ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠮᠤᠵᠢ᠎ᠶ᠋ᠢᠨ ᠲᠠᠰ᠎ᠤᠨ ᠠᠵᠢᠯ᠎ᠡᠴᠡ᠎ᠪᠠᠨ ᠲᠠᠷᠬᠠᠯᠠᠭᠳᠠᠭᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷ ᠪᠣᠯᠤᠨ ᠪᠡᠯᠪᠡᠰᠦᠨ ᠬᠠᠲᠤᠨ᠎ᠢ ᠲᠣᠬᠣᠨᠢᠭᠤᠯᠪᠠ
2026-02-27 16:15:38
ᠵᠣᠬᠢᠶᠠᠭ᠍ᠴᠢ᠄
​ ᠰᠦᠩ ᠱᠤᠸᠠᠩ ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ᠎ᠡᠴᠡ ᠡᠮᠦᠨᠡᠬᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ ᠵᠡᠷᠭᠡ ᠤᠳᠤᠷᠢᠳᠭᠤ ᠨᠥᠬᠥᠳ ᠲᠤᠰ ᠲᠤᠰ ᠡᠷᠬᠢᠨ ᠦᠵᠡᠬᠦ᠌᠂ ᠤᠲᠠᠰᠤᠳᠠᠬᠤ ᠵᠡᠷᠭᠡ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠮᠤᠵᠢ᠎ᠶ᠋ᠢᠨ ᠲᠡᠰ᠎ᠤᠨ ᠠᠵᠢᠯ᠎ᠡᠴᠠ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷ ᠪᠣᠯᠤᠨ ᠪᠡᠯᠪᠡᠰᠦᠨ ᠬᠠᠲᠤᠨ᠎ᠢ ᠲᠣᠬᠣᠨᠢᠭᠤᠯᠵᠤ᠂ ᠲᠡᠳᠡᠨ᠎ᠳᠦ ᠪᠠᠶᠠᠷ᠎ᠤᠨ ᠡᠳᠦᠷ᠎ᠦᠨ ᠮᠡᠨᠳᠦᠴᠢᠯᠡᠯ ᠪᠣᠯᠤᠨ ᠰᠠᠢ᠌ᠨ ᠰᠠᠢᠬᠠᠨ ᠵᠥᠩᠨᠡᠯ ᠳᠡᠪᠱᠢᠭᠦᠯᠪᠡ᠃

2 ᠰᠠᠷ᠎ᠠ᠎ᠶ᠋ᠢᠨ 10 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠯᠢᠦ ᠱᠤᠸᠠᠩ ᠮᠤᠵᠢ᠎ᠶ᠋ᠢᠨ ᠲᠠᠰ᠎ᠤᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷ ᠵᠠᠩ ᠯᠢ᠂ ᠨᠡᠷᠡᠨ᠎ᠢ ᠡᠷᠭᠢᠨ ᠦᠵᠡᠵᠦ ᠲᠣᠬᠣᠨᠢᠭᠤᠯᠵᠤ᠂ ᠠᠬᠠᠮᠠᠳ ᠨᠥᠬᠥᠳ᠎ᠦᠨ ᠢᠳᠡᠵᠦ᠍ ᠤᠤᠭᠤᠬᠤ ᠤᠨᠲᠠᠵᠤ ᠠᠮᠠᠷᠠᠬᠤ ᠪᠠ ᠪᠡᠶ᠎ᠡ ᠮᠠᠬᠠᠪᠣᠳ ᠠᠮᠢᠳᠤᠷᠠᠯ᠎ᠤᠨ ᠪᠠᠢᠳᠠᠯ᠎ᠢ ᠨᠠᠷᠢᠨ ᠣᠢᠯᠠᠭᠠᠵᠤ᠂ ᠲᠡᠳᠡᠨ᠎ᠦ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ ᠪᠣᠯᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠳᠤ ᠦᠵᠡᠭᠦᠯᠦᠭ᠌ᠰᠡᠨ ᠬᠤᠪᠢ ᠨᠡᠮᠡᠷᠢ᠎ᠳᠦ ᠲᠠᠯᠠᠷᠬᠠᠬᠤ᠎ᠶ᠋ᠢᠨ ᠬᠠᠮᠲᠤ ᠲᠡᠳᠡᠨ᠎ᠳᠦ ᠳᠣᠲᠣᠨᠣ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠭᠡᠯ ᠳᠡᠪᠱᠢᠭᠦᠯᠪᠡ᠃ ᠲᠡᠷᠡ ᠠᠬᠠᠮᠠᠳ ᠨᠥᠬᠥᠳ᠎ᠢ ᠪᠡᠶ᠎ᠡ᠎ᠪᠡᠨ ᠰᠠᠢᠳᠤᠷ ᠬᠢᠴᠢᠶᠡᠵᠦ᠍᠂ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠬᠠᠯᠠᠮᠵᠢᠯᠠᠵᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ᠎ᠶ᠋ᠢ ᠢᠯᠡᠭᠦᠬᠡᠨ ᠳᠤᠷᠠᠳᠴᠤ᠌᠂ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠤᠶᠤᠨ ᠤᠬᠠᠭᠠᠨ᠎ᠢᠶᠠᠨ ᠡᠷᠭᠦᠬᠦ᠌᠎ᠶ᠋ᠢ ᠬᠦᠰᠡᠪᠡ ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠳ᠋ᠦᠩ ᠱᠢᠤᠢ ᠥᠪᠡᠷᠲᠡᠭᠡᠨ ᠵᠠᠰᠠᠬᠤ ᠣᠷᠣᠨ᠎ᠤ ᠮᠤᠵᠢ᠎ᠶ᠋ᠢᠨ ᠲᠠᠰ᠎ᠤᠨ ᠠᠵᠢᠯ᠎ᠡᠴᠡ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷ ᠸᠠᠩ ᠵᠢᠶᠦ᠋ᠨ᠂ ᠶᠦᠨ ᠵᠣᠣ ᠭᠤᠸᠠᠩ᠂ ᠯᠢᠦ ᠽᠦᠸᠧ ᠬᠣᠶ᠎ᠶ᠋ᠢ ᠡᠷᠭᠢᠨ ᠦᠵᠡᠵᠦ ᠲᠣᠬᠣᠨᠢᠭᠤᠯᠪᠠ᠃ ᠯᠢ ᠳ᠋ᠦᠩ ᠱᠢᠤᠢ ᠠᠬᠠᠮᠠᠳ ᠺᠠᠳ᠋ᠷᠴᠤᠳ᠎ᠤᠨ ᠪᠡᠶ᠎ᠡ ᠮᠠᠬᠠᠪᠣᠳ᠂ ᠠᠮᠢᠳᠤᠷᠠᠯ᠎ᠤᠨ ᠪᠠᠢᠳᠠᠯ᠎ᠢ ᠨᠠᠷᠢᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠲᠤᠬᠠᠢ ᠲᠡᠳᠡᠨ᠎ᠦ ᠰᠠᠨᠠᠯ ᠰᠠᠨᠠᠭᠤᠯᠭ᠎ᠠ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃ ᠲᠡᠷᠡ᠂ ᠠᠬᠠᠮᠠᠳ ᠺᠠᠳ᠋ᠷᠴᠤᠳ᠎ᠤᠨ ᠠᠮᠢᠳᠤᠷᠠᠯ᠎ᠤᠨ ᠥᠩᠭᠡᠷᠡᠯᠲᠡ ᠪᠣᠯᠤᠨ ᠠᠵᠢᠯ᠎ᠤᠨ ᠲᠤᠷᠱᠢᠯᠭ᠎ᠠ ᠪᠠᠶᠠᠯᠢᠭ ᠪᠠᠢᠵᠤ᠂ ᠨᠠᠮ ᠪᠣᠯᠤᠨ ᠤᠯᠤᠰ᠎ᠤᠨ ᠡᠷᠬᠢᠮ ᠨᠠᠨᠳᠢᠨ ᠥᠪ ᠬᠦᠷᠦᠩᠭᠡ ᠮᠥᠨ᠂ ᠬᠤᠪᠢ ᠲᠠᠬᠢᠨ ᠬᠠᠢᠷᠠᠯᠠᠨ ᠬᠠᠯᠠᠮᠵᠢᠯᠠᠬᠤ ᠬᠡᠷᠡᠭ᠌ᠲᠡᠢ᠃ ᠠᠬᠠᠮᠠᠳ ᠺᠠᠳ᠋ᠷᠴᠤᠳ᠎ᠤᠨ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠬᠠᠯᠠᠮᠵᠢᠯᠠᠨ ᠳᠡᠮᠵᠢᠵᠦ᠍᠂ ᠡᠷᠬᠢᠮ ᠨᠠᠨᠳᠢᠨ ᠰᠠᠨᠠᠯ ᠰᠠᠨᠠᠭᠤᠯᠭ᠎ᠠ᠎ᠪᠠᠨ ᠢᠯᠡᠭᠦᠬᠡᠨ ᠳᠤᠷᠠᠳᠭᠤ᠎ᠶ᠋ᠢ ᠬᠦᠰᠡᠵᠦ᠍ ᠪᠠᠢᠨ᠎ᠠ ᠭᠡᠵᠡᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠤᠰᠤᠳ ᠪᠠᠢᠩᠭᠤ᠎ᠶ᠋ᠢᠨ ᠭᠡᠱᠢᠭᠦᠨ ᠵᠡᠷᠭᠡ ᠤᠳᠤᠷᠢᠳᠭᠤ ᠨᠥᠬᠥᠳ ᠣᠯᠠᠨ ᠵᠦᠶ᠋ᠯ᠎ᠦᠨ ᠬᠡᠯᠪᠡᠷᠢ᠎ᠪᠡᠷ ᠠᠵᠢᠯ᠎ᠡᠴᠡ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷ ᠪᠣᠯᠤᠨ ᠪᠡᠯᠪᠡᠰᠦᠨ ᠬᠠᠲᠤᠨ᠎ᠢ ᠲᠣᠬᠣᠨᠢᠭᠤᠯᠵᠤ᠂ ᠲᠡᠳᠡᠨ᠎ᠳᠦ ᠵᠥᠩᠨᠡᠯ ᠪᠠ ᠮᠡᠨᠳᠦᠴᠢᠯᠡᠯ ᠳᠡᠪᠱᠢᠭᠦᠯᠵᠦ᠍ ᠪᠠᠢᠬᠤ᠎ᠪᠠᠨ ᠢᠯᠡᠳᠭᠡᠪᠡ ᠃

ᠠᠬᠠᠮᠠᠳ ᠨᠥᠬᠥᠳ᠂ ᠥᠩᠭᠡᠷᠡᠭ᠌ᠰᠡᠨ ᠨᠢᠭᠡ ᠵᠢᠯ᠎ᠳᠦ᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ ᠪᠦᠲᠦᠮᠵᠢ ᠬᠢᠯᠪᠠᠷ ᠪᠤᠰᠤ᠎ᠪᠠᠷ ᠢᠷᠡᠵᠤ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠭᠰᠠᠨ ᠪᠠᠢᠨ᠎ᠠ᠂ ᠬᠣᠢᠱᠢᠳᠠ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠥᠪᠡᠷᠲᠡᠭᠡᠨ ᠵᠠᠰᠠᠬᠤ ᠣᠷᠣᠨ᠎ᠤ ᠠᠵᠢᠯ᠎ᠢ ᠳᠡᠮᠵᠢᠨ᠎ᠡ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠯᠠᠪᠲᠠᠢ ᠪᠦᠬᠦ᠌ ᠣᠷᠣᠨ᠎ᠤ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠶ᠋ᠢ ᠢᠲᠡᠭᠡᠵᠦ᠍ ᠪᠠᠢᠨ᠎ᠠ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号