ᠦᠪᠤᠷ ᠮᠤᠨᠭᠭᠤᠯ ᠭᠤᠷᠪᠡᠨ ᠲᠠᠯ᠎ᠠ ᠪᠡᠷ ᠬᠦᠴᠦᠯᠡᠵᠤ ᠮᠠᠨ ᠤ᠋ ᠤᠯᠤᠰ ᠤ᠋ᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠡᠬᠢᠯᠡᠯᠳᠡ ᠢ᠋ᠢ ᠪᠦᠬᠦ ᠬᠦᠴᠦᠨ ᠢ᠋ᠢᠡᠷ ᠢ᠋ᠢᠡᠨ ᠴᠤᠭᠴᠠᠯᠠᠨ᠎ᠠ
2026-02-27 17:38:04
ᠵᠣᠬᠢᠶᠠᠭ᠍ᠴᠢ᠄
​ᠰᠠᠷᠭᠠᠢ
ᠣᠩᠱᠢᠭ᠍ᠰᠠᠨ ᠣᠳᠠᠭ᠎ᠠ᠄
★★★☆☆

ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠬᠤᠳᠠᠯᠳᠤᠭᠠᠨ ᠤ᠋ ᠶᠠᠪᠤᠳᠡᠯ ᠤ᠋ᠨ ᠲᠢᠨᠭᠬᠢᠮ ᠨᠢ ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠡ ᠢ᠋ᠢᠨ 《1571》 ᠠᠵᠢᠯ ᠤ᠋ᠨ ᠪᠠᠢᠷᠢᠯᠠᠭᠤᠯᠤᠯᠳᠡ ᠳ᠋ᠤ᠌ ᠲᠤᠷᠠᠳᠤᠭᠰᠠᠨ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠴᠤᠭᠴᠠᠯᠠᠬᠤ》ᠠᠵᠢᠯ ᠢ᠋ ᠨᠠᠢᠳᠠᠪᠤᠷᠢᠵᠢᠭᠤᠯᠬᠤ ᠳ᠋ᠤ᠌᠂ ᠬᠤᠢᠰᠢᠳᠡ ᠨᠡᠬᠡᠬᠡᠯᠳᠡ ᠢ᠋ᠢᠨ ᠲᠠᠪᠴᠠᠨᠭ᠌ ᠢ᠋ ᠬᠦᠴᠦᠷᠬᠡᠭᠵᠢᠬᠦᠯᠬᠦ᠂ ᠨᠡᠬᠡᠬᠡᠯᠳᠡᠳᠤ ᠵᠠᠮ ᠢ᠋ ᠰᠢᠯᠤᠭᠤᠳᠬᠠᠬᠤ᠂ ᠨᠡᠬᠡᠬᠡᠯᠳᠡᠳᠤ ᠬᠡᠯᠪᠡᠷᠢ ᠢ᠋ᠢᠨ ᠠᠵᠤ ᠠᠬᠤᠢ ᠢ᠋ᠢ ᠬᠦᠭᠵᠢᠬᠦᠯᠬᠦ ᠭᠤᠷᠪᠡᠨ ᠲᠠᠯ᠎ᠡ ᠪᠡᠷ ᠬᠦᠴᠦᠯᠡᠵᠤ᠂ ᠭᠠᠳᠠᠭᠠᠳᠤ ᠨᠡᠭᠡᠭᠡᠯᠲᠡ᠎ᠶ᠋ᠢᠨ ᠴᠢᠳᠠᠪᠤᠷᠢ ᠢ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠪᠣᠯᠤᠨ᠎ᠠ᠃

ᠨᠡᠭᠡᠭᠡᠯᠲᠡ᠎ᠶ᠋ᠢᠨ ᠲᠠᠪᠴᠠᠩ᠎ᠢ ᠬᠦᠴᠦᠷᠬᠡᠭ᠌ᠵᠢᠭᠦᠯᠬᠦ᠌ ᠲᠠᠯ᠎ᠠ᠎ᠪᠠᠷ ᠥᠪᠥᠷ ᠮᠣᠩᠭᠣᠯ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠶ᠋ᠢ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠲᠦᠷᠢᠮ᠎ᠲᠡᠶ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ 《ᠥᠪᠥᠷ ᠮᠣᠩᠭᠣᠯ᠎ᠤᠨ ᠲᠤᠷᠱᠢᠯᠭ᠎ᠠ》 ᠎ᠶ᠋ᠢ ᠲᠦᠷᠭᠡᠳᠭᠡᠨ ᠪᠦᠷᠢᠯᠳᠦᠭᠦᠯᠤᠨ᠎ᠡ᠃ ᠡᠭᠦᠨ᠎ᠦ ᠬᠠᠮᠲᠤ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠲᠤᠭᠤᠷᠢᠭ ᠤ᠋ᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ ᠬᠢᠭᠡᠳ ᠰᠠᠭᠤᠷᠢ ᠲᠦᠬᠦᠬᠡᠷᠤᠮᠵᠢ᠎ᠶ᠋ᠢ ᠲᠡᠭᠦᠯᠳᠡᠷᠵᠢᠭᠦᠯᠵᠦ᠍᠂ ᠣᠯᠠᠨ ᠤᠯᠤᠰ᠎ᠤᠨ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃ ᠮᠠᠨᠳᠤᠯ᠂ ᠭᠠᠭ᠍ᠴᠠᠮᠣᠳᠣ ᠬᠢᠯᠢ ᠢ᠋ᠢᠨ ᠪᠣᠭᠣᠮᠲᠠ᠎ᠶ᠋ᠢᠨ ᠬᠠᠷᠢᠯᠴᠠᠨ ᠠᠷᠠᠯᠵᠢᠶ᠎ᠡ ᠮᠠᠢᠮᠠᠢ ᠬᠢᠬᠦ ᠠᠷᠠᠯᠵᠢᠶᠡᠨ ᠤ᠋ ᠲᠣᠭᠣᠷᠢᠭ ᠢ᠋ ᠵᠢᠯ᠎ᠦᠨ ᠰᠡᠭᠦᠯᠴᠢ᠎ᠡᠴᠡ ᠡᠮᠦᠨ᠎ᠡ ᠠᠵᠢᠯᠯᠠᠭᠤᠯᠬᠤ᠎ᠶ᠋ᠢ ᠠᠬᠢᠭᠤᠯᠤᠨ᠎ᠡ᠃ ᠬᠥᠬᠡᠬᠣᠲᠠ᠂ ᠣᠷᠳᠣᠰ᠂ ᠮᠠᠨᠵᠤᠤᠷ ᠤ᠋ᠨ ᠶᠡᠷᠦᠩᠬᠡᠢᠯᠡᠭ᠌ᠰᠡᠨ ᠭᠠᠢᠯᠢ ᠪᠠᠳᠤᠯᠠᠬᠤ ᠲᠤᠭᠤᠷᠢᠭ ᠤ᠋ᠨ ᠭᠠᠢᠯᠢ ᠪᠠᠳᠤᠯᠠᠵᠤ ᠪᠤᠯᠪᠠᠰᠤᠷᠠᠭᠤᠯᠬᠤ ᠠᠵᠤ ᠤᠢᠯᠡᠰ ᠤ᠋ᠨ ᠦᠢᠯᠡᠳᠬᠦᠨ᠎ᠦ ᠥᠷᠲᠡᠭ᠎ᠢ 122 ᠳ᠋ᠦᠩᠱᠢᠭᠤᠷ ᠲᠥᠭᠥᠷᠢᠭ᠎ᠡᠴᠡ ᠳᠠᠪᠠᠭᠤᠯᠬᠤ᠎ᠪᠠᠷ ᠴᠢᠷᠮᠠᠢᠨ᠎ᠠ᠃ ᠡᠭᠦᠨ᠎ᠦ ᠬᠠᠮᠲᠤ ᠤᠯᠤᠰ᠎ᠤᠨ ᠲᠠᠰ᠎ᠤᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠣᠷᠣᠨ ᠳ᠋ᠤ᠌ 《ᠨᠢᠭᠡ ᠣᠷᠣᠨ ᠪᠦᠰᠡ ᠳ᠋ᠤ᠌ ᠨᠢᠭᠡ ᠠᠷᠭ᠎ᠠ ᠪᠣᠳᠣᠯᠭ᠎ᠠ》 ᠬᠡᠷᠡᠭᠵᠢᠬᠦᠯᠬᠦ ᠪᠡᠷ ᠲᠡᠮᠵᠢᠨ ᠶᠠᠰᠤ ᠴᠢᠨᠠᠷ᠎ᠢ ᠴᠢᠨᠭᠭᠠᠳᠬᠠᠨ ᠦᠷ᠎ᠡ ᠪᠦᠳᠦᠮᠵᠢ ᠢ᠋ᠢ ᠲᠡᠭᠡᠭᠰᠢᠯᠡᠬᠦᠯᠦᠨ᠎ᠡ᠃

ᠨᠡᠭᠡᠭᠡᠯᠲᠡᠲᠦ ᠵᠠᠮ᠎ᠢ ᠨᠡᠪᠲᠡᠷᠡᠭᠦᠯᠬᠦ᠌ ᠲᠠᠯ᠎ᠠ᠎ᠪᠠᠷ᠂ ᠥᠪᠥᠷ ᠮᠣᠩᠭᠣᠯ ᠭᠤᠤᠯᠳᠠᠯᠭ᠎ᠠ᠎ᠲᠠᠶ ᠬᠢᠯᠢ ᠢ᠋ᠢᠨ ᠪᠣᠭᠣᠮᠲᠠ᠎ᠶ᠋ᠢᠨ ᠬᠥᠭ᠌ᠵᠢᠯᠲᠡ᠎ᠶ᠋ᠢᠨ ᠭᠤᠷᠪᠠᠨ ᠵᠢᠯ᠎ᠦᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠮᠠᠨᠵᠤᠤᠷ᠂ ᠡᠷᠢᠶᠡᠨ ᠬᠣᠲᠠ ᠵᠡᠷᠭᠡ ᠭᠤᠤᠯᠳᠠᠯᠭ᠎ᠠ᠎ᠲᠠᠶ ᠬᠢᠯᠢ ᠢ᠋ᠢᠨ ᠪᠣᠭᠣᠮᠲᠠ᠎ᠶ᠋ᠢᠨ 《 ᠲᠠᠪᠤᠨ ᠴᠢᠳᠠᠪᠤᠷᠢ》᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠠᠬᠢᠭᠤᠯᠵᠤ᠂ 30 ᠰᠠᠭᠤᠷᠢ ᠲᠦᠬᠦᠬᠡᠷᠤᠮᠵᠢ᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠬᠡᠳᠬᠡᠨ᠎ᠡ᠃ ᠤᠶᠤᠨᠲᠤ ᠬᠢᠯᠢ᠎ᠶ᠋ᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂  ᠬᠢᠯᠢ᠎ᠶ᠋ᠢᠨ ᠪᠣᠭᠣᠮᠲᠠ᠎ᠶ᠋ᠢᠨ ᠲᠣᠭᠠᠴᠢᠯᠠᠯᠲᠠ᠂ ᠤᠶᠤᠨᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠪᠣᠭᠣᠮᠲᠠ᠎ᠪᠠᠷ ᠥᠩᠭᠡᠷᠡᠬᠦ᠌ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠬᠢᠯᠢ ᠠᠯᠤᠰᠯᠠᠭ᠍ᠰᠠᠨ ᠠᠷᠠᠯᠵᠢᠶᠠᠨ᠎ᠤ ᠳᠥᠭᠥᠮᠴᠢᠯᠡᠯᠲᠡ᠎ᠶ᠋ᠢᠨ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠤ᠂ ᠬᠢᠯᠢ ᠢ᠋ᠢᠨ ᠪᠤᠭᠤᠮᠳᠠ ᠢ᠋ᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠦᠷᠬᠦᠯᠵᠢᠯᠡᠨ ᠰᠢᠯᠢᠳᠡᠭᠵᠢᠬᠦᠯᠦᠨ᠎ᠡ᠃

ᠨᠡᠭᠡᠭᠡᠯᠲᠡᠲᠦ ᠬᠡᠯᠪᠡᠷᠢ ᠢ᠋ᠢᠨ ᠠᠵᠤ ᠠᠬᠤᠶ᠎ᠶ᠋ᠢ ᠬᠥᠭ᠌ᠵᠢᠭᠦᠯᠬᠦ᠌ ᠲᠠᠯ᠎ᠠ᠎ᠪᠠᠷ᠂ ᠥᠪᠥᠷ ᠮᠣᠩᠭᠣᠯ ᠭᠠᠳᠠᠭᠠᠳᠤ ᠠᠷᠠᠯᠵᠢᠶᠠᠨ᠎ᠤ ᠬᠡᠮᠵᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠱᠢᠨ᠎ᠡ ᠡᠨᠧᠷᠭᠢ ᠲᠣᠨᠣᠭ᠍ᠯᠠᠯ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠵᠡᠷᠭᠡ ᠳᠠᠪᠠᠭᠤᠯᠢᠭ ᠠᠵᠤ ᠦᠶ᠋ᠯᠡᠰ᠎ᠦᠨ ᠥᠷᠲᠡᠭ᠎ᠦᠨ ᠬᠡᠯᠬᠢᠶ᠎ᠡ᠎ᠶ᠋ᠢᠨ ᠳᠡᠭᠡᠳᠦ ᠲᠡᠰ ᠲᠡᠢᠰᠢ ᠲᠡᠪᠰᠢᠬᠦ ᠢ᠋ᠢ ᠲᠡᠮᠵᠢᠬᠦ ᠢ᠋ᠢᠨ ᠬᠠᠮᠳᠤ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ ᠬᠢᠭᠡᠳ ᠬᠢᠯᠢ᠎ᠶ᠋ᠢᠨ ᠠᠷᠠᠳ᠎ᠤᠨ ᠬᠠᠷᠢᠯᠴᠠᠨ ᠠᠷᠠᠯᠵᠢᠶ᠎ᠡ ᠮᠠᠢᠮᠠᠢ ᠬᠢᠬᠦ ᠠᠷᠠᠯᠵᠢᠶ᠎ᠠ᠎ᠶ᠋ᠢ ᠬᠦᠭᠵᠢᠬᠦᠯᠦᠨ᠎ᠡ᠃ ᠭᠠᠳᠠᠭᠠᠳᠤ᠎ᠠᠴᠠ ᠣᠷᠣᠭᠤᠯᠤᠭ᠍ᠰᠠᠨ ᠡᠬᠢ ᠪᠠᠶᠠᠯᠢᠭ᠎ᠢ ᠰᠠᠭᠤᠷᠢᠱᠢᠭᠤᠯᠤᠨ ᠡᠳ᠋ᠱᠢᠭᠦᠯᠬᠦ᠌᠎ᠶ᠋ᠢ ᠬᠦᠴᠦᠷᠬᠡᠭ᠌ᠵᠢᠭᠦᠯᠵᠦ᠍᠂ ᠵᠢᠯ᠎ᠳᠦ ᠰᠠᠭᠤᠷᠢᠱᠢᠭᠤᠯᠤᠨ ᠡᠳ᠋ᠱᠢᠭᠦᠯᠬᠦ᠌᠎ᠬᠡᠮᠵᠢᠶ᠎ᠡ ᠢ᠋ᠢ 300 ᠲᠦᠮᠡᠨ ᠲᠣᠨ᠎ᠠᠴᠠ ᠳᠡᠭᠡᠭ᠌ᠰᠢ ᠱᠢᠨ᠎ᠡ᠎ᠪᠡᠷ ᠨᠡᠮᠡᠭ᠌ᠳᠡᠭᠦᠯᠵᠦ᠍᠂ ᠡᠳ᠋ᠱᠢᠭᠦᠯᠬᠦ᠌ ᠨᠣᠷᠮ᠎ᠠ᠎ᠢ᠋ᠢ 50 % ᠎ᠡᠴᠡ ᠲᠠᠪᠠᠭᠤᠯᠬᠤ ᠢ᠋ᠢ ᠪᠠᠲᠤᠯᠠᠨ᠎ᠠ᠃ ᠭᠠᠳᠠᠭᠠᠳᠤ ᠪᠡᠯᠡ᠎ᠶ᠋ᠢᠨ ᠠᠷᠠᠯᠵᠢᠶᠠᠴᠢᠨ ᠤᠷᠢᠬᠤ᠎ᠶ᠋ᠢ ᠣᠨᠣᠪᠴᠢᠲᠠᠢ ᠥᠷᠨᠢᠭᠦᠯᠬᠦ ᠢ᠋ᠢᠨ ᠵᠡᠷᠬᠡ 《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠦᠲᠦᠭᠡᠨ ᠪᠠᠢᠭᠤᠯᠬᠤ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号