ᠦᠪᠦᠷ ᠮᠤᠩᠭᠤᠯ ᠪᠠᠭᠠᠴᠤᠳ ᠬᠡᠦᠬᠡᠳ ᠤ᠋ᠨ ᠪᠤᠰᠤᠭ᠎ᠠ ᠴᠤᠬᠴᠠᠳᠦ ᠬᠠᠮᠠᠭᠠᠯᠠᠯᠳᠠ ᠵᠢᠨ ᠲᠤᠤᠷ ᠎ᠢ ᠨᠢᠬᠳᠠ ᠰᠦᠯᠵᠢᠨ᠎ᠡ
2026-02-27 16:28:49
ᠵᠣᠬᠢᠶᠠᠭ᠍ᠴᠢ᠄
​ ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠦᠨᠡᠨ ᠪᠣᠳᠠᠲᠠᠢ ᠬᠡᠷᠡᠭ᠎ᠡᠴᠡ ᠬᠠᠪᠰᠤᠷᠤᠨ ᠲᠡᠳᠬᠦᠬᠦ᠌ ᠶᠠᠪᠤᠳᠠᠯ ᠬᠦᠷᠳᠡᠯ᠎ᠡ᠂ ᠲᠠᠬᠢᠭᠠᠳ ᠠᠮᠢᠳᠤᠯᠢᠭ ᠪᠣᠳᠠᠲᠠᠢ ᠬᠠᠤᠯᠢ ᠪᠡᠷ ᠵᠠᠰᠠᠬᠤ ᠬᠢᠴᠢᠶᠡᠯ ᠬᠦᠷᠲᠡᠯ᠎ᠡ᠂ ᠶᠡᠷᠦᠩᠬᠡᠢᠯᠡᠭ᠌ᠰᠡᠨ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠶ᠋ᠢᠨ ᠣᠢᠯᠠᠭᠠᠭ᠍ᠳᠠᠬᠤᠨ᠎ᠡᠴᠨ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠠᠵᠢᠯ᠎ᠤᠨ ᠲᠦᠷᠦᠯ ᠲᠡᠮᠳᠡᠭ ᠬᠦᠷᠳᠡᠯ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ  ᠪᠠᠢᠴᠠᠭᠠᠬᠤ ᠪᠠᠢᠭᠤᠯᠭ᠎ᠠ ᠪᠣᠳᠠᠲᠦ ᠦᠢᠯᠡᠳᠦᠯᠭᠡ᠎ᠪᠡᠷ᠎ᠢᠶᠡᠨ ᠪᠠᠭᠠᠴᠤᠳ ᠬᠡᠦᠬᠡᠳ᠎ᠤᠨ ᠢᠳᠡᠷᠡᠭᠦᠨ ᠦᠰᠦᠨ ᠪᠤᠢᠵᠢᠯᠳᠠ ᠵᠢ ᠬᠠᠮᠠᠭᠠᠯᠠᠨ᠎ᠠ᠃


QQ20260227-162725.png


《ᠨᠢᠭᠡᠳᠦᠯᠲᠡᠶ ᠲᠦᠷᠦᠯ ᠲᠡᠮᠳᠡᠭ》᠎ᠡᠴᠡ 《ᠣᠨᠴᠠᠯᠢᠭ᠍ᠲᠤ ᠵᠢᠭ᠍ᠰᠠᠭᠠᠯ》 ᠬᠦᠷᠲᠡᠯᠡᠬᠢ ᠨᠢᠭᠡ ᠴᠣᠭ᠍ᠴᠠᠵᠢᠭᠤᠯᠤᠬᠰᠠᠨ ᠬᠠᠮᠠᠭᠠᠯᠠᠯᠳᠠ

ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ 《ᠪᠠᠢᠴᠠᠭᠠᠬᠤ ᠠᠵᠢᠯ ᠵᠢᠡᠷ ᠥᠪᠥᠷ ᠮᠣᠩᠭᠣᠯ ᠤ᠋ᠨ ᠪᠠᠭᠠᠴᠤᠳ ᠬᠡᠦᠬᠡᠳ ᠎ᠢ ᠬᠠᠮᠠᠭᠠᠯᠠᠬᠤ》 ᠵᠢ ᠠᠬᠢᠭᠤᠯᠵᠦ᠂ ᠣᠷᠣᠨ ᠨᠤᠲᠤᠭ᠎ᠤᠨ ᠣᠨᠴᠠᠯᠢᠭ᠎ᠲᠤ ᠰᠠᠭᠤᠷᠢᠯᠠᠨ᠂ ᠲᠦᠷᠦᠯ ᠲᠡᠮᠳᠡᠭ᠎ᠢ ᠡᠭᠦᠳᠴᠦ᠂ ᠣᠢᠯᠠᠭᠠᠭ᠍ᠳᠠᠬᠤᠨ᠎ᠨᠢ ᠨᠢᠭᠡᠳᠦᠯᠲᠡᠶ᠂ ᠵᠢᠭ᠍ᠰᠠᠭᠠᠯ᠎ᠨᠢ ᠬᠣᠯᠪᠣᠭᠠᠯᠠᠨ ᠬᠥᠳᠡᠯᠦᠯᠴᠡᠭ᠌ᠰᠡᠨ ᠨᠠᠰᠤᠨ᠎ᠳᠤ ᠥᠯᠥ᠍ ᠬᠦᠷᠦᠭ᠌ᠰᠡᠳ᠎ᠦᠨ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠶ᠋ᠢᠨ ᠱᠢᠰᠲ᠋ᠧᠮ᠎ᠢ  ᠪᠠᠢᠭᠤᠯᠪᠠ᠃

ᠣᠷᠳᠣᠰ ᠬᠤᠳᠠ᠎ᠵᠢᠨ 《ᠨᠠᠬᠢᠶ᠎ᠠ᠎ᠶ᠋ᠢ ᠬᠠᠮᠠᠭᠠᠯᠠᠬᠤ 》 ᠬᠡᠰᠡᠨ ᠪᠦᠯᠬᠦᠮ ᠤ᠋ᠨ ᠨᠡᠷ᠎ᠡ ᠳ᠋ᠸ᠋  ᠬᠦᠰᠡᠯ ᠡᠷᠡᠮᠡᠯᠵᠡᠯ᠎ᠢᠶᠡᠷ ᠪᠢᠯᠬᠠᠨ᠎ᠠ; ᠤᠯᠠᠭᠠᠨᠬᠠᠳᠠ ᠬᠣᠲᠠ᠎ᠶ᠋ᠢᠨ ᠯᠢᠨᠰᠢ ᠱᠢᠶᠠᠨ᠎ᠳᠤ ᠂ 《 ᠳ᠋ᠠᠨ ᠳ᠋ᠠᠨ᠎ᠤ ᠠᠵᠢᠯᠯᠠᠬᠤ ᠥᠷᠥᠭᠡ 》 ᠨᠢ 《 ᠰᠠᠷᠠᠨ᠎ᠠ ᠴᠡᠴᠡᠭ ᠪᠠᠳᠠᠷᠠᠨ ᠳᠡᠯᠭᠡᠷᠡᠭ᠌ᠰᠡᠨ 》 ᠪᠦᠯᠬᠦᠮᠳᠡᠯ᠎ᠦᠨ ᠬᠠᠭᠤᠳᠠᠰᠤ᠎ᠶ᠋ᠢ ᠵᠢᠷᠤᠬᠯᠠᠨ᠎ᠠ; ᠬᠥᠬᠡᠬᠣᠲᠠ᠎ᠶ᠋ᠢᠨ 《ᠵᠤᠯᠠ》 ᠵᠢᠨ  ᠬᠠᠯᠠᠭᠤᠨ ᠢᠯᠴᠢ᠂ ᠬᠣᠷᠴᠢᠨ᠎ᠤ ᠲᠠᠯ᠎ᠠ ᠨᠤᠲᠤᠭ ᠲᠡᠭᠡᠷ᠎ᠡ ᠨᠠᠬᠢᠶᠠᠯᠠᠬᠰᠠᠨ 《 ᠳᠤᠯᠠᠭᠠᠨ》᠂ ᠡᠯᠡᠰᠦᠨ ᠴᠥᠯ ᠭᠣᠪᠢ᠎ᠶ᠋ᠢᠨ ᠭᠦᠨ᠎ᠳᠦ ᠦᠨᠳᠦᠰᠦ ᠬᠠᠳᠭᠤᠭ᠍ᠰᠠᠨ 《ᠬᠠᠢᠷ᠎ᠠ》 ᠵᠡᠷᠭᠡ ᠣᠷᠣᠨ ᠨᠤᠲᠤᠭ᠎ᠤᠨ ᠤᠨᠴᠠᠯᠢᠭ᠎ᠢ ᠬᠠᠷᠠᠭᠤᠯᠤᠬᠰᠠᠨ ᠲᠦᠷᠦᠯ ᠳᠡᠮᠳᠡᠭ ᠨᠢ ᠥᠪᠥᠷ ᠮᠣᠩᠭᠣᠯ᠎ᠤᠨ 《ᠪᠠᠢᠴᠠᠭᠠᠬᠤ ᠠᠵᠢᠯ ᠵᠢᠡᠷ ᠥᠪᠥᠷ ᠮᠣᠩᠭᠣᠯ ᠤ᠋ᠨ ᠪᠠᠭᠠᠴᠤᠳ ᠬᠡᠦᠬᠡᠳ ᠎ᠢ ᠬᠠᠮᠠᠭᠠᠯᠠᠬᠤ 》 ᠲᠦᠷᠦᠯ ᠲᠡᠮᠳᠡᠭ᠎ᠦᠨ ᠵᠢᠭ᠍ᠰᠠᠭᠠᠯ ᠎ᠢ᠋ ᠬᠠᠮᠲᠤ᠎ᠪᠠᠷ ᠪᠦᠷᠢᠯᠳᠦᠭᠦᠯᠦᠭ᠌ᠰᠡᠨ ᠪᠠᠢᠨ᠎ᠠ᠃ ᠲᠡᠳᠡᠨ᠎ᠦ ᠥᠯᠢᠭᠡᠷ ᠨᠢ ᠲᠣᠰ ᠲᠣᠰ ᠠᠳᠠᠯᠢ ᠥᠬᠡᠶ ᠪᠠᠢᠵᠤ᠂ ᠵᠠᠷᠢᠮ ᠨᠢ ᠨᠢᠭᠡ ᠤᠳᠠᠭᠠᠨ᠎ᠤ ᠱᠢᠳᠤᠷᠭᠤ ᠶᠣᠰᠣᠨ᠎ᠤ ᠬᠠᠮᠠᠭᠠᠯᠠᠯᠲᠠ᠎ᠳᠤ ᠬᠣᠯᠪᠣᠭ᠍ᠳᠠᠵᠤ᠂ ᠵᠠᠷᠢᠮ ᠨᠢ ᠨᠢᠭᠡ ᠤᠳᠠᠭᠠᠨ᠎ᠤ ᠣᠷᠳᠣ ᠤᠳᠠᠭᠠᠨ ᠬᠠᠢᠷ᠎ᠠ ᠬᠠᠯᠠᠮᠵᠢ ᠵᠢ ᠳᠠᠮᠵᠢᠭᠤᠯᠬᠤ ᠳᠠᠢ ᠬᠣᠯᠪᠣᠭ᠍ᠳᠠᠵᠤ᠂ ᠵᠠᠷᠢᠮ ᠨᠢ ᠨᠢᠭᠡ ᠵᠦᠶ᠋ᠯ᠎ᠦᠨ ᠲᠦᠷᠢᠮ᠎ᠦᠨ ᠡᠬᠢ ᠡᠭᠦᠰᠦᠯ᠎ᠦᠨ ᠱᠢᠨᠡᠴᠢᠯᠡᠯᠲᠡ᠎ᠳᠦ ᠬᠣᠯᠪᠣᠭ᠍ᠳᠠᠵᠤ ᠪᠠᠢᠳᠠᠭ᠃

《ᠲᠦᠷᠦᠭᠦᠴᠢ ᠭᠠᠯᠠᠭᠤ ᠵᠠᠮᠴᠢᠯᠠᠬᠤ》 ᠡᠴᠡ 《ᠰᠦᠷᠦᠭ ᠭᠠᠯᠠᠭᠤ ᠵᠡᠷᠭᠡ ᠪᠡᠷ ᠨᠢᠰᠭᠦ》 ᠪᠤᠯᠳᠠᠯᠠᠬᠢ ᠪᠦᠯᠬᠦᠮ ᠨᠡᠢᠳᠡ ᠵᠢᠨ ᠨᠢᠬᠳᠠᠷᠠᠯ᠎ᠤᠨ ᠬᠦᠴᠦᠨ

《ᠬᠠᠤᠯᠢ᠎ᠪᠠᠷ ᠵᠠᠰᠠᠬᠤ ᠰᠤᠷᠭᠠᠭᠤᠯᠢ᠎ᠶ᠋ᠢᠨ ᠳᠡᠳ᠋ ᠵᠠᠬᠢᠷᠤᠯ》᠎ᠤ᠋ᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶᠠᠨ᠎ᠤ ᠨᠢᠭᠡ ᠤᠳᠠᠭᠠᠨ᠎ᠤ ᠬᠠᠢᠷ᠎ᠠ ᠬᠠᠯᠠᠮᠵᠢᠯᠠᠯ᠎ᠤᠨ ᠰᠦᠪᠡᠭ᠌ᠴᠢᠯᠡᠯ ᠪᠠᠢᠵᠦ᠂ ᠤᠳᠤ ᠨᠢᠬᠡᠨᠳᠡ ᠨᠢᠭᠡᠨ ᠡᠩᠨᠡᠭᠡ ᠪᠣᠯᠵᠤ ᠪᠦᠷᠢᠯᠳᠦᠨ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠷᠭ᠎ᠠ ᠮᠠᠶᠢᠭ ᠨᠢ 《ᠭᠠᠭ᠍ᠴᠠᠭᠠᠷ᠎ᠢᠶᠠᠨ ᠪᠠᠢᠯᠳᠤᠬᠤ》 ᠡᠴᠡ 《3 + N ᠪᠦᠯᠬᠦᠮ ᠨᠡᠢᠲᠡ᠎ᠶ᠋ᠢᠨ ᠪᠠᠢᠯᠳᠤᠭᠠᠨ》 ᠪᠤᠯᠤᠨ ᠬᠤᠪᠢᠷᠠᠵᠦ᠂ ᠬᠠᠤᠯᠢ᠎ᠪᠠᠷ ᠵᠠᠰᠠᠬᠤ ᠦᠷ᠎ᠡ᠎ᠶ᠋ᠢ ᠪᠦᠯᠬᠦᠮ᠎ᠨᠡᠢᠳᠡ ᠵᠢᠨ  ᠴᠢᠷᠮᠠᠢᠯᠭ᠎ᠠ ᠳᠤᠤᠷ᠎ᠠ ᠨᠠᠩ ᠣᠯᠠᠨ ᠬᠡᠦᠬᠡᠳ᠎ᠦᠨ ᠰᠡᠳᠭᠢᠯ᠎ᠳᠦ ᠦᠨᠳᠦᠰᠦᠯᠡᠭᠦᠯᠪᠡ᠃

《 ᠪᠤᠰᠤᠳ ᠲᠦ᠍  ᠵᠢᠷᠬᠢᠶ᠎ᠡ ᠵᠢᠨ  ᠵᠣᠭᠣᠰ ᠬᠤᠷᠢᠶᠠᠬᠤ ᠨᠣᠮᠧᠷ᠎ᠢ ᠵᠢᠬᠡᠯᠡᠬᠦᠯᠪᠡᠯ  ᠶᠠᠯ᠎ᠠ ᠬᠢᠬᠦ᠌ ᠬᠠᠮᠰᠠᠭᠠᠲᠠᠨ ᠪᠣᠯᠵᠣ ᠮᠡᠳᠡᠨ᠎ᠡ ᠬᠡᠵᠢ᠎ᠦᠦ?》 ᠬᠥᠬᠡᠬᠣᠲᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠬᠠᠤᠯᠢ ᠪᠡᠷ ᠵᠠᠰᠠᠬᠤ ᠬᠢᠴᠢᠶᠡᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ  ᠪᠠᠢᠴᠠᠭᠠᠬᠤ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠪᠠᠢᠴᠠᠭᠠᠬᠤ ᠳᠠᠷᠤᠭ᠎ᠠ ᠵᠧᠩ ᠵᠢᠶᠠ ᠮᠧᠶ ᠬᠢᠴᠢᠶᠡᠯ ᠳᠠᠢᠯᠤᠮᠵᠢ ᠬᠢᠨ᠎ᠡ᠃ ᠡᠨᠡ ᠬᠦ᠌ ᠠᠮᠢᠳᠤᠯᠢᠭ ᠦᠵᠡᠭ᠌ᠳᠡᠯ ᠨᠢ ᠶᠠᠭ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ᠎ᠶ᠋ᠢᠨ ᠨᠠᠰᠤᠨ ᠳ᠋ᠸ᠋  ᠦᠯᠦ ᠬᠦᠷᠦᠭᠰᠡᠳ ᠤ᠋ᠨ ᠪᠠᠢᠴᠠᠭᠠᠬᠤ ᠡᠩᠨᠡᠬᠡ ᠵᠢᠨ 《ᠭᠠᠭ᠍ᠴᠠᠭᠠᠷ ᠲᠡᠮᠡᠴᠡᠬᠦ᠌》 ᠪᠠᠢᠳᠠᠯ᠎ᠢ ᠡᠪᠳᠡᠵᠦ᠍᠂ ᠪᠠᠢᠴᠠᠭᠠᠬᠤ ᠳᠠᠷᠤᠭ᠎ᠠ᠎ᠶ᠋ᠢᠨ 《ᠲᠦᠷᠦᠭᠦᠴᠢ ᠭᠠᠯᠠᠭᠤ᠎ᠶ᠋ᠢᠨ ᠦᠢᠯᠡᠳᠦᠯ 》 ᠵᠢᠡᠷ  《ᠰᠦᠷᠦᠭ ᠭᠠᠯᠠᠭᠤ᠎ᠶ᠋ᠢᠨ ᠠᠮᠢᠵᠢᠷᠠᠯ᠎ᠤᠨ ᠬᠦᠴᠦᠨ》 ᠎ᠢ᠋ ᠬᠥᠭ᠌ᠵᠢᠭᠡᠭ᠌ᠰᠡᠨ ᠬᠤᠷᠢᠶᠠᠩᠭᠤᠶ ᠳᠦᠷᠰᠦ ᠪᠣᠯᠤᠨ᠎ᠠ᠃

ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠳ᠋ᠸ᠋᠂ ᠠᠯᠠᠱᠠ ᠠᠢᠮᠠᠭ᠎ᠤᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ  ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠪᠠᠢᠴᠠᠭᠠᠬᠤ ᠳᠠᠷᠤᠭ᠎ᠠ ᠸᠠᠩ ᠺᠧ ᠸᠧᠶ ᠪᠥᠬᠥ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ ᠰᠤᠷᠭᠠᠭᠤᠯᠢ᠎ᠶ᠋ᠢᠨ ᠬᠦᠷᠢᠶᠡᠨ᠎ᠦ ᠳᠣᠷᠣᠮᠵᠢᠯᠠᠯ᠂ ᠰᠦᠯᠵᠢᠶᠡᠨ᠎ᠦ ᠶᠠᠯᠠᠲᠤ ᠠᠵᠢᠯᠯᠠᠭ᠎ᠠ᠎ᠶ᠋ᠢ ᠰᠡᠷᠭᠡᠢᠯᠡᠬᠦ᠌ ᠵᠡᠷᠭᠡ ᠲᠤᠰᠭᠠᠶ ᠰᠡᠳᠦᠪᠲᠦ ᠲᠠᠢᠯᠤᠮᠵᠢ ᠬᠢᠵᠦ᠍᠂ ᠬᠡᠷᠡᠭ᠎ᠢᠶᠡᠷ ᠬᠠᠤᠯᠢ ᠴᠠᠭᠠᠵᠠ᠎ᠶ᠋ᠢ ᠲᠠᠢᠯᠪᠤᠷᠢᠯᠠᠵᠤ᠂ ᠰᠤᠷᠤᠭ᠍ᠴᠢᠳ᠎ᠤᠨ ᠥᠭᠡᠳᠡᠯᠡᠨ ᠳᠠᠪᠱᠢᠬᠤ᠎ᠶ᠋ᠢ ᠬᠥᠲᠥᠯᠥᠨ ᠵᠢᠯᠣᠭᠣᠳᠪᠠ᠃ ᠠᠯᠠᠱᠠ ᠪᠠᠷᠠᠭᠤᠨ ᠬᠣᠱᠢᠭᠤᠨ᠎ᠤ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠠᠬᠤ  ᠬᠥᠮᠦᠵᠢᠯ᠎ᠦᠨ ᠰᠠᠭᠤᠷᠢᠨ᠎ᠳᠤ᠂ 《ᠨᠠᠷᠠᠨ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠠᠵᠢᠯ 》ᠤ᠋ᠨ  ᠪᠦᠯᠬᠦᠮ᠎ᠡᠴᠡ ᠵᠢᠯᠣᠭᠣᠳᠤᠭ᠍ᠰᠠᠨ ᠳᠠᠭᠤᠷᠢᠶᠠᠮᠠᠯ ᠱᠢᠭᠦᠬᠦ᠌ ᠲᠢᠩᠬᠢᠮ ᠶᠠᠪᠤᠭ᠍ᠳᠠᠵᠤ᠂ ᠲᠥᠪ ᠴᠢᠩᠭ᠎ᠠ ᠱᠢᠭᠦᠬᠦ᠌ ᠲᠢᠩᠬᠢᠮ᠎ᠦᠨ ᠪᠠᠢᠴᠠᠭᠠᠯᠲᠠ ᠡᠴᠨ ᠬᠤᠷᠴᠠ ᠱᠢᠷᠦᠭᠦᠨ ᠮᠠᠷᠭᠤᠯᠳᠤᠬᠤ ᠬᠦᠷᠲᠡᠯ᠎ᠡ᠂ ᠪᠠᠢᠴᠠᠭᠠᠬᠤ ᠲᠤᠱᠢᠶᠠᠯᠲᠠᠨ᠎ᠨᠠᠷ ᠨᠢᠭᠡ ᠲᠠᠯ᠎ᠠ᠎ᠪᠠᠷ ᠨᠠᠷᠢᠨ ᠨᠢᠮᠪᠠᠶ ᠵᠢᠯᠣᠭᠣᠳᠴᠤ᠌᠂ ᠬᠠᠤᠯᠢ ᠴᠠᠭᠠᠵᠠ᠎ᠶ᠋ᠢᠨ ᠲᠣᠭ᠍ᠲᠠᠭᠠᠯ᠎ᠢ ᠰᠤᠷᠤᠭ᠍ᠴᠢᠳ᠎ᠤᠨ᠎ᠪᠡᠶᠡᠴᠢᠯᠡᠨ ᠤᠢᠯᠠᠭᠠᠬᠤ ᠦᠶ᠋ᠯᠡᠳᠦᠯᠭᠡ ᠪᠣᠯᠭᠠᠨ ᠬᠤᠪᠢᠷᠠᠭᠤᠯᠤᠨ᠎ᠠ᠃

ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠲᠤ᠂ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠠᠵᠢᠯ ᠤ᠋ᠨ  ᠪᠦᠯᠬᠦᠮ᠎ᠦᠨ ᠬᠠᠷᠢᠭᠤᠴᠠᠯᠭᠠᠲᠠᠨ ᠬᠠᠤᠯᠢ᠎ᠪᠠᠷ ᠵᠠᠰᠠᠬᠤ ᠳᠡᠳ᠋ ᠵᠠᠬᠢᠷᠤᠯ ᠪᠠᠢᠬᠤ᠎ᠳᠠᠭᠠᠨ᠂ ᠰᠤᠷᠭᠠᠭᠤᠯᠢ᠎ᠶ᠋ᠢᠨ ᠬᠦᠷᠢᠶᠡᠨ᠎ᠦ ᠳᠣᠷᠣᠮᠵᠢᠯᠠᠯ᠎ᠤᠨ ᠬᠡᠷᠡᠭ᠎ᠲᠦ ᠠᠩᠬᠠᠷᠤᠯ ᠵᠢᠡᠨ ᠲᠦᠪᠯᠡᠷᠡᠭᠦᠯᠵᠦ᠂ ᠲᠤᠰᠭᠠᠶ ᠮᠡᠷᠭᠡᠵᠢᠯ᠎ᠦᠨ ᠰᠡᠳᠭᠢᠴᠡ᠎ᠶ᠋ᠢᠨ ᠵᠥᠪᠯᠡᠭ᠌ᠴᠢ᠎ᠶ᠋ᠢ ᠤᠷᠢᠵᠤ᠂ 《 ᠪᠢᠴᠢᠬᠠᠨ ᠵᠦᠷᠵᠢ᠎ᠶ᠋ᠢᠨ ᠳ᠋ᠧᠩ 》 ᠰᠡᠳᠭᠢᠴᠡ᠎ᠶ᠋ᠢᠨ ᠥᠷᠲᠡᠭᠡ᠎ᠶ᠋ᠢ ᠪᠠᠢᠭᠤᠯᠵᠤ᠂ ᠰᠤᠷᠤᠬᠴᠢᠳ᠎ᠲᠦ ᠰᠠᠨᠠᠭ᠎ᠠ ᠠᠮᠤᠷ ᠰᠡᠳᠬᠢᠯ ᠤ᠋ᠨ ᠦᠬᠡ ᠪᠡᠨ ᠠᠭᠤᠳᠠᠯᠤᠨ ᠶᠠᠷᠢᠬᠤ ᠤᠷᠤᠨ ᠵᠠᠢ ᠎ᠶ᠋ᠢ ᠬᠠᠩᠭᠠᠪᠠ᠃

ᠪᠠᠢᠴᠠᠭᠠᠬᠤ ᠳᠠᠷᠤᠭ᠎ᠠ ᠲᠦᠷᠦᠭᠦᠯᠡᠨ ᠳᠠᠢᠴᠢᠯᠠᠬᠤ ᠡᠴᠡ ᠳᠠᠭᠤᠷᠢᠶᠠᠮᠠᠯ ᠱᠢᠭᠦᠬᠦ᠌ ᠲᠢᠩᠬᠢᠮ ᠬᠦᠷᠲᠡᠯ᠎ᠡ᠂ ᠬᠠᠤᠯᠢ ᠪᠡᠷ ᠵᠠᠰᠠᠬᠤ ᠳᠡᠳ᠋ ᠵᠠᠬᠢᠷᠤᠯ᠎ᠨᠠᠷ 《ᠲᠦᠷᠦᠭᠦᠴᠢ ᠭᠠᠯᠠᠭᠤ ᠠᠶᠠᠯᠠᠯ᠎ᠢ ᠳᠠᠭᠠᠭᠤᠯᠵᠤ᠂ ᠰᠦᠷᠦᠭ ᠭᠠᠯᠠᠭᠤ ᠵᠡᠷᠭᠡ ᠪᠡᠷ ᠨᠢᠰᠬᠦ》 ᠵᠢ ᠠᠬᠢᠭᠤᠯᠵᠦ᠂ 1300 ᠭᠠᠷᠤᠢ ᠪᠠᠢᠴᠠᠭᠠᠬᠤ ᠲᠤᠰᠢᠶᠠᠯᠳᠠᠨ᠎ᠢ ᠲᠥᠪᠯᠡᠷᠡᠭᠦᠯᠦᠨ ᠰᠤᠷᠭᠠᠭᠤᠯᠢ᠎ᠶ᠋ᠢᠨ ᠬᠦᠷᠢᠶᠡᠨ᠎ᠳᠦ ᠬᠦᠨᠵᠡᠭᠡᠢᠷᠡᠬᠦᠯᠪᠡ᠃

《ᠱᠢᠷᠬ᠎ᠠ᠎ᠶ᠋ᠢ ᠡᠳᠡᠭᠡᠷᠡᠭᠦᠯᠬᠦ》 ᠡᠴᠨ 《ᠠᠶᠠᠯᠠᠯ᠎ᠢ ᠳᠠᠬᠢᠨ ᠡᠬᠢᠯᠡᠭᠦᠯᠬᠦ᠌ 》 ᠬᠦᠷᠳᠡᠯᠡᠬᠢ ᠱᠢᠰᠲ᠋ᠧᠮ ᠳᠠᠢ ᠪᠠᠳᠤᠯᠠᠭ᠎ᠠ

《ᠪᠠᠢᠴᠠᠭᠠᠬᠤ ᠠᠵᠢᠯ ᠵᠢᠡᠷ ᠥᠪᠥᠷ ᠮᠣᠩᠭᠣᠯ ᠤ᠋ᠨ ᠪᠠᠭᠠᠴᠤᠳ ᠬᠡᠦᠬᠡᠳ ᠎ᠢ ᠬᠠᠮᠠᠭᠠᠯᠠᠬᠤ》  ᠠᠮᠠᠯᠠᠯᠲᠠ ᠨᠢ ᠡᠷᠡᠰ ᠪᠠᠲᠤ᠎ᠪᠠᠷ 《 ᠱᠢᠷᠬᠠᠲᠤᠭ᠍ᠰᠠᠨ ᠵᠢᠭᠦᠷ᠎ᠢ ᠡᠳᠡᠭᠡᠷᠡᠭᠦᠯᠬᠦ᠌》 ᠮᠥᠷᠲᠡᠭᠡᠨ ᠪᠠᠰᠠ 《 ᠵᠠᠯᠠᠭᠤ ᠨᠠᠰᠤᠨ᠎ᠤ ᠠᠶᠠᠯᠠᠯ᠎ᠤᠨ ᠴᠢᠭ᠌ᠯᠡᠯ᠎ᠢ ᠵᠠᠯᠠᠷᠠᠭᠤᠯᠬᠤ 》 ᠶᠠᠪᠤᠳᠠᠯ ᠪᠣᠯᠤᠨ᠎ᠠ᠃ ᠡᠨᠡ ᠬᠦ᠌ ᠨᠠᠰᠤᠨ᠎ᠳᠤ ᠥᠯᠥ᠍ ᠭᠦᠷᠦᠭ᠌ᠰᠡᠳ᠎ᠢ ᠪᠥᠬᠥ᠌ ᠲᠠᠯ᠎ᠠ᠎ᠪᠠᠷ᠂ ᠵᠠᠢ ᠵᠠᠪᠰᠠᠷ ᠥᠬᠡᠶ  ᠬᠠᠮᠠᠭᠠᠯᠠᠬᠤ ᠬᠦᠰᠡᠯ ᠡᠷᠡᠮᠡᠯᠵᠡᠯ ᠨᠢ ᠥᠪᠥᠷ ᠮᠣᠩᠭᠣᠯ᠎ᠤᠨ ᠡᠬᠡ ᠭᠠᠵᠠᠷ᠎ᠲᠤ ᠯᠠᠪᠳᠠᠭᠤᠨ ᠪᠠᠲᠤᠲᠠᠶ ᠲᠦᠷᠢᠮ᠎ᠦᠨ ᠪᠠᠢᠭᠤᠯᠤᠯᠲᠠ ᠪᠠ ᠦᠶ᠋ᠯᠡᠳᠦᠯᠭᠡ᠎ᠶ᠋ᠢᠨ ᠰᠥᠪᠡᠭ᠌ᠴᠢᠯᠡᠯᠲᠡ᠎ᠪᠡᠷ ᠳᠡᠮᠵᠢᠨ ᠪᠣᠳᠠᠲᠤ ᠠᠬᠤᠶ ᠪᠤᠯᠤᠨ  ᠬᠤᠪᠢᠷᠠᠵᠤ ᠪᠠᠢᠨ᠎ᠠ᠃

ᠬᠢᠩᠭᠠᠨ ᠠᠢᠮᠠᠭ᠎ᠲᠤ᠂ ᠪᠠᠢᠴᠠᠭᠠᠬᠤ ᠪᠠᠢᠭᠤᠯᠭ᠎ᠠ ᠬᠥᠮᠦᠰ᠎ᠦᠨ ᠰᠡᠳᠭᠢᠯ᠎ᠢ ᠬᠥᠳᠡᠯᠭᠡᠮ᠎ᠡ 《ᠬᠠᠤᠯᠢ ᠴᠠᠭᠠᠵᠠ᠎ᠪᠠᠷ ᠠᠪᠤᠷᠠᠨ ᠲᠤᠰᠠᠯᠠᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ 》 ᠵᠢ ᠡᠭᠦᠳᠪᠡ᠃ ᠹᠠᠩ ᠹᠠᠩ ( ᠪᠤᠷᠤᠭᠤᠯᠠᠭ᠍ᠰᠠᠨ ᠨᠡᠷ᠎ᠡ) ᠡᠭᠡᠴᠢ ᠥᠬᠢᠨ ᠳᠡᠭᠦᠦ ᠬᠣᠶᠠᠭᠤᠯᠠ᠎ᠶ᠋ᠢᠨ ᠡᠴᠢᠭᠡ ᠨᠢ  ᠪᠤᠰᠤᠳ ᠬᠥᠮᠦᠨ ᠲᠠᠢ  ᠵᠠᠭᠤᠷᠠᠯᠳᠤᠭᠠᠨ ᠡᠭᠦᠰᠴᠦ᠍᠂ ᠨᠦᠬᠦᠭᠡ ᠡᠲᠡᠭᠡᠳ ᠨᠢ ᠰᠥᠨᠢ ᠳᠦᠯᠢ᠎ᠪᠡᠷ ᠭᠡᠷ ᠳᠣᠲᠣᠷ᠎ᠠ ᠴᠢᠶᠢᠦ ᠲᠤᠰᠤ ᠴᠢᠳᠭᠤᠨ ᠭᠠᠯ ᠲᠠᠯᠪᠢᠵᠤ᠂ ᠡᠭᠡᠴᠢ ᠥᠬᠢᠨ ᠳᠡᠭᠦᠦ ᠬᠣᠶᠠᠭᠤᠯᠠ᠎ᠶ᠋ᠢ ᠬᠦᠨᠳᠦ ᠨᠣᠴᠢᠲᠠᠢ ᠰᠢᠳᠠᠭᠠᠨ ᠰᠢᠷᠠᠬᠳᠤᠭᠤᠯᠵᠤ᠂ ᠭᠡᠷ ᠪᠠᠢᠱᠢᠩ᠎ᠢ ᠭᠠᠯᠳᠠᠵᠤ᠂ ᠶᠠᠯᠠᠳᠠᠨ ᠬᠠᠷᠢᠨ ᠲᠦᠯᠦᠬᠦ᠌ ᠴᠢᠳᠠᠯ ᠦᠭᠡᠢ ᠪᠠᠢᠪᠠ᠃ ᠡᠨᠡ ᠬᠦ᠌ ᠬᠡᠷᠡᠭ᠎ᠡᠴᠡ ᠪᠣᠯᠵᠣ ᠶᠠᠳᠠᠭᠤᠷᠠᠵᠤ᠂ ᠰᠤᠷᠤᠯᠭ᠎ᠠ᠎ᠪᠠᠨ ᠳᠣᠷᠭᠣᠨ ᠵᠣᠭ᠍ᠰᠣᠬᠤ ᠱᠢᠬᠠᠭ᠍ᠰᠠᠨ ᠬᠡᠷ ᠪᠦᠯᠢ᠎ᠶ᠋ᠢᠨ ᠡᠮᠦᠨ᠎ᠡ᠂ ᠬᠢᠩᠭᠠᠨ ᠠᠢᠮᠠᠭ᠎ᠤᠨ ᠠᠷᠠᠳ ᠤ᠋ᠨ  ᠪᠠᠢᠴᠠᠭᠠᠬᠤ ᠪᠠᠢᠭᠤᠯᠭ᠎ᠠ ᠨᠢ  ᠠᠪᠤᠷᠠᠨ ᠲᠤᠰᠠᠯᠠᠬᠤ ᠮᠥᠩᠭᠥ᠎ᠶ᠋ᠢ ᠱᠢᠨ᠎ᠡ᠎ᠶ᠋ᠢ ᠡᠭᠦᠳᠦᠨ ᠲᠤᠬᠠᠶ᠎ᠶ᠋ᠢᠨ ᠭᠠᠵᠠᠷ᠎ᠤᠨ ᠢᠲᠡᠭᠡᠮᠵᠢ ᠰᠠᠢᠲᠠᠶ ᠲᠡᠵᠢᠭᠡᠨ ᠦᠷᠡᠵᠢᠭᠦᠯᠬᠦ᠌ ᠬᠣᠷᠱᠢᠶ᠎ᠠ᠎ᠳᠤ ᠣᠷᠣᠭᠤᠯᠵᠤ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ᠂ ᠵᠢᠯ ᠪᠦᠷᠢ᠎ᠶ᠋ᠢᠨ ᠬᠠᠪᠤᠷ᠂ ᠨᠠᠮᠤᠷ᠎ᠤᠨ ᠰᠤᠷᠭᠠᠭᠤᠯᠢ ᠡᠬᠢᠯᠡᠬᠦ᠌ ᠦᠶ᠎ᠡ᠎ᠳᠦ᠂ 《ᠰᠲ᠋ᠣᠺ᠎ᠤᠨ ᠬᠦᠦ ᠮᠥᠩᠭᠥ᠌ ᠣᠯᠭᠣᠬᠤ 》 ᠲᠠᠢ ᠠᠳᠠᠯᠢ᠎ᠪᠠᠷ ᠡᠭᠡᠴᠢ ᠥᠬᠢᠨ ᠳᠡᠭᠦᠦ ᠬᠣᠶᠠᠷ᠎ᠲᠤ 《ᠠᠱᠢᠭ ᠣᠷᠣᠯᠭ᠎ᠠ᠎ᠶ᠋ᠢᠨ ᠮᠥᠩᠭᠥ᠌》 ᠎ᠶ᠋ᠢ ᠳ᠋ᠦᠩᠨᠡᠨ ᠪᠤᠳᠤᠵᠤ ᠥᠭ᠌ᠴᠦ᠂ ᠲᠡᠳᠡᠨ᠎ᠦ ᠰᠤᠷᠤᠯᠭ᠎ᠠ ᠪᠠ ᠠᠮᠢᠳᠤᠷᠠᠯ᠎ᠢ ᠦᠷᠭᠦᠯᠵᠢᠯᠡᠨ ᠪᠠᠲᠤᠯᠠᠪᠠ᠃

ᠱᠢᠯᠢ᠎ᠶ᠋ᠢᠨ ᠭᠤᠤᠯ ᠠᠢᠮᠠᠭ᠎ᠤᠨ ᠤᠯᠠᠭᠠᠶ ᠬᠠᠮᠢᠶᠠᠷᠤᠯᠲᠠ᠎ᠶ᠋ᠢᠨ ᠣᠷᠣᠨ᠎ᠳᠤ᠂ ᠦᠪᠦᠷ ᠮᠤᠩᠭᠤᠯ ᠤ᠋ᠨ  ᠠᠩᠬᠠᠳᠠᠭ᠍ᠴᠢ 《 ᠪᠠᠢᠴᠠᠭᠠᠬᠤ ᠪᠠᠢᠭᠤᠯᠭ᠎ᠠ ᠨᠡᠢᠬᠡᠮ ᠲᠤᠭᠤᠷᠢᠬ ᠰᠤᠷᠭᠠᠭᠤᠯᠢ ᠬᠡᠷ ᠪᠦᠯᠢ》 ᠎ᠶ᠋ᠢᠨ ᠬᠡᠷ ᠪᠦᠯᠢ᠎ᠶ᠋ᠢᠨ ᠰᠤᠷᠭᠠᠨ ᠬᠥᠮᠦᠵᠢᠯ᠎ᠦᠨ ᠬᠤᠯᠪᠤᠭᠠᠯᠠᠨ  ᠬᠥᠳᠡᠯᠦᠯᠴᠡᠬᠦ᠌ ᠠᠵᠢᠯ᠎ᠤᠨ ᠥᠷᠲᠡᠭᠡ ᠪᠠᠢᠭᠤᠯᠤᠭ᠍ᠳᠠᠪᠠ᠃ ᠬᠣᠶᠠᠷ ᠨᠠᠰᠤᠨ᠎ᠳᠤ ᠥᠯᠥ᠍ ᠭᠦᠷᠦᠭ᠌ᠰᠡᠳ᠎ᠦᠨ ᠡᠴᠢᠭᠡ ᠨᠢ ᠡᠷᠡᠭᠦᠦ ᠱᠢᠶ᠋ᠳᠭᠡᠯ ᠭᠦᠶ᠋ᠴᠡᠳᠭᠡᠵᠦ᠍᠂ ᠡᠵᠢ ᠨᠢ ᠠᠯᠠᠭ᠎ᠠ ᠪᠣᠯᠤᠭ᠍ᠰᠠᠨ᠎ᠡᠴᠨ  ᠪᠣᠯᠵᠣ ᠬᠢᠨᠠᠨ ᠬᠠᠮᠠᠭᠠᠯᠠᠯᠲᠠ ᠳᠤᠲᠠᠭ᠍ᠳᠠᠵᠤ ᠪᠠᠢᠭ᠎ᠠ ᠬᠦᠴᠢᠷᠳᠡᠯ᠎ᠳᠦ ᠲᠤᠯᠭᠠᠷᠠᠭ᠍ᠰᠠᠨ᠎ᠢ ᠤᠯᠵᠤ ᠮᠡᠳᠡᠬᠡᠳ᠂ ᠪᠠᠢᠴᠠᠭᠠᠬᠤ ᠪᠠᠢᠭᠤᠯᠭ᠎ᠠ ᠵᠠᠭᠠᠯᠳᠤᠯᠭ᠎ᠠ᠎ᠶ᠋ᠢ ᠬᠠᠤᠯᠢ ᠶᠣᠰᠣᠭᠠᠷ ᠳᠡᠮᠵᠢᠵᠦ᠍᠂ ᠲᠡᠳᠡᠨ᠎ᠢ ᠬᠠᠪᠰᠤᠷᠤᠨ ᠬᠢᠨᠠᠨ ᠬᠠᠮᠠᠭᠠᠯᠠᠭ᠍ᠴᠢ᠎ᠶ᠋ᠢ ᠨᠢ ᠬᠤᠪᠢᠷᠠᠭᠤᠯᠤᠭ᠍ᠰᠠᠨ ᠪᠥᠭᠡᠳ ᠪᠠᠢᠴᠠᠭᠠᠬᠤ ᠰᠠᠨᠠᠭᠤᠯᠭ᠎ᠠ᠎ᠪᠠᠷ ᠲᠠᠮᠵᠢᠨ᠂ ᠡᠷᠭᠢᠯᠡᠨ ᠬᠠᠮᠢᠶᠠᠷᠬᠤ ᠪᠠᠢᠭᠤᠯᠭ᠎ᠠ ᠡᠴᠨ  ᠲᠡᠳᠡᠨ᠎ᠢ 《 ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ 》 ᠎ᠵᠢᠡᠷ  ᠮᠠᠭᠠᠳᠯᠠᠨ ᠲᠣᠭ᠍ᠲᠠᠭᠠᠬᠤ᠎ᠶ᠋ᠢ  ᠠᠬᠢᠭᠤᠯᠵᠤ᠂ ᠡᠭᠦᠨ᠎ᠦ ᠤᠯᠠᠮ᠎ᠡᠴᠨ ᠲᠦᠷᠢᠮ᠎ᠦᠨ ᠴᠢᠨᠠᠷᠲᠠᠶ ᠠᠮᠢᠳᠤᠷᠠᠯ᠎ᠤᠨ ᠪᠠᠲᠤᠯᠠᠭ᠎ᠠ ᠣᠯᠭᠣᠪᠠ᠃

ᠦᠬᠠᠶ ᠬᠣᠲᠠ᠎ᠳᠤ᠂ 《ᠭᠤᠤᠯᠲᠤ ᠪᠣᠷᠣ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠠᠵᠢᠯ᠎ᠤᠨ ᠲᠠᠰᠤᠭ》 ᠲᠦ᠍  《 ᠭᠤᠤᠯᠲᠤ ᠪᠣᠷᠣ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠴᠢᠳᠠᠪᠤᠷᠢᠳᠠᠨ ᠤ᠋ ᠬᠦᠮᠦᠷᠬᠡ》 ᠎ᠶ᠋ᠢ ᠪᠠᠢᠭᠤᠯᠵᠤ᠂ ᠪᠥᠬᠥ᠌ ᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠡᠳᠭᠢᠴᠡ᠎ᠶ᠋ᠢᠨ ᠪᠠᠭ᠍ᠰᠢ᠂ ᠬᠠᠤᠯᠢ ᠪᠡᠷ ᠵᠠᠰᠠᠬᠤ ᠤᠬᠠᠭᠤᠯᠤᠨ ᠲᠠᠢᠯᠪᠤᠷᠢᠯᠠᠭ᠍ᠴᠢ ᠵᠡᠷᠭᠡ ᠲᠤᠰᠭᠠᠶ ᠮᠡᠷᠭᠡᠵᠢᠯ᠎ᠦᠨ ᠬᠥᠮᠦᠰ᠎ᠢ ᠴᠤᠭ᠍ᠯᠠᠷᠠᠭᠤᠯᠪᠠ᠃ ᠶᠠᠯ᠎ᠠ᠎ᠳᠤ ᠬᠣᠯᠪᠣᠭ᠍ᠳᠠᠭ᠍ᠰᠠᠨ ᠨᠠᠰᠤᠨ᠎ᠳᠤ ᠥᠯᠥ᠍ ᠭᠦᠷᠦᠭ᠌ᠰᠡᠳ ᠲᠦ᠍ ᠰᠡᠳᠭᠢᠴᠡ᠎ᠶ᠋ᠢᠨ ᠵᠢᠯᠤᠭᠤᠳᠤᠯᠭ᠎ᠠ ᠬᠢᠬᠦ᠌ ᠴᠢᠬᠤᠯᠠᠲᠠᠶ ᠦᠶ᠎ᠡ᠎ᠳᠦ᠂ ᠪᠠᠢᠴᠠᠭᠠᠬᠤ ᠲᠤᠱᠢᠶᠠᠯᠲᠠᠨ ᠲᠤᠰᠭᠠᠶ ᠬᠥᠮᠥᠷᠭᠡ᠎ᠡᠴᠡ ᠡᠬᠢ ᠪᠠᠶᠠᠯᠢᠭ ᠱᠢᠯᠵᠢᠭᠦᠯᠦᠨ ᠠᠪᠴᠤ᠌᠂ ᠰᠡᠳᠭᠢᠴᠡ᠎ᠶ᠋ᠢᠨ ᠵᠥᠪᠯᠡᠯᠭᠡ ᠥᠭ᠌ᠭᠦᠭ᠌ᠴᠢ᠎ᠶ᠋ᠢ ᠤᠷᠢᠨ ᠣᠷᠣᠯᠴᠠᠭᠤᠯᠵᠤ᠂ ᠲᠡᠳᠡᠨ᠎ᠳᠦ ᠨᠢᠭᠡ ᠨᠢᠭᠡ᠎ᠪᠡᠷ ᠰᠡᠳᠭᠢᠴᠡ᠎ᠶ᠋ᠢᠨ ᠦᠨᠡᠯᠡᠨ ᠵᠢᠱ᠌ᠢᠯᠲᠡ ᠬᠢᠬᠦ᠌᠂ ᠬᠥᠲᠥᠯᠥᠨ ᠵᠢᠯᠣᠭᠣᠳᠭᠤ ᠪᠠ  ᠠᠵᠢᠯᠯᠠᠭ᠎ᠠ᠎ᠶ᠋ᠢ ᠨᠢ ᠵᠠᠯᠠᠷᠠᠭᠤᠯᠤᠨ ᠵᠠᠰᠠᠬᠤ ᠦᠶ᠋ᠯᠡᠴᠢᠯᠡᠭᠡ ᠬᠠᠩᠭᠠᠪᠠ᠃

ᠰᠢᠳᠠᠵᠤ ᠰᠢᠷᠠᠬᠳᠤᠬᠰᠠᠨ ᠪᠢᠴᠢᠬᠠᠨ ᠥᠬᠢᠨ ᠳ᠋ᠸ᠋ ᠬᠡᠳᠦᠨ ᠵᠢᠯ᠎ᠦᠨ 《ᠰᠤᠷᠤᠯᠭ᠎ᠠ᠎ᠶ᠋ᠢᠨ ᠰᠠᠭᠤᠷᠢ ᠮᠥᠩᠭᠥ᠌》 ᠪᠠᠢᠭᠤᠯᠵᠤ ᠥᠭ᠌ᠭᠦᠭ᠌ᠰᠡᠨ᠎ᠡᠴᠡ ᠠᠪᠤᠭᠠᠳ᠂  ᠡᠯ᠎ᠡ ᠲᠠᠯ᠎ᠠ᠎ᠶ᠋ᠢᠨ ᠬᠢᠨ᠎ᠢ ᠵᠤᠬᠢᠴᠠᠭᠤᠯᠤᠨ ᠬᠦᠳᠡᠯᠬᠡᠵᠦ ᠥᠨᠥᠴᠢᠨ ᠬᠡᠦᠬᠡᠳ᠎ᠲᠦ ᠲᠦᠷᠢᠮ᠎ᠦᠨ ᠪᠠᠲᠤᠯᠠᠭ᠎ᠠ᠎ᠶ᠋ᠢ ᠪᠠᠲᠤ ᠴᠣᠭ᠍ᠴᠠᠯᠠᠬᠤ ᠬᠦᠷᠲᠡᠯ᠎ᠡ;  ᠬᠠᠯᠠᠭᠤᠨ ᠳᠤᠯᠠᠭᠠᠨ ᠠᠵᠢᠯᠯᠠᠬᠤ ᠥᠷᠥᠭᠡ᠎ᠳᠡᠬᠢ ᠬᠠᠯᠠᠱᠢᠷᠠᠯ ᠥᠬᠡᠶ ᠶᠠᠷᠢᠯᠴᠠᠭ᠎ᠠ᠎ᠡᠴᠨ  ᠠᠪᠤᠭᠠᠳ ᠬᠠᠷᠠᠵᠤ ᠬᠠᠷᠠᠭᠠᠯᠵᠠᠵᠤ  ᠬᠠᠪᠰᠤᠷᠤᠨ ᠬᠥᠮᠦᠵᠢᠭᠦᠯᠬᠦ᠌ ᠰᠠᠭᠤᠷᠢᠨ ᠤ᠋  《 ᠪᠡᠶ᠎ᠡ ᠰᠡᠳᠬᠢᠴᠡ ᠵᠢᠨ  ᠵᠠᠰᠠᠯᠲᠠ》 ᠬᠦᠷᠳᠡᠯ᠎ᠡ  —  《ᠪᠠᠢᠴᠠᠭᠠᠬᠤ ᠠᠵᠢᠯ ᠵᠢᠡᠷ ᠥᠪᠥᠷ ᠮᠣᠩᠭᠣᠯ ᠤ᠋ᠨ ᠪᠠᠭᠠᠴᠤᠳ ᠬᠡᠦᠬᠡᠳ ᠎ᠢ ᠬᠠᠮᠠᠭᠠᠯᠠᠬᠤ》  ᠦᠶ᠋ᠯᠡᠳᠦᠯᠭᠡ ᠨᠢ᠂  ᠨᠠᠰᠤᠨ᠎ᠳᠤ ᠥᠯᠥ᠍ ᠭᠦᠷᠦᠭ᠌ᠰᠡᠳ᠎ᠦᠨ ᠪᠠᠢᠴᠠᠭᠠᠬᠤ ᠠᠵᠢᠯ᠎ᠤᠨ ᠬᠠᠮᠤᠭ᠎ᠤᠨ ᠳᠡᠭᠡᠳᠦ ᠬᠥᠭᠡᠭᠡᠴᠡᠯᠳᠦᠯ᠎ᠢ ᠬᠦᠨᠵᠡᠬᠡᠢ ᠲᠠᠢᠯᠪᠤᠷᠢᠯᠠᠨ ᠢᠯᠡᠷᠡᠬᠦᠯᠵᠦ᠂ ᠥᠩᠭᠡᠷᠡᠭ᠌ᠰᠡᠨ᠎ᠢ ᠲᠥᠪ ᠭᠤᠤᠯᠴᠢ᠎ᠪᠠᠷ ᠲᠡᠰᠦᠯᠦᠨ ᠲᠣᠭ᠍ᠲᠠᠭᠠᠭ᠍ᠰᠠᠨ ᠶᠠᠪᠤᠳᠠᠯ ᠪᠣᠯᠬᠤ᠎ᠪᠠᠷ ᠪᠠᠷᠠᠬᠤ ᠥᠬᠡᠶ ᠨᠠᠩ ᠴᠤ᠌ ᠬᠠᠷᠢᠭᠤᠴᠠᠯᠭ᠎ᠠ᠎ᠲᠠᠶ᠎ᠪᠠᠷ ᠢᠷᠡᠭᠡᠳᠦᠶ᠎ᠶ᠋ᠢ ᠲᠤᠯᠭᠠᠭᠤᠷᠢᠯᠠᠭ᠍ᠰᠠᠨ ᠶᠠᠪᠤᠳᠠᠯ ᠪᠣᠯᠤᠨ᠎ᠠ᠃

ᠭᠤᠢᠪᠢᠰᠢ ᠦᠬᠡᠢ ᠴᠢᠷᠮᠠᠢᠪᠠᠯ ᠯᠠᠪᠳᠠᠢ ᠰᠡᠳᠬᠢᠯ ᠬᠠᠨᠤᠮᠵᠢᠳᠠᠢ ᠦᠷ᠎ᠡ ᠳ᠋ᠦᠩ ᠤᠯᠤᠨ᠎ᠠ᠃ ᠥᠪᠥᠷ ᠮᠣᠩᠭᠣᠯ᠎ᠤᠨ ᠪᠠᠢᠴᠠᠭᠠᠬᠤ ᠠᠵᠢᠯᠲᠠᠳ ᠡᠳᠦᠷᠵᠢᠨ ᠱᠢᠷᠭᠠᠭᠤ ᠠᠵᠢᠯᠯᠠᠵᠤ᠂ ᠪᠠᠭᠠᠴᠤᠳ ᠬᠡᠦᠬᠡᠳ ᠤ᠋ᠨ ᠵᠢᠡᠨ ᠢᠳᠡᠷᠡᠬᠦᠨ ᠵᠢᠡᠷ ᠦᠰᠦᠨ ᠪᠤᠢᠵᠢᠬᠤ ᠵᠢ ᠬᠠᠮᠠᠭᠠᠯᠠᠵᠠᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号