《ᠨᠢᠳᠤᠨᠤᠨ᠎ᠤ 10 ᠰᠠᠷ᠎ᠠ᠎ᠠᠴᠠ ᠡᠬᠢᠯᠡᠨ᠂ ᠪᠢᠳᠡ ᠬᠦᠴᠢᠷᠳᠡᠯᠲᠡᠶ ᠣᠯᠠᠨ ᠲᠦᠮᠡᠨ᠎ᠢ ᠬᠠᠯᠠᠭᠤᠨ ᠳᠤᠯᠠᠭᠠᠨ ᠡᠪᠦᠯᠵᠢᠬᠦᠯᠬᠦ ᠪᠡᠯᠡᠳᠭᠡᠯ᠎ᠢ ᠰᠠᠢᠲᠤᠷ ᠬᠢᠭᠰᠡᠨ ᠶᠤᠮ᠂ ᠣᠲᠣᠬᠠᠨ ᠪᠣᠯᠲᠠᠯ᠎ᠠ ᠨᠢᠭᠡᠨᠲᠡ 2.71 ᠲᠦᠮᠡᠨ ᠡᠷᠦᠬᠡ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭᠰᠡᠳ ᠪᠠ ᠣᠨᠴᠠ ᠬᠦᠴᠢᠷᠳᠡᠯᠲᠡᠶ ᠬᠥᠮᠦᠰ᠎ᠲᠦ 1781 ᠲᠦᠮᠡᠨ ᠲᠥᠭᠥᠷᠢᠭ᠎ᠦᠨ ᠳᠤᠯᠠᠭᠠᠯᠠᠭ᠎ᠠ᠎ᠶ᠋ᠢᠨ ᠨᠥᠬᠥᠪᠥᠷᠢ ᠣᠯᠭᠣᠪᠠ》ᠭᠡᠵᠦ ᠪᠤᠭᠤᠲᠤ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠨᠡᠢᠭᠡᠮ᠎ᠦᠨ ᠠᠪᠤᠷᠠᠨ ᠲᠤᠰᠠᠯᠠᠬᠤ ᠰᠠᠯᠠᠭᠠᠨ᠎ᠤ ᠳᠠᠷᠤᠭ᠎ᠠ ᠳ᠋ᠦ᠋ ᠵᠢᠤᠸᠠᠨ ᠲᠠᠨᠢᠯᠴᠠᠭᠤᠯᠪᠠ᠃ ᠬᠦᠴᠢᠷᠳᠡᠯᠲᠡᠶ ᠣᠯᠠᠨ ᠲᠦᠮᠡᠨ᠎ᠦ ᠳᠤᠯᠠᠭᠠᠨ ᠪᠦᠯᠢᠶᠡᠨ ᠡᠪᠦᠯᠵᠢᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠮᠠᠨ᠎ᠤ ᠤᠷᠤᠨ 2025 ᠣᠨ᠎ᠤ 12 ᠰᠠᠷ᠎ᠠ᠎ᠠᠴᠠ ᠡᠬᠢᠯᠡᠨ᠂ ᠳᠤᠯᠠᠭᠠᠯᠠᠭ᠎ᠠ᠎ᠶ᠋ᠢᠨ ᠨᠥᠬᠥᠪᠥᠷᠢ᠂ ᠳᠤᠯᠠᠭᠠᠯᠠᠭ᠎ᠠ᠎ᠶ᠋ᠢᠨ ᠡᠳ᠋ ᠪᠣᠳᠠᠰ ᠲᠠᠷᠬᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ 8.36 ᠲᠦᠮᠨ ᠭᠠᠷᠤᠢ ᠬᠦᠴᠢᠷᠳᠡᠯᠲᠡᠶ ᠣᠯᠠᠨ ᠲᠦᠮᠡᠨ᠎ᠳᠦ ᠳᠤᠯᠠᠭᠠᠯᠠᠭ᠎ᠠ᠎ᠶ᠋ᠢᠨ ᠲᠤᠰᠠᠯᠠᠮᠵᠢ ᠬᠠᠩᠭᠠᠪᠠ᠃
ᠬᠠᠬᠢᠷ ᠡᠪᠤᠯᠢ ᠢᠳᠡᠪᠬᠢᠲᠡᠶ ᠠᠷᠭᠠᠴᠠᠭᠠᠵᠤ᠂ ᠲᠦᠷ ᠴᠠᠭ᠎ᠤᠨ ᠠᠪᠤᠷᠠᠨ ᠲᠤᠰᠠᠯᠠᠬᠤ ᠠᠵᠢᠯ᠎ᠤᠨ ᠡᠷᠴᠢᠮ᠎ᠢᠶᠡᠨ ᠴᠢᠩᠭᠠᠷᠠᠭᠤᠯᠵᠤ᠂ ᠬᠦᠴᠢᠷᠳᠡᠯᠲᠡᠶ ᠣᠯᠠᠨ ᠲᠦᠮᠡᠨ᠎ᠦ ᠳᠤᠯᠠᠭᠠᠨ ᠪᠦᠯᠢᠶᠡᠨ ᠡᠪᠦᠯᠵᠢᠬᠦ᠌᠎ᠶ᠋ᠢ ᠪᠠᠲᠤᠯᠠᠬᠤ᠎ᠶ᠋ᠢᠨ ᠲᠥᠯᠥᠭᠡ ᠂ 2025 ᠣᠨ᠎ᠤ 12 ᠰᠠᠷ᠎ᠠ᠎ᠠᠴᠠ ᠡᠬᠢᠯᠡᠨ᠂ ᠥᠪᠥᠷ ᠮᠣᠩᠭᠣᠯ᠎ᠤᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠠᠰᠠ ᠨᠥᠬᠥᠴᠡᠯ᠎ᠳᠦ ᠨᠡᠢᠴᠡᠬᠦ᠌ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠡᠷᠴᠢᠮ᠎ᠢᠶᠡᠨ ᠴᠢᠩᠭᠠᠷᠠᠭᠤᠯᠬᠤ᠎ᠶ᠋ᠢᠨ ᠬᠠᠮᠲᠤ᠂ ᠡᠯ᠎ᠡ ᠭᠠᠵᠠᠷ᠎ᠤᠨ᠎ᠬᠢᠨ᠎ᠢ ᠵᠢᠯᠣᠭᠣᠳᠴᠤ᠌ ᠪᠠᠢᠭᠠᠳ ᠴᠠᠭᠠᠨ ᠰᠠᠷ᠎ᠠ ᠵᠢᠨ ᠬᠤᠭᠤᠴᠠᠭᠠᠨ᠎ᠳᠠᠬᠢ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠵᠢᠨ ᠮᠦᠩᠬᠦ ᠪᠠ ᠣᠨᠴᠠ ᠬᠦᠴᠢᠷᠳᠡᠭᠰᠡᠳ᠎ᠢ ᠠᠰᠠᠷᠠᠨ ᠲᠡᠵᠢᠭᠡᠬᠦ᠌ ᠮᠥᠩᠭᠥ᠎ᠶ᠋ᠢ ᠴᠠᠭ ᠲᠤᠬᠠᠶ᠎ᠳᠤᠨᠢ ᠲᠣᠭ᠎ᠠ ᠶᠣᠰᠣᠭᠠᠷ᠎ᠨᠢ ᠣᠯᠭᠣᠵᠤ᠂ ᠪᠠᠶᠠᠷ᠎ᠦᠨ ᠡᠳᠤᠷ᠎ᠦᠨ ᠬᠤᠭᠤᠴᠠᠭᠠᠨ᠎ᠳᠠᠬᠢ ᠪᠠᠷᠠᠭᠠᠨ᠎ᠤ ᠦᠨ᠎ᠡ᠎ᠶ᠋ᠢᠨ ᠬᠤᠪᠢᠷᠠᠯᠲᠠ᠎ᠶ᠋ᠢᠨ ᠪᠠᠢᠳᠠᠯ᠎ᠢ ᠨᠢᠭ᠍ᠲᠠ ᠠᠩᠬᠠᠷᠴᠤ᠌᠂ ᠪᠠᠷᠠᠭᠠᠨ᠎ᠤ ᠦᠨ᠎ᠡ᠎ᠶ᠋ᠢᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠴᠠᠭ ᠲᠤᠬᠠᠶ᠎ᠳᠤᠨᠢ ᠡᠬᠢᠯᠡᠭᠦᠯᠵᠦ᠍᠂ ᠬᠦᠴᠢᠷᠳᠡᠯᠲᠡᠶ ᠣᠯᠠᠨ ᠲᠦᠮᠡᠨ᠎ᠦ ᠳᠤᠯᠠᠭᠠᠬᠠᠨ ᠡᠪᠦᠯᠵᠢᠵᠤ ᠪᠠᠶᠠᠷ ᠬᠦᠷ ᠲᠠᠢ ᠰᠢᠨᠡᠯᠡᠬᠦ᠎ᠶ᠋ᠢ ᠦᠨᠡᠨ ᠬᠦ᠌ ᠪᠠᠲᠤᠯᠠᠪᠠ᠃ 《2025 ᠣᠨ᠎ᠤ 12 ᠰᠠᠷ᠎ᠠ᠎ᠠᠴᠠ ᠣᠲᠣ ᠪᠣᠯᠲᠠᠯ᠎ᠠ᠂ ᠮᠠᠨ᠎ᠤ ᠣᠷᠣᠨ ᠳᠤᠯᠠᠭᠠᠯᠠᠭ᠎ᠠ ᠵᠢᠨ ᠮᠦᠩᠬᠦ ᠪᠡᠷ 7.78 ᠲᠦᠮᠡᠨ ᠨᠠᠭᠠᠳᠤ ᠵᠠᠬ᠎ᠠ ᠵᠢᠨ ᠠᠮᠢᠳᠤᠷᠠᠯ᠎ᠦᠨ ᠪᠠᠳᠤᠯᠠᠭ᠎ᠠ ᠬᠦᠷᠳᠡᠭᠰᠡᠳ᠂ 0.58 ᠲᠦᠮᠡᠨ ᠣᠨᠴᠠ ᠬᠦᠴᠢᠷᠳᠡᠯᠲᠡᠶ ᠬᠥᠮᠦᠨ᠂ 164 ᠪᠤᠰᠤᠳ ᠬᠦᠴᠢᠷᠳᠡᠯᠲᠡᠶ ᠣᠯᠠᠨ ᠲᠦᠮᠡᠨ᠎ᠢ ᠳᠤᠰᠠᠯᠠᠵᠦ᠂ ᠪᠥᠬᠥ᠌ ᠣᠷᠣᠨ᠎ᠳᠤ ᠳᠤᠯᠠᠭᠠᠯᠠᠭ᠎ᠠ᠎ᠪᠠᠷ ᠠᠪᠤᠷᠠᠨ ᠲᠤᠰᠠᠯᠠᠬᠤ ᠪᠠᠯᠠ ᠮᠥᠩᠭᠥ᠎ᠶ᠋ᠢ ᠨᠡᠢᠲᠡ 4328.7 ᠲᠦᠮᠡᠨ ᠲᠥᠭᠥᠷᠢᠭ ᠪᠠᠭᠤᠯᠭᠠᠪᠠ》 ᠬᠡᠵᠤ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠦᠨ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠲᠥᠪ᠎ᠦᠨ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠨᠢᠯᠴᠠᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号