ᠰᠠᠢᠨ ᠳᠤᠷᠠᠴᠤᠳ ᠪᠠ ᠪᠠᠢᠴᠠᠭᠠᠬᠤ ᠠᠵᠢᠯᠲᠠᠳ ᠬᠠᠮᠳᠦ ᠪᠡᠷ ᠴᠠᠭᠠᠨ ᠰᠠᠷ᠎ᠠ᠎ᠶ᠋ᠢ ᠤᠭ᠍ᠲᠤᠬᠤ ᠠᠵᠢᠯᠯᠠᠭ᠎ᠠ ᠥᠷᠨᠢᠭᠦᠯᠪᠡ
2026-02-27 16:38:30
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

2  ᠰᠠᠷ᠎ᠠ᠎ᠶ᠋ᠢᠨ 10  ᠤ᠋  ᠡᠳᠦᠷ᠂ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠤᠳᠭ᠎ᠠ ᠤᠷᠠᠯᠢᠭ᠎ᠤᠨ ᠰᠠᠢᠨ ᠳᠤᠷᠠᠴᠤᠳ ᠥᠪᠡᠷᠲᠡᠭᠡᠨ ᠵᠠᠰᠠᠬᠤ ᠣᠷᠣᠨ᠎ᠤ  ᠠᠷᠠᠳ ᠤ᠋ᠨ ᠪᠠᠢᠴᠠᠭᠠᠬᠤ ᠬᠤᠷᠢᠶᠠᠨ᠎ᠳᠤ ᠬᠦᠷᠴᠦ᠍᠂ ᠪᠠᠢᠴᠠᠭᠠᠬᠤ ᠠᠵᠢᠯᠲᠠᠳ᠎ᠲᠠᠶ ᠬᠠᠮᠲᠤ᠎ᠪᠠᠷ ᠴᠠᠭᠠᠨ ᠰᠠᠷ᠎ᠠ᠎ᠶ᠋ᠢ ᠤᠭ᠍ᠲᠤᠬᠤ ᠱᠢᠷᠢᠰ ᠠᠵᠢᠯᠯᠠᠭ᠎ᠠ ᠥᠷᠨᠢᠭᠦᠯᠪᠡ᠃

ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠡᠴᠨ  ᠢᠷᠡᠭ᠌ᠰᠡᠨ ᠠᠯᠳᠠᠷᠲᠤ ᠤᠷᠠᠨ ᠪᠢᠴᠢᠯᠭᠡᠲᠡᠨ ᠤᠷᠠᠨ ᠵᠢᠷᠤᠭ᠍ᠴᠢᠳ ᠴᠤᠭ ᠵᠢᠪᠬᠤᠭ᠎ᠠ ᠲᠡᠭᠦᠯᠳᠡᠷ ᠵᠢᠡᠷ ᠤᠷᠠᠨ ᠪᠢᠴᠢᠯᠬᠡ ᠪᠢᠴᠢᠨ᠎ᠡ᠃ ᠲᠡᠳᠡ 《ᠮᠣᠷᠢ 》 ᠎ᠪᠠᠷ ᠰᠡᠳᠦᠪᠯᠡᠵᠦ᠍᠂  ᠪᠠᠢᠴᠠᠭᠠᠬᠤ ᠲᠤᠬᠠᠢᠯᠠᠭ᠍ᠰᠠᠨ ᠠᠵᠢᠯ᠎ᠤᠨ ᠵᠣᠷᠢᠭ ᠰᠠᠨᠠᠭ᠎ᠠ᠂ ᠴᠠᠭᠠᠨ ᠰᠠᠷ᠎ᠠ᠎ᠶ᠋ᠢᠨ ᠰᠠᠢᠨ ᠰᠠᠢᠬᠠᠨ ᠬᠦᠰᠡᠯ ᠵᠥᠩᠨᠡᠯ᠎ᠢ ᠬᠣᠣᠰ ᠤᠶᠠᠩᠭ᠎ᠠ᠎ᠳᠤ ᠠᠭᠤᠰᠬᠠᠨ ᠤᠷᠤᠭᠤᠯᠵᠤ ᠤᠢ ᠪᠢᠯᠢᠭ ᠵᠢᠡᠨ ᠬᠤᠷᠴᠠᠯᠠᠨ᠎ᠠ᠃ ᠨᠠᠷᠢᠨ ᠨᠢᠮᠪᠠᠢ ᠪᠡᠯᠡᠳᠭᠡᠭ᠌ᠰᠡᠨ ᠤᠷᠠᠨ ᠰᠠᠢᠬᠠᠨ᠎ᠤ ᠲᠣᠭ᠍ᠯᠠᠯᠲᠠ ᠨᠢ  ᠪᠥᠵᠢᠭ 《 ᠬᠥᠭ᠌ᠵᠢᠯ ᠪᠠᠳᠠᠷᠠᠯᠲᠤ ᠡᠷᠡᠨ ᠤ᠋  ᠪᠠᠶᠠᠷᠲᠤ ᠳᠠᠭᠤᠤ》 ᠎ᠪᠠᠷ ᠬᠥᠱᠢᠭᠡ᠎ᠪᠡᠨ ᠰᠡᠬᠦᠵᠦ᠍᠂ ᠲᠣᠭ᠍ᠯᠠᠭ᠍ᠴᠢᠳ᠎ᠤᠨ  ᠬᠠᠩᠭᠢᠨᠠᠮ᠎ᠠ ᠰᠠᠢᠬᠠᠨ ᠳᠠᠭᠤᠤ ᠬᠣᠭᠣᠯᠠᠶ᠂ ᠭᠣᠢᠳᠠ ᠰᠠᠢᠬᠠᠨ ᠬᠤᠪᠴᠠᠰᠤ ᠵᠠᠰᠠᠯ᠎ᠨᠢ ᠬᠣᠷᠣᠮᠬᠠᠨ ᠵᠠᠭᠤᠷ᠎ᠠ ᠪᠥᠬᠥ᠌ ᠲᠠᠯᠠᠪᠠᠶ᠎ᠶ᠋ᠢ ᠬᠥᠭ᠌ᠵᠢᠭᠡᠵᠦ᠍᠂ ᠡᠷᠡᠯᠬᠡᠭ᠌ᠯᠡᠨ ᠤᠷᠤᠭ᠍ᠰᠢᠯᠠᠬᠤ ᠴᠠᠭ ᠦᠶ᠎ᠡ᠎ᠶ᠋ᠢᠨ ᠳᠦᠷᠰᠦ ᠪᠠᠢᠳᠠᠯ᠎ᠢ ᠠᠮᠢᠳᠤᠯᠢᠭ᠎ᠢᠶᠠᠷ ᠢᠯᠡᠷᠡᠭᠦᠯᠪᠡ᠃ ᠮᠣᠷᠢᠨ ᠬᠤᠭᠤᠷ᠎ᠤᠨ ᠨᠠᠢᠷᠠᠯ ᠬᠥᠭ᠌ᠵᠢᠮ 《ᠲᠦᠮᠡᠨ ᠠᠭ᠍ᠲᠠ᠎ᠶ᠋ᠢᠨ ᠲᠦᠪᠡᠷᠭᠡᠨ》 ᠨᠢ ᠠᠬᠳᠠ ᠮᠤᠷᠢᠳ ᠲᠠᠪᠬᠢᠯᠳᠤᠬᠤ ᠬᠦᠭᠵᠢᠬᠦᠨ ᠵᠢᠪᠬᠤᠭᠠᠯᠢᠬ ᠬᠥᠭ ᠠᠶᠠᠰ᠎ᠢᠶᠠᠷ᠎ᠢᠶᠠᠨ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠣᠮᠣᠭ ᠲᠡᠭᠦᠯᠳᠡᠷ ᠰᠡᠳᠭᠢᠯᠭᠡ ᠪᠠ ᠣᠨ ᠵᠢᠯ᠎ᠦᠨ ᠤᠷᠲᠤ ᠤᠳᠠᠭᠠᠨ ᠳᠠᠭᠤᠯᠠᠯ᠎ᠢ ᠬᠥᠭ᠌ᠵᠢᠮᠳᠡᠪᠡ᠃ ᠭᠣᠴᠣᠯᠠᠯ ᠳᠠᠭᠤᠤ 《ᠥᠨᠢ ᠡᠭᠦᠷᠢᠳᠡ᠎ᠶ᠋ᠢᠨ ᠮᠣᠷᠢᠨ ᠬᠤᠭᠤᠷ》 ᠨᠢ ᠲᠠᠯ᠎ᠠ ᠨᠤᠲᠤᠭ᠂ ᠦᠨᠳᠦᠰᠦᠲᠡᠨ᠎ᠦ ᠰᠣᠶᠣᠯ᠎ᠢᠶᠠᠨ ᠤᠯᠠᠮᠵᠢᠯᠠᠨ ᠵᠠᠯᠭᠠᠮᠵᠢᠯᠠᠭ᠍ᠰᠠᠨ᠎ᠢ ᠲᠣᠭᠠᠴᠢᠪᠠ᠃ ᠬᠥᠭ᠌ᠵᠢᠮ ᠬᠠᠪᠰᠤᠷᠭᠠᠭ᠍ᠰᠠᠨ ᠱᠢᠯᠦᠭ 《ᠴᠠᠭᠠᠨ ᠰᠠᠷ᠎ᠠ》 ᠎ᠨᠢ  ᠤᠷᠠᠨ ᠢᠷᠠᠭᠤ ᠦᠭᠡ ᠬᠡᠯᠡ ᠪᠠ ᠴᠢᠩ ᠦᠨᠡᠨᠴᠢ  ᠰᠡᠳᠭᠢᠯᠭᠡ᠎ᠪᠡᠷ ᠥᠪᠥᠷ ᠮᠣᠩᠭᠣᠯ᠎ᠤᠨ ᠪᠠᠢᠴᠠᠭᠠᠬᠤ ᠠᠵᠢᠯᠲᠠᠨ᠎ᠤ ᠡᠬᠡ ᠤᠯᠤᠰ᠎ᠤᠨ ᠤᠮᠠᠷᠠᠲᠤ ᠬᠢᠯᠢ᠎ᠳᠦ ᠦᠨᠳᠦᠰᠦᠯᠡᠵᠦ᠍᠂ ᠲᠥᠪ ᠭᠣᠣᠯᠴᠢ ᠱᠢᠳᠤᠷᠭᠤ ᠶᠣᠰᠣ᠎ᠶ᠋ᠢ ᠦᠨᠡᠨᠴᠢ ᠱᠢᠳᠤᠷᠭᠤ᠎ᠪᠠᠷ ᠬᠠᠮᠠᠭᠠᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠲᠠᠢᠯᠪᠤᠷᠢᠯᠠᠭ᠍ᠰᠠᠨ ᠰᠡᠳᠭᠢᠯ ᠬᠥᠳᠡᠯᠭᠡᠮ᠎ᠡ ᠦᠯᠢᠭᠡᠷ᠎ᠢ ᠶᠠᠷᠢᠪᠠ᠃ 《ᠬᠦᠭᠵᠢᠯᠳᠦᠨ ᠲᠤᠬᠯᠠᠶ᠎ᠠ》᠂ 《ᠲᠠᠭᠤᠯᠠᠶ᠎ᠠ》 ᠵᠡᠷᠬᠡ ᠲᠠᠭᠤᠤ ᠵᠢᠨ ᠠᠢᠵᠠᠮ ᠴᠣᠬᠢᠯᠭ᠎ᠠ ᠬᠤᠷᠴᠠ᠂ ᠠᠮᠢᠵᠢᠷᠠᠯ᠎ᠤᠨ ᠬᠦᠴᠦᠨ ᠪᠠᠳᠠᠷᠠᠵᠤ᠂ ᠲᠠᠯ᠎ᠠ ᠨᠤᠲᠤᠭ᠎ᠤᠨ ᠥᠷᠭᠡᠨ ᠳᠡᠯᠭᠡᠷ ᠬᠠᠯᠠᠭᠤᠨ ᠰᠡᠳᠭᠢᠯᠭᠡ ᠪᠠ ᠵᠠᠯᠠᠭᠤ ᠨᠠᠰᠤᠨ᠎ᠤ ᠣᠷᠭᠢᠯᠤᠮ᠎ᠠ ᠰᠡᠳᠭᠢᠯᠭᠡ᠎ᠶ᠋ᠢ ᠢᠯᠡᠷᠡᠬᠦᠯᠵᠦ᠂《ᠬᠤᠨ ᠭᠠᠯᠠᠭᠤ》 ᠎ᠶ᠋ᠢᠨ ᠢᠷᠠᠭᠤᠬᠠᠨ ᠠᠶᠠᠰ ᠨᠤᠲᠤᠭ᠎ᠤᠨ ᠮᠥᠷᠥᠭᠡᠳᠦᠯ ᠪᠠ ᠴᠢᠩ ᠦᠨᠡᠨᠴᠢ ᠬᠠᠢᠷ᠎ᠠ ᠰᠡᠳᠭᠢᠯᠭᠡ᠎ᠶ᠋ᠢ ᠲᠠᠮᠵᠢᠭᠤᠯᠤᠨ᠎ᠠ᠃

ᠲᠤᠰ ᠤᠳᠠᠭ᠎ᠠ ᠵᠢᠨ ᠲᠣᠭ᠍ᠯᠠᠯᠲᠠ ᠨᠢ ᠤᠳᠭ᠎ᠠ ᠤᠷᠠᠯᠢᠭ᠎ᠤᠨ ᠰᠠᠢ᠌ᠨ ᠳᠤᠷᠠᠴᠤᠳ᠎ᠤᠨ ᠲᠤᠰᠭᠠᠢ ᠮᠡᠷᠭᠡᠵᠢᠯ᠎ᠦᠨ ᠢᠯᠡᠷᠡᠭᠦᠯᠦᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠤᠳᠭ᠎ᠠ ᠤᠷᠠᠯᠢᠭ ᠪᠠ ᠪᠠᠢᠴᠠᠭᠠᠬᠤ ᠠᠵᠢᠯ ᠤ᠋ᠨ ᠠᠭᠤᠰᠤᠯᠴᠠᠯ᠎ᠤᠨ ᠠᠮᠢᠳᠤᠯᠢᠭ ᠢᠯᠡᠷᠡᠯ ᠪᠣᠯᠬᠤ ᠶᠤᠮ᠃ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ  ᠪᠠᠢᠴᠠᠭᠠᠬᠤ ᠬᠣᠷᠢᠶᠠᠨ᠎ᠤ ᠠᠵᠢᠯᠲᠠᠳ ᠪᠠᠰᠠ ᠲᠠᠢᠰᠠᠨ᠎ᠳᠤ ᠭᠠᠷᠴᠤ᠌᠂ 《 ᠬᠡᠷᠡᠯ ᠭᠢᠯᠪᠠᠭ᠎ᠠ》᠂ 《ᠡᠬᠡ ᠤᠯᠤᠰ᠎ᠢᠶᠠᠨ ᠮᠠᠷᠲᠠᠬᠤ ᠥᠬᠡᠶ 》 ᠬᠡᠬᠦ ᠵᠡᠷᠬᠡ ᠲᠠᠭᠤᠤ ᠵᠢ ᠬᠠᠮᠳᠦ᠎ᠳᠠᠭᠠᠨ ᠲᠠᠭᠤᠯᠠᠨ᠂ ᠲᠤᠬᠯᠠᠯᠳᠠ ᠳ᠋ᠸ᠋ ᠦᠩᠬᠡ ᠬᠢᠯᠪᠠᠭ᠎ᠠ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号