ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠬᠤᠷᠠᠯ ᠬᠤᠷᠠᠯᠳᠤᠪᠠ
2026-02-27 09:52:16
ᠵᠣᠬᠢᠶᠠᠭ᠍ᠴᠢ᠄
​ ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠶᠠᠷᠢᠶ᠎ᠠ ᠲᠠᠯᠪᠢᠵᠠᠢ


2 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠢᠳᠪᠦᠷᠢᠯᠡᠭᠦᠯᠬᠦ᠌ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠴᠢ᠊ ᠪᠠᠲᠤ ᠬᠤᠷᠠᠯ᠎ᠳᠤ ᠣᠷᠣᠯᠴᠠᠭ᠍ᠰᠠᠨ ᠪᠥᠭᠡᠳ ᠰᠠᠨᠠᠯ ᠳᠤᠷᠠᠳᠤᠯᠭ᠎ᠠ᠎ᠶ᠋ᠢ ᠭᠦᠶ᠋ᠴᠡᠳᠭᠡᠬᠦ᠌ ᠠᠵᠢᠯ᠎ᠢ ᠰᠠᠢᠲᠤᠷ ᠬᠢᠬᠦ᠌ ᠲᠤᠬᠠᠶ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠴᠡᠴᠡᠭ ᠬᠤᠷᠠᠯ᠎ᠢ ᠡᠷᠭᠢᠯᠡᠵᠦ᠍᠂ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃

ᠬᠤᠷᠠᠯ᠎ᠡᠴᠡ 2025 ᠣᠨ᠎ᠤ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠰᠠᠨᠠᠯ ᠳᠤᠷᠠᠳᠤᠯᠭ᠎ᠠ᠎ᠶ᠋ᠢ ᠰᠢᠢᠳᠪᠤᠷᠢᠯᠡᠭᠰᠡᠨ ᠠᠮᠵᠢᠯᠲᠠ ᠪᠦᠲᠦᠮᠵᠢ᠎ᠶ᠋ᠢ ᠱᠢᠯᠭᠠᠨ ᠦᠨᠡᠯᠡᠭ᠌ᠰᠡᠨ ᠪᠠᠢᠳᠠᠯ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢ ᠳᠠᠩᠰᠠᠯᠠᠭ᠍ᠰᠠᠨ ᠪᠠᠢᠳᠠᠯ᠎ᠢ ᠵᠠᠷᠯᠠᠨ ᠮᠡᠳᠡᠭ᠌ᠳᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠱᠢᠭ᠍ᠯᠠᠯᠲᠠ᠎ᠶ᠋ᠢᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠱᠢᠯᠢ᠎ᠶ᠋ᠢᠨ ᠭᠤᠤᠯ ᠠᠢᠮᠠᠭ᠎ᠤᠨ ᠵᠠᠬᠢᠷᠭ᠎ᠠ᠎ᠶ᠋ᠢᠨ ᠬᠤᠯᠪᠤᠬᠳᠠᠯ ᠪᠥᠬᠥᠶ ᠬᠠᠷᠢᠭᠤᠴᠠᠯᠭᠠᠲᠠᠨ ᠬᠤᠷᠠᠯ ᠳᠡᠭᠡᠷ᠎ᠡ ᠦᠭᠡ ᠬᠡᠯᠡᠪᠡ᠃

ᠬᠤᠷᠠᠯ᠎ᠡᠴᠡ᠂ ᠰᠠᠨᠠᠯ ᠳᠤᠷᠠᠳᠤᠯᠭ᠎ᠠ᠎ᠶ᠋ᠢ ᠭᠦᠶ᠋ᠴᠡᠳᠭᠡᠬᠦ᠌᠎ᠶ᠋ᠢ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠯᠤᠭ᠎ᠠ ᠤᠶᠠᠯᠳᠤᠭᠤᠯᠵᠤ᠂ ᠬᠠᠮᠲᠤᠷᠠᠯ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠵᠤ᠂ ᠰᠠᠨᠠᠯ ᠳᠤᠷᠠᠳᠤᠯᠭ᠎ᠠ᠎ᠶ᠋ᠢ ᠰᠢᠢᠳᠪᠤᠷᠢᠯᠡᠭᠰᠡᠨ ᠦᠷ᠎ᠡ ᠪᠦᠲᠦᠭᠡᠯ᠎ᠢ ᠴᠢᠨᠠᠷ ᠰᠠᠢᠲᠠᠶ ᠬᠥᠭ᠌ᠵᠢᠯᠲᠡ᠎ᠶ᠋ᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠵᠢ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ᠎ᠡᠴᠡ ᠨᠠᠭᠠᠰᠢ᠂ ᠨᠡᠢᠲᠡ 1119 ᠬᠤᠪᠢ ᠰᠠᠨᠠᠯ ᠳᠤᠷᠠᠳᠤᠯᠭ᠎ᠠ᠎ᠶ᠋ᠢ ᠭᠥᠯᠢᠶᠡᠨ ᠠᠪᠴᠤ᠌᠂ 814 ᠬᠤᠪᠢ᠎ᠶ᠋ᠢ ᠨᠢ ᠬᠢᠨᠠᠨ ᠪᠠᠢᠴᠠᠭᠠᠵᠤ ᠳᠡᠩᠰᠡᠯᠡᠨ᠂ ᠡᠯ᠎ᠡ ᠳᠠᠭᠠᠭᠠᠨ ᠠᠪᠴᠤ᠌ ᠱᠢᠶ᠋ᠳᠪᠦᠷᠢᠯᠡᠬᠦ᠌ ᠨᠢᠭᠡᠴᠢ᠎ᠳᠦ ᠲᠤᠱᠢᠶᠠᠨ ᠥᠭᠴᠥ ᠱᠢᠶ᠋ᠳᠪᠦᠷᠢᠯᠡᠭᠦᠯᠬᠥ ᠪᠡᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号