᠤ᠎ᠶ᠋ᠢ ᠵᠢᠯᠣᠭᠣᠳᠴᠤ᠌ ᠂ ᠨᠠᠮ᠎ᠤᠨ ᠦᠶ᠋ᠯᠡᠰ᠎ᠦᠨ ᠬᠥᠭ᠌ᠵᠢᠯ ᠮᠠᠨᠳᠤᠯ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠶ ᠭᠡᠵᠦ᠍ ᠣᠯᠠᠨᠲᠠ ᠴᠢᠬᠤᠯᠠᠴᠢᠯᠠᠪᠠ᠃

ᠶᠡᠷᠦ᠍ ᠪᠤᠰᠤ᠎ᠶ᠋ᠢᠨ ᠦᠢᠯᠡᠰ᠎ᠲᠦ ᠵᠢᠳᠬᠦᠬᠦ᠌᠎ᠳᠦ ᠯᠠᠪᠲᠠᠢ ᠶᠡᠷᠦ᠍ ᠪᠤᠰᠤ᠎ᠶ᠋ᠢᠨ ᠵᠣᠷᠢᠭ ᠰᠠᠨᠠᠭ᠎ᠠ ᠭᠡᠷᠡᠭᠰᠡᠨ᠎ᠡ᠃

1936 ᠣᠨ᠎ᠤ 10 ᠰᠠᠷ᠎ᠠ᠎ᠳᠤ᠂  ᠲᠤᠢᠯ᠎ᠤᠨ ᠪᠡᠷᠬᠡ ᠬᠠᠲᠠᠭᠤᠵᠢᠯᠲᠠᠢ ᠬᠣᠶᠠᠷ ᠲᠦᠮᠡ ᠲᠠᠪᠤᠨ ᠮᠢᠩᠭᠠᠨ ᠭᠠᠵᠠᠷ᠎ᠤᠨ ᠤᠷᠳᠤ ᠵᠠᠮ᠎ᠤᠨ ᠠᠶᠠᠨ ᠲᠠᠢ᠌ᠨ᠎ᠢ ᠥᠩᠭᠡᠷᠡᠭᠡᠵᠦ᠍ ᠂ ᠤᠯᠠᠭᠠᠨ ᠴᠡᠷᠢᠭ᠎ᠦᠨ ᠭᠤᠷᠪᠠᠨ ᠶᠡᠬᠡ ᠭᠣᠣᠯ ᠬᠦᠴᠦᠨ ᠢᠯᠠᠯᠲᠠ᠎ᠲᠠᠶ᠎ᠪᠠᠷ  ᠴᠡᠷᠢᠭ ᠨᠡᠢᠯᠡᠵᠦ᠍᠂ ᠱᠢᠨ᠎ᠡ᠎ᠪᠡᠷ ᠠᠮᠢᠯᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠡᠭᠦᠨ᠎ᠡᠴᠡ ᠡᠬᠢᠯᠡᠨ ᠳᠤᠮᠳᠠᠳᠤ ᠤᠯᠤᠰ᠎ᠤᠨ ᠬᠤᠪᠢᠰᠭᠠᠯ᠎ᠤᠨ ᠰᠦᠷ  ᠳᠠᠯᠠᠢᠴᠠᠲᠠᠢ ᠱᠢᠨ᠎ᠡ ᠬᠠᠭᠤᠳᠠᠰᠤ᠎ᠶ᠋ᠢ ᠨᠡᠭᠡᠭᠡᠪᠡ᠃

90 ᠵᠢᠯ᠎ᠦᠨ ᠳᠠᠷᠠᠭᠠᠬᠢ ᠥᠨᠥᠳᠦᠷ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢᠭᠡᠨᠲᠡ ᠰᠦᠷᠯᠢᠭ ᠰᠠᠢᠬᠠᠨ ᠵᠢᠷᠤᠭ ᠳᠦᠷᠰᠦ᠎ᠶ᠋ᠢ ᠳᠡᠯᠭᠡᠭ᠌ᠰᠡᠨ ᠪᠥᠭᠡᠳ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ᠎ᠲᠡᠶ ᠪᠣᠯᠵᠠᠢ᠃

ᠮᠥᠨ ᠯᠡ ᠳᠠᠪᠠᠬᠤ ᠴᠢᠬᠤᠯᠠᠲᠠᠢ ᠮᠠᠰᠢ ᠤᠯᠠᠨ《ᠴᠠᠰᠤᠲᠤ ᠠᠭᠤᠯᠠ》᠂ 《ᠡᠪᠡᠰᠦᠲᠦ ᠭᠠᠵᠠᠷ》᠂ ᠢᠯᠠᠨ ᠳᠠᠪᠠᠬᠤ ᠴᠢᠬᠤᠯᠠᠲᠠᠢ 《ᠯᠧᠦ ᠱᠠᠨ ᠭᠤᠸᠠᠨ ᠪᠣᠭᠣᠮᠲᠠ》᠂《ᠯᠠ ᠽᠢ ᠺᠸᠦ》 ᠵᠢᠨ ᠡᠮᠦᠨ᠎ᠡ᠂  ᠶᠡᠷᠦᠩᠬᠡᠢ ᠱᠦᠵᠢ ᠰᠢ ᠵᠢᠨ ᠫᠢᠩ᠎ᠦᠨ ᠨᠠᠨᠳᠢᠨ ᠰᠠᠨᠠᠭᠤᠯᠭ᠎ᠠ ᠨᠢ ᠬᠥᠮᠦᠰ᠎ᠢ ᠰᠡᠩᠬᠡᠷᠡᠭᠦᠯᠦᠨ᠎ᠡ —

《ᠠᠯᠢᠪᠠ ᠠᠮᠤᠷ ᠵᠢᠮᠦᠷ᠎ᠢ ᠪᠤᠳᠦᠵᠦ᠍᠂ ᠦᠷᠭᠦᠯᠵᠢᠯᠡᠨ ᠲᠡᠰᠪᠦᠷᠢ ᠬᠠᠲᠠᠭᠤᠵᠢᠯᠲᠠᠢ ᠲᠡᠮᠡᠴᠡᠬᠦ᠌ ᠳᠤᠷ᠎ᠠ ᠤᠢ᠍ᠭᠡᠢ ᠪᠤᠳᠦᠯ᠎ᠢ ᠴᠥᠮ ᠠᠪᠴᠤ᠌ ᠪᠣᠯᠬᠤ ᠤᠢ᠍ᠭᠡᠢ᠂ ᠠᠯᠢᠪᠠ ᠣᠮᠣᠷᠬᠠᠭ᠍ᠯᠠᠨ ᠪᠠᠷᠳᠠᠮᠨᠠᠵᠤ᠂ ᠦᠷᠭᠦᠯᠵᠢᠯᠡᠨ ᠨᠡᠭᠡᠭᠡᠨ ᠤᠷᠤᠭ᠍ᠰᠢᠯᠠᠬᠤ ᠳᠤᠷ᠎ᠠ ᠤᠢ᠍ᠭᠡᠢ ᠪᠤᠳᠦᠯ᠎ᠢ ᠴᠥᠮ ᠠᠪᠴᠤ᠌ ᠪᠣᠯᠬᠤ ᠤᠢ᠍ᠭᠡᠢ》᠃

ᠱᠢᠨ᠎ᠡ ᠠᠶᠠᠨ ᠪᠣᠯ ᠱᠢᠨ᠎ᠡ  ᠤᠷᠳᠤ ᠵᠠᠮ᠎ᠤᠨ ᠠᠶᠠᠨ ᠳᠠᠢ᠌ᠨ ᠮᠥᠨ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ ᠢᠲᠡᠭᠡᠯ ᠵᠣᠷᠢᠭ᠎ᠢᠶᠠᠨ ᠪᠠᠲᠤᠳᠭᠠᠵᠤ᠂ ᠪᠣᠳᠠᠲᠠᠢ ᠠᠵᠢᠯᠯᠠᠨ ᠪᠠᠲᠤ ᠦᠢᠯᠡᠳᠦᠯᠭᠡᠵᠢᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠪᠠᠷᠢᠮᠲᠠᠯᠠᠵᠤ ᠂ ᠥᠨᠢ ᠡᠭᠦᠷᠢᠳᠡ ᠠᠷᠠᠳ ᠲᠦᠮᠡᠨ᠎ᠲᠡᠶ ᠬᠠᠮᠲᠤ ᠪᠠᠢᠵᠤ᠂ ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠦ ᠡᠷᠡᠮᠡᠬᠡᠢᠯᠡᠨ ᠤᠷᠤᠭ᠍ᠰᠢᠯᠠᠪᠠᠯ  ᠯᠠᠪᠲᠠᠢ ᠱᠢᠨ᠎ᠡ ᠠᠭᠤᠤ ᠶᠡᠬᠡ ᠲᠡᠮᠡᠴᠡᠯ᠎ᠢᠶᠡᠷ  ᠱᠢᠨ᠎ᠡ ᠲᠡᠦᠬᠡ᠎ᠶ᠋ᠢᠨ ᠠᠭᠤᠤ ᠦᠢᠯᠡᠰ᠎ᠢ  ᠡᠭᠦᠳᠦᠨ ᠪᠦᠲᠦᠭᠡᠵᠦ ᠴᠢᠳᠠᠨ᠎ᠠ᠃ 

(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 2 ᠰᠠᠷ᠎ᠠ ᠵᠢᠨ 25 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号