《ᠴᠡᠷᠢᠭ ᠠᠩᠭᠢ ᠲᠠᠢ᠍ᠢᠨ ᠤ ᠢᠯᠠᠯᠲᠠ ᠤᠯᠬᠤ᠎ᠳᠦ ᠠᠷᠠᠳ ᠲᠦᠮᠡᠨ ᠪᠣᠯ ᠠᠷᠤ ᠲᠦᠰᠢᠭ ᠮᠥᠨ》᠃ ᠪᠦᠬᠦ ᠠᠷᠠᠳ ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ ᠪᠣᠯ ᠤᠯᠤᠰ᠎ᠤᠨ ᠪᠠᠲᠤᠯᠠᠨ ᠬᠠᠮᠠᠭᠠᠯᠠᠯᠲᠠ ᠶᠢ ᠪᠡᠬᠢᠵᠢᠭᠦᠯᠬᠦ ᠪᠠ ᠬᠦᠴᠦᠷᠬᠡᠭ ᠶᠡᠬᠡ ᠠᠷᠠᠳ᠎ᠤᠨ ᠴᠡᠷᠢᠭ ᠠᠩᠭᠢ᠎ᠶᠢ ᠪᠦᠲᠦᠭᠡᠨ ᠪᠠᠶ᠋ᠢᠭᠤᠯᠬᠤ᠎ᠶᠢᠨ ᠰᠠᠭᠤᠷᠢ ᠴᠢᠨᠠᠷᠲᠠᠢ ᠢᠨᠵᠧᠨᠧᠷᠢᠩ ᠮᠥᠨ᠂ ᠤᠯᠤᠰ᠎ᠢᠶᠠᠨ ᠬᠠᠢᠷᠠᠯᠠᠬᠤ ᠦᠵᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠤᠬᠠᠮᠰᠠᠷ᠎ᠢ ᠴᠢᠩᠭᠠᠳᠬᠠᠬᠤ ᠪᠦᠲᠦᠮᠵᠢᠲᠡᠢ ᠠᠷᠭ᠎ᠠ ᠵᠠᠮ ᠮᠥᠨ᠃ ᠶᠡᠷᠦᠩᠬᠡᠢ ᠱᠦᠵᠢ ᠰᠢ ᠵᠢᠨ ᠫᠢᠩ᠄ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠴᠢᠩᠭᠠᠳᠬᠠᠵᠤ᠂ ᠪᠥᠬᠥ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠵᠡᠯᠲᠡ᠎ᠶᠢ ᠴᠢᠩᠭᠠᠳᠬᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠯᠠᠮᠵᠢᠯᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠢᠷᠠᠯᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠪᠦᠲᠦᠭᠡᠨ ᠪᠠᠶ᠋ᠢᠭᠤᠯᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠮᠠᠭᠠᠯᠠᠬᠤ᠎ᠶᠢ ᠪᠥᠬᠥ ᠨᠡᠢᠭᠡᠮ᠎ᠦᠨ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠢ》 ᠭᠡᠵᠦ ᠴᠢᠬᠤᠯᠠᠴᠢᠯᠠᠪᠠ᠃ ᠪᠢᠳᠡ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠦᠨ ᠪᠥᠬᠥ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠪᠥᠬᠥ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠴᠢᠩᠭᠠᠳᠬᠠᠵᠤ᠂ ᠪᠥᠬᠥ ᠨᠡᠢᠭᠡᠮ᠎ᠦᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠵᠡᠯᠲᠡ᠂ ᠤᠯᠤᠰ᠎ᠢᠶᠠᠨ ᠬᠠᠢᠷᠠᠯᠠᠬᠤ ᠰᠡᠳᠬᠢᠯᠭᠡ᠂ ᠴᠡᠷᠢᠭ᠎ᠢᠶᠡᠨ ᠬᠦᠷᠢᠶᠡᠯᠡᠬᠦ ᠦᠵᠡᠯ ᠰᠠᠨᠠᠭ᠎ᠠ᠂ ᠴᠡᠷᠢᠭ᠎ᠢᠶᠡᠨ ᠬᠦᠴᠦᠷᠬᠡᠭᠵᠢᠭᠦᠯᠬᠦ ᠤᠬᠠᠮᠰᠠᠷ ᠢ ᠤᠯᠠᠮ ᠴᠢᠩᠭᠠᠳᠬᠠᠵᠤ᠂ ᠰᠢᠨ᠎ᠡ ᠠᠶᠠᠨ᠎ᠳᠤ ᠤᠯᠤᠰ᠎ᠢᠶᠠᠨ ᠬᠦᠴᠦᠷᠬᠡᠭᠵᠢᠭᠦᠯᠵᠦ ᠴᠡᠷᠢᠭ᠎ᠢᠶᠡᠨ ᠮᠠᠨᠳᠤᠭᠤᠯᠬᠤ ᠰᠦᠷ ᠬᠦᠴᠦᠨ᠎ᠢ ᠲᠠᠰᠤᠷᠠᠯᠲᠠ ᠦᠭᠡᠢ ᠨᠢᠭ᠍ᠲᠠᠷᠠᠭᠤᠯᠬᠤ ᠬᠡᠷᠡᠭᠲᠡᠢ᠃
ᠣᠳᠣᠬᠠᠨ᠎ᠳᠦ ᠳᠡᠯᠡᠬᠡᠢ ᠶᠢᠷᠲᠢᠨᠴᠦ᠎ᠶᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠳᠴᠦ᠂ ᠪᠦᠬᠦ ᠪᠥᠮᠪᠥᠷᠴᠡᠭ᠎ᠦᠨ ᠦᠢᠮᠡᠭᠡᠨᠦ ᠡᠬᠢ ᠪᠣᠯᠣᠨ ᠠᠶᠤᠯ ᠲᠦᠭᠰᠢᠭᠦᠷᠢ᠎ᠶᠢᠨ ᠴᠡᠭ ᠣᠯᠠᠰᠢᠷᠠᠵᠤ᠂ ᠡᠯ᠎ᠡ ᠵᠦᠢᠯ᠎ᠦᠨ ᠠᠮᠤᠷ ᠲᠦᠪᠰᠢᠨ᠎ᠦ ᠰᠦᠷᠳᠡᠭᠦᠯᠦᠯ ᠪᠣᠯᠣᠨ ᠥᠷᠢᠰᠦᠯᠳᠦᠭᠡᠨ ᠤᠯᠠᠨ ᠡᠰᠢᠵᠢᠨ ᠨᠠᠷᠢᠨ ᠪᠤᠳᠤᠯᠢᠶᠠᠨᠲᠠᠢ ᠪᠣᠯᠵᠠᠢ᠃ ᠢᠯᠠᠩᠭᠤᠶ᠎ᠠ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ᠂ ᠠᠵᠤ ᠦᠢᠯᠡᠰ᠎ᠦᠨ ᠬᠤᠪᠢᠰᠬᠠᠯ ᠪᠠ ᠴᠡᠷᠢᠭ᠎ᠦᠨ ᠶᠠᠪᠤᠳᠠᠯ᠎ᠤᠨ ᠬᠤᠪᠢᠰᠬᠠᠯ᠎ᠤᠨ ᠦᠢᠯᠡᠳᠦᠯ ᠳᠣᠣᠷ᠎ᠠ ᠳᠠᠢ᠍ᠢᠨ᠎ᠳᠦ ᠢᠯᠠᠯᠲᠠ ᠣᠯᠬᠤ ᠦᠵᠡᠯᠲᠡ᠂ ᠢᠯᠠᠯᠲᠠ ᠣᠯᠬᠤ ᠡᠯᠧᠮᠧᠨ᠋ᠲ᠂ ᠢᠯᠠᠯᠲᠠ ᠣᠯᠬᠤ ᠠᠷᠭ᠎ᠠ ᠬᠡᠯᠪᠡᠷᠢᠳᠦ ᠴᠥᠮ ᠴᠢᠬᠤᠯᠠ ᠬᠤᠪᠢᠷᠠᠯᠲᠠ ᠭᠠᠷᠴᠤ᠂ ᠡᠩ᠎ᠦᠨ ᠦᠶ᠎ᠡ ᠪᠠ ᠳᠠᠢ᠍ᠢᠨ᠎ᠦ ᠦᠶ᠎ᠡ᠎ᠶᠢ ᠨᠢᠭᠡ ᠴᠣᠭᠴᠠᠵᠢᠭᠤᠯᠬᠤ᠂ ᠴᠡᠷᠢᠭ ᠠᠷᠠᠳ ᠢ ᠨᠢᠭᠡ ᠴᠣᠭᠴᠠᠵᠢᠭᠤᠯᠬᠤ᠂ ᠡᠮᠦᠨ᠎ᠡ ᠬᠣᠢᠨᠠᠬᠢ᠎ᠶᠢ ᠨᠢᠭᠡ ᠴᠣᠭᠴᠠᠵᠢᠭᠤᠯᠬᠤ ᠵᠡᠷᠭᠡ ᠣᠨᠴᠠᠯᠢᠭ᠋ ᠨᠡᠩ ᠲᠣᠪᠣᠢᠮ᠎ᠠ ᠪᠣᠯᠪᠠ᠃ ᠤᠳᠦ ᠦᠶ᠎ᠡ᠎ᠶᠢᠨ ᠲᠡᠢ᠍ᠢᠠ ᠪᠣᠯ ᠴᠡᠷᠢᠭ᠎ᠦᠨ ᠬᠦᠴᠦᠨ᠎ᠦ ᠦᠵᠡᠯᠴᠡᠭᠡᠨ᠂ ᠵᠡᠪᠰᠡᠭ ᠲᠣᠨᠣᠭᠯᠠᠯ᠎ᠤᠨ ᠦᠵᠡᠯᠴᠡᠭᠡᠨ ᠪᠣᠯᠬᠤ᠎ᠪᠠᠷ ᠪᠠᠷᠠᠬᠤ ᠦᠭᠡᠢ ᠪᠠᠰᠠ ᠴᠤ᠌ ᠠᠷᠠᠳ᠎ᠤᠨ ᠬᠦᠴᠦᠨ᠎ᠦ ᠠᠳᠠᠯᠢᠳᠬᠠᠯ᠂ ᠤᠯᠤᠰ᠎ᠤᠨ ᠬᠦᠴᠦᠨ᠎ᠦ ᠦᠵᠡᠯᠴᠡᠭᠡᠨ ᠪᠣᠯᠬᠤ ᠶᠤᠮ᠃ ᠠᠷᠠᠳ ᠤᠯᠠᠨ᠎ᠤ ᠳᠠᠢ᠍ᠢᠨ᠎ᠦ ᠲᠤᠬᠠᠢ ᠲᠠᠨᠢᠯᠲᠠ᠎ᠶᠢᠨ ᠬᠡᠮᠵᠢᠶ᠎ᠡ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠳᠡᠮᠵᠢᠬᠦ ᠡᠷᠴᠢᠮ ᠨᠢ ᠮᠠᠰᠢ ᠶᠡᠬᠡ ᠬᠡᠮᠵᠢᠶᠡᠨ ᠳᠡᠭᠡᠷ᠎ᠡ ᠳᠠᠢ᠍ᠢᠨ᠎ᠦ ᠠᠬᠢᠴᠠ ᠪᠠ ᠦᠷ᠎ᠡ ᠳ᠋ᠦᠩ᠎ᠢ ᠨᠥᠯᠥᠭᠡᠯᠡᠵᠦ ᠪᠠᠢᠳᠠᠭ᠃ ᠪᠦᠬᠦ ᠠᠷᠠᠳ ᠲᠦᠮᠡᠨ᠎ᠦ ᠲᠡᠮᠡᠴᠡᠯ᠎ᠳᠦ ᠰᠢᠭᠤᠳ ᠬᠠᠨᠳᠤᠬᠤ ᠣᠮᠣᠭ ᠵᠣᠷᠢᠭ᠋᠎ᠢ ᠳᠠᠪᠲᠠᠨ ᠪᠣᠯᠪᠠᠰᠤᠷᠠᠭᠤᠯᠵᠤ᠂ ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠳᠦᠨ ᠥᠷᠢᠰᠦᠯᠳᠦᠭᠡᠨ᠎ᠢ ᠠᠷᠭᠠᠴᠠᠭᠠᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠬᠤ ᠪᠣᠯ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠳᠦ ᠳᠤᠷᠠᠳᠤᠭᠰᠠᠨ ᠴᠠᠭ ᠦᠶ᠎ᠡ᠎ᠶᠢᠨ ᠰᠢᠨ᠎ᠡ ᠱᠠᠭᠠᠷᠳᠠᠯᠭ᠎ᠠ ᠮᠦᠨ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠢ ᠪᠠᠢᠯᠳᠤᠬᠤ ᠪᠣᠳᠣᠯᠭ᠎ᠠ᠎ᠶᠢᠨ ᠠᠰᠠᠭᠤᠳᠠᠯ ᠪᠣᠯᠭᠠᠨ ᠠᠳᠬᠤᠵᠤ᠂ ᠠᠯᠢ ᠤᠯᠠᠨ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ ᠠᠪᠴᠤ ᠂ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠥᠷᠨᠢᠩᠭᠦᠢ ᠬᠥᠭᠵᠢᠯᠲᠡ᠎ᠶᠢ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠪᠦᠲᠦᠭᠡᠨ ᠪᠠᠢᠭᠤᠯᠤᠯᠲᠠ᠎ᠶᠢ ᠬᠠᠯᠠᠮᠵᠢᠯᠠᠨ ᠳᠡᠮᠵᠢᠬᠦ ᠨᠡᠢᠭᠡᠮ᠎ᠦᠨ ᠬᠠᠮᠲᠤ᠎ᠶᠢᠨ ᠲᠠᠨᠢᠯᠲᠠ᠎ᠶᠢ ᠲᠦᠷᠭᠡᠨ ᠪᠦᠷᠢᠯᠳᠦᠭᠦᠯᠪᠡ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠣᠷᠢᠶᠠᠨ ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠭᠤᠯᠭ᠎ᠠ᠎ᠪᠠᠷ ᠪᠠᠶᠠᠯᠢᠭ᠋᠂ ᠬᠡᠯᠪᠡᠷᠢ ᠨᠢ ᠤᠯᠠᠨ ᠶᠠᠩᠵᠤ᠎ᠶᠢᠨ᠂ ᠣᠨᠴᠠᠯᠢᠭ᠋᠎ᠢᠶᠠᠷ ᠢᠯᠡ ᠲᠣᠳᠣ᠌ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢ ᠥᠷᠨᠢᠭᠦᠯᠵᠦ᠂ ᠮᠢᠩᠭᠠᠨ ᠭᠠᠵᠠᠷ᠎ᠤᠨ 《ᠤᠯᠤᠰ᠎ᠤᠨ ᠲᠤᠭ ᠮᠠᠨᠳᠤᠭᠤᠯᠵᠤ᠂ ᠤᠯᠤᠰ᠎ᠤᠨ ᠰᠦᠯᠳᠡ ᠳᠠᠭᠤᠤ᠎ᠶᠢ ᠬᠠᠮᠲᠤ᠎ᠪᠠᠷ ᠳᠠᠭᠤᠯᠠᠬᠤ》ᠰᠤᠷᠭᠠᠭᠤᠯᠢ ᠵᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠠᠵᠢᠯᠯᠠᠭ᠎ᠠ᠎ᠠᠴᠠ ᠪᠤᠳᠤᠯ ᠰᠠᠨᠠᠯ ᠵᠢᠡᠨ ᠬᠤᠪᠢᠶᠠᠯᠴᠠᠬᠤ ᠠᠵᠢᠯᠯᠠᠭ᠎ᠠ ᠬᠦᠷᠲᠡᠯ᠎ᠠ ᠁ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ ᠲᠠᠰᠤᠷᠠᠯᠲᠠ ᠦᠭᠡᠢ ᠲᠦᠭᠡᠮᠡᠯᠵᠢᠵᠦ᠂ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠡᠪ ᠪᠣᠯᠪᠠᠰᠤᠷᠠᠯ ᠦᠷᠭᠦᠯᠵᠢᠯᠡᠨ ᠳᠡᠭᠡᠭᠰᠢᠯᠡᠵᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠯᠠᠮᠵᠢᠯᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠢᠷᠠᠯᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠪᠦᠲᠦᠭᠡᠨ ᠪᠠᠶ᠋ᠢᠭᠤᠯᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠮᠠᠭᠠᠯᠠᠬᠤ ᠠᠭᠤᠷ ᠠᠮᠢᠰᠬᠤᠯ ᠨᠡᠩ ᠭᠦᠨ ᠵᠤᠵᠠᠭᠠᠨ ᠪᠣᠯᠪᠠ᠃ ᠡᠭᠦᠨ᠎ᠦ ᠬᠠᠮᠲᠤ᠂ ᠴᠡᠷᠢᠭ᠎ᠢ ᠬᠦᠴᠦᠷᠬᠡᠭᠵᠢᠭᠦᠯᠬᠦ ᠠᠬᠢᠴᠠ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠱᠠᠭᠠᠷᠳᠠᠯᠭ᠎ᠠ ᠪᠠ ᠠᠷᠠᠳ ᠲᠦᠮᠡᠨ᠎ᠦ ᠠᠮᠤᠷ ᠲᠦᠪᠰᠢᠨ᠎ᠦ ᠱᠠᠭᠠᠷᠳᠠᠯᠭ᠎ᠠ᠎ᠲᠠᠢ ᠬᠠᠷᠢᠴᠠᠭᠤᠯᠪᠠᠯ᠂ ᠪᠥᠬᠥ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ ᠨᠢ ᠪᠠᠰᠠ ᠵᠣᠬᠢᠬᠤ ᠵᠥᠷᠢᠶ᠎ᠡ᠎ᠲᠠᠢ ᠪᠠᠢᠨ᠎ᠠ᠂ ᠵᠢᠱ᠌ᠢᠶᠡᠯᠡᠪᠡᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠵᠠᠷᠢᠮ ᠠᠭᠤᠯᠭ᠎ᠠ ᠬᠡᠯᠪᠡᠷᠢ ᠨᠢ ᠬᠠᠭᠤᠴᠢᠷᠠᠵᠤ᠂ ᠨᠥᠯᠥᠭᠡᠯᠡᠬᠦ ᠬᠦᠴᠦᠨ ᠨᠢ ᠪᠠᠭᠤᠷᠠᠢ ᠪᠠᠢᠵᠤ᠂ ᠵᠠᠷᠢᠮ ᠨᠢ ᠡᠭᠦᠷᠭᠡ᠎ᠶᠢᠨ ᠴᠢᠨᠠᠷᠲᠠᠢ ᠰᠡᠳᠬᠢᠬᠦᠢ᠎ᠲᠠᠢ ᠪᠠᠢᠵᠤ ᠂ ᠵᠦᠪᠬᠡᠨ ᠰᠡᠭᠦᠳᠡᠷ ᠲᠠᠲᠠᠵᠤ ᠤᠷᠤᠮ ᠦᠯᠡᠳᠡᠭᠡᠵᠦ᠂ ᠪᠠᠰᠠ ᠵᠠᠷᠢᠮ ᠨᠢ ᠲᠠᠩ ᠴᠤᠯᠭᠤᠢ ᠪᠠᠢᠵᠤ᠂ ᠵᠠᠯᠠᠭᠤᠴᠤᠳ᠎ᠢ ᠲᠠᠲᠠᠬᠤ ᠬᠦᠴᠦᠨ᠎ᠢᠶᠡᠷ ᠳᠤᠲᠠᠮᠠᠭ ᠪᠠᠢᠬᠤ ᠵᠡᠷᠭᠡ ᠪᠣᠯᠣᠨ᠎ᠠ᠃ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠴᠢᠩᠭᠠᠳᠬᠠᠬᠤ᠎ᠳᠤ ᠳᠣᠣᠷᠠᠬᠢ ᠬᠡᠳᠦᠨ ᠲᠠᠯ᠎ᠠ᠎ᠪᠠᠷ ᠴᠢᠷᠮᠠᠢᠬᠤ ᠬᠡᠷᠡᠭᠲᠡᠢ᠃
ᠴᠢᠭᠯᠡᠯ᠎ᠢ ᠵᠥᠪ ᠡᠵᠡᠮᠳᠡᠵᠦ᠂ ᠠᠭᠤᠯᠭ᠎ᠠ᠎ᠶᠢᠨ ᠰᠢᠰᠲᠧᠮ᠎ᠢ ᠪᠠᠶᠠᠯᠢᠭ᠍ᠵᠢᠭᠤᠯᠬᠤ ᠬᠡᠷᠡᠭᠲᠠᠢ᠃ ᠶᠡᠷᠦᠩᠬᠡᠢ ᠱᠦᠵᠢ ᠰᠢ ᠵᠢᠨ ᠫᠢᠩ᠎ᠦᠨ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠭᠡᠬᠦ ᠡᠨᠡ ᠬᠦ᠌ 《ᠰᠦᠭ ᠰᠦᠨᠡᠰᠦ》 ᠪᠠ 《ᠬᠥᠲᠥᠯᠪᠦᠷᠢ》 ᠶ᠋ᠢ ᠪᠤᠢ ᠪᠣᠯᠭᠠᠵᠤ᠂ ᠨᠠᠮ ᠪᠠ ᠠᠷᠠᠳ᠎ᠤᠨ ᠴᠡᠷᠢᠭ ᠠᠩᠭᠢ᠎ᠶᠢᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ᠎ᠢ ᠪᠠᠳᠠᠷᠠᠭᠤᠯᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶᠢ ᠪᠣᠢᠵᠢᠭᠤᠯᠤᠨ ᠦᠢᠯᠡᠳᠦᠯᠭᠡᠵᠢᠭᠦᠯᠵᠦ᠂ ᠤᠯᠤᠰ᠎ᠢᠶᠠᠨ ᠬᠠᠢᠷᠠᠯᠠᠬᠤ ᠂ᠦᠵᠡᠯ᠎ᠦᠨ ᠭᠣᠣᠯ ᠬᠦᠭ ᠠᠶᠠᠰ᠎ᠢ ᠥᠨᠳᠥᠷ ᠮᠠᠨᠳᠤᠭᠤᠯᠵᠤ᠂ ᠪᠦᠬᠦ ᠠᠷᠠᠳ᠎ᠤᠨ ᠨᠠᠮ᠎ᠢᠶᠠᠨ ᠬᠠᠢᠷᠠᠯᠠᠬᠤ ᠂ᠤᠯᠤᠰ᠎ᠢᠶᠠᠨ ᠬᠠᠢᠷᠠᠯᠠᠬᠤ᠂ ᠴᠡᠷᠢᠭ ᠠᠩᠭᠢ᠎ᠪᠠᠨ ᠬᠠᠢᠷᠠᠯᠠᠬᠤ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠳᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠠᠢ᠃ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠠᠭᠤᠯᠭ᠎ᠠ᠎ᠶᠢ ᠰᠢᠯᠢᠳᠡᠭᠵᠢᠭᠦᠯᠦᠨ ᠥᠷᠭᠡᠳᠬᠡᠵᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠤᠨᠤᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠮᠡᠳᠡᠯᠭᠡ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠲᠡᠦᠬᠡ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠠᠢᠳᠠᠯ ᠬᠢᠭᠡᠳ ᠡᠭᠦᠷᠭᠡ ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠮᠡᠷᠭᠡᠵᠢᠯ ᠴᠢᠳᠠᠪᠤᠷᠢ᠎ᠶᠢᠨ ᠰᠤᠷᠤᠯᠴᠠᠯᠭ᠎ᠠ ᠵᠡᠷᠭᠡ᠎ᠶᠢᠨ ᠬᠤᠪᠢ᠎ᠶᠢᠨ ᠵᠢᠩ᠎ᠢ ᠨᠡᠮᠡᠭᠳᠡᠭᠦᠯᠵᠦ᠂ ᠰᠠᠨᠠᠭᠠᠰᠢᠷᠠᠨ ᠵᠣᠪᠠᠨᠢᠬᠤ ᠤᠬᠠᠮᠰᠠᠷ᠂ ᠲᠦᠭᠰᠢᠭᠦᠷᠢ᠎ᠶᠢᠨ ᠤᠬᠠᠮᠰᠠᠷ᠎ᠢ ᠬᠥᠮᠥᠵᠢᠭᠦᠯᠬᠦ᠎ᠶᠢ ᠴᠢᠩᠭᠠᠳᠬᠠᠵᠤ ᠂ ᠵᠣᠷᠢᠭ᠍ᠲᠠᠢ᠎ᠪᠠᠷ ᠪᠠᠢᠯᠳᠤᠵᠤ ᠵᠠᠪᠠᠯ ᠢᠯᠠᠬᠤ᠂ ᠬᠦᠴᠦᠷᠬᠡᠭ ᠳᠠᠢᠰᠤᠨ᠎ᠢ ᠢᠯᠠᠬᠤ ᠵᠣᠷᠢᠭ᠋ ᠪᠠ ᠵᠣᠷᠢᠭ᠋ ᠰᠠᠨᠠᠭ᠎ᠠ᠎ᠶᠢ ᠴᠢᠩᠭᠠᠷᠠᠭᠤᠯᠵᠤ᠂ ᠪᠠᠭᠠᠲᠤᠷᠯᠢᠭ᠋ ᠵᠣᠷᠢᠭ᠋ ᠰᠠᠨᠠᠭᠠᠨ᠎ᠤ ᠬᠥᠮᠦᠵᠢᠯ᠎ᠢ ᠴᠢᠩᠭᠠᠳᠬᠠᠨ᠂ ᠬᠤᠪᠢᠰᠬᠠᠯᠲᠤ ᠤᠳᠤᠮᠰᠢᠯ᠎ᠢ ᠵᠠᠯᠭᠠᠮᠵᠢᠯᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠤᠬᠠᠮᠰᠠᠷ᠎ᠢ ᠲᠠᠰᠤᠷᠠᠯᠳᠠ ᠦᠭᠡᠢ ᠴᠢᠩᠭᠠᠳᠬᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠣᠶᠣᠯ᠎ᠢ ᠪᠣᠢᠵᠢᠭᠤᠯᠤᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠡᠪ ᠴᠢᠨᠠᠷ᠎ᠢ ᠳᠡᠭᠡᠭᠰᠢᠯᠡᠭᠦᠯᠬᠦ ᠬᠡᠷᠡᠭᠲᠠᠢ᠃
ᠣᠯᠠᠨ ᠲᠠᠯ᠎ᠠ᠎ᠪᠠᠷ ᠬᠦᠴᠦᠯᠡᠵᠦ᠂ ᠠᠷᠭ᠎ᠠ ᠪᠠᠷᠢᠯ᠎ᠤᠨ ᠰᠢᠨ᠎ᠡ᠎ᠶᠢ ᠡᠭᠦᠳᠬᠦ ᠬᠡᠷᠡᠭᠲᠡᠢ᠃ ᠰᠣᠨᠢᠨ᠂ ᠰᠡᠳᠬᠦᠯ᠂ ᠷᠠᠳᠢᠤ᠋ ᠲᠸᠯᠸᠢᠰ᠂ ᠰᠦᠯᠵᠢᠶ᠎ᠡ᠂ ᠰᠢᠯᠵᠢᠶ᠎ᠡ᠂ ᠵᠢᠷᠭᠢᠶ᠎ᠠ᠂ ᠪᠦᠷᠭᠡ᠂ ᠳᠡᠯᠭᠡᠴᠡ ᠵᠡᠷᠭᠡ ᠣᠯᠠᠨ ᠵᠦᠢᠯ᠎ᠦᠨ ᠵᠠᠭᠤᠴᠢᠯᠠᠭᠤᠷ᠎ᠤᠨ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠰᠢᠨ᠎ᠡ ᠵᠠᠭᠤᠴᠢᠯᠠᠭᠤᠷ᠎ᠤᠨ ᠵᠢᠭ᠍ᠰᠠᠭᠠᠯ᠎ᠢ ᠪᠣᠶ ᠪᠣᠯᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠢ ᠰᠢᠯᠢᠳᠡᠭ ᠤᠳᠬ᠎ᠠ ᠤᠷᠠᠯᠢᠭ᠋᠎ᠤᠨ ᠪᠦᠲᠦᠭᠡᠯ᠎ᠳᠦ ᠨᠡᠪᠴᠢᠭᠦᠯᠵᠦ ᠂ ᠣᠯᠠᠨ ᠲᠦᠮᠡᠨ᠎ᠦ ᠪᠠᠬᠠᠷᠬᠠᠳᠠᠭ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠭᠣᠣᠯ ᠰᠡᠳᠦᠪᠲᠦ ᠪᠢᠴᠢᠯ ᠺᠢᠨᠣ᠋ ᠂ ᠳᠠᠭᠤᠤ ᠬᠥᠭᠵᠢᠮ᠂ ᠺᠠᠷᠲ᠋ᠣᠨ ᠵᠢᠷᠤᠭ᠂ ᠣᠬᠣᠷ ᠸᠢᠳᠢᠤ᠋ ᠵᠡᠷᠭᠡ ᠬᠠᠮ ᠵᠠᠭᠤᠴᠢᠯᠠᠭᠤᠷ᠎ᠤᠨ ᠦᠢᠯᠡᠳᠬᠦᠨ᠎ᠢ ᠨᠠᠩ ᠣᠯᠠᠨ ᠭᠠᠷᠭᠠᠵᠤ ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠮᠡᠳᠡᠭᠡ ᠵᠠᠩᠭᠢ᠎ᠶᠢᠨ ᠡᠬᠢ ᠪᠠᠶᠠᠯᠢᠭ᠋᠎ᠤᠨ ᠬᠠᠩᠭᠠᠯᠭ᠎ᠠ᠎ᠶᠢᠨ ᠲᠣᠭᠲᠠᠴᠠ ᠪᠠ ᠲᠠᠪᠴᠠᠩ ᠢ ᠤᠬᠠᠭᠤᠯᠤᠨ ᠳᠡᠯᠭᠡᠷᠡᠭᠦᠯᠬᠦ ᠲᠣᠭᠲᠠᠴᠠ᠎ᠶᠢ ᠪᠠᠢᠭᠤᠯᠵᠤ᠂ ᠲᠣᠭᠠᠴᠢᠯᠠᠭᠰᠠᠨ ᠮᠡᠷᠭᠡᠵᠢᠯ᠎ᠦᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠠᠬᠤᠢ ᠪᠠᠢᠳᠠᠯ᠎ᠳᠠᠬᠢ ᠨᠡᠭᠡᠭᠡᠯᠲᠡ ᠪᠠ ᠵᠢᠷᠤᠭ ᠲᠥᠯᠥᠪᠯᠡᠭᠡ᠎ᠶᠢ ᠴᠢᠩᠭᠠᠳᠬᠠᠬᠤ ᠬᠡᠷᠡᠭᠲᠠᠢ᠃ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠢᠯᠡᠰ᠎ᠲᠦ ᠴᠢᠬᠤᠯᠠ ᠶᠡᠬᠡ ᠬᠤᠪᠢ ᠨᠡᠮᠡᠷᠢ ᠦᠵᠡᠭᠦᠯᠦᠭᠰᠡᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢᠨ ᠦᠯᠢᠭᠡᠷ᠎ᠢ ᠰᠠᠢᠲᠤᠷ ᠶᠠᠷᠢᠵᠤ ᠂ ᠬᠥᠮᠥᠰ᠎ᠦᠨ ᠬᠠᠢᠷ᠎ᠠ ᠰᠡᠳᠬᠢᠯᠭᠡ᠎ᠵᠢᠨ ᠳᠠᠯ᠎ᠠ ᠪᠡᠷ ᠠᠳᠠᠯᠢᠳᠬᠠᠬᠤ ᠪᠠ ᠳᠠᠭᠤᠷᠢᠶᠠᠬᠤ ᠬᠦᠰᠡᠯ᠎ᠢ ᠲᠠᠰᠤᠷᠠᠯᠳᠠ ᠦᠭᠡᠢ ᠬᠥᠭᠵᠢᠭᠡᠬᠦ ᠬᠡᠷᠡᠭᠲᠠᠢ᠃
ᠵᠠᠩᠭᠢᠯᠠᠭ᠎ᠠ᠎ᠶᠢ ᠠᠳᠬᠤᠵᠤ᠂ ᠭᠣᠣᠯᠳᠠᠯᠭ᠎ᠠ᠎ᠲᠠᠢ ᠡᠲᠡᠭᠡᠳ᠎ᠢ ᠳᠣᠪᠣᠶ᠋ᠢᠯᠭᠠᠬᠤ ᠬᠡᠷᠡᠭᠲᠡᠢ᠃ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠦ ᠤᠳᠤᠷᠢᠳᠬᠤ ᠺᠠᠳ᠋ᠷ ᠭᠡᠬᠦ ᠡᠨᠡ ᠬᠦ᠌ ᠵᠠᠩᠭᠢᠯᠠᠭ᠎ᠠ᠎ᠶᠢᠨ ᠬᠥᠮᠥᠰ᠎ᠢ ᠢᠮᠠᠭᠲᠠ ᠠᠳᠬᠤᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠲᠤᠰᠬᠠᠢ ᠰᠡᠳᠦᠪᠲᠦ ᠪᠣᠯᠪᠠᠰᠤᠷᠠᠯ ᠪᠣᠯᠣᠨ ᠪᠠᠢᠩᠭᠤ᠎ᠶᠢᠨ ᠴᠢᠨᠠᠷᠲᠠᠢ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠳᠠᠪᠳᠠᠮᠵᠢ ᠤᠳᠠᠭ᠎ᠠ᠂ ᠶᠠᠰᠤ ᠴᠢᠨᠠᠷ᠎ᠢ ᠳᠡᠭᠡᠭᠰᠢᠯᠡᠭᠦᠯᠵᠦ᠂ ᠲᠡᠳᠡᠨ᠎ᠦ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠤᠬᠠᠮᠰᠠᠷ ᠪᠣᠯᠣᠨ ᠴᠢᠳᠠᠪᠤᠷᠢ᠎ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠵᠠᠯᠠᠭᠤ ᠪᠠᠭᠠᠴᠤᠳ ᠰᠤᠷᠤᠭ᠍ᠴᠢᠳ᠎ᠢ ᠪᠥᠬᠥ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠰᠠᠭᠤᠷᠢ ᠪᠣᠯᠭᠠᠨ ᠴᠥᠬᠥᠷᠡᠰᠢ ᠦᠭᠡᠢ ᠠᠳᠬᠤᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠢ ᠬᠢᠴᠢᠶᠡᠯ ᠦᠨ ᠵᠢᠭᠠᠬᠤ ᠮᠠᠲᠧᠷᠢᠶᠠᠯ᠎ᠳᠤ ᠣᠷᠭᠠᠨᠢᠭ᠋᠎ᠢᠶᠠᠷ ᠠᠭᠤᠰᠬᠠᠨ ᠣᠷᠣᠭᠤᠯᠵᠤ᠂ ᠰᠤᠷᠭᠠᠭᠤᠯᠢ ᠶᠢᠨ ᠰᠢᠯᠭᠠᠨ ᠦᠨᠡᠯᠡᠬᠦ ᠰᠢᠰᠲᠧᠮ᠎ᠳᠦ ᠣᠷᠣᠭᠤᠯᠤᠨ᠂ ᠴᠡᠷᠢᠭ᠎ᠦᠨ ᠬᠤᠸᠠᠷᠠᠨ᠎ᠳᠤ ᠣᠷᠣᠬᠤ᠂ ᠣᠲᠣ᠌ ᠦᠶ᠎ᠡ᠎ᠶᠢᠨ ᠵᠡᠪᠰᠡᠭ ᠲᠣᠨᠣᠭᠯᠠᠯ᠎ᠲᠠᠢ ᠣᠢᠷᠠᠳᠬᠤ ᠲᠣᠬᠢᠶᠠᠯ᠎ᠢ ᠨᠠᠩ ᠣᠯᠠᠨ ᠡᠭᠦᠳᠴᠦ᠂ ᠵᠠᠯᠠᠭᠤᠴᠤᠳ ᠪᠠᠭᠠᠴᠤᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠡᠪ ᠪᠣᠯᠪᠠᠰᠤᠷᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠠᠢ᠃ ᠨᠡᠢᠭᠡᠮ᠎ᠦᠨ ᠨᠡᠷ᠎ᠡ ᠨᠦᠯᠦᠭᠡ ᠲᠠᠢ ᠬᠥᠮᠥᠰ ᠵᠡᠷᠭᠡ᠎ᠶᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠳᠦ ᠦᠵᠡᠭᠦᠯᠬᠦ ᠵᠥᠪ ᠲᠠᠯ᠎ᠠ᠎ᠶᠢᠨ ᠬᠥᠲᠥᠯᠥᠨ ᠵᠢᠯᠤᠭᠣᠳᠬᠤ ᠦᠢᠯᠡᠳᠦᠯ᠎ᠢ ᠴᠢᠬᠤᠯᠠᠴᠢᠯᠠᠨ ᠪᠠᠳᠠᠷᠠᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠵᠡᠯᠲᠡ ᠪᠠ ᠤᠯᠤᠰ᠎ᠢᠶᠠᠨ ᠬᠠᠢᠷᠠᠯᠠᠬᠤ ᠰᠡᠳᠬᠢᠯᠭᠡ᠎ᠶᠢ ᠥᠷᠭᠡᠨ ᠤᠯᠠᠨ ᠰᠤᠷᠤᠭ᠍ᠴᠢᠳ᠎ᠤᠨ ᠰᠡᠳᠬᠢᠯ᠎ᠳᠦ ᠤᠳᠠᠭᠠᠨ ᠳᠠᠭᠠᠭᠠᠮᠠᠭᠠᠢ ᠭᠦᠨ ᠭᠦᠨᠵᠡᠭᠡᠢ ᠬᠠᠳᠠᠩᠰᠢᠭᠤᠯᠬᠤ ᠬᠡᠷᠡᠭᠲᠠᠢ᠃ ᠴᠡᠷᠢᠭ ᠠᠩᠭᠢ᠎ᠶᠢᠨ ᠬᠢᠨ᠎ᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠢ ᠰᠠᠢᠲᠤᠷ ᠠᠳᠬᠤᠵᠤ᠂ ᠲᠡᠳᠡᠨ᠎ᠦ ᠴᠡᠷᠢᠭ᠎ᠢ ᠬᠦᠴᠦᠷᠬᠡᠭᠵᠢᠭᠦᠯᠬᠦ ᠦᠢᠯᠡᠰ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠠᠢ᠃
ᠲᠠᠪᠴᠠᠩ ᠢ ᠲᠡᠭᠦᠯᠳᠡᠷᠵᠢᠭᠦᠯᠵᠦ᠂ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠬᠦ ᠬᠡᠷᠡᠭᠲᠠᠢ᠃ ᠴᠡᠷᠢᠭ ᠠᠩᠭᠢ ᠪᠠ ᠣᠷᠣᠨ ᠨᠤᠲᠤᠭ ᠤᠨ ᠡᠬᠢ ᠪᠠᠶᠠᠯᠢᠭ᠋ ᠢ ᠨᠢᠭᠡᠳᠦᠯᠲᠡᠢ ᠲᠥᠯᠥᠪᠵᠢᠭᠦᠯᠵᠦ᠂ ᠪᠦᠲᠦᠴᠡ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠰᠢᠰᠲ᠋ᠸᠮ᠎ᠢ ᠨᠡᠢᠳᠬᠡᠬᠦ᠎ᠶᠢ ᠴᠢᠩᠭᠠᠳᠬᠠᠵᠤ᠂ ᠤᠯᠤᠰ᠎ᠤᠨ ᠳᠠᠪᠬᠤᠷᠭ᠎ᠠ᠂ ᠣᠷᠣᠨ ᠨᠤᠲᠤᠭ᠎ᠤᠨ ᠳᠠᠪᠬᠤᠷᠭ᠎ᠠ᠎ᠳᠤ ᠨᠡᠩ ᠤᠯᠠᠨ ᠭᠣᠣᠯ ᠰᠡᠳᠦᠪ ᠲᠣᠪᠣᠢᠮ᠎ᠠ᠂ ᠴᠢᠳᠠᠮᠵᠢ ᠲᠥᠬᠦᠭᠡᠷᠦᠮᠵᠢ ᠪᠦᠷᠢᠨ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠰᠠᠭᠤᠷᠢᠨ᠎ᠢ ᠪᠠᠢᠭᠤᠯᠬᠤ ᠬᠡᠷᠡᠭᠲᠠᠢ᠃ 《ᠤᠯᠤᠰ᠎ᠤᠨ ᠪᠠᠲᠤᠯᠠᠨ ᠬᠠᠮᠠᠭᠠᠯᠠᠯᠲᠠ+ ᠪᠡᠶ᠎ᠡ᠎ᠶᠢᠨ ᠲᠠᠮᠢᠷ》᠂ 《ᠤᠯᠤᠰ᠎ᠤᠨ ᠪᠠᠲᠤᠯᠠᠨ ᠬᠠᠮᠠᠭᠠᠯᠠᠯᠲᠠ+ ᠴᠡᠴᠡᠷᠯᠢᠭ》 ᠵᠡᠷᠭᠡ 《ᠤᠯᠤᠰ᠎ᠤᠨ ᠪᠠᠲᠤᠯᠠᠨ ᠬᠠᠮᠠᠭᠠᠯᠠᠯᠲᠠ+》 ᠠᠭᠤᠰᠤᠯᠴᠠᠯ᠎ᠤᠨ ᠰᠢᠨ᠎ᠡ ᠬᠡᠪ ᠵᠠᠭᠪᠤᠷ ᠢ ᠰᠦᠪᠡᠭᠴᠢᠯᠡᠵᠦ᠂ ᠳᠤᠷᠠᠰᠬᠠᠯ ᠤᠨ ᠣᠷᠳᠣᠨ ᠂ ᠬᠤᠪᠢᠰᠬᠠᠯ᠎ᠤᠨ ᠲᠡᠦᠬᠡᠨ ᠪᠠᠭᠤᠷᠢ᠂ ᠦᠷᠡᠭᠳᠡᠭᠰᠡᠨ ᠪᠠᠭᠠᠲᠤᠷᠴᠤᠳ᠎ᠤᠨ ᠣᠩᠭᠣᠨ᠎ᠤ ᠬᠦᠷᠢᠶᠡᠯᠡᠩ ᠵᠡᠷᠭᠡ ᠳᠤᠷᠠᠰᠬᠠᠯ ᠤᠨ ᠲᠥᠬᠦᠭᠡᠷᠦᠮᠵᠢ ᠪᠣᠯᠣᠨ ᠣᠯᠠᠨ ᠨᠡᠶ᠋ᠢᠲᠡ᠎ᠶᠢᠨ ᠰᠣᠶᠣᠯ᠎ᠤᠨ ᠲᠥᠬᠦᠭᠡᠷᠦᠮᠵᠢ ᠵᠡᠷᠭᠡ ᠰᠤᠷᠭᠠᠨ ᠬᠥᠮᠦᠵᠢᠯ᠎ᠦᠨ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠴᠢᠬᠤᠯᠠ ᠶᠡᠬᠡ ᠪᠠᠶᠠᠷ ᠳᠤᠷᠠᠰᠬᠠᠯ ᠤᠨ ᠡᠳᠦᠷ᠂ ᠴᠢᠬᠤᠯᠠ ᠶᠡᠬᠡ ᠲᠡᠦᠬᠡᠨ ᠬᠡᠷᠡᠭ ᠶᠠᠪᠤᠳᠠᠯ ᠳᠤ ᠠᠭᠤᠯᠤᠭᠳᠠᠵᠤ ᠪᠠᠢᠭ᠎ᠠ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠡᠯᠧᠮᠧᠨ᠋ᠲ᠎ᠢ ᠨᠠᠩ ᠰᠠᠢᠨ ᠠᠭᠤᠳᠠᠯᠤᠨ᠂《ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠡᠳᠦᠷ》᠎ᠦᠨ ᠰᠢᠷᠢᠰ ᠠᠵᠢᠯᠯᠠᠭ᠎ᠠ᠎ᠶᠢᠨ ᠨᠡᠷᠡᠲᠦ ᠲᠡᠮᠳᠡᠭ᠎ᠢ ᠡᠭᠦᠳᠴᠦ᠂ ᠪᠦᠬᠦ ᠨᠡᠢᠭᠡᠮ᠎ᠳᠦ ᠭᠦᠨ ᠵᠤᠵᠠᠭᠠᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠠᠭᠤᠷ ᠠᠮᠢᠰᠬᠤᠯ᠎ᠢ ᠪᠤᠢ ᠪᠣᠯᠭᠠᠬᠤ ᠬᠡᠷᠡᠭᠲᠠᠢ᠃ ᠪᠦᠬᠦ ᠠᠷᠠᠳ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠲᠦᠷᠦ᠎ᠶᠢᠨ ᠪᠣᠳᠣᠯᠭ᠎ᠠ ᠬᠠᠤᠯᠢ ᠲᠣᠭᠲᠠᠭᠠᠯ᠎ᠢ ᠲᠡᠭᠦᠯᠳᠡᠷᠵᠢᠭᠦᠯᠵᠦ ᠂ ᠪᠦᠲᠦᠴᠡ ᠨᠢ ᠵᠦᠢ ᠵᠣᠬᠢᠰᠲᠠᠢ᠂ ᠡᠯᠧᠮᠧᠨ᠋ᠲ ᠨᠢ ᠪᠦᠷᠢᠨ ᠲᠡᠭᠦᠯᠳᠡᠷ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠬᠠᠤᠯᠢ ᠲᠣᠭᠲᠠᠭᠠᠯ᠎ᠤᠨ ᠳᠦᠷᠢᠮ᠎ᠦᠨ ᠰᠢᠰᠲᠧᠮ᠎ᠢ ᠲᠦᠷᠭᠡᠯᠡᠨ ᠪᠠᠢᠭᠤᠯᠬᠤ ᠬᠡᠷᠡᠭᠲᠠᠢ᠃
( ᠵᠣᠬᠢᠶᠠᠭ᠍ᠴᠢ᠎ᠶᠢᠨ ᠬᠠᠶᠢᠭ ᠄ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠶᠡᠬᠡ ᠰᠤᠷᠭᠠᠭᠤᠯᠢ᠎ᠶᠢᠨ ᠤᠯᠤᠰ᠎ᠤᠨ ᠠᠮᠤᠷ ᠲᠦᠪᠰᠢᠨ᠎ᠦ ᠳᠡᠭᠡᠳᠦ ᠰᠤᠷᠭᠠᠭᠤᠯᠢ )