ᠤᠯᠠᠮᠵᠢᠯᠠᠯᠲᠤ ᠡᠵᠡᠩᠨᠡᠨ ᠪᠤᠷᠤᠯᠠᠭᠤᠯᠤᠯᠲᠠ ᠎ᠶ᠋ᠢᠨ ᠲᠤᠰᠭᠠᠢ ᠮᠡᠷᠭᠡᠵᠢᠯ ᠎ᠤᠨ ᠲᠤᠭᠠᠴᠢᠯᠠᠭ᠍ᠰᠠᠨ ᠤᠶᠤᠨᠴᠢᠯᠠᠭ᠍ᠰᠠᠨ ᠲᠡᠢᠰᠢ ᠬᠡᠯᠪᠡᠷᠢ ᠎ᠪᠡᠨ ᠬᠣᠪᠢᠷᠠᠭᠤᠯᠬᠤ᠎ᠲᠤᠬᠠᠢ ᠭᠤᠷᠪᠠᠨ ᠵᠦᠢᠯ᠎ᠦᠨ ᠲᠠᠨᠢᠯᠲᠠ ᠪᠠ ᠦᠢᠯᠡᠳᠦᠯᠭᠡ᠎ᠶ᠋ᠢᠨ ᠠᠷᠭ᠎ᠠ ᠵᠠᠮ
2026-02-27 12:03:42
ᠵᠣᠬᠢᠶᠠᠭ᠍ᠴᠢ᠄
ᠸᠠᠩ ᠵᠢᠩ ᠬᠠᠨ ᠴᠢᠩ ᠯᠢᠩ
ᠣᠩᠱᠢᠭ᠍ᠰᠠᠨ ᠣᠳᠠᠭ᠎ᠠ᠄
★★★☆☆

ᠲᠣᠭᠠᠴᠢᠯᠠᠯᠲᠠ᠎ᠶ᠋ᠢᠨ ᠴᠠᠭ ᠡᠷᠡᠨ᠎ᠦ ᠵᠠᠬ᠎ᠠ ᠳᠡᠯᠭᠡᠭᠦᠷ᠎ᠤᠨ ᠬᠡᠷᠡᠭ᠌ᠴᠡᠭᠡ ᠱᠠᠭᠠᠷᠳᠠᠯᠭ᠎ᠠ ᠎ᠳᠤ ᠵᠣᠬᠢᠴᠠᠭᠤᠯᠤᠨ᠂ ᠤᠯᠠᠮᠵᠢᠯᠠᠯᠲᠤ ᠵᠠᠬ᠎ᠠ ᠳᠡᠯᠭᠡᠭᠦᠷ᠎ᠤᠨ ᠡᠵᠡᠩᠨᠡᠯᠲᠡ ᠪᠤᠷᠤᠯᠠᠭᠤᠯᠤᠯᠲᠠ᠎ᠶ᠋ᠢᠨ《ᠲᠤᠷᠱᠢᠯᠭ᠎ᠠ᠎ᠶ᠋ᠢᠨ ᠬᠥᠳᠡᠯᠭᠡᠭᠦᠷ》 ᠵᠠᠭ᠍ᠪᠤᠷ ᠎ᠨᠢ 《ᠲᠣᠭ᠎ᠠ ᠪᠠᠷᠢᠮᠲᠠ᠎ᠶ᠋ᠢᠨ ᠬᠥᠳᠡᠯᠭᠡᠭᠦᠷ》᠎ᠵᠢᠡᠷ ᠦᠳᠲᠡᠷ ᠲᠦᠷᠭᠡᠨ ᠤᠷᠤᠯᠠᠭ᠍ᠳᠠᠵᠤ᠂ ᠤᠯᠠᠮᠵᠢᠯᠠᠯᠲᠤ ᠵᠠᠬ᠎ᠠ ᠳᠡᠯᠭᠡᠭᠦᠷ᠎ᠤᠨ ᠡᠵᠡᠩᠨᠡᠨ ᠪᠤᠷᠤᠯᠠᠭᠤᠯᠤᠯᠲᠠ᠎ᠶ᠋ᠢᠨ ᠲᠤᠰᠭᠠᠢ ᠮᠡᠷᠭᠡᠵᠢᠯ ᠎ᠤᠨ ᠲᠤᠭᠠᠴᠢᠯᠠᠭ᠍ᠰᠠᠨ ᠤᠶᠤᠨᠴᠢᠯᠠᠭ᠍ᠰᠠᠨ ᠲᠡᠢᠰᠢ ᠬᠡᠯᠪᠡᠷᠢ ᠎ᠪᠡᠨ ᠬᠤᠪᠢᠷᠠᠭᠤᠯᠬᠤ ᠎ᠨᠢ ᠨᠢᠭᠡᠨᠲᠡ ᠶᠡᠬᠡ ᠳᠡᠭᠡᠳᠦ ᠰᠤᠷᠭᠠᠭᠤᠯᠢ᠎ᠶ᠋ᠢᠨ ᠰᠤᠷᠭᠠᠨ ᠬᠥᠮᠦᠵᠢᠯ ᠎ᠤᠨ ᠠᠵᠤ ᠦᠢᠯᠡᠰ ᠎ᠤᠨ ᠱᠠᠭᠠᠷᠳᠠᠯᠭ᠎ᠠ ᠬᠡᠷᠡᠭ᠌ᠴᠡᠭᠡ᠎ᠳᠤ ᠵᠣᠬᠢᠴᠠᠬᠤ ᠵᠠᠢᠯᠠᠰᠢ ᠦᠭᠡᠢ ᠰᠣᠩᠭᠤᠯᠲᠠ ᠪᠣᠯᠤᠭ᠍ᠰᠠᠨ ᠪᠠᠢᠨ᠎ᠠ᠃ ᠡᠨᠡ ᠬᠥ᠌ ᠬᠡᠯᠪᠡᠷᠢ᠎ᠶ᠋ᠢᠨ ᠬᠣᠪᠢᠷᠠᠭᠤᠯᠤᠯᠲᠠ ᠨᠢ ᠬᠢᠴᠢᠶᠡᠯᠯᠡᠭᠡ᠎ᠶ᠋ᠢᠨ ᠱᠢᠰᠲ᠋ᠧᠮ᠎ᠤᠨ ᠲᠣᠬᠢᠷᠠᠭᠤᠯᠤᠯᠲᠠ ᠪᠣᠯᠬᠤ᠎ᠪᠠᠷ ᠪᠠᠷᠠᠬᠤ ᠦᠭᠡᠢ ᠨᠠᠩ ᠴᠤ᠌ ᠰᠣᠷᠣᠭ᠍ᠴᠢ᠂ ᠭᠡᠷ᠎ᠤᠨ ᠠᠬᠠᠮᠠᠳ ᠵᠢᠴᠢ ᠨᠡᠢᠭᠡᠮ ᠵᠡᠷᠭᠡ ᠭᠤᠷᠪᠠᠨ ᠲᠠᠯ᠎ᠠ᠎ᠶ᠋ᠢᠨ ᠬᠢᠨ᠎ᠦ ᠲᠤᠰᠭᠠᠢ ᠮᠡᠷᠭᠡᠵᠢᠯ᠎ᠤᠨ ᠲᠤᠬᠠᠢ ᠲᠠᠨᠢᠯᠲᠠ ᠶ᠋ᠢᠨ ᠳᠠᠬᠢᠨ ᠴᠣᠭ᠍ᠴᠠᠯᠠᠯᠲᠠ ᠮᠥᠨ᠃ᠡᠢᠮᠦ ᠡᠴᠡ ᠲᠠᠨᠢᠯᠲᠠ᠎ᠶ᠋ᠢᠨ ᠭᠦᠨᠴᠡ ᠪᠠ ᠥᠷᠭᠡᠴᠡ᠎ᠨᠢ ᠬᠡᠯᠪᠡᠷᠢ᠎ᠶ᠋ᠢᠨ ᠬᠤᠪᠢᠷᠠᠭᠤᠯᠤᠯᠲᠠ᠎ᠶ᠋ᠢᠨ ᠦᠷ᠎ᠡ ᠪᠦᠲᠦᠮᠵᠢ ᠬᠢᠭᠡᠳ ᠴᠢᠳᠠᠪᠤᠷᠢᠲᠠᠨ᠎ᠢ ᠬᠥᠮᠥᠵᠢᠭᠦᠯᠬᠦ᠌ ᠶᠠᠰᠤ ᠴᠢᠨᠠᠷ᠎ᠢ ᠱᠢᠭᠤᠳ ᠲᠣᠭ᠍ᠲᠠᠭᠠᠳᠠᠭ᠃

ᠨᠢᠭᠡ᠎ᠳᠤ᠂ ᠰᠤᠷᠤᠭ᠍ᠴᠢᠳ᠎ᠤᠨ ᠲᠣᠮᠳᠠ 《ᠪᠠᠭᠠᠵᠢ᠎ᠶ᠋ᠢ ᠴᠢᠬᠤᠯᠠᠴᠢᠯᠠᠵᠤ᠂ ᠰᠡᠳᠭᠢᠬᠦᠢ᠎ᠶ᠋ᠢ ᠬᠥᠩᠭᠡᠪᠴᠢᠯᠡᠬᠦ᠌ 》 ᠬᠡᠯᠪᠡᠷᠢᠯ ᠣᠷᠣᠱᠢᠵᠤ ᠪᠣᠢ

ᠮᠠᠨ᠎ᠤ ᠰᠣᠷᠭᠠᠭᠤᠯᠢ᠎ᠶ᠋ᠢᠨ ᠥᠷᠨᠢᠭᠦᠯᠦᠭ᠌ᠰᠡᠨ ᠨᠢᠭᠡᠨ ᠲᠤᠰᠭᠠᠢ ᠮᠡᠷᠭᠡᠵᠢᠯ᠎ᠤᠨ  ᠲᠠᠨᠢᠯᠲᠠ᠎ᠶ᠋ᠢᠨ ᠲᠤᠬᠠᠢ ᠪᠠᠢᠴᠠᠭᠠᠯᠲᠠ᠎ᠶ᠋ᠢᠨ ᠲᠤᠭ᠎ᠠ ᠪᠠᠷᠢᠮᠲᠠ᠎ᠶ᠋ᠢ ᠦᠨᠳᠦᠰᠦᠯᠡᠪᠡᠯ ᠰᠤᠷᠤᠭ᠍ᠴᠢᠳ᠎ᠤᠨ ᠡᠵᠡᠩᠨᠡᠨ ᠪᠤᠷᠤᠯᠠᠭᠤᠯᠤᠯᠲᠠ ᠶ᠋ᠢᠨ ᠲᠤᠰᠭᠠᠢ ᠮᠡᠷᠭᠡᠵᠢᠯ ᠎ᠤᠨ  ᠲᠣᠭᠠᠴᠢᠯᠠᠯᠲᠠ ᠣᠶᠣᠨᠴᠢᠯᠠᠯᠳᠠ᠎ᠶ᠋ᠢᠨ ᠲᠤᠬᠠᠢ ᠲᠠᠨᠢᠯᠲᠠ ᠎ᠨᠢ 《ᠪᠠᠭᠠᠵᠢ ᠬᠡᠷᠡᠭ᠌ᠰᠡᠯ ᠎ᠤᠨ ᠰᠣᠨᠢᠭᠤᠴᠢ ᠪᠣᠳᠣᠯ》᠎ᠠᠴᠠ 《ᠴᠢᠳᠠᠪᠤᠷᠢ᠎ᠶ᠋ᠢᠨ ᠲᠠᠨᠢᠯᠳᠠ》  ᠵᠦᠭ  ᠭᠦᠨᠵᠡᠭᠡᠢᠷᠡᠬᠦ᠌ ᠶᠠᠪᠤᠴᠠ᠎ᠶ᠋ᠢ ᠥᠩᠭᠡᠷᠡᠭᠦᠯᠦᠭ᠌ᠰᠡᠨ ᠪᠣᠯᠪᠠᠴᠤ᠌ ᠨᠠᠵᠠᠭᠠᠢ ᠲᠠᠨᠢᠯᠳᠠ ᠮᠥᠨ ᠬᠦ᠌ ᠣᠷᠣᠱᠢᠭ᠍ᠰᠠᠭᠠᠷ᠃ ᠨᠢᠭᠡ ᠲᠠᠯ᠎ᠠ᠎ᠪᠠᠷ᠂ Z ᠴᠠᠭ ᠦᠶ᠎ᠡ ᠎ᠶ᠋ᠢᠨ ᠰᠣᠷᠣᠭ᠍ᠴᠢᠳ ᠲᠤᠭ᠎ᠠ ᠪᠠᠷᠢᠮᠲᠠ ᠎ᠶ᠋ᠢᠨ ᠵᠠᠳᠠᠯᠤᠯᠲᠠ᠎ᠶ᠋ᠢᠨ ᠪᠠᠭᠠᠵᠢ᠎ᠶ᠋ᠢ ᠠᠶᠠᠨᠳᠠᠭᠠᠨ ᠴᠢᠬᠤᠯᠠᠴᠢᠯᠠᠵᠣ᠂ 85% ᠎ᠠᠴᠠ ᠳᠡᠭᠡᠭ᠌ᠰᠢᠬᠢ ᠲᠤᠭᠠᠨ᠎ᠤ ᠰᠣᠷᠪᠤᠯᠵᠢᠯᠠᠭ᠎ᠠ ᠬᠦᠯᠢᠶᠡᠭ᠌ᠰᠡᠨ ᠰᠣᠷᠣᠭ᠍ᠴᠢᠳ Python᠂ SQL ᠵᠡᠷᠭᠡ ᠲᠤᠭ᠎ᠠ ᠪᠠᠷᠢᠮᠲᠠ᠎ᠶ᠋ᠢ ᠱᠢᠢᠳᠪᠦᠷᠢᠯᠡᠬᠦ᠌ ᠵᠥᠭᠡᠯᠡᠨ ᠲᠣᠨᠤᠭ ᠎ᠢ ᠰᠤᠷᠤᠯᠴᠠᠬᠤ᠎ᠳᠤ ᠤᠷᠮ᠎ᠠ ᠪᠠᠬ᠎ᠠ᠎ᠲᠠᠢ ᠪᠠᠢᠵᠦ᠍᠂ ᠡᠲᠡᠭᠡᠷ ᠮᠡᠷᠭᠡᠵᠢᠯ ᠴᠢᠳᠠᠪᠦᠷᠢ᠎ᠶ᠋ᠢ ᠡᠵᠡᠮᠱᠢᠴᠢᠭᠡᠪᠡᠯ ᠠᠵᠢᠯ᠎ᠤᠨ ᠪᠠᠢᠷᠢ᠎ᠳᠦ ᠭᠠᠷᠪᠠᠯ  ᠲᠡᠳᠡᠨ᠎ᠦ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍ ᠴᠢᠳᠠᠨ᠎ᠠ ᠭᠡᠵᠦ᠍ ᠦᠵᠡᠵᠦ᠍ ᠪᠣᠶ;ᠭᠡᠪᠡᠴᠦ᠍ ᠨᠥᠭᠦᠭᠡ ᠲᠠᠯ᠎ᠠ᠎ᠪᠠᠷ᠂ 60% ᠎ᠠᠴᠠ ᠳᠡᠭᠡᠭ᠌ᠰᠢᠬᠢ ᠲᠣᠭᠠᠨ᠎ᠤ ᠰᠤᠷᠤᠭ᠍ᠴᠢᠳ ᠡᠵᠡᠩᠨᠡᠨ  ᠪᠤᠷᠤᠯᠠᠭᠤᠯᠤᠯᠲᠠ ᠶ᠋ᠢᠨ ᠮᠡᠷᠭᠡᠵᠢᠯ ᠎ᠦᠨ ᠲᠤᠭᠠᠴᠢᠯᠠᠯᠲᠠ ᠣᠶᠣᠨᠴᠢᠯᠠᠯᠳᠠ ᠨᠢ ᠳᠠᠷᠤᠢ《ᠲᠤᠭ᠎ᠠ ᠪᠠᠷᠢᠮᠲᠠ᠎ᠶ᠋ᠢ ᠱᠢᠢᠳᠪᠦᠷᠢᠯᠡᠬᠦ᠌ + ᠤᠯᠠᠮᠵᠢᠯᠠᠯᠲᠤ ᠡᠵᠡᠩᠨᠡᠨ ᠪᠤᠷᠤᠯᠠᠭᠤᠯᠤᠯᠲᠠ》᠎ᠶ᠋ᠢᠨ ᠳᠥᠭᠦᠮ ᠣᠶᠠᠯᠳᠣᠯ ᠮᠦᠨ ᠭᠡᠵᠦ᠍ ᠦᠵᠡᠵᠦ᠍᠂ ᠲᠤᠭ᠎ᠠ ᠪᠠᠷᠢᠮᠲᠠ᠎ᠶ᠋ᠢᠨ ᠨᠠᠷᠢᠨ ᠠᠵᠢᠭ᠍ᠯᠠᠯᠳᠠ᠂ ᠬᠡᠷᠡᠭ᠌ᠯᠡᠭ᠌ᠴᠢᠳ᠎ᠤᠨ ᠵᠠᠭ᠍ᠪᠤᠷ᠎ᠤᠨ ᠪᠠᠢᠭᠤᠯᠣᠯᠳᠠ᠂ ᠡᠵᠡᠩᠨᠡᠨ ᠪᠤᠷᠤᠯᠠᠭᠤᠯᠤᠯᠲᠠ ᠶ᠋ᠢᠨ ᠱᠢᠯᠲᠠᠭᠠᠨ᠎ᠤ ᠳ᠋ᠦᠩᠨᠡᠯᠳᠡ ᠵᠡᠷᠭᠡ ᠭᠤᠣᠯᠯᠠᠭ᠍ᠴᠢ ᠴᠢᠳᠠᠪᠤᠷᠢ᠎ᠶ᠋ᠢᠨ ᠴᠢᠬᠤᠯᠠ ᠴᠢᠨᠠᠷ᠎ᠢ ᠣᠮᠲᠣᠭᠠᠢᠯᠠᠭ᠍ᠰᠠᠨ ᠶᠤᠮ᠃ ᠪᠠᠢᠴᠠᠭᠠᠯᠲᠠ᠎ᠳᠤ ᠢᠯᠡᠷᠡᠭᠦᠯᠦᠭ᠌ᠰᠡᠨ᠎ᠢᠶᠠᠷ᠂ ᠬᠡᠰᠡᠭ ᠰᠤᠷᠤᠭ᠍ᠴᠢᠳ ᠬᠢᠴᠢᠶᠡᠯ᠎ᠤᠨ ᠦᠢᠯᠡᠳᠦᠯᠭᠡ ᠳᠤᠮᠳᠠ ᠵᠥᠪᠬᠡᠨ ᠲᠤᠭ᠎ᠠ ᠪᠠᠷᠢᠮᠲᠠ᠎ᠶ᠋ᠢ ᠱᠢᠯᠢᠨ ᠰᠣᠩᠭᠤᠬᠤ ᠪᠠ ᠦᠵᠡᠭ᠌ᠳᠡᠬᠦᠢᠴᠡ ᠪᠣᠯᠭᠠᠨ ᠪᠡᠶᠡᠯᠡᠭᠦᠯᠬᠦ᠌᠎ᠳᠤ ᠯᠡ ᠰᠡᠳᠭᠢᠯ ᠬᠠᠨᠤᠵᠤ᠂ ᠬᠠᠷᠢᠨ ᠲᠤᠭ᠎ᠠ ᠪᠠᠷᠢᠮᠲᠠ᠎ᠳᠤ ᠰᠠᠭᠤᠷᠢᠯᠠᠭ᠍ᠰᠠᠨ ᠨᠠᠷᠢᠨ ᠣᠨᠣᠪᠴᠢᠲᠠᠶ ᠬᠡᠷᠡᠭ᠌ᠯᠡᠭ᠌ᠴᠢ᠎ᠶ᠋ᠢᠨ ᠬᠤᠪᠢᠶᠠᠷᠢᠯᠠᠯ᠎ᠤᠨ ᠠᠷᠭ᠎ᠠ ᠪᠣᠳᠣᠯᠭ᠎ᠠ᠎ᠶ᠋ᠢ ᠳᠤᠷᠠᠳᠤᠨ ᠭᠠᠷᠭᠠᠵᠦ᠍ ᠴᠢᠳᠠᠬᠤ ᠦᠭᠡᠢ᠂ ᠡᠢᠮᠦᠷᠬᠦᠦ 《ᠪᠠᠭᠠᠵᠢ ᠬᠡᠷᠡᠭ᠌ᠰᠡᠯ᠎ᠢ ᠴᠢᠬᠤᠯᠠᠴᠢᠯᠠᠵᠤ᠂ ᠰᠡᠳᠭᠢᠬᠦᠢ᠎ᠶ᠋ᠢ ᠬᠥᠩᠭᠡᠪᠴᠢᠯᠡᠬᠦ᠌》ᠲᠠᠨᠢᠯᠲᠠ᠎ᠶ᠋ᠢᠨ ᠲᠠᠱᠢᠶᠠᠷᠠᠯ᠎ᠨᠢ ᠲᠡᠭᠦᠨ᠎ᠢ ᠪᠦᠷᠢᠨ ᠪᠦᠲᠦᠨ ᠳ᠋ᠠᠢᠲ᠋ᠠ᠎ᠶ᠋ᠢᠨ ᠡᠵᠡᠩᠨᠡᠨ ᠪᠣᠷᠣᠯᠠᠭᠤᠯᠤᠯᠲᠠ᠎ᠶ᠋ᠢᠨ ᠪᠢᠲᠡᠭᠦᠦ ᠴᠠᠭᠠᠷᠢᠭ᠎ᠤᠨ ᠴᠢᠳᠠᠪᠦᠷᠢ᠎ᠶ᠋ᠢ ᠪᠤᠢ ᠪᠤᠯᠭᠠᠬᠤ ᠎ᠳᠤ ᠪᠡᠷᠬᠡ  ᠪᠣᠯᠭᠠᠵᠠᠢ᠃ ᠡᠭᠦᠨ᠎ᠠᠴᠠ ᠭᠠᠳᠠᠨ᠎ᠠ᠂ ᠰᠤᠷᠤᠭ᠍ᠴᠢᠳ᠎ᠤᠨ ᠲᠤᠰᠭᠠᠢ ᠮᠡᠷᠭᠡᠵᠢᠯ ᠎ᠤᠨ ᠠᠯᠤᠰ ᠎ᠤᠨ ᠬᠠᠷᠠᠯᠲᠠ ᠬᠣᠯᠠ᠎ᠶ᠋ᠢᠨ ᠬᠥᠭ᠌ᠵᠢᠯᠲᠡ᠎ᠶ᠋ᠢᠨ ᠲᠤᠬᠠᠢ ᠲᠠᠨᠢᠯᠲᠠ ᠪᠠᠯᠠᠷᠬᠠᠢ ᠪᠠᠢᠵᠤ᠂ ᠬᠠᠭᠠᠰ ᠱᠢᠬᠠᠮ ᠲᠣᠭᠠᠨ᠎ᠤ ᠰᠤᠷᠤᠭ᠍ᠴᠢᠳ ᠵᠥᠪᠬᠡᠨ ᠠᠵᠢᠯ ᠮᠡᠷᠭᠡᠵᠢᠯ᠎ᠤᠨ ᠬᠠᠷᠠᠯᠲᠠ᠎ᠪᠠᠨ《ᠲᠤᠭ᠎ᠠ ᠪᠠᠷᠢᠮᠲᠠ᠎ᠶ᠋ᠢᠨ ᠵᠠᠳᠠᠯᠤᠭ᠍ᠴᠢ》᠎ᠪᠡᠷ ᠲᠣᠭ᠍ᠲᠠᠭᠠᠵᠤ᠂ ᠲᠤᠭᠠᠴᠢᠯᠠᠭ᠍ᠰᠠᠨ ᠤᠶᠤᠨᠴᠢᠯᠠᠭ᠍ᠰᠠᠨ ᠡᠵᠡᠩᠨᠡᠨ  ᠪᠣᠷᠣᠯᠠᠭᠤᠯᠤᠯᠲᠠ ᠶ᠋ᠢᠨ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠡᠵᠡᠩᠨᠡᠨ ᠪᠣᠷᠣᠯᠠᠭᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠥᠯᠦᠪᠵᠢᠭᠦᠯᠭᠡ᠂ ᠬᠡᠷᠡᠭ᠌ᠯᠡᠭ᠌ᠴᠢ᠎ᠶ᠋ᠢ ᠨᠡᠮᠡᠭ᠌ᠳᠡᠭᠦᠯᠬᠦ᠌ ᠲᠤᠰᠭᠠᠢ ᠮᠡᠷᠭᠡᠵᠢᠯᠲᠡᠨ ᠵᠡᠷᠭᠡ ᠨᠠᠩ ᠥᠨᠳᠥᠷ ᠲᠠᠰ᠎ᠤᠨ ᠠᠵᠢᠯ᠎ᠤᠨ ᠪᠠᠢᠷᠢ ᠲᠡᠢᠰᠢ  ᠳᠡᠭᠡᠭ᠌ᠰᠢᠯᠡᠭᠦᠯᠵᠦ᠍ ᠴᠢᠳᠠᠭ᠍ᠰᠠᠨ ᠦᠭᠡᠢ ᠪᠤᠯᠬᠤᠷ ᠲᠠᠨᠢᠯᠲᠠ᠎ᠶ᠋ᠢᠨ ᠵᠦᠷᠢᠶ᠎ᠡ ᠨᠢ ᠰᠤᠷᠤᠭ᠍ᠴᠢᠳ᠎ᠤᠨ ᠠᠵᠢᠯ ᠮᠡᠷᠭᠡᠵᠢᠯ᠎ᠤᠨ ᠬᠥᠭ᠌ᠵᠢᠯᠲᠡ ᠶ᠋ᠢ ᠬᠢᠵᠠᠭᠠᠷᠯᠠᠭ᠍ᠰᠠᠨ ᠪᠠᠢᠨ᠎ᠠ᠃

ᠬᠤᠶᠠᠷ᠎ᠲᠤ᠂ ᠭᠡᠷ᠎ᠤᠨ ᠠᠬᠠᠮᠠᠳ《ᠣᠶᠤᠨᠴᠢ ᠬᠦᠰᠡᠯ》 ᠬᠢᠭᠡᠳ《ᠤᠯᠠᠮᠵᠢᠯᠠᠯᠲᠤ ᠬᠡᠪᠱᠢᠯ》 ᠎ᠤᠨ ᠬᠤᠭᠤᠷᠣᠨᠳᠣ ᠭᠣᠢᠪᠢᠯᠵᠠᠵᠤ ᠪᠣᠢ

ᠭᠡᠷ᠎ᠤᠨ ᠠᠬᠠᠮᠠᠳ᠎ᠤᠨ ᠲᠠᠨᠢᠯᠳᠠ᠎ᠳᠤ《ᠣᠶᠤᠨᠴᠢ ᠬᠦᠰᠡᠯ》 ᠪᠠ 《ᠤᠯᠠᠮᠵᠢᠯᠠᠯᠲᠤ  ᠬᠡᠪᠱᠢᠯ》ᠵᠡᠷᠭᠡᠴᠡᠨ ᠣᠷᠣᠱᠢᠬᠤ ᠪᠠᠢᠳᠠᠯ ᠢᠯᠡᠷᠡᠵᠦ᠍᠂ ᠰᠤᠷᠤᠭ᠍ᠴᠢᠳ᠎ᠤᠨ ᠲᠤᠰᠭᠠᠢ ᠮᠡᠷᠭᠡᠵᠢᠯ᠎ᠤᠨ ᠰᠣᠩᠭᠤᠯᠲᠠ ᠪᠠ ᠰᠤᠷᠤᠯᠴᠠᠯᠭ᠎ᠠ ᠎ᠶ᠋ᠢ ᠨᠥᠯᠥᠭᠡᠯᠡᠬᠦ᠌ ᠵᠠᠩᠭᠢᠯᠠᠭ᠎ᠠ᠎ᠶ᠋ᠢᠨ ᠬᠤᠪᠢᠰᠭᠤᠨ ᠪᠣᠯᠤᠭ᠍ᠰᠠᠨ ᠪᠠᠢᠨ᠎ᠠ᠃ ᠪᠠᠢᠴᠠᠭᠠᠨ ᠰᠤᠳᠤᠯᠤᠯᠲᠠ᠎ᠳᠤ ᠢᠯᠡᠷᠡᠭᠦᠯᠦᠭ᠌ᠰᠡᠨ᠎ᠢᠶᠠᠷ᠂ 72%᠎ᠤᠨ ᠭᠡᠷ᠎ᠤᠨ ᠠᠬᠠᠮᠠᠳ ᠲᠣᠭᠠᠴᠢᠯᠠᠭ᠍ᠰᠠᠨ ᠤᠶᠤᠨᠴᠢᠯᠠᠭ᠍ᠰᠠᠨ ᠡᠵᠡᠩᠨᠡᠨ  ᠪᠤᠷᠤᠯᠠᠭᠤᠯᠤᠯᠲᠠ ᠶ᠋ᠢᠨ ᠠᠵᠢᠯ ᠣᠯᠭᠤᠯᠲᠠ᠎ᠶ᠋ᠢᠨ ᠠᠯᠣᠰ ᠢᠷᠡᠭᠡᠳᠦᠢ᠎ᠶ᠋ᠢ ᠮᠡᠳᠡᠷᠡᠵᠦ᠍᠂ ᠲᠣᠭᠠᠴᠢᠯᠠᠯᠲᠠ᠎ᠶ᠋ᠢᠨ ᠣᠷᠣᠰᠭᠠᠯ᠎ᠳᠤ ᠲᠤᠭ᠎ᠠ ᠪᠠᠷᠢᠮᠲᠠ᠎ᠶ᠋ᠢᠨ ᠤᠷ᠎ᠠ ᠴᠢᠳᠠᠪᠤᠷᠢ᠎ᠶ᠋ᠢ ᠡᠵᠡᠮᠱᠢᠭ᠌ᠰᠡᠨ ᠡᠵᠡᠩᠨᠡᠨ ᠪᠤᠷᠤᠯᠠᠭᠤᠯᠤᠯᠲᠠ ᠶ᠋ᠢᠨ ᠴᠢᠳᠠᠪᠤᠷᠢᠲᠠᠨ ᠨᠡᠩ ᠠᠮᠠᠷᠬᠠᠨ ᠲᠣᠭ᠍ᠲᠠᠪᠤᠷᠢᠲᠠᠢ ᠥᠨᠳᠥᠷ ᠴᠠᠯᠢᠩ ᠲᠠᠢ ᠠᠵᠢᠯ ᠣᠯᠵᠣ ᠳᠡᠢᠯᠦᠨ᠎ᠡ ᠭᠡᠵᠤ ᠦᠵᠡᠵᠦ᠍ ᠪᠣᠢ᠂ ᠡᠨᠡ᠎ᠨᠢ ᠲᠤᠰᠭᠠᠢ ᠮᠡᠷᠭᠡᠵᠢᠯ᠎ᠤᠨ ᠬᠡᠯᠪᠡᠷᠢ᠎ᠪᠠᠨ ᠬᠣᠪᠢᠷᠠᠭᠤᠯᠬᠤ᠎ᠳᠤ ᠴᠢᠬᠤᠯᠠ ᠪᠦᠬᠦᠢ ᠭᠡᠷ ᠪᠦᠯᠢ᠎ᠶ᠋ᠢᠨ ᠳᠡᠮᠵᠢᠯᠭᠡ ᠬᠠᠩᠭᠠᠭ᠍ᠰᠠᠨ ᠶᠤᠮ; ᠡᠭᠦᠨ ᠎ᠦ ᠬᠠᠮᠳᠤ 45% ᠎ᠶ᠋ᠢᠨ ᠭᠡᠷ᠎ᠤᠨ ᠠᠬᠠᠮᠠᠳ ᠮᠥᠨ ᠬᠦ᠌ ᠤᠯᠠᠮᠵᠢᠯᠠᠯᠲᠤ ᠵᠠᠬ᠎ᠠ ᠳᠡᠯᠭᠡᠭᠦᠷ ᠎ᠤᠨ ᠡᠵᠡᠩᠨᠡᠨ ᠪᠤᠷᠣᠯᠠᠭᠤᠯᠤᠯᠲᠠ᠎ᠶ᠋ᠢᠨ ᠪᠠᠷᠢᠮᠵᠢᠶ᠎ᠠ᠎ᠪᠠᠷ ᠲᠤᠰᠭᠠᠢ ᠮᠡᠷᠭᠡᠵᠢᠯ᠎ᠤᠨ ᠦᠨ᠎ᠡ ᠥᠷᠲᠡᠭ ᠎ᠢ ᠦᠨᠡᠯᠡᠵᠦ᠍᠂ 《ᠬᠡᠯᠡ ᠠᠮᠠᠨ᠎ᠳᠠᠭᠠᠨ ᠰᠠᠢᠨ᠂ ᠨᠡᠢᠭᠡᠮ᠎ᠤᠨ ᠬᠠᠷᠢᠯᠴᠠᠭᠠᠨ᠎ᠳᠤ ᠰᠠᠢᠨ》 ᠭᠡᠳᠡᠭ᠎ᠢ ᠭᠤᠣᠯᠯᠠᠭ᠍ᠴᠢ ᠴᠢᠳᠠᠪᠤᠷᠢ᠎ᠪᠠᠷ ᠦᠵᠡᠵᠦ᠍᠂ ᠬᠡᠦᠬᠡᠳ᠎ᠤᠨ᠎ᠶᠡᠭᠡ ᠬᠡᠮᠵᠢᠶᠡᠨ᠎ᠤ ᠴᠠᠭ ᠵᠠᠷᠤᠴᠠᠭᠤᠯᠵᠤ ᠨᠠᠢᠷᠠᠭᠤᠯᠬᠤ ᠮᠡᠷᠭᠡᠵᠢᠯ᠂ ᠪᠦᠷᠢᠳᠭᠡᠬᠦ᠌ ᠠᠷᠭ᠎ᠠ ᠪᠠ ᠪᠠᠭᠠᠵᠢ ᠬᠡᠷᠡᠭ᠌ᠰᠡᠯ᠎ᠢ ᠰᠤᠷᠤᠯᠴᠠᠬᠤ᠎ᠳᠤ ᠰᠠᠨᠠᠭᠠᠱᠢᠷᠠᠵᠤ ᠪᠠᠢᠬᠤ᠎ᠪᠠᠨ ᠢᠯᠡᠳᠭᠡᠵᠦ᠍᠂ ᠴᠢᠨᠠᠭ᠍ᠰᠢᠯᠠᠪᠠᠯ《ᠨᠡᠢᠭᠡᠮ᠎ᠤᠨ ᠠᠵᠢᠯᠯᠠᠭ᠎ᠠ᠎ᠳᠤ ᠢᠯᠡᠭᠦᠬᠡᠨ ᠣᠷᠣᠯᠴᠠᠵᠤ ᠦᠢᠯᠡᠳᠦᠯᠭᠡ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠲᠣᠯᠣᠭᠠᠢ ᠦᠨᠳᠡᠢᠯ ᠦᠭᠡᠢ ᠺᠣᠮᠫᠢᠦ᠋ᠲ᠋ᠧᠷ᠎ᠢᠶᠠᠷ ᠠᠵᠢᠯᠯᠠᠬᠤ᠎ᠶ᠋ᠢ ᠪᠠᠭᠠᠰᠭᠠᠬᠤ ᠬᠡᠷᠡᠭ᠌ᠳᠡᠢ》ᠭᠡᠵᠦ᠍ ᠰᠠᠨᠠᠭᠤᠯᠵᠤ ᠪᠠᠢᠨ᠎ᠠ᠃ ᠡᠢᠮᠦᠷᠬᠦᠦ ᠨᠠᠵᠠᠭᠠᠢ ᠲᠠᠨᠢᠯᠳᠠ᠎ᠨᠢ ᠭᠡᠷ᠎ᠤᠨ ᠠᠬᠠᠮᠠᠳ᠎ᠤᠨ ᠠᠵᠤ ᠦᠢᠯᠡᠰ᠎ᠤᠨ ᠬᠤᠪᠢᠰᠤᠯᠲᠠ᠎ᠶ᠋ᠢᠨ ᠲᠤᠬᠠᠢ ᠮᠡᠳᠡᠯᠭᠡ ᠲᠣᠳᠠᠭᠤᠳᠠᠭ᠍ᠰᠠᠨ᠎ᠠᠴᠠ ᠪᠣᠯᠤᠭ᠍ᠰᠠᠨ ᠶᠤᠮ᠂ ᠲᠠᠳᠠ ᠲᠤᠭ᠎ᠠ ᠪᠠᠷᠢᠮᠳᠠ᠎ᠪᠠᠷ ᠡᠵᠡᠩᠨᠡᠨ  ᠪᠤᠷᠤᠯᠠᠭᠤᠯᠤᠯᠲᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢ ᠬᠡᠷᠬᠢᠨ ᠳᠠᠬᠢᠨ ᠴᠤᠭ᠍ᠴᠠᠯᠠᠬᠤ ᠲᠤᠬᠠᠢ ᠪᠣᠳᠠᠲᠠᠢ ᠲᠠᠨᠢᠯᠲᠠ᠎ᠪᠠᠷ ᠳᠤᠲᠠᠮᠠᠭ᠎ᠠᠴᠠ ᠪᠣᠯᠵᠤ᠂ ᠬᠡᠦᠬᠡᠳ᠎ᠤᠨ ᠲᠤᠰᠭᠠᠢ ᠮᠡᠷᠭᠡᠵᠢᠯ᠎ᠤᠨ ᠰᠤᠷᠤᠯᠴᠠᠯᠭ᠎ᠠ᠎ᠶ᠋ᠢ ᠳᠡᠮᠵᠢᠬᠦ᠌ ᠦᠶ᠎ᠡ᠎ᠳᠤ ᠴᠢᠭ᠌ᠯᠡᠯ᠎ᠤᠨ ᠲᠠᠯ᠎ᠠ᠎ᠪᠠᠷ᠎ᠬᠢ ᠭᠤᠢᠪᠢᠯᠵᠠᠯ᠎ᠢ ᠪᠣᠶ ᠪᠣᠯᠭᠠᠵᠠᠢ᠃ ᠡᠭᠦᠨ᠎ᠠᠴᠠ ᠭᠠᠳᠠᠨ᠎ᠠ᠂ ᠵᠠᠷᠢᠮ ᠭᠡᠷ᠎ᠤᠨ ᠠᠬᠠᠮᠠᠳ ᠲᠤᠰᠭᠠᠢ ᠮᠡᠷᠭᠡᠵᠢᠯ᠎ᠤᠨ  ᠡᠭᠦᠳᠡᠨ ᠪᠤᠱᠤᠭ᠎ᠠ ᠎ᠶ᠋ᠢᠨ ᠲᠤᠬᠠᠢ ᠪᠤᠷᠤᠭᠤ ᠣᠢᠯᠠᠭᠠᠯᠲᠠ᠎ᠲᠠᠢ ᠪᠠᠢᠵᠤ᠂ ᠬᠡᠦᠬᠡᠳ᠎ᠤᠨ ᠨᠠᠷᠢᠨ ᠪᠤᠳᠤᠯᠢᠶᠠᠨᠲᠠᠢ ᠲᠤᠭ᠎ᠠ ᠪᠠᠷᠢᠮᠲᠠ᠎ᠶ᠋ᠢᠨ ᠵᠠᠳᠠᠯᠤᠯᠲᠠ᠎ᠶ᠋ᠢᠨ ᠤᠷ᠎ᠠ ᠮᠡᠷᠭᠡᠵᠢᠯ᠎ᠢ ᠡᠵᠡᠮᠱᠢᠬᠦ᠌᠎ᠳᠤ ᠬᠦᠴᠢᠷᠳᠡᠬᠦ᠌᠎ᠠᠴᠠ ᠠᠶᠤᠬᠤ ᠮᠥᠷᠲᠡᠭᠡᠨ ᠮᠡᠷᠭᠡᠵᠢᠯ᠎ᠢ ᠬᠡᠲᠦ ᠴᠢᠬᠤᠯᠠᠴᠢᠯᠠᠪᠠᠯ ᠬᠡᠦᠬᠡᠳ᠎ᠤᠨ《ᠡᠵᠡᠩᠨᠡᠨ ᠪᠤᠷᠤᠯᠠᠭᠤᠯᠤᠯᠲᠠ᠎ᠶ᠋ᠢᠨ ᠮᠥᠨ ᠴᠢᠨᠠᠷ》᠎ᠢ ᠠᠯᠳᠠᠭᠤᠯᠬᠤ᠎ᠠᠴᠠ ᠠᠶᠤᠵᠤ ᠪᠠᠢᠭ᠎ᠠ ᠵᠥᠷᠢᠴᠡᠯᠳᠦ ᠰᠡᠳᠭᠢᠴᠡ᠎ᠨᠢ ᠵᠣᠬᠢᠬᠤ ᠬᠡᠮᠵᠢᠶ᠎ᠡ᠎ᠪᠠᠷ ᠰᠤᠷᠤᠭ᠍ᠴᠢᠳ᠎ᠢ ᠨᠦᠯᠦᠭᠡᠯᠡᠭ᠌ᠰᠡᠨ ᠶᠤᠮ᠃

ᠭᠤᠷᠪᠠ ᠎ᠳᠦ᠂ ᠨᠡᠢᠭᠡᠮ ᠳᠡᠭᠡᠷ᠎ᠡ 《ᠬᠡᠷᠡᠭ᠌ᠴᠡᠭᠡ ᠵᠢᠨ ᠲᠤᠯᠭᠠᠮᠳᠠᠯ》 ᠪᠤᠯᠤᠨ《ᠪᠠᠷᠢᠮᠵᠢᠶ᠎ᠠ᠎ᠶ᠋ᠢᠨ ᠪᠠᠯᠠᠷᠬᠠᠢᠱᠢᠯ》 ᠎ᠤᠨ ᠵᠦᠷᠢᠶᠡᠨ ᠮᠦᠨ  ᠬᠦ᠌ ᠤᠷᠤᠱᠢᠵᠤ ᠪᠤᠢ

ᠨᠡᠢᠭᠡᠮ ᠎ᠤᠨ ᠳᠠᠪᠬᠤᠷᠭ᠎ᠠ᠎ᠶ᠋ᠢᠨ ᠲᠠᠨᠢᠯᠲᠠ᠎ᠨᠢ ᠬᠠᠷᠢᠨ《ᠬᠡᠷᠡᠭ᠌ᠴᠡᠭᠡ ᠵᠢᠨ ᠲᠤᠯᠭᠠᠮᠳᠠᠯ》 ᠪᠠ 《ᠪᠠᠷᠢᠮᠵᠢᠶ᠎ᠠ᠎ᠶ᠋ᠢᠨ ᠪᠠᠯᠠᠷᠬᠠᠢᠱᠢᠯ》᠎ᠤᠨ ᠵᠦᠷᠢᠶᠡᠨ  ᠳᠡᠭᠡᠷ᠎ᠡ ᠪᠠᠢᠵᠦ᠍᠂ ᠲᠤᠰᠭᠠᠢ ᠮᠡᠷᠭᠡᠵᠢᠯ᠎ᠤᠨ ᠬᠡᠯᠪᠡᠷᠢ᠎ᠪᠡᠨ ᠬᠤᠪᠢᠷᠠᠭᠤᠯᠬᠤ᠎ᠳᠤ ᠤᠳᠤᠷᠢᠳᠤᠮᠵᠢ᠎ᠶ᠋ᠢᠨ ᠦᠢᠯᠡᠳᠦᠯ᠎ᠢᠶᠠᠨ ᠬᠠᠷᠠᠬᠠᠨ ᠭᠦᠢᠴᠡᠳ ᠪᠠᠳᠠᠷᠠᠭᠤᠯᠤᠭᠠᠳᠤᠢ ᠪᠠᠢᠭ᠍ᠰᠠᠭᠠᠷ᠃ ᠠᠵᠤ ᠦᠢᠯᠡᠰ᠎ᠤᠨ ᠬᠡᠷᠡᠭ᠌ᠴᠡᠭᠡ᠎ᠠᠴᠠ ᠠᠪᠴᠣ ᠦᠵᠡᠪᠡᠯ᠂ ᠠᠵᠢᠯᠲᠠᠨ ᠤᠷᠢᠵᠦ᠍ ᠡᠯᠰᠡᠬᠦ᠌ ᠬᠠᠮᠢᠶ᠎ᠠ ᠪᠦᠭᠦᠢ ᠲᠤᠭ᠎ᠠ ᠪᠠᠷᠢᠮᠲᠠ᠎ᠳᠦ ᠢᠯᠡᠷᠡᠭᠦᠯᠦᠭ᠌ᠰᠡᠨ᠎ᠢᠶᠠᠷ᠂ 2024 ᠣᠨ᠎ᠳᠤ ᠠᠵᠤ ᠠᠬᠤᠢᠯᠠᠯ᠎ᠤᠨ ᠲᠤᠭᠠᠴᠢᠯᠠᠭ᠍ᠰᠠᠨ  ᠤᠶᠤᠨᠴᠢᠯᠠᠭ᠍ᠰᠠᠨ ᠡᠵᠡᠩᠨᠡᠨ  ᠪᠤᠷᠤᠯᠠᠭᠤᠯᠤᠯᠲᠠ᠎ᠶ᠋ᠢᠨ ᠴᠢᠳᠠᠪᠤᠷᠢᠲᠠᠨ ᠡᠯᠰᠡᠬᠦ᠌ ᠱᠠᠭᠠᠷᠳᠠᠯᠭ᠎ᠠ ᠬᠡᠷᠡᠭ᠌ᠴᠡᠭᠡ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 38% ᠎ᠪᠠᠷ ᠨᠡᠮᠡᠭ᠌ᠳᠡᠵᠦ᠍᠂ ᠤᠯᠠᠮᠵᠢᠯᠠᠯᠲᠤ ᠡᠵᠡᠩᠨᠡᠨ ᠪᠤᠷᠤᠯᠠᠭᠤᠯᠤᠯᠲᠠ᠎ᠶ᠋ᠢᠨ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢᠨ 12%᠎ᠤᠨ ᠨᠡᠮᠡᠭ᠌ᠳᠡᠯ᠎ᠤᠨ ᠨᠣᠷᠮ᠎ᠠ᠎ᠠᠴᠠ ᠬᠤᠯᠠ ᠳᠠᠪᠠᠭ᠍ᠰᠠᠨ ᠪᠥᠭᠡᠳ ᠠᠵᠢᠯ᠎ᠤᠨ ᠪᠠᠢᠷᠢ᠎ᠪᠣᠯᠣᠨ ᠴᠠᠯᠢᠩ ᠬᠥᠯᠥᠰᠦ᠎ᠨᠢ ᠪᠦᠷ ᠤᠯᠠᠮᠵᠢᠯᠠᠯᠲᠤ ᠡᠵᠡᠩᠨᠡᠨ ᠪᠤᠷᠤᠯᠠᠭᠤᠯᠤᠯᠲᠠ᠎ᠶ᠋ᠢᠨ ᠴᠢᠳᠠᠪᠤᠷᠢᠲᠠᠨ᠎ᠠᠴᠠ ᠨᠡᠢᠳᠡᠮ᠎ᠳᠡᠭᠡᠨ 20%—30% ᠎ᠪᠠᠷ ᠥᠨᠳᠥᠷ ᠪᠠᠢᠵᠣ᠂ ᠡᠨᠡ᠎ᠨᠢ ᠨᠡᠢᠭᠡᠮ᠎ᠦᠨ ᠲᠣᠰ ᠲᠤᠰᠭᠠᠢ ᠮᠡᠷᠭᠡᠵᠢᠯ᠎ᠤᠨ ᠴᠢᠳᠠᠪᠤᠷᠢᠲᠠᠨ᠎ᠤ ᠬᠡᠷᠡᠭ᠌ᠴᠡᠭᠡ ᠲᠣᠢᠯ᠎ᠤᠨ ᠪᠠᠴᠢᠮ ᠲᠣᠯᠭᠠᠮ᠎ᠪᠠᠢᠭ᠎ᠠ᠎ᠶ᠋ᠢ ᠭᠦᠢᠴᠡᠳ ᠬᠠᠷᠠᠭᠤᠯᠵᠤ ᠪᠤᠢ;ᠭᠡᠪᠡᠴᠦ᠍ ᠲᠠᠨᠢᠯᠳᠠ᠎ᠶ᠋ᠢᠨ ᠪᠠᠷᠢᠮᠵᠢᠶ᠎ᠠ᠎ᠠᠴᠠ ᠦᠵᠡᠪᠡᠯ᠂ ᠣᠯᠠᠩᠬᠢ ᠠᠵᠤ ᠠᠬᠤᠢᠯᠠᠯ᠎ᠨᠢ  ᠲᠣᠭᠠᠴᠢᠯᠠᠭ᠍ᠰᠠᠨ ᠤᠶᠤᠨᠴᠢᠯᠠᠭ᠍ᠰᠠᠨ ᠡᠵᠡᠩᠨᠡᠨ ᠪᠤᠷᠤᠯᠠᠭᠤᠯᠤᠯᠲᠠ ᠶ᠋ᠢᠨ ᠴᠢᠳᠠᠪᠤᠷᠢᠲᠠᠨ᠎ᠤ ᠴᠢᠳᠠᠪᠤᠷᠢ᠎ᠶ᠋ᠢᠨ ᠲᠤᠬᠠᠢ ᠲᠣᠳᠣᠷᠬᠠᠢ  ᠲᠦᠰᠦᠪ ᠦᠭᠡᠢ ᠪᠠᠢᠭ᠍ᠰᠠᠭᠠᠷ᠂ 40% ᠎ᠶ᠋ᠢᠨ ᠠᠵᠤ ᠠᠬᠤᠢᠯᠠᠯ ᠠᠵᠢᠯᠲᠠᠨ ᠡᠯᠰᠡᠬᠦ᠌᠎ᠳᠡᠭᠡᠨ ᠮᠥᠨ ᠬᠦ᠌ ᠤᠯᠠᠮᠵᠢᠯᠠᠯᠲᠤ ᠵᠠᠬ᠎ᠠ ᠳᠡᠯᠭᠡᠭᠦᠷ᠎ᠤᠨ ᠡᠵᠡᠩᠨᠡᠨ ᠪᠤᠷᠤᠯᠠᠭᠤᠯᠤᠯᠲᠠ᠎ᠶ᠋ᠢᠨ ᠬᠢᠨᠠᠨ ᠱᠢᠯᠭᠠᠬᠤ ᠭᠦᠢᠴᠡᠳᠭᠡᠯ ᠲᠤᠭ᠎ᠠ᠎ᠶ᠋ᠢ ᠦᠷᠭᠦᠯᠵᠢᠯᠡᠨ ᠬᠡᠷᠡᠭ᠌ᠯᠡᠭ᠌ᠰᠡᠭᠡᠷ᠂ ᠵᠢᠱ᠌ᠢᠶᠡᠯᠡᠪᠡᠯ《ᠡᠵᠡᠩᠨᠡᠨ ᠪᠤᠷᠤᠯᠠᠭᠤᠯᠤᠯᠲᠠ᠎ᠶ᠋ᠢᠨ ᠠᠮᠵᠢᠯᠲᠠ ᠲᠠᠢ ᠲᠤᠷᠱᠢᠯᠭ᠎ᠠ᠎ᠲᠠᠢ》ᠭᠡᠬᠦ᠌᠎ᠠᠴᠠ ᠪᠢᠰᠢ《ᠲᠤᠭ᠎ᠠ ᠪᠠᠷᠢᠮᠲᠠ᠎ᠶ᠋ᠢᠨ ᠵᠠᠭ᠍ᠪᠤᠷ ᠪᠠᠢᠭᠤᠯᠬᠤ ᠴᠢᠳᠠᠪᠤᠷᠢ》᠂  《ᠡᠵᠡᠩᠨᠡᠨ ᠪᠤᠷᠤᠯᠠᠭᠤᠯᠤᠯᠲᠠ᠎ᠶ᠋ᠢᠨ ᠦᠷ᠎ᠡ ᠪᠦᠲᠦᠮᠵᠢ᠎ᠶ᠋ᠢᠨ ᠱᠢᠯᠲᠠᠭᠠᠨ᠎ᠢ ᠵᠠᠳᠠᠯᠬᠤ ᠴᠢᠳᠠᠪᠤᠷᠢ》ᠵᠡᠷᠭᠡ ᠭᠤᠣᠯᠯᠠᠭ᠍ᠴᠢ ᠬᠡᠪ ᠪᠣᠯᠪᠠᠰᠤᠷᠠᠯ᠎ᠳᠤ ᠠᠩᠬᠠᠷᠤᠯ᠎ᠢᠶᠠᠨ ᠲᠥᠪᠯᠡᠷᠡᠭᠦᠯᠬᠦ᠌ ᠦᠭᠡᠢ᠂ ᠡᠢᠮᠦᠷᠬᠦᠦ ᠪᠠᠯᠠᠷᠬᠠᠢ ᠲᠠᠨᠢᠯᠲᠠ᠎ᠡᠴᠡ ᠶᠡᠭᠡ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ᠎ᠤ ᠬᠦᠮᠦᠵᠢᠯ ᠪᠣᠯᠣᠨ ᠠᠵᠤ ᠠᠬᠤᠢᠯᠠᠯ᠎ᠤᠨ  ᠪᠤᠲᠠᠲᠠᠢ ᠬᠡᠷᠡᠭ᠌ᠴᠡᠭᠡ᠎ᠨᠢ ᠵᠦᠷᠢᠴᠡᠯ ᠭᠠᠷᠤᠭ᠍ᠰᠠᠨ ᠪᠠᠢᠨ᠎ᠠ᠃ ᠡᠭᠦᠨ᠎ᠤ ᠬᠠᠮᠳᠣ᠂ ᠨᠡᠢᠭᠡᠮ᠎ᠤᠨ ᠶᠠᠷᠢᠶ᠎ᠠ ᠬᠡᠯᠡᠯᠴᠡᠭᠡᠨ᠎ᠦ ᠳ᠋ᠠᠢᠲ᠋ᠠ᠎ᠶ᠋ᠢᠨ ᠡᠵᠡᠩᠨᠡᠨ ᠪᠤᠷᠤᠯᠠᠭᠤᠯᠤᠯᠲᠠ ᠶ᠋ᠢᠨ ᠲᠤᠬᠠᠢ  ᠲᠠᠨᠢᠯᠲᠠ᠎ᠨᠢ ᠣᠯᠠᠩᠬᠢ᠎ᠳᠠᠭᠠᠨ《ᠨᠠᠷᠢᠨ ᠣᠨᠣᠪᠴᠢᠳᠠᠢ ᠵᠠᠷ ᠮᠡᠳᠡᠭᠡ ᠲᠠᠷᠬᠠᠭᠠᠬᠤ》ᠵᠡᠷᠭᠡ ᠥᠩᠭᠡᠨ ᠲᠠᠯ᠎ᠠ᠎ᠶ᠋ᠢᠨ ᠬᠡᠷᠡᠭ᠌ᠯᠡᠭᠡᠨ᠎ᠳᠤ ᠵᠣᠭ᠍ᠰᠣᠩᠭᠢᠷᠠᠵᠤ᠂ ᠬᠡᠷᠡᠭ᠌ᠯᠡᠭ᠌ᠴᠢ᠎ᠶ᠋ᠢᠨ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠬᠠᠮᠢᠶᠠᠷᠤᠯᠲᠠ᠂ ᠡᠵᠡᠩᠨᠡᠨ ᠪᠣᠷᠤᠯᠠᠭᠤᠯᠭ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠭᠠᠯᠲᠠ᠂ ᠠᠶᠣᠯ ᠲᠦᠭ᠌ᠰᠢᠭᠦᠷᠢ᠎ᠶ᠋ᠢᠨ ᠰᠡᠷᠡᠮᠵᠢᠯᠡᠭᠦᠯᠦᠯ ᠵᠡᠷᠭᠡ ᠬᠡᠪᠴᠢᠶᠡᠨ᠎ᠤ ᠭᠦᠨ ᠳᠠᠪᠬᠤᠷᠭ᠎ᠠ᠎ᠶ᠋ᠢᠨ ᠥᠷᠲᠡᠭ᠎ᠤᠨ ᠤᠬᠠᠭᠤᠯᠭ᠎ᠠ᠎ᠪᠠᠷ ᠳᠤᠲᠠᠮᠠᠭ᠎ᠡᠴᠡ ᠣᠯᠠᠨ ᠨᠡᠢᠲᠡ᠎ᠳᠤ ᠡᠵᠡᠩᠨᠡᠯᠲᠡ ᠪᠤᠷᠤᠯᠠᠭᠤᠯᠤᠯᠲᠠ ᠶ᠋ᠢᠨ ᠲᠤᠰᠭᠠᠢ ᠮᠡᠷᠭᠡᠵᠢᠯ᠎ᠤᠨ ᠠᠭᠤᠯᠤᠭ᠍ᠳᠠᠬᠤᠨ ᠬᠢᠭᠡᠳ ᠦᠷᠳᠡᠭ᠎ᠢ ᠪᠥᠬᠦ᠌ ᠲᠠᠯ᠎ᠠ ᠎ᠪᠠᠷ ᠣᠢᠯᠠᠭᠠᠭᠤᠯᠬᠤ᠎ᠶ᠋ᠢᠨ ᠠᠷᠭ᠎ᠠ ᠦᠭᠡᠢ᠂ ᠰᠣᠷᠣᠭ᠍ᠴᠢ ᠪᠠ ᠭᠡᠷ᠎ᠤᠨ ᠠᠬᠠᠮᠠᠳ᠎ᠤᠨ ᠲᠠᠨᠢᠯᠲᠠ ᠎ᠶ᠋ᠢᠨ ᠮᠠᠭᠠᠳᠯᠠᠯᠲᠠ᠎ᠶ᠋ᠢ ᠴᠦ᠍ ᠳᠠᠮ᠎ᠢᠶᠠᠷ ᠨᠦᠯᠦᠭᠡᠯᠡᠵᠦ ᠪᠤᠢ᠃

ᠡᠵᠡᠩᠨᠡᠨ ᠪᠤᠷᠤᠯᠠᠭᠤᠯᠤᠯᠲᠠ᠎ᠶ᠋ᠢᠨ ᠲᠤᠰᠭᠠᠢ ᠮᠡᠷᠭᠡᠵᠢᠯ᠎ᠤᠨ  ᠲᠤᠭᠠᠴᠢᠯᠠᠯᠲᠠ ᠣᠶᠣᠨᠴᠢᠯᠠᠯᠳᠠ ᠲᠡᠢᠰᠢ ᠭᠦᠨᠵᠡᠭᠡᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ᠎ᠳᠤ ᠭᠤᠷᠪᠠᠨ ᠲᠠᠯ᠎ᠠ᠎ᠶ᠋ᠢᠨ ᠲᠠᠨᠢᠯᠳᠠ᠎ᠶ᠋ᠢᠨ ᠴᠡᠭ᠎ᠲᠤ ᠰᠠᠭᠤᠷᠢᠯᠠᠭ᠍ᠰᠠᠨ ᠬᠠᠮᠵᠢᠯᠴᠠᠨ ᠳᠠᠬᠢᠨ ᠱᠤᠭᠤᠬᠤ ᠠᠷᠭ᠎ᠠ ᠵᠠᠮ᠎ᠢ ᠬᠠᠢᠬᠤ ᠬᠡᠷᠡᠭᠲᠠᠢ᠃ ᠡᠩ ᠲᠡᠷᠢᠭᠦᠨ᠎ᠳᠤ᠂ ᠶᠡᠭᠡ ᠳᠡᠭᠡᠳᠦ ᠰᠤᠷᠭᠠᠭᠤᠯᠢ᠎ᠠᠴᠠ《ᠦᠢᠯᠡᠳᠦᠯᠭᠡ᠎ᠪᠠᠷ ᠴᠢᠳᠠᠪᠤᠷᠢ ᠣᠯᠭᠤᠬᠤ》᠎ᠪᠠᠷ ᠳᠠᠮᠵᠢᠨ ᠰᠤᠷᠤᠭ᠍ᠴᠢᠳ᠎ᠤᠨ ᠲᠠᠨᠢᠨ ᠮᠡᠳᠡᠭᠦᠢ᠎ᠶ᠋ᠢ ᠵᠠᠯᠠᠷᠠᠭᠤᠯᠵᠤ᠂  《ᠲᠤᠭᠠᠴᠢᠯᠠᠭ᠍ᠰᠠᠨ ᠤᠶᠤᠨᠴᠢᠯᠠᠭ᠍ᠰᠠᠨ ᠡᠵᠡᠩᠨᠡᠨ ᠪᠤᠷᠤᠯᠠᠭᠤᠯᠤᠯᠲᠠ ᠶ᠋ᠢᠨ ᠪᠣᠳᠠᠲᠤ ᠪᠠᠢᠯᠳᠤᠭᠠᠨ᠎ᠤ ᠬᠤᠸᠠᠷᠠᠨ》᠎ᠢ ᠪᠠᠢᠭᠤᠯᠵᠣ᠂ ᠰᠤᠷᠤᠭ᠍ᠴᠢᠳ᠎ᠢ ᠦᠨᠡᠨ ᠪᠣᠳᠠᠲᠠᠢ ᠠᠵᠤ ᠠᠬᠤᠢᠯᠠᠯ᠎ᠤᠨ ᠡᠵᠡᠩᠨᠡᠨ ᠪᠤᠷᠤᠯᠠᠭᠤᠯᠤᠯᠲᠠ᠎ᠶ᠋ᠢᠨ ᠲᠤᠭᠠᠴᠢᠯᠠᠭ᠍ᠰᠠᠨ ᠤᠶᠤᠨᠴᠢᠯᠠᠭ᠍ᠰᠠᠨ ᠲᠦᠷᠦᠯ ᠵᠦᠢᠯ᠎ᠦᠨ ᠠᠵᠢᠯ᠎ᠳᠤ ᠣᠷᠣᠯᠴᠠᠭᠤᠯᠵᠤ᠂ ᠦᠢᠯᠡᠳᠦᠯᠭᠡ᠎ᠶ᠋ᠢᠨ ᠳᠤᠮᠳᠠ《ᠲᠤᠭ᠎ᠠ ᠪᠠᠷᠢᠮᠲᠠ᠎ᠶ᠋ᠢᠨ ᠪᠠᠭᠠᠵᠢ — ᠲᠤᠭ᠎ᠠ ᠪᠠᠷᠢᠮᠲᠠ᠎ᠶ᠋ᠢᠨ ᠠᠵᠢᠭ᠍ᠯᠠᠯᠲᠠ — ᠡᠵᠡᠩᠨᠡᠨ ᠪᠤᠷᠤᠯᠠᠭᠤᠯᠤᠯᠲᠠ᠎ᠶ᠋ᠢᠨ ᠱᠢᠢᠳᠪᠦᠷᠢᠲᠦ ᠪᠣᠳᠣᠯᠭ᠎ᠠ》᠎ᠶ᠋ᠢᠨ ᠯᠣᠭᠢᠭ᠎ᠤᠨ ᠬᠤᠯᠪᠣᠭᠠᠰᠣ᠎ᠶ᠋ᠢ ᠣᠢᠯᠠᠭᠠᠭᠤᠯᠬᠤ᠎ᠶ᠋ᠢᠨ ᠬᠠᠮᠲᠤ᠂ ᠠᠵᠢᠯ ᠲᠥᠷᠥᠯ᠂ ᠠᠵᠤ ᠠᠬᠤᠢᠯᠠᠯ᠎ᠤᠨ ᠵᠢᠯᠣᠭᠤᠳᠤᠭ᠍ᠴᠢ ᠪᠠᠭ᠍ᠰᠢ᠎ᠶ᠋ᠢ ᠤᠷᠢᠵᠤ ᠠᠵᠢᠯ᠎ᠤᠨ ᠪᠠᠢᠷᠢ᠎ᠶ᠋ᠢᠨ ᠠᠵᠢᠯ ᠮᠡᠷᠭᠡᠵᠢᠯ᠎ᠤᠨ ᠪᠣᠯᠪᠠᠰᠤᠷᠠᠯ᠎ᠥᠷᠨᠢᠭᠦᠯᠵᠦ᠍᠂ ᠰᠤᠷᠤᠭ᠍ᠴᠢᠳ᠎ᠤᠨ ᠠᠵᠢᠯ ᠮᠡᠷᠭᠡᠵᠢᠯ᠎ᠤᠨ ᠲᠠᠨᠢᠯᠳᠠ᠎ᠶ᠋ᠢ ᠥᠷᠭᠡᠳᠭᠡᠬᠦ᠌ ᠬᠡᠷᠡᠭ᠌ᠲᠡᠢ᠃ ᠳᠠᠷᠠᠭᠠᠯᠠᠪᠠᠯ᠂ 《ᠸᠢᠳᠢᠤ᠋ ᠬᠤᠪᠢᠶᠠᠯᠴᠠᠭ᠎ᠠ》 ᠎ᠪᠠᠷ ᠳᠠᠮᠵᠢᠨ ᠭᠡᠷ᠎ᠤᠨ ᠠᠬᠠᠮᠠᠳ᠎ᠤᠨ ᠲᠠᠨᠢᠯᠲᠠ᠎ᠶ᠋ᠢ ᠱᠢᠨᠡᠳᠭᠡᠵᠦ᠍᠂ ᠠᠵᠢᠯ ᠲᠥᠷᠥᠯ᠂ ᠠᠵᠤ ᠠᠬᠤᠢᠯᠠᠯ᠎ᠤᠨ ᠡᠵᠡᠡᠭᠨᠡᠯᠲᠡ᠂ ᠪᠣᠳᠠᠳᠠᠢᠵᠢᠭ᠍ᠰᠠᠨ ᠬᠡᠷᠡᠭ᠎ᠤᠨ ᠵᠢᠱ᠌ᠢᠶ᠎ᠡ᠎ᠪᠠᠷ ᠳᠠᠮᠵᠢᠨ᠂ ᠭᠡᠷ᠎ᠤᠨ ᠠᠬᠠᠮᠠᠳ᠎ᠲᠤ ᠲᠤᠭᠠᠴᠢᠯᠠᠭ᠍ᠰᠠᠨ ᠤᠶᠤᠨᠴᠢᠯᠠᠭ᠍ᠰᠠᠨ ᠡᠵᠡᠩᠨᠡᠨ  ᠪᠤᠷᠤᠯᠠᠭᠤᠯᠤᠯᠲᠠ᠎ᠶ᠋ᠢᠨ ᠠᠵᠢᠯ᠎ᠤᠨ ᠠᠬᠤᠢ ᠪᠠᠢᠳᠠᠯ᠎ᠢ ᠣᠢᠯᠠᠭᠠᠭᠤᠯᠵᠤ᠂ ᠵᠥᠪ ᠣᠨᠣᠪᠴᠢᠲᠠᠶ ᠲᠠᠨᠢᠯᠳᠠ᠎ᠶ᠋ᠢ ᠪᠣᠶ ᠪᠣᠯᠭᠠᠵᠤ᠂ ᠲᠡᠳᠡᠨ᠎ᠤ ᠮᠡᠷᠭᠡᠵᠢᠯ ᠬᠢᠭᠡᠳ ᠡᠵᠡᠩᠨᠡᠨ ᠪᠤᠷᠤᠯᠠᠭᠤᠯᠤᠯᠲᠠ᠎ᠶ᠋ᠢᠨ ᠲᠡᠩᠴᠡᠭᠦᠷᠢ᠎ᠶ᠋ᠢᠨ ᠲᠤᠬᠠᠢ ᠰᠠᠨᠠᠭᠠᠱᠢᠷᠠᠯ᠎ᠢ ᠦᠭᠡᠢᠰᠭᠡᠬᠦ ᠬᠡᠷᠡᠭᠲᠠᠢ᠃ ᠬᠠᠮᠤᠭ ᠰᠡᠭᠦᠯ᠎ᠳᠤ᠂ ᠵᠠᠭᠤᠴᠢᠯᠠᠭᠤᠷ᠎ᠤᠨ᠎ᠬᠢᠨ᠎ᠠᠴᠠ ᠲᠤᠭᠠᠴᠢᠯᠠᠭ᠍ᠰᠠᠨ ᠤᠶᠤᠨᠴᠢᠯᠠᠭ᠍ᠰᠠᠨ ᠡᠵᠡᠩᠨᠡᠨ ᠪᠤᠷᠤᠯᠠᠭᠤᠯᠤᠯᠲᠠ᠎ᠶ᠋ᠢᠨ ᠤᠬᠠᠭᠤᠯᠭ᠎ᠠ ᠪᠠ ᠲᠦᠭᠡᠮᠡᠯᠵᠢᠭᠦᠯᠦᠯᠲᠡ᠎ᠪᠠᠨ ᠴᠢᠩᠭᠠᠳᠭᠠᠵᠤ᠂ ᠣᠯᠠᠨ ᠲᠦᠮᠡᠨ᠎ᠤ ᠲᠠᠨᠢᠯᠲᠠ ᠪᠠ ᠣᠢᠯᠠᠭᠠᠯᠲᠠ᠎ᠶ᠋ᠢ ᠳᠡᠭᠡᠭ᠌ᠰᠢᠯᠡᠭᠦᠯᠪᠡᠯ ᠵᠣᠬᠢᠨ᠎ᠠ᠃ ᠠᠵᠢᠯ ᠲᠥᠷᠥᠯ᠎ᠤᠨ ᠬᠦᠳᠡᠯᠦᠯ ᠪᠠᠢᠳᠠᠯ᠎ᠢ ᠮᠡᠳᠡᠭᠡᠯᠡᠬᠦ᠌᠂ ᠠᠮᠵᠢᠯᠲᠠ ᠣᠯᠣᠭ᠍ᠰᠠᠨ ᠬᠡᠷᠡᠭ᠎ᠤᠨ ᠵᠢᠱ᠌ᠢᠶ᠎ᠡ᠎ᠶ᠋ᠢ ᠬᠣᠪᠢᠶᠠᠯᠴᠠᠬᠤ᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠲᠠᠢᠯᠣᠮᠵᠢ ᠬᠢᠬᠦ᠌ ᠵᠡᠷᠭᠡ ᠠᠷᠭ᠎ᠠ ᠬᠡᠯᠪᠡᠷᠢ᠎ᠪᠠᠷ ᠳᠠᠮᠵᠢᠨ ᠣᠯᠠᠨ ᠲᠦᠮᠡᠨ᠎ᠳᠤ ᠲᠣᠭᠠᠴᠢᠯᠠᠭ᠍ᠰᠠᠨ  ᠤᠶᠤᠨᠴᠢᠯᠠᠭ᠍ᠰᠠᠨ ᠡᠵᠡᠩᠨᠡᠨ ᠪᠤᠷᠤᠯᠠᠭᠤᠯᠤᠯᠲᠠ᠎ᠶ᠋ᠢᠨ ᠬᠡᠷᠡᠭ᠌ᠯᠡᠭᠡᠨ᠎ᠤ  ᠠᠬᠤᠢ ᠪᠠᠢᠳᠠᠯ ᠪᠠ ᠬᠥᠭ᠌ᠵᠢᠯᠲᠡ᠎ᠶ᠋ᠢᠨ ᠬᠠᠨᠳᠤᠰᠢ ᠵᠡᠷᠭᠡ ᠠᠭᠤᠯᠭ᠎ᠠ᠎ᠶ᠋ᠢ ᠣᠢᠯᠠᠭᠠᠭᠤᠯᠬᠤ᠎ᠶ᠋ᠢᠨ ᠬᠠᠮᠲᠤ᠌᠂ ᠠᠵᠢᠯ ᠲᠥᠷᠥᠯ᠎ᠤᠨ ᠲᠦᠷᠦᠭᠦᠴᠦᠳ᠎ᠤᠨ ᠬᠤᠷᠠᠯ᠂ 《ᠰᠤᠷᠭᠠᠭᠤᠯᠢ — ᠠᠵᠢᠯ ᠲᠥᠷᠥᠯ — ᠵᠠᠰᠠᠭ᠎ᠤᠨ ᠣᠷᠳᠣᠨ — ᠠᠵᠤ ᠠᠬᠤᠢᠯᠠᠯ》ᠬᠠᠮᠳᠤᠷᠠᠨ ᠠᠵᠢᠯᠯᠠᠬᠤ ᠵᠡᠷᠭᠡ ᠬᠡᠯᠪᠡᠷᠢ᠎ᠶ᠋ᠢ ᠥᠷᠭᠡᠨ᠎ᠢᠶᠡᠷ ᠳᠡᠯᠭᠡᠷᠡᠭᠦᠯᠵᠦ᠍᠂ ᠨᠡᠢᠭᠡᠮ᠎ᠳᠦ  ᠨᠢᠭᠡᠳᠦᠯᠲᠡᠢ ᠲᠤᠰᠭᠠᠢ ᠮᠡᠷᠭᠡᠵᠢᠯ᠎ᠤᠨ ᠲᠠᠨᠢᠯᠲᠠ ᠵᠢ ᠪᠤᠢ ᠪᠣᠯᠭᠠᠵᠤ᠂ ᠡᠭᠦᠨ᠎ᠤ ᠤᠯᠠᠮ᠎ᠠᠴᠠ ᠲᠤᠭᠠᠴᠢᠯᠠᠭ᠍ᠰᠠᠨ ᠤᠶᠤᠨᠴᠢᠯᠠᠭ᠍ᠰᠠᠨ ᠡᠵᠡᠩᠨᠡᠨ ᠪᠤᠷᠤᠯᠠᠭᠤᠯᠤᠯᠲᠠ᠎ᠶ᠋ᠢᠨ ᠲᠤᠰᠭᠠᠢ ᠮᠡᠷᠭᠡᠵᠢᠯ᠎ᠦᠨ ᠬᠡᠯᠪᠡᠷᠢ᠎ᠪᠠᠨ ᠬᠣᠪᠢᠷᠠᠭᠣᠯᠬᠣ᠎ᠳᠤ ᠰᠠᠢᠨ ᠰᠠᠢᠬᠠᠨ ᠭᠠᠳᠠᠭᠠᠳᠤ ᠣᠷᠴᠢᠨ ᠨᠦᠭᠦᠴᠡᠯ᠎ᠢ ᠪᠣᠶ  ᠪᠣᠯᠭᠠᠬᠤ ᠬᠡᠷᠡᠭ᠌ᠲᠡᠢ᠃

ᠶᠡᠷᠦᠩᠬᠡᠢᠯᠡᠪᠡᠯ᠂ ᠤᠯᠠᠮᠵᠢᠯᠠᠯᠲᠤ ᠡᠵᠡᠩᠨᠡᠨ ᠪᠤᠷᠤᠯᠠᠭᠤᠯᠤᠯᠲᠠ᠎ᠶ᠋ᠢᠨ ᠲᠤᠰᠭᠠᠢ ᠮᠡᠷᠭᠡᠵᠢᠯ᠎ᠤᠨ  ᠲᠤᠭᠠᠴᠢᠯᠠᠭ᠍ᠰᠠᠨ ᠤᠶᠤᠨᠴᠢᠯᠠᠭ᠍ᠰᠠᠨ ᠲᠡᠢᠰᠢ ᠬᠡᠯᠪᠡᠷᠢ ᠎ᠪᠡᠨ ᠬᠣᠪᠢᠷᠠᠭᠤᠯᠬᠤ ᠨᠢ ᠮᠥᠨ ᠴᠢᠨᠠᠷ ᠳᠡᠭᠡᠷ᠎ᠡ᠎ᠪᠠᠨ《ᠲᠠᠨᠢᠨ ᠮᠡᠳᠡᠭᠦᠢ》᠎ᠠᠴᠠ 《ᠦᠢᠯᠡᠳᠦᠯᠭᠡ》᠎ᠳᠤ ᠬᠦᠷᠬᠦ᠌ ᠱᠢᠰᠲ᠋ᠧᠮᠲᠦ ᠴᠢᠨᠠᠷᠲᠠᠢ ᠬᠤᠪᠢᠰᠤᠯᠲᠠ ᠪᠣᠯᠬᠤ ᠶᠤᠮ᠃ ᠭᠠᠭ᠍ᠴᠠ ᠬᠦ᠌ ᠰᠣᠷᠣᠭ᠍ᠴᠢ᠂ ᠭᠡᠷ᠎ᠤᠨ ᠠᠬᠠᠮᠠᠳ᠂ ᠨᠡᠢᠭᠡᠮ ᠵᠡᠷᠭᠡ ᠭᠤᠷᠪᠠᠨ ᠡᠳᠡᠭᠡᠳ ᠎ᠤᠨ  ᠲᠠᠨᠢᠯᠲᠠ᠎ᠶ᠋ᠢᠨ ᠲᠡᠰ ᠲᠠᠪᠱᠢᠯᠳᠠ᠎ᠶ᠋ᠢ ᠬᠥᠲᠥᠯᠥᠨ ᠵᠢᠯᠣᠭᠤᠳᠪᠠᠯ ᠰᠠᠶᠢ ᠲᠤᠰᠭᠠᠢ ᠮᠡᠷᠭᠡᠵᠢᠯ ᠎ᠤᠨ ᠬᠡᠯᠪᠡᠷᠢ ᠎ᠪᠠᠨ  ᠬᠣᠪᠢᠷᠠᠭᠤᠯᠬᠤ᠎ᠶ᠋ᠢ ᠦᠨᠡᠨ ᠬᠦ᠌ ᠨᠠᠢᠳᠠᠪᠤᠷᠢᠵᠢᠭᠤᠯᠵᠤ᠂ ᠡᠵᠡᠩᠨᠡᠨ ᠪᠤᠷᠤᠯᠠᠭᠤᠯᠤᠯᠲᠠ᠎ᠶ᠋ᠢᠨ ᠮᠥᠨ ᠴᠢᠨᠠᠷ᠎ᠢ ᠮᠡᠳᠡᠬᠦ᠌ ᠮᠥᠷᠲᠡᠭᠡᠨ ᠳ᠋ᠠᠢᠲ᠋ᠠ᠎ᠶ᠋ᠢᠨ ᠮᠡᠷᠭᠡᠵᠢᠯ᠎ᠳᠤ ᠨᠡᠪᠲᠡᠷᠡᠭ᠌ᠰᠡᠨ ᠬᠠᠮ ᠬᠡᠯᠪᠡᠷᠢ᠎ᠶ᠋ᠢᠨ ᠴᠢᠳᠠᠪᠤᠷᠢᠲᠠᠨ᠎ᠢ  ᠬᠦᠮᠦᠵᠢᠭᠦᠯᠪᠡᠯ ᠰᠠᠶᠢ ᠲᠣᠭᠠᠴᠢᠯᠠᠯᠲᠠ᠎ᠶ᠋ᠢᠨ ᠴᠠᠭ ᠡᠷᠡᠨ᠎ᠦ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠳᠤ ᠵᠣᠬᠢᠴᠠᠭᠤᠯᠵᠤ᠂  ᠶᠡᠬᠡ ᠳᠡᠭᠡᠳᠦ  ᠰᠤᠷᠭᠠᠭᠤᠯᠢ᠎ᠶ᠋ᠢᠨ ᠰᠤᠷᠭᠠᠨ ᠬᠥᠮᠦᠵᠢᠯ ᠪᠤᠯᠤᠨ ᠲᠣᠭᠠᠴᠢᠯᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠢᠵᠢᠯ ᠳᠠᠪᠲᠠᠮᠵᠢ᠎ᠶ᠋ᠢ ᠪᠡᠶᠡᠯᠡᠭᠦᠯᠵᠦ᠍ ᠴᠢᠳᠠᠬᠤ ᠶᠤᠮ᠃

ᠸᠠᠡᠭ ᠵᠢᠡᠭ᠄ ᠥᠪᠥᠷ ᠮᠣᠩᠭᠤᠯ ᠎ᠤᠨ ᠡᠳ᠋ ᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ᠎ᠶ᠋ᠢᠨ ᠬᠤᠳᠠᠯᠳᠤᠭᠠᠨ ᠎ᠤ ᠶᠠᠪᠤᠳᠠᠯ ᠎ᠤᠨ  ᠳᠡᠭᠡᠳᠦ ᠰᠤᠷᠭᠠᠭᠤᠯᠢ᠎ᠶ᠋ᠢᠨ 2024 ᠣᠨ᠎ᠤ ᠵᠠᠬ᠎ᠠ ᠳᠡᠯᠭᠡᠭᠦᠷ ᠎ᠤᠨ ᠡᠵᠡᠩᠨᠡᠨ ᠪᠣᠷᠣᠯᠠᠭᠤᠯᠭ᠎ᠠ᠎ᠶ᠋ᠢᠨ ᠬᠤᠶᠠᠳᠣᠭᠠᠷ ᠠᠩᠬᠢ; ᠬᠠᠨ ᠴᠢᠡᠭ ᠯᠢᠨ᠄ ᠥᠪᠥᠷ ᠮᠣᠩᠭᠤᠯ ᠎ᠤᠨ ᠡᠳ᠋ ᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ᠎ᠶ᠋ᠢᠨ ᠬᠤᠳᠠᠯᠳᠤᠭᠠᠨ᠎ᠤ ᠶᠠᠪᠤᠳᠠᠯ ᠎ᠤᠨ ᠳᠡᠭᠡᠳᠦ ᠰᠤᠷᠭᠠᠭᠤᠯᠢ᠎ᠶ᠋ᠢᠨ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠭ᠎ᠠ᠎ᠶ᠋ᠢᠨ ᠰᠠᠯᠪᠤᠷᠢ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号