2025 ᠣᠨ᠎ᠳᠤ᠂ ᠥᠪᠥᠷ ᠮᠣᠩᠭᠣᠯ ᠠᠷᠠᠳ᠎ᠲᠤ ᠠᠱᠢᠭ ᠬᠦᠷᠲᠡᠭᠡᠬᠦ᠌ ᠡᠳ᠋᠎ᠦᠨ ᠵᠠᠰᠠᠭ᠎ᠤᠨ ᠨᠥᠬᠥᠪᠥᠷᠢ ᠣᠯᠭᠣᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠪᠥᠬᠥ᠌ ᠵᠢᠯ᠎ᠳᠦ ᠨᠡᠢᠲᠡ 493.14 ᠳ᠋ᠦᠩᠱᠢᠭᠤᠷ ᠲᠥᠭᠥᠷᠢᠭ᠎ᠦᠨ ᠨᠥᠬᠥᠪᠥᠷᠢ ᠮᠥᠩᠭᠥ᠌ ᠲᠠᠷᠬᠠᠭᠠᠵᠤ᠂ 2024 ᠤᠨ ᠤ᠋ ᠬᠢ᠎ᠡᠴᠡ 13.02%᠎ᠢ᠋ᠢᠡᠷ ᠨᠡᠮᠡᠭ᠌ᠳᠡᠵᠦ᠍᠂ ᠬᠣᠲᠠ ᠬᠥᠳᠡᠭᠡ᠎ᠶ᠋ᠢᠨ ᠣᠯᠠᠨ ᠲᠦᠮᠡᠨ᠎ᠳᠦ 6126.19 ᠲᠦᠮᠡᠨ ᠬᠥᠮᠦᠨ ᠤᠳᠠᠭ᠎ᠠ ᠳ᠋ᠤ᠌ ᠠᠱᠢᠭ ᠬᠦᠷᠲᠡᠭᠡᠪᠡ᠃
ᠨᠥᠬᠥᠪᠥᠷᠢ᠎ᠶ᠋ᠢᠨ ᠪᠦᠲᠦᠴᠡ᠎ᠡᠴᠡ ᠦᠵᠡᠪᠡᠯ᠂ ᠳᠡᠭᠡᠷ᠎ᠡ ᠳᠤᠷᠠᠳᠤᠭ᠍ᠰᠠᠨ ᠨᠥᠬᠥᠪᠥᠷᠢ ᠮᠥᠩᠭᠥ᠎ᠶ᠋ᠢᠨ ᠳᠣᠲᠣᠷ᠎ᠠ᠂ ᠦᠶ᠋ᠯᠡᠳᠪᠦᠷᠢᠯᠡᠯ᠎ᠦᠨ ᠴᠢᠨᠠᠷᠲᠠᠶ ᠨᠥᠬᠥᠪᠥᠷᠢ 54.61%᠎ᠶ᠋ᠢ ᠡᠵᠡᠯᠡᠵᠦ᠍᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠰᠡᠷᠭᠦᠭᠡᠬᠦ᠌᠂ ᠲᠠᠷᠢᠶᠠᠨ ᠭᠠᠵᠠᠷ᠎ᠢ ᠬᠠᠮᠠᠭᠠᠯᠠᠬᠤ ᠪᠠ ᠲᠠᠷᠢᠶᠠᠯᠠᠩ᠎ᠤᠨ ᠮᠠᠱᠢᠨ ᠬᠤᠳᠠᠯᠳᠤᠨ ᠠᠪᠬᠤ ᠵᠡᠷᠭᠡ᠎ᠶ᠋ᠢ ᠭᠤᠤᠯᠳᠠᠯᠭ᠎ᠠ᠎ᠲᠠᠶ ᠳᠡᠮᠵᠢᠵᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠦᠴᠦᠲᠡᠶ ᠠᠬᠢᠭᠤᠯᠪᠠ; ᠠᠮᠢᠳᠤᠷᠠᠯ᠎ᠤᠨ ᠴᠢᠨᠠᠷᠲᠠᠶ ᠨᠥᠬᠥᠪᠥᠷᠢ 31.70%᠎ᠢ ᠡᠵᠡᠯᠡᠵᠦ᠍᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠯᠠ ᠮᠥᠩᠭᠥ᠌ ᠪᠠ ᠣᠨᠴᠠ ᠬᠦᠴᠢᠷᠳᠡᠯᠳᠡᠢ᠂ ᠥᠨᠳᠥᠷ ᠨᠠᠰᠤᠨ᠎ᠤ ᠨᠡᠮᠡᠭᠦᠷᠢ ᠵᠡᠷᠭᠡ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠥᠷᠥᠯ ᠵᠦᠶ᠋ᠯ᠎ᠢ ᠬᠠᠮᠤᠷᠴᠤ᠌᠂ ᠠᠷᠠᠳ᠎ᠤᠨ ᠦᠨᠳᠦᠰᠦᠨ ᠠᠮᠢᠳᠤᠷᠠᠯ᠎ᠤᠨ ᠬᠣᠷᠢᠭ᠎ᠠ ᠱᠤᠭᠤᠮ᠎ᠢ ᠦᠨᠡᠨ ᠬᠦ᠌ ᠪᠠᠲᠤ ᠰᠠᠬᠢᠪᠠ; ᠴᠠᠯᠢᠩ᠎ᠤᠨ ᠲᠦᠷᠦᠯ ᠵᠡᠷᠭᠡ ᠪᠤᠰᠤᠳ ᠨᠥᠬᠥᠪᠥᠷᠢ 13.69% ᠵᠢ ᠡᠵᠡᠯᠡᠵᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠪᠠ᠃
ᠡᠭᠦᠨ᠎ᠦ ᠬᠠᠮᠲᠤ᠂ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ ᠨᠢ ᠨᠥᠬᠥᠪᠥᠷᠢ ᠣᠯᠭᠣᠬᠤ ᠭᠤᠤᠯ ᠠᠴᠢᠶᠠᠯᠠᠭ᠍ᠴᠢ ᠪᠣᠯᠤᠭ᠍ᠰᠠᠨ᠎ᠤ ᠬᠤᠪᠢ᠎ᠳᠤ᠂ ᠦᠢᠯᠡᠳᠦᠯ ᠨᠢ ᠡᠳᠦᠷ ᠢᠷᠡᠬᠦᠶ᠎ᠡ ᠲᠣᠪᠣᠢᠮ᠎ᠠ ᠪᠤᠯᠵᠡᠢ᠃ 2025 ᠣᠨ᠎ᠤ ᠡᠴᠦᠰ ᠪᠣᠯᠲᠠᠯ᠎ᠠ᠂ ᠪᠥᠬᠥ᠌ ᠣᠷᠣᠨ᠎ᠤ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ᠎ᠢᠶᠡᠨ ᠳᠠᠩᠰᠠᠯᠠᠭᠤᠯᠤᠭ᠍ᠰᠠᠨ ᠬᠡᠮᠵᠢᠶ᠎ᠡ 1000 ᠲᠦᠮᠡ᠎ᠶ᠋ᠢ ᠳᠠᠪᠠᠵᠤ᠂ ᠪᠦᠷᠬᠦᠴᠡ᠎ᠶ᠋ᠢᠨ ᠨᠣᠷᠮ᠎ᠠ ᠨᠢ 95% ᠢ᠋ᠢ ᠲᠡᠪᠡᠪᠡ; 2025 ᠣᠨ᠎ᠳᠤ᠂ ᠥᠪᠥᠷ ᠮᠣᠩᠭᠣᠯ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ᠎ᠢᠶᠠᠷ ᠲᠠᠮᠵᠢᠨ ᠠᠷᠠᠳ᠎ᠲᠤ ᠠᠱᠢᠭ ᠬᠦᠷᠲᠡᠭᠡᠬᠦ᠌ ᠨᠥᠬᠥᠪᠥᠷᠢ᠎ᠶ᠋ᠢ 459.10 ᠳ᠋ᠦᠩᠱᠢᠭᠤᠷ ᠲᠥᠭᠥᠷᠢᠭ ᠲᠠᠷᠬᠠᠭᠠᠵᠤ᠂ ᠲᠠᠷᠬᠠᠭᠠᠭᠰᠠᠨ ᠨᠦᠬᠦᠪᠤᠷᠢ ᠢ᠋ᠢᠨ ᠵᠤᠭᠤᠰ᠎ᠤᠨ ᠤ᠋ ᠲᠤᠭ᠎ᠠ ᠨᠢ ᠨᠥᠬᠥᠪᠥᠷᠢ ᠤᠯᠭᠤᠬᠤ ᠶᠡᠷᠦᠨᠭᠬᠡᠢ ᠬᠡᠮᠵᠢᠶ᠎ᠡ ᠢ᠋ᠢᠨ 93.10%᠎ᠢ ᠡᠵᠡᠯᠡᠵᠤ᠂ ᠨᠥᠬᠥᠪᠥᠷᠢ ᠮᠥᠩᠭᠥ᠎ᠶ᠋ᠢ ᠠᠮᠤᠷ ᠲᠦᠪᠱᠢᠨ᠎ᠢᠶᠡᠷ ᠱᠢᠭᠤᠳ ᠬᠦᠷᠭᠡᠵᠦ᠍᠂ ᠣᠨᠣᠪᠴᠢᠲᠠᠶ᠎ᠪᠠᠷ ᠣᠯᠭᠣᠬᠤ᠎ᠶ᠋ᠢ ᠪᠡᠶᠡᠯᠡᠭᠦᠯᠪᠡ᠃
ᠨᠥᠬᠥᠪᠥᠷᠢ ᠮᠥᠩᠭᠥ᠎ᠶ᠋ᠢ ᠠᠮᠤᠷ ᠲᠦᠪᠱᠢᠨ᠎ᠢᠶᠡᠷ ᠣᠯᠭᠣᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠤᠰᠠᠳᠠ᠂ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠳᠣᠲᠣᠭᠠᠳᠤ᠎ᠶ᠋ᠢ ᠬᠠᠮᠠᠭᠠᠯᠠᠬᠤ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ ᠲᠣᠭ᠎ᠠ ᠪᠠᠷᠢᠮᠲᠠ᠎ᠶ᠋ᠢ ᠬᠠᠮᠲᠤ ᠪᠠᠷ ᠡᠳ᠋ᠯᠡᠬᠦ ᠲᠠᠪᠴᠠᠩ᠎ᠢ ᠪᠠᠢᠭᠤᠯᠵᠤ᠂ ᠪᠠᠯᠠ ᠮᠥᠩᠭᠥ᠎ᠶ᠋ᠢ ᠬᠥᠳᠡᠯᠦᠩᠭᠦᠶ᠎ᠪᠡᠷ ᠲᠠᠰ ᠳᠡᠪᠱᠢᠭᠦᠯᠦᠨ ᠬᠠᠮᠢᠶᠠᠷᠬᠤ ᠲᠣᠭ᠍ᠲᠠᠴᠠ᠎ᠳᠤ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠪᠠᠯᠠ ᠮᠥᠩᠭᠥ᠎ᠶ᠋ᠢᠨ ᠪᠥᠬᠥ᠌ ᠶᠠᠪᠤᠴᠡ ᠳ᠋ᠤ᠌ ᠪᠢᠲᠡᠭᠦᠮᠵᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ᠋ ᠪᠦᠷᠢᠯᠳᠦᠭᠦᠯᠪᠡ; ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠦᠨᠳᠦᠰᠦᠯᠡᠯ᠂ ᠣᠯᠭᠣᠬᠤ ᠪᠠᠷᠢᠮᠵᠢᠶ᠎ᠠ᠂ ᠭᠦᠶ᠋ᠴᠡᠳᠭᠡᠬᠦ᠌ ᠴᠠᠭ᠎ᠤᠨ ᠬᠢᠵᠠᠭᠠᠷ ᠵᠡᠷᠭᠡ ᠮᠡᠳᠡᠭᠡ ᠵᠠᠩᠭᠢ᠎ᠶ᠋ᠢ ᠪᠥᠬᠥ᠌ ᠲᠠᠯ᠎ᠠ᠎ᠪᠠᠷ ᠢᠯᠡ ᠪᠣᠯᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠢᠯᠡ ᠪᠣᠯᠭᠠᠬᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠨᠥᠬᠥᠪᠥᠷᠢ ᠣᠯᠭᠣᠬᠤ ᠶᠠᠪᠤᠴᠠ᠎ᠳᠠᠬᠢ ᠣᠯᠠᠨ ᠲᠦᠮᠡᠨ᠎ᠦ ᠪᠠᠢᠳᠠᠯ᠎ᠢ ᠮᠡᠳᠡᠬᠦ᠌ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ᠎ᠶ᠋ᠢ ᠦᠨᠡᠨ ᠬᠦ᠌ ᠪᠠᠳᠤᠯᠠᠪᠠ᠃