ᠦᠪᠦᠷ ᠮᠤᠩᠭᠤᠯ ᠨᠡᠭᠦᠷᠡᠰᠦᠨ ᠤ᠋ ᠪᠤᠰᠤ ᠠᠭᠤᠷᠬᠠᠢ ᠶ᠋ᠢᠨ ᠠᠶᠤᠯᠭᠦᠢ ᠶ᠋ᠢᠨ ᠵᠠᠰᠠᠯᠳᠠ ᠶ᠋ᠢ ᠦᠷᠭᠦᠯᠵᠢᠯᠡᠨ ᠭᠦᠨᠵᠡᠭᠡᠢᠷᠡᠭᠦᠯᠵᠦ ᠪᠤᠢ
2026-02-27 09:36:24
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠰᠤᠷᠪᠤᠯᠵᠢᠯᠠᠭᠴᠢ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠤ᠋ᠨ ᠡᠷᠬᠢᠯᠡᠨ ᠬᠤᠷᠠᠯᠳᠤᠭᠤᠯᠤᠭᠰᠠᠨ ᠪᠦᠬᠦ ᠤᠷᠤᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠬᠦᠷᠢᠶᠠᠨ ᠤ᠋ ᠠᠶᠤᠯᠭᠦᠢ ᠦᠢᠯᠡᠳᠪᠤᠷᠢᠯᠡᠯ ᠤ᠋ᠨ ᠠᠵᠢᠯ ᠤ᠋ᠨ ᠸᠢᠳᠢᠤ᠋ ᠬᠤᠷᠠᠯ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠨᠡᠭᠦᠷᠡᠰᠦᠨ ᠤ᠋ ᠪᠤᠰᠤ ᠠᠭᠤᠷᠬᠠᠢ ᠶ᠋ᠢᠨ ᠠᠶᠤᠯᠭᠦᠢ ᠶ᠋ᠢᠨ ᠵᠠᠰᠠᠯᠳᠠ ᠶ᠋ᠢ ᠦᠷᠭᠦᠯᠵᠢᠯᠡᠨ ᠭᠦᠨᠵᠡᠭᠡᠢᠷᠡᠭᠦᠯᠬᠦ ᠪᠤᠯᠤᠨ᠎ᠠ᠃

ᠬᠤᠷᠠᠯ ᠡᠴᠡ᠂ ᠪᠦᠬᠦ ᠤᠷᠤᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠰᠢᠰᠲ᠋ᠧᠮ ᠵᠤᠬᠢᠴᠠᠭᠤᠯᠬᠤ ᠠᠵᠢᠯ ᠤ᠋ᠨ ᠳᠤᠭᠳᠠᠴᠠ ᠶ᠋ᠢᠨ ᠠᠯᠪᠠᠨ ᠭᠡᠷ ᠤ᠋ᠨ ᠦᠢᠯᠡᠳᠦᠯ ᠎ᠢᠶᠡᠨ ᠭᠦᠢᠴᠡᠳ ᠪᠠᠳᠠᠷᠠᠭᠤᠯᠤᠨ᠂ ᠲᠦᠭᠰᠢᠭᠦᠷᠢ ᠶ᠋ᠢᠨ ᠭᠡᠮ ᠰᠤᠭᠤᠭ ᠢ᠋ ᠪᠠᠢᠴᠠᠭᠠᠨ ᠢᠯᠡᠷᠡᠭᠦᠯᠬᠦ ᠪᠠ ᠡᠬᠢ ᠪᠠᠶᠠᠯᠢᠭ ᠢ᠋ ᠨᠡᠢᠳᠭᠡᠬᠦ ᠶ᠋ᠢ ᠱᠠᠯᠠᠪᠳᠠᠨ ᠠᠬᠢᠭᠤᠯᠵᠤ᠂ ᠨᠡᠭᠦᠷᠡᠰᠦᠨ ᠤ᠋ ᠪᠤᠰᠤ ᠠᠭᠤᠷᠬᠠᠢ ᠶ᠋ᠢᠨ ᠠᠶᠤᠯᠭᠦᠢ ᠦᠢᠯᠡᠳᠪᠤᠷᠢᠯᠡᠯ ᠤ᠋ᠨ ᠬᠠᠮᠢᠶᠠᠷᠤᠯᠳᠠ ᠶ᠋ᠢᠨ ᠲᠦᠪᠰᠢᠨ ᠢ᠋ ᠦᠨᠡᠨ ᠬᠦ᠌ ᠳᠡᠭᠡᠭᠰᠢᠯᠡᠭᠦᠯᠬᠦ ᠬᠡᠷᠡᠭᠳᠠᠢ; ᠬᠠᠶᠠᠭᠳᠠᠮᠠᠯ ᠠᠭᠤᠷᠬᠠᠢ ᠶ᠋ᠢᠨ ᠨᠦᠭᠡ ᠶ᠋ᠢ ᠪᠠᠢᠴᠠᠭᠠᠨ ᠪᠦᠭᠯᠡᠵᠦ ᠴᠡᠭᠴᠡᠯᠡᠨ ᠵᠠᠰᠠᠬᠤ ᠠᠵᠢᠯ ᠢ᠋ ᠱᠠᠯᠠᠪᠳᠠᠨ ᠠᠬᠢᠭᠤᠯᠵᠤ᠂ ᠳᠠᠬᠢᠨ ᠬᠠᠷᠭᠤᠭᠤᠯᠤᠨ ᠪᠠᠢᠴᠠᠭᠠᠬᠤ ᠠᠵᠢᠯ ᠢ᠋ ᠴᠠᠭ ᠲᠤᠬᠠᠢ ᠳ᠋ᠤᠨᠢ ᠵᠤᠬᠢᠶᠠᠨ ᠪᠠᠢᠭᠤᠯᠵᠤ᠂ ᠡᠳᠦᠷ ᠲᠤᠳᠤᠮ ᠤ᠋ᠨ ᠴᠠᠭᠳᠠᠨ ᠪᠠᠢᠴᠠᠭᠠᠯᠳᠠ ᠬᠢᠨᠠᠯᠳᠠ ᠬᠠᠮᠢᠶᠠᠷᠤᠯᠳᠠ ᠶ᠋ᠢ ᠴᠢᠩᠭᠠᠳᠬᠠᠨ᠂ ᠴᠡᠭᠴᠡᠯᠡᠨ ᠵᠠᠰᠠᠭᠰᠠᠨ ᠦᠷ᠎ᠠ ᠪᠦᠲᠦᠮᠵᠢ ᠶ᠋ᠢ ᠤᠯᠠᠮ  ᠪᠡᠬᠢᠵᠢᠭᠦᠯᠬᠦ ᠬᠡᠷᠡᠭᠳᠠᠢ; ᠳᠠᠪᠬᠤᠷᠭ᠎ᠠ ᠬᠡᠳᠦᠷᠡᠭᠦᠯᠦᠨ ᠵᠠᠬ᠎ᠠ ᠳᠠᠪᠠᠭᠤᠯᠤᠨ ᠨᠡᠭᠡᠭᠡᠨ ᠮᠠᠯᠳᠠᠬᠤ ᠬᠡᠷᠡᠭ ᠢ᠋ ᠴᠢᠩᠭ᠎ᠠ ᠪᠠᠢᠴᠠᠭᠠᠨ ᠰᠢᠢᠳᠭᠡᠵᠦ᠂ ᠪᠠᠢᠴᠠᠭᠠᠬᠤ ᠡᠷᠴᠢᠮ᠂ ᠢᠯᠡ ᠨᠡᠢᠳᠡᠯᠡᠬᠦ ᠡᠷᠴᠢᠮ᠂ ᠬᠠᠤᠯᠢ ᠬᠡᠷᠡᠭᠵᠢᠭᠦᠯᠬᠦ ᠡᠷᠴᠢᠮ ᠢ᠋ ᠴᠢᠩᠭᠠᠷᠠᠭᠤᠯᠤᠨ᠂ ᠠᠭᠤᠷᠬᠠᠢ ᠶ᠋ᠢᠨ ᠤᠷᠤᠨ ᠤ᠋ ᠦᠢᠯᠡᠳᠪᠤᠷᠢᠯᠡᠯ ᠤ᠋ᠨ ᠡᠮᠬᠢ ᠲᠢᠭᠯᠢᠮ ᠢ᠋ ᠴᠢᠩᠭ᠎ᠠ ᠬᠠᠮᠢᠶᠠᠷᠤᠨ ᠡᠵᠡᠮᠳᠡᠵᠦ ᠳᠦᠷᠢᠮᠵᠢᠭᠦᠯᠬᠦ ᠬᠡᠷᠡᠭᠳᠠᠢ; ᠭᠠᠵᠠᠷ ᠰᠢᠨᠵᠢᠯᠡᠭᠡᠨ ᠤ᠋ ᠬᠡᠮᠵᠢᠨ ᠵᠢᠷᠦᠬᠤ ᠠᠵᠢᠯ ᠲᠦᠷᠦᠯ ᠤ᠋ᠨ ᠬᠠᠮᠢᠶᠠᠷᠤᠯᠳᠠ ᠶ᠋ᠢ ᠴᠢᠩᠭᠠᠳᠬᠠᠵᠤ᠂ ᠬᠡᠭᠡᠷ᠎ᠠ ᠭᠠᠳᠠᠨᠠᠬᠢ ᠲᠦᠭᠰᠢᠭᠦᠷᠢ ᠶ᠋ᠢᠨ ᠰᠡᠷᠭᠡᠢᠯᠡᠯᠳᠡ᠂ ᠪᠠᠷᠳᠠᠭ᠎ᠠ ᠶᠡᠬᠡᠳᠠᠢ ᠭᠠᠵᠠᠷ ᠤᠷᠤᠨ ᠤ᠋ ᠠᠵᠢᠯ᠂ ᠭᠡᠭᠡᠷ᠎ᠠ ᠭᠠᠳᠠᠨᠠᠬᠢ ᠵᠠᠮ ᠬᠠᠷᠢᠯᠴᠠᠭᠠᠨ ᠤ᠋ ᠪᠠᠷᠢᠯᠭ᠎ᠠ ᠶ᠋ᠢᠨ ᠠᠵᠢᠯ᠂ ᠲᠤᠷᠰᠢᠯᠳᠠ ᠶ᠋ᠢᠨ ᠲᠠᠰᠤᠭ ᠤ᠋ᠨ ᠠᠮᠦᠷ ᠲᠦᠪᠰᠢᠨ ᠵᠡᠷᠭᠡ ᠵᠠᠩᠬᠢᠯᠠᠭ᠎ᠠ ᠶ᠋ᠢᠨ ᠭᠤᠭᠴᠤᠭ᠎ᠠ ᠶ᠋ᠢ ᠨᠢᠭᠳᠠ ᠠᠩᠬᠠᠷᠴᠤ᠂ 《ᠬᠤᠶᠠᠷ ᠢ᠋ ᠰᠤᠭᠤᠴᠢᠵᠤ᠂ ᠨᠢᠭᠡ ᠶ᠋ᠢ ᠢᠯᠡ ᠪᠤᠯᠭᠠᠬᠤ》 ᠬᠢᠨᠠᠯᠳᠠ ᠬᠠᠮᠢᠶᠠᠷᠤᠯᠳᠠ ᠪᠡᠷ ᠭᠠᠷᠳᠠᠴᠠ ᠪᠤᠯᠭᠠᠬᠤ ᠶ᠋ᠢ ᠪᠠᠷᠢᠮᠳᠠᠯᠠᠨ᠂ ᠠᠵᠢᠯ ᠲᠦᠷᠦᠯ ᠤ᠋ᠨ ᠠᠮᠦᠷ ᠲᠦᠪᠰᠢᠨ ᠤ᠋ ᠬᠠᠮᠢᠶᠠᠷᠤᠯᠳᠠ ᠶ᠋ᠢᠨ ᠲᠦᠪᠰᠢᠨ ᠢ᠋ ᠴᠢᠨᠠᠭᠰᠢᠳᠠ ᠳᠡᠭᠡᠭᠰᠢᠯᠡᠭᠦᠯᠬᠦ ᠬᠡᠷᠡᠭᠳᠠᠢ; ᠠᠯᠪᠠᠯᠠᠬᠤ ᠭᠠᠵᠠᠷ ᠤ᠋ᠨ ᠠᠮᠦᠷ ᠲᠦᠪᠰᠢᠨ ᠤ᠋ ᠬᠠᠮᠢᠶᠠᠷᠤᠯᠳᠠ ᠶ᠋ᠢ ᠴᠢᠩᠭᠠᠳᠬᠠᠵᠤ᠂ ᠠᠯᠪᠠᠨ ᠠᠰᠠᠷ᠂ ᠬᠦᠮᠦᠷᠭᠡ᠂ ᠦᠵᠡᠭᠦᠯᠭᠡ ᠶ᠋ᠢᠨ ᠲᠢᠩᠬᠢᠮ᠂ ᠬᠤᠭᠤᠯᠠᠨ ᠭᠡᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠲᠤ᠌ ᠠᠩᠬᠠᠷᠤᠯ ᠶ᠋ᠢᠡᠨ ᠲᠦᠪᠯᠡᠷᠡᠭᠦᠯᠤᠨ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠰᠢᠳᠠᠮᠠᠬᠠᠢ ᠬᠡᠢ ᠬᠡᠷᠡᠭᠯᠡᠬᠦ ᠵᠡᠷᠭᠡ ᠭᠤᠤᠯᠳᠠᠯᠭ᠎ᠠ ᠲᠠᠢ ᠭᠤᠭᠴᠤᠭ᠎ᠠ ᠶ᠋ᠢ ᠨᠢᠭᠳᠠ ᠠᠩᠬᠠᠷᠴᠤ᠂ ᠪᠠᠢᠩᠭᠤᠵᠢᠭᠰᠠᠨ ᠭᠡᠮ ᠰᠤᠭᠤᠭ ᠢ᠋ ᠵᠢᠭᠰᠠᠭᠠᠨ ᠪᠠᠢᠴᠠᠭᠠᠵᠤ ᠰᠢᠢᠳᠪᠤᠷᠢᠯᠡᠬᠦ ᠳᠤᠭᠳᠠᠴᠠ ᠶ᠋ᠢ ᠨᠠᠢᠳᠠᠪᠤᠷᠢᠵᠢᠭᠤᠯᠤᠨ᠂ ᠠᠶᠤᠯᠭᠦᠢ ᠦᠢᠯᠡᠳᠪᠤᠷᠢᠯᠡᠯ ᠤ᠋ᠨ ᠬᠠᠮᠢᠶ᠎ᠠ ᠪᠦᠬᠦᠢ ᠱᠠᠭᠠᠷᠳᠠᠯᠭ᠎ᠠ ᠶ᠋ᠢ ᠠᠵᠢᠯ ᠤ᠋ᠨ ᠪᠠᠢᠷᠢ ᠨᠢᠭᠡᠪᠤᠷᠢ᠂ ᠭᠤᠭᠴᠤᠭ᠎ᠠ ᠪᠤᠯᠭᠠᠨ ᠳ᠋ᠤ ᠦᠨᠡᠨ ᠬᠦ᠌ ᠨᠠᠢᠳᠠᠪᠤᠷᠢᠵᠢᠭᠤᠯᠬᠤ ᠬᠡᠷᠡᠭᠳᠠᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号