ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠢᠳᠡᠭᠡᠨ᠎ᠦ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠬᠠᠪᠠ
2026-02-27 11:21:38
ᠵᠣᠬᠢᠶᠠᠭ᠍ᠴᠢ᠄
ᠵᠤᠤ ᠢ ᠨᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 2 ᠰᠠᠷ᠎ᠠ᠎ᠶ᠋ᠢᠨ 20 ᠎ᠤ᠋ ᠡᠳᠦᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠎ᠡᠴᠡ ᠡᠯ᠎ᠡ ᠭᠠᠵᠠᠷ ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠎ᠤᠨ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠬᠢᠨᠠᠯᠲᠠ ᠬᠠᠮᠢᠶᠠᠷᠤᠯᠲᠠ᠎ᠪᠠᠨ ᠪᠥᠬᠥ᠌ ᠲᠠᠯ᠎ᠠ᠎ᠪᠠᠷ ᠴᠢᠩᠭᠠᠳᠭᠠᠵᠤ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠴᠠᠭᠠᠨ ᠰᠠᠷ᠎ᠠ᠎ᠶ᠋ᠢᠨ ᠢᠳᠡᠭᠡᠨ᠎ᠦ ᠠᠮᠤᠷ ᠲᠦᠪᠱᠢᠨ᠎ᠦ ᠬᠠᠮᠠᠭᠠᠯᠠᠯᠲᠠ᠎ᠶ᠋ᠢᠨ ᠲᠤᠤᠷ᠎ᠢ ᠨᠢᠭ᠍ᠲᠠ ᠰᠦᠯᠵᠢᠵᠦ᠍᠂ ᠠᠷᠠᠳ ᠣᠯᠠᠨ᠎ᠤ 《ᠢᠳᠡᠭᠡᠨ ᠤ᠋ ᠠᠮᠤᠷ ᠲᠦᠪᠰᠢᠨ》 ᠢ᠋ ᠪᠥᠬᠥ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠬᠤ ᠵᠢ ᠪᠠᠢᠷᠢᠯᠠᠭᠤᠯᠪᠠ᠃

ᠡᠯ᠎ᠡ ᠭᠠᠵᠠᠷ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ᠎ᠬᠢᠨ ᠴᠠᠭᠠᠨ ᠰᠠᠷ᠎ᠠ᠎ᠶ᠋ᠢᠨ ᠬᠡᠷᠡᠭ᠌ᠯᠡᠭᠡ᠎ᠶ᠋ᠢᠨ ᠣᠨᠴᠠᠯᠢᠭ᠎ᠲᠠᠶ ᠨᠢᠭ᠍ᠲᠠ ᠤᠶᠠᠯᠳᠤᠭᠤᠯᠵᠤ᠂ ᠲᠣᠮᠣ ᠬᠡᠯᠪᠡᠷᠢ᠎ᠶ᠋ᠢᠨ ᠬᠤᠳᠠᠯᠳᠤᠭ᠎ᠠ ᠳᠡᠯᠭᠡᠭᠦᠷ᠂ ᠲᠠᠷᠢᠶᠠᠯᠠᠩ᠎ᠤᠨ ᠪᠦᠳᠦᠭᠡᠭᠳᠡᠬᠦᠨ ᠤ᠋ ᠪᠥᠭᠡᠮ ᠵᠢᠡᠷ ᠪᠤᠷᠤᠯᠠᠭᠤᠯᠬᠤ(ᠲᠠᠷᠢᠶᠠᠯᠠᠩ ᠎ᠤᠨ ᠪᠦᠳᠦᠬᠡᠭᠳᠡᠬᠦᠨ᠎ᠤ ᠠᠷᠠᠯᠵᠢᠶ᠎ᠠ) ᠵᠠᠬ᠎ᠠ ᠳᠡᠯᠭᠡᠭᠦᠷ᠂ ᠴᠠᠭᠠᠨ ᠰᠠᠷ᠎ᠠ᠎ᠶ᠋ᠢᠨ ᠪᠠᠷᠠᠭᠠᠨ᠎ᠤ ᠴᠤᠭ᠍ᠯᠠᠭ᠎ᠠ ᠮᠠᠢᠮᠠᠶ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠠᠶᠠᠷ᠎ᠤᠨ ᠡᠳᠦᠷ᠎ᠦᠨ ᠪᠣᠷᠣᠯᠠᠭᠤᠯᠭ᠎ᠠ ᠰᠠᠢᠲᠠᠶ ᠢᠳᠡᠬᠡᠨ᠎ᠤ ᠵᠦᠶ᠋ᠯ᠎ᠢ ᠴᠢᠩᠭ᠎ᠠ ᠠᠩᠬᠠᠷᠴᠤ᠌᠂ ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ᠂ ᠢᠳᠡᠭᠡᠨ᠎ᠦ ᠵᠢᠵᠢᠭ ᠦᠶ᠋ᠯᠡᠳᠭᠡᠯ᠂《ᠪᠢᠲᠡᠭᠦᠨ᠎ᠦ ᠬᠣᠭᠣᠯᠠ》 ᠶ᠋ᠢᠨ ᠬᠣᠭᠣᠯᠠ ᠬᠠᠩᠭᠠᠬᠤ ᠨᠢᠭᠡᠴᠢ ᠵᠡᠷᠭᠡ ᠵᠠᠩᠭᠢᠯᠠᠭ᠎ᠠ᠎ᠶ᠋ᠢᠨ ᠭᠤᠤᠯ ᠴᠣᠭ᠍ᠴᠠ᠎ᠶ᠋ᠢ ᠠᠳᠭᠤᠵᠤ᠂ ᠲᠤᠰᠭᠠᠶ ᠪᠠᠢᠴᠠᠭᠠᠯᠲᠠ ᠬᠢᠬᠦ᠌᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠣᠯᠠᠨ ᠵᠦᠶ᠋ᠯ᠎ᠦᠨ ᠠᠷᠭ᠎ᠠ ᠪᠠᠷᠢᠯ᠎ᠢᠶᠠᠷ ᠳᠠᠮᠵᠢᠨ᠂ ᠢᠳᠡᠭᠡᠨ᠎ᠤ ᠵᠦᠢᠯ ᠦᠶ᠋ᠯᠡᠳᠪᠦᠷᠢᠯᠡᠭᠴᠢ ᠡᠵᠡᠩᠨᠡᠭ᠌ᠴᠢ᠎ᠶ᠋ᠢ ᠱᠠᠯᠠᠪᠳᠠᠭᠤᠯᠵᠤ ᠭᠤᠤᠯ ᠴᠣᠭ᠍ᠴᠠ ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠲᠦᠭᠦᠬᠡᠶ ᠮᠠᠲ᠋ᠧᠷᠢᠶᠠᠯ᠎ᠢ ᠵᠠᠬ᠎ᠠ ᠲᠡᠯᠬᠡᠬᠦᠷ ᠲᠤ᠌ ᠤᠷᠤᠭᠤᠯᠬᠤ ᠵᠢ ᠵᠦᠪᠰᠢᠶᠡᠷᠡᠬᠦ᠂ ᠬᠠᠳᠠᠭᠠᠯᠠᠵᠤ ᠲᠡᠭᠡᠭᠡᠪᠦᠷᠢᠯᠡᠬᠦ᠌ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠴᠢᠩᠭ᠎ᠠ ᠡᠵᠡᠮᠳᠡᠵᠦ᠍᠂ ᠬᠢᠷᠢ ᠲᠡᠩᠴᠡᠭᠦ᠌ ᠥᠬᠡᠶ ᠢᠳᠡᠭᠡᠨ ᠵᠠᠬ᠎ᠠ ᠳᠡᠯᠭᠡᠭᠦᠷ ᠲᠤ᠌ ᠤᠷᠤᠬᠤ᠂ ᠬᠤᠭᠤᠯᠠᠨ ᠰᠢᠷᠡᠬᠡᠨ ᠳ᠋ᠤ ᠭᠠᠷᠬᠤ ᠵᠢ ᠴᠢᠨᠭᠭ᠎ᠠ ᠰᠡᠷᠭᠡᠢᠯᠡᠪᠡ᠃ ᠪᠦᠷᠢᠨ ᠪᠤᠰᠤ ᠪᠦᠷᠢᠳᠭᠡᠯ᠎ᠢ ᠦᠨᠳᠦᠰᠦᠯᠡᠪᠡᠯ ᠂ ᠴᠠᠭᠠᠨ ᠰᠠᠷ᠎ᠠ᠎ᠶ᠋ᠢᠨ ᠠᠮᠠᠷᠠᠯᠲᠠ᠎ᠡᠴᠡ ᠭᠤᠷᠪᠠᠨ ᠡᠳᠦᠷ᠎ᠦᠨ ᠡᠮᠦᠨ᠎ᠡ᠂ ᠪᠥᠬᠥ᠌ ᠤᠯᠤᠰ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠢᠳᠡᠭᠡᠨ᠎ᠦ ᠵᠦᠶ᠋ᠯ᠎ᠦᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠨᠡᠢᠲᠡ 50 ᠭᠠᠷᠤᠶ ᠲᠦᠮᠡᠨ ᠤᠳᠠᠭ᠎ᠠ ᠪᠠᠢᠴᠠᠭᠠᠪᠠ᠃

ᠪᠡᠭᠡᠵᠢᠩ ᠬᠣᠲᠠ ᠪᠥᠬᠥ᠌ ᠬᠣᠲᠠ᠎ᠶ᠋ᠢᠨ 30 ᠭᠠᠷᠤᠶ ᠴᠠᠭᠠᠨ ᠰᠠᠷ᠎ᠠ᠎ᠶ᠋ᠢᠨ ᠰᠦᠮ᠎ᠡ᠎ᠶ᠋ᠢᠨ ᠬᠤᠷᠠᠯ᠂ 1000 ᠭᠠᠷᠤᠶ ᠢᠳᠡᠭᠡᠨ᠎ᠦ ᠬᠤᠳᠠᠯᠳᠤᠭ᠎ᠠ ᠎ᠳᠤ ᠴᠢᠭ᠌ᠯᠡᠭᠦᠯᠦᠨ᠂ ᠢᠳᠡᠭᠡᠨ᠎ᠦ ᠮᠠᠲ᠋ᠧᠷᠢᠶᠠᠯ᠎ᠤᠨ ᠶᠠᠰᠦ ᠴᠢᠨᠡᠷ᠎ᠤᠨ ᠬᠢᠷᠢ ᠬᠡᠮ᠎ᠢ ᠡᠬᠢ ᠡᠭᠦᠰᠦᠯ᠎ᠡᠴᠡ ᠨᠢ ᠪᠠᠢᠴᠠᠭᠠᠨ ᠱᠢᠯᠭᠠᠵᠤ᠂ ᠲᠤᠬᠠᠶ᠎ᠶ᠋ᠢᠨ ᠲᠠᠯᠠᠪᠤᠷ᠎ᠲᠤ ᠥᠯᠢᠭᠡᠷ ᠠᠪᠴᠤ᠌ ᠪᠠᠢᠴᠠᠭᠠᠨ ᠬᠡᠮᠵᠢᠬᠦ᠌ ᠠᠵᠢᠯ ᠎ᠢ ᠥᠷᠨᠢᠭᠦᠯᠦᠨ᠂ ᠪᠢᠲᠡᠭᠦᠤ ᠭᠤᠬᠴᠤᠭᠠᠳᠤ ᠬᠠᠮᠢᠶᠠᠷᠤᠯᠲᠠ ᠵᠢ ᠦᠷᠨᠢᠬᠦᠯᠪᠡ᠃ ᠬᠠᠷᠠᠮᠥ᠋ᠷᠡᠨ ᠮᠤᠵᠢ ᠮᠥᠰᠥ᠍ ᠴᠠᠰᠤᠨ᠎ᠤ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠣᠨᠴᠠᠯᠢᠭ᠍ᠲᠤ ᠠᠮᠲᠠᠲᠤ ᠢᠳᠡᠭᠡᠨ᠎ᠦ ᠵᠡᠭᠡᠯᠢ ᠵᠢᠨ ᠲᠣᠭᠣᠷᠢᠭ ᠵᠡᠷᠭᠡ ᠣᠷᠣᠨ ᠪᠦᠰᠡ᠎ᠪᠡᠷ ᠬᠢᠨᠠᠨ ᠬᠠᠮᠢᠶᠠᠷᠬᠤ ᠭᠤᠤᠯᠳᠠᠯᠭ᠎ᠠ ᠪᠣᠯᠭᠠᠵᠤ᠂ ᠪᠥᠬᠥ᠌ ᠶᠠᠪᠤᠴᠠ ᠵᠢᠨ᠂ ᠦᠶ᠋ᠯᠡᠴᠢᠯᠡᠭᠡᠨ᠎ᠦ ᠮᠠᠶᠢᠭ᠎ᠤᠨ ᠬᠢᠨᠠᠯᠲᠠ ᠪᠠᠢᠴᠠᠭᠠᠯᠲᠠ᠎ᠶ᠋ᠢ ᠥᠷᠨᠢᠭᠦᠯᠪᠡ᠃ ᠱᠠᠩᠬᠠᠶ ᠬᠤᠳᠠ ᠵᠢᠨ ᠬᠢᠨ ᠲᠠᠪᠴᠠᠩ᠎ᠤᠨ ᠬᠢᠨᠠᠯᠲᠠ ᠬᠠᠮᠢᠶᠠᠷᠤᠯᠲᠠ ᠬᠢᠭᠡᠳ ᠬᠥᠮᠥᠷᠭᠡᠯᠡᠨ ᠬᠠᠳᠠᠭᠠᠯᠠᠬᠤ ᠭᠣᠭ᠍ᠴᠣᠭ᠎ᠠ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠠᠵᠢᠯ᠎ᠢ ᠴᠢᠩᠭ᠎ᠠ ᠠᠩᠬᠠᠷᠴᠤ᠌᠂ ᠢᠳᠡᠭᠡᠨ ᠎ᠦ ᠵᠦᠶ᠋ᠯ ᠎ᠦᠨ ᠦᠶ᠋ᠯᠡᠳᠪᠦᠷᠢᠯᠡᠯ ᠡᠵᠡᠩᠨᠡᠯᠲᠡ ᠪᠠ ᠢᠳᠡᠭᠡᠨ ᠤᠮᠳᠠᠭᠠᠨ᠎ᠤ ᠦᠶ᠋ᠯᠡᠴᠢᠯᠡᠭᠡᠨ ᠎ᠦ ᠨᠢᠭᠡᠴᠢ᠎ᠶ᠋ᠢ ᠨᠡᠢᠲᠡ 6890 ᠤᠳᠠᠭ᠎ᠠ ᠪᠠᠢᠴᠠᠭᠠᠪᠠ᠃ ᠵᠢᠶᠠᠩᠰᠦ ᠮᠤᠵᠢ᠎ᠶ᠋ᠢᠨ ᠬᠢᠨ ᠪᠠᠶᠠᠷ᠎ᠤᠨ ᠡᠳᠦᠷ᠎ᠦᠨ  ᠢᠳᠡᠭᠡᠨ᠎ᠦ ᠠᠮᠤᠷ ᠲᠦᠪᠱᠢᠨ᠎ᠢ ᠬᠦᠴᠦᠯᠡᠨ ᠪᠠᠲᠤᠯᠠᠵᠤ᠂ ᠨᠡᠢ᠌ᠳᠡ 2.75 ᠲᠦᠮᠡᠨ ᠡᠷᠦᠬᠡ ᠤᠳᠠᠭ᠎ᠠ ᠪᠠᠢᠴᠠᠭᠠᠪᠠ᠃ ᠭᠤᠸᠠᠩᠳᠦ᠋ᠩ᠂ ᠱᠠᠨᠳᠦ᠋ᠩ᠂ ᠾᠧᠨᠠᠨ᠂ ᠬᠤᠪᠸᠢ᠂ ᠶᠦᠨᠨᠠᠨ ᠵᠡᠷᠭᠡ ᠭᠠᠵᠠᠷ᠎ᠤᠨ᠎ᠬᠢᠨ ᠭᠠᠵᠠᠷ ᠣᠷᠣᠨ ᠎ᠤ ᠪᠠᠢᠳᠠᠯ᠎ᠳ᠋ᠤᠨᠢ ᠳᠣᠭᠢᠷᠠᠭᠤᠯᠤᠨ᠂ ᠤᠨᠢᠨ ᠲᠡᠬᠡᠷ᠎ᠡ ᠨᠢ ᠬᠦᠴᠦᠯᠡᠵᠦ᠍ ᠂ ᠢᠳᠡᠭᠡᠨ᠎ᠦ ᠠᠮᠤᠷ ᠲᠦᠪᠱᠢᠨ ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠪᠠ᠃

ᠣᠢᠯᠠᠭᠠᠭ᠍ᠰᠠᠨ᠎ᠢᠶᠠᠷ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠢᠳᠡᠭᠡᠨ᠎ᠦ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠦᠷᠭᠦᠯᠵᠢᠯᠡᠨ ᠪᠡᠬᠢᠵᠢᠭᠦᠯᠵᠦ᠍᠂ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠢᠳᠡᠭᠡᠨ᠎ᠦ ᠬᠡᠷᠡᠭ᠌ᠯᠡᠭᠡᠨ᠎ᠦ ᠰᠠᠢᠨ ᠰᠠᠢᠬᠠᠨ ᠣᠷᠴᠢᠨ ᠨᠥᠬᠥᠴᠡᠯ᠎ᠢ ᠪᠥᠬᠥ᠌ ᠬᠦᠴᠦᠨ᠎ᠢᠶᠡᠷ᠎ᠢᠶᠡᠨ ᠪᠣᠶ ᠪᠣᠯᠭᠠᠵᠤ᠂ ᠠᠷᠠᠳ ᠣᠯᠠᠨ᠎ᠢ ᠰᠠᠨᠠᠭ᠎ᠠ ᠠᠮᠤᠷ ᠬᠤᠳᠠᠯᠳᠤᠨ ᠠᠪᠴᠤ᠌᠂ ᠰᠠᠨᠠᠭ᠎ᠠ ᠠᠮᠤᠷ ᠢᠳᠡᠵᠦ᠍ ᠤᠤᠭᠤᠵᠤ᠂ ᠠᠮᠤᠷ ᠲᠦᠪᠱᠢᠨ ᠥᠯᠵᠡᠶ ᠪᠡᠯᠭᠡ᠎ᠲᠡᠶ ᠪᠡᠷ ᠴᠠᠭᠠᠨ ᠰᠠᠷ᠎ᠠ᠎ᠪᠠᠨ ᠥᠩᠭᠡᠷᠡᠭᠦᠯᠬᠦ᠌ ᠵᠢ ᠪᠠᠳᠤᠯᠠᠵᠤ ᠪᠤᠢ᠃    

   

ᠰᠢᠨᠬᠤᠸᠠ ᠬᠤᠷᠢᠶ᠎ᠠ ᠵᠢᠨ  ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号