ᠱ᠌ᠢ ᠭᠤᠸᠠᠩ ᠬᠤᠢ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠠᠮᠤᠷ᠎ᠢ ᠬᠠᠮᠠᠭᠠᠯᠠᠬᠤ ᠲᠣᠭ᠍ᠲᠠᠭᠤᠨ᠎ᠢ ᠬᠠᠮᠠᠭᠠᠯᠠᠬᠤ ᠠᠵᠢᠯ᠎ᠢ ᠪᠠᠢᠴᠠᠭᠠᠨ ᠰᠤᠳᠤᠯᠵᠤ ᠡᠮᠦᠨ᠎ᠡ ᠹᠷᠣᠨᠲ᠎ᠤᠨ ᠵᠢᠵᠢᠭᠦᠷᠯᠡᠵᠦ᠍ ᠪᠠᠢᠭ᠎ᠠ ᠺᠠᠳ᠋ᠷ ᠴᠠᠭ᠍ᠳᠠᠭ᠎ᠠ᠎ᠶ᠋ᠢ ᠡᠷᠭᠢᠨ ᠦᠵᠡᠵᠦ ᠲᠣᠬᠣᠨᠢᠭᠤᠯᠪᠠ
2026-02-27 16:14:00
ᠵᠣᠬᠢᠶᠠᠭ᠍ᠴᠢ᠄
​ᠱᠢᠤᠢ ᠵᠢᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 14 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠤᠢ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠴᠢᠮᠡᠭᠡ ᠬᠤᠯᠪᠤᠭᠠᠨ᠎ᠤ ᠵᠢᠭᠠᠨ ᠵᠢᠯᠣᠭᠣᠳᠭᠤ ᠲᠥᠪ᠂ ᠴᠠᠭᠠᠨ ᠰᠤᠪᠤᠷᠭ᠎ᠠ ᠨᠢᠰᠭᠡᠯ᠎ᠦᠨ ᠪᠠᠭᠤᠳᠠᠯ ᠪᠣᠯᠤᠨ ᠦᠨᠳᠦᠰᠦᠨ ᠱᠠᠲᠤᠨ᠎ᠤ ᠲᠣᠮᠢᠯᠠᠭ᠍ᠰᠠᠨ ᠰᠠᠯᠪᠤᠷᠢ᠎ᠳᠤ ᠬᠦᠷᠴᠦ᠍᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠡᠬᠢ ᠠᠮᠤᠷ᠎ᠢ ᠬᠠᠮᠠᠭᠠᠯᠠᠬᠤ ᠲᠣᠭ᠍ᠲᠠᠭᠤᠨ᠎ᠢ ᠬᠠᠮᠠᠭᠠᠯᠠᠬᠤ ᠠᠵᠢᠯ᠎ᠢ ᠲᠤᠬᠢᠷᠠᠭᠤᠯᠵᠤ᠂ ᠡᠮᠦᠨ᠎ᠡ ᠹᠷᠣᠨᠲ᠎ᠤᠨ ᠵᠢᠵᠢᠭᠦᠷᠯᠡᠵᠦ᠍ ᠪᠠᠢᠭ᠎ᠠ ᠺᠠᠳ᠋ᠷ ᠴᠠᠭ᠍ᠳᠠᠭ᠎ᠠ᠎ᠶ᠋ᠢ ᠡᠷᠭᠢᠨ ᠦᠵᠡᠵᠦ ᠲᠣᠬᠣᠨᠢᠭᠤᠯᠤᠭ᠍ᠰᠠᠨ ᠪᠥᠭᠡᠳ ᠪᠦᠬᠦ᠌ ᠣᠷᠣᠨ᠎ᠤ ᠥᠷᠭᠡᠨ ᠤᠯᠠᠨ ᠺᠠᠳ᠋ᠷ ᠴᠠᠭ᠍ᠳᠠᠭ᠎ᠠ᠎ᠳᠤ ᠴᠢᠩ ᠰᠡᠳᠭᠢᠯ᠎ᠦᠨ ᠮᠡᠨᠳᠦᠴᠢᠯᠡᠯ ᠪᠣᠯᠤᠨ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃

ᠨᠢᠰᠭᠡᠯ᠎ᠦᠨ ᠪᠠᠭᠤᠳᠠᠯ᠂ ᠲᠣᠮᠢᠯᠠᠭ᠍ᠰᠠᠨ ᠰᠠᠯᠪᠤᠷᠢ᠎ᠳᠤ᠂ ᠱ᠌ᠢ ᠭᠤᠸᠠᠩ ᠬᠣᠶ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠵᠢᠵᠢᠭᠦᠷᠯᠡᠬᠦ ᠪᠠ ᠠᠵᠢᠯ᠎ᠤᠨ ᠪᠡᠯᠡᠳᠭᠡᠯ᠂ ᠵᠡᠪᠰᠡᠭ᠌ᠲᠦ ᠴᠠᠭ᠍ᠳᠠᠭ᠎ᠠ᠎ᠶ᠋ᠢᠨ ᠣᠨᠴᠠ ᠴᠠᠭ᠍ᠳᠠᠭ᠎ᠠ ᠬᠣᠯᠪᠣᠭᠠᠯᠠᠨ ᠵᠢᠵᠢᠭᠦᠷᠯᠡᠵᠦ᠍ ᠬᠣᠯᠪᠣᠭᠠᠯᠠᠨ ᠬᠥᠳᠡᠯᠦᠯᠴᠡᠬᠦ᠌ ᠵᠡᠷᠭᠡ ᠪᠠᠢᠳᠠᠯ᠎ᠢ ᠨᠠᠷᠢᠨ ᠣᠢᠯᠠᠭᠠᠪᠠ᠃ ᠲᠡᠷᠡ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠬᠥᠮᠦᠨ ᠬᠠᠷ᠎ᠠ ᠶᠠᠪᠤᠵᠤ ᠰᠠᠭᠤᠬᠤ᠂ ᠪᠠᠷᠠᠭᠠᠨ᠎ᠤ ᠭᠦᠢᠯᠭᠡᠭᠡ᠂ ᠲᠡᠷᠭᠡ ᠬᠦᠰᠭᠡ ᠵᠢᠨ ᠲᠤᠭ᠎ᠠ ᠬᠡᠮᠵᠢᠶ᠎ᠡ ᠲᠦᠷᠭᠡᠨ ᠨᠡᠮᠡᠭᠳᠡᠵᠦ᠂ ᠠᠮᠤᠷ ᠲᠦᠪᠱᠢᠨ᠎ᠦ ᠠᠶᠤᠯ ᠲᠦᠭ᠌ᠰᠢᠭᠦᠷᠢ ᠨᠡᠮᠡᠭ᠌ᠳᠡᠵᠦ᠍᠂ ᠤᠯᠠᠨ ᠲᠦᠮᠡᠨ᠎ᠦ ᠠᠮᠤᠷ ᠲᠦᠪᠱᠢᠨ᠎ᠢᠶᠡᠷ ᠪᠠᠶᠠᠷ᠎ᠤᠨ ᠡᠳᠦᠷ᠎ᠢᠶᠡᠨ ᠥᠩᠭᠡᠷᠡᠭᠦᠯᠬᠦ᠂ ᠰᠠᠭᠠᠳ ᠦᠭᠡᠢ ᠶᠠᠪᠤᠵᠤ ᠰᠠᠭᠤᠬᠤ᠎ᠶ᠋ᠢ ᠪᠠᠲᠤᠯᠠᠬᠤ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃ ᠳᠣᠲᠣᠭᠠᠳᠤ᠎ᠶ᠋ᠢ ᠬᠠᠮᠠᠭᠠᠯᠠᠬᠤ ᠹᠷᠣᠨᠲ ᠪᠣᠯᠤᠨ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ᠎ᠬᠢᠨ ᠬᠠᠷᠢᠭᠤᠴᠠᠯᠭᠠᠲᠤ ᠰᠡᠳᠭᠢᠯᠭᠡ᠎ᠪᠡᠨ ᠴᠢᠩᠭᠠᠳᠭᠠᠵᠤ᠂ ᠦᠷᠦᠭᠡᠯ ᠪᠤᠰᠤᠳ᠎ᠤᠨ ᠲᠦᠯᠦᠭᠡ ᠦᠪᠡᠷ ᠪᠡᠶ᠎ᠡ ᠪᠡᠨ ᠤᠮᠠᠷᠳᠠᠵᠤ᠂ ᠨᠡᠢᠭᠡᠮ᠎ᠦᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ᠎ᠨᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠡᠯ᠎ᠡ ᠲᠥᠷᠥᠯ᠎ᠦᠨ ᠵᠥᠷᠢᠴᠡᠯ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠵᠤ ᠠᠷᠢᠯᠭᠠᠨ᠂ ᠴᠠᠭᠠᠨ ᠰᠠᠷ᠎ᠠ᠎ᠶ᠋ᠢᠨ ᠲᠡᠭᠡᠭᠡᠪᠦᠷᠢ᠎ᠶ᠋ᠢᠨ ᠠᠮᠤᠷ ᠲᠦᠪᠱᠢᠨ ᠡᠮᠬᠢ ᠵᠢᠷᠤᠮ᠎ᠲᠠᠶ ᠪᠠᠢᠬᠤ᠎ᠶ᠋ᠢ ᠰᠡᠳᠭᠢᠯ ᠳᠡᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦ᠍ᠯᠡᠨ ᠪᠠᠲᠤᠯᠠᠵᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠪᠡᠯᠡᠳᠭᠡᠯ᠎ᠢ ᠰᠠᠢᠲᠤᠷ ᠬᠢᠵᠦ᠍᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠤᠷ ᠠᠮᠤᠭᠤᠯᠠᠩ ᠥᠯᠵᠡᠶ ᠪᠡᠯᠭᠡ᠎ᠲᠡᠶ ᠴᠠᠭᠠᠨ ᠰᠠᠷ᠎ᠠ᠎ᠪᠠᠨ ᠪᠠᠶᠠᠷ ᠬᠥᠷ᠎ᠲᠡᠶ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号