ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ ᠵᠢ ᠭᠣᠣᠯ ᠬᠢᠵᠠᠭᠠᠷᠯᠠᠵᠤ ᠪᠠᠢᠭ᠎ᠠ ᠬᠦᠴᠦᠨ ᠵᠦᠢᠯ᠎ᠢ ᠰᠢᠢᠳᠪᠦᠷᠢᠯᠡᠬᠦ᠎ᠳᠦ᠂ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠮᠥᠷᠲᠡᠭᠡᠨ ᠪᠠᠰᠠ ᠨᠡᠢᠭᠡᠮ᠎ᠦᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠂ ᠪᠠᠰᠠ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ᠎ᠶᠢᠨ ᠠᠪᠴᠠᠯᠳᠤᠯ᠎ᠤᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠳᠤ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠰᠠᠢᠵᠢᠷᠠᠭᠣᠯᠬᠣ ᠲᠤᠬᠠᠢ ᠠᠯᠢ ᠤᠯᠠᠨ ᠱᠠᠭᠠᠷᠳᠠᠯᠭ᠎ᠠ ᠳᠤᠷᠠᠳᠪᠠ᠂ ᠲᠡᠭᠦᠨ᠎ᠦ ᠳᠣᠲᠣᠷᠠᠬᠢ ᠨᠢᠭᠡ ᠱᠠᠭᠠᠷᠳᠠᠯᠭ᠎ᠠ ᠨᠢ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ᠎ᠶᠢᠨ ᠬᠠᠷᠢᠴᠠᠭ᠎ᠠ᠎ᠶᠢ ᠵᠥᠪ ᠡᠵᠡᠮᠳᠡᠵᠦ᠂ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ᠎ᠶᠢᠨ ᠵᠣᠬᠢᠴᠠᠩᠭᠤᠢᠪᠦᠭᠡᠳ ᠵᠡᠷᠭᠡ᠎ᠪᠡᠷ ᠤᠷᠤᠭᠰᠢᠯᠠᠬᠤ᠎ᠶᠢ ᠠᠬᠢᠭᠤᠯᠬᠤ ᠶᠠᠪᠤᠳᠠᠯ ᠪᠣᠯᠣᠨ᠎ᠠ᠃
ᠶᠡᠷᠦᠩᠬᠡᠢ ᠱᠦᠵᠢ ᠰᠢ ᠵᠢᠨ ᠫᠢᠩ᠄ 《ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ ᠬᠠᠷᠢᠯᠴᠠᠨ ᠬᠣᠯᠪᠣᠯᠳᠣᠵᠦ᠂ ᠡᠷᠬᠡᠪᠰᠢ ᠵᠣᠬᠢᠴᠠᠩᠭᠣᠢ ᠪᠦᠭᠡᠳ ᠵᠡᠷᠭᠡ᠎ᠪᠡᠷ ᠤᠷᠤᠭᠰᠢᠯᠠᠬᠤ ᠬᠡᠷᠡᠭᠲᠡᠢ᠃ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠶᠠᠪᠤᠳᠠᠯ᠎ᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ᠎ᠶᠢᠨ ᠭᠣᠣᠯᠳᠠᠯᠭ᠎ᠠ ᠪᠣᠯᠭᠠᠵᠤ᠂ ᠠᠵᠤ ᠠᠬᠤᠢ᠎ᠶᠢ ᠬᠥᠭᠵᠢᠭᠦᠯᠬᠦ᠎ᠶᠢᠨ ᠬᠠᠮᠲᠤ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠯᠠᠪᠳᠠᠭᠤᠨ ᠳᠡᠭᠡᠭᠰᠢᠯᠡᠭᠦᠯᠬᠦ ᠬᠡᠷᠡᠭᠲᠡᠢ》 ᠬᠡᠵᠦ ᠵᠢᠭᠠᠵᠦ ᠭᠠᠷᠭᠠᠪᠠ᠃ ᠡᠨᠡ ᠬᠦ᠌ ᠴᠢᠬᠤᠯᠠ ᠶᠠᠷᠢᠶ᠎ᠠ ᠨᠢ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ᠎ᠶᠢᠨ ᠬᠠᠷᠢᠴᠠᠭ᠎ᠠ᠎ᠶᠢ ᠲᠠᠢᠯᠪᠤᠷᠢᠯᠠᠵᠤ᠂ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ᠎ᠶᠢ ᠰᠢᠢᠳᠪᠦᠷᠢᠯᠡᠬᠦ ᠦᠢᠯᠡᠳᠦᠯᠭᠡ᠎ᠶᠢᠨ ᠱᠠᠭᠠᠷᠳᠠᠯᠭ᠎ᠠ᠎ᠶᠢ ᠲᠣᠳᠣᠷᠬᠠᠢᠯᠠᠵᠤ᠂《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ᠎ᠢ ᠲᠤᠰᠬᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ 《ᠲᠠᠪᠤ᠎ᠶᠢ ᠨᠢᠭᠡ ᠴᠣᠭᠴᠠᠵᠢᠭᠤᠯᠬᠤ》ᠶᠡᠷᠦᠩᠬᠡᠢ ᠪᠠᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠬᠤ᠎ᠶᠢᠨ ᠪᠤᠰᠤᠳᠴᠢ ᠱᠠᠭᠠᠷᠳᠠᠯᠭ᠎ᠠ᠎ᠶᠢ ᠢᠯᠡᠷᠡᠭᠦᠯᠦᠭᠰᠡᠨ ᠪᠠᠢᠨ᠎ᠠ᠃
ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ᠎ᠶᠢ ᠨᠢᠭᠡᠳᠦᠯᠲᠡᠢ ᠲᠥᠯᠥᠪᠯᠡᠨ ᠠᠬᠢᠭᠤᠯᠬᠤ ᠪᠣᠯ ᠮᠠᠨ᠎ᠤ ᠨᠠᠮ᠎ᠤᠨ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ᠎ᠶᠢᠨ ᠨᠢᠭᠡᠨ ᠴᠢᠬᠤᠯᠠ ᠲᠤᠷᠰᠢᠯᠭ᠎ᠠ ᠮᠥᠨ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ ᠡᠬᠢᠨ᠎ᠦ ᠦᠶ᠎ᠡ ᠳᠦ ᠠᠵᠤ ᠠᠬᠤᠢ᠎ᠶᠢᠨ ᠰᠡᠷᠭᠦᠯᠲᠡ ᠪᠠ ᠨᠡᠢᠭᠡᠮ᠎ᠦᠨ ᠥᠭᠡᠷᠡᠴᠢᠯᠡᠯᠲᠡ ᠵᠡᠷᠭᠡ᠎ᠪᠡᠷ ᠶᠠᠪᠣᠭᠳᠠᠵᠦ ᠬᠠᠷᠢᠯᠴᠠᠨ ᠠᠬᠢᠭᠣᠯᠴᠠᠵᠦ ᠪᠠᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ᠎ᠦ ᠲᠠᠷᠠᠭ᠎ᠠ ᠬᠥᠳᠡᠭᠡ ᠲᠣᠰᠬᠣᠨ᠎ᠤ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ ᠪᠣᠯᠣᠨ ᠨᠡᠢᠭᠡᠮ᠎ᠦᠨ ᠬᠠᠮᠢᠶᠠᠷᠤᠯᠲᠠ᠎ᠶᠢᠨ ᠪᠠᠢᠭᠤᠯᠤᠯ᠎ᠤᠨ ᠥᠭᠡᠷᠡᠴᠢᠯᠡᠯᠲᠡ ᠵᠡᠷᠭᠡ ᠪᠡᠷ ᠶᠠᠪᠣᠭᠳᠠᠵᠦ ᠬᠠᠷᠢᠯᠴᠠᠨ ᠠᠬᠢᠭᠣᠯᠴᠠᠵᠦ ᠪᠠᠢᠪᠠ᠃ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠪᠠ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠪᠣᠯᠳᠠᠯ᠎ᠠ᠂ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ᠂ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ ᠪᠣᠯᠣᠨ ᠨᠡᠢᠭᠡᠮ᠎ᠦᠨ ᠪᠠᠢᠭᠤᠯᠤᠯ᠎ᠤᠨ ᠥᠭᠡᠷᠡᠴᠢᠯᠡᠯᠲᠡ ᠬᠠᠷᠢᠯᠴᠠᠨ ᠬᠣᠯᠪᠣᠭᠳᠠᠵᠤ ᠬᠠᠷᠢᠯᠴᠠᠨ ᠨᠥᠬᠥᠴᠡᠯᠳᠦᠵᠦ᠂ ᠬᠠᠷᠢᠯᠴᠠᠨ ᠠᠬᠢᠭᠤᠯᠬᠤ ᠨᠢ ᠨᠠᠩ ᠥᠨᠳᠥᠷ ᠲᠦᠪᠰᠢᠨ᠎ᠳᠦ ᠬᠦᠷᠴᠡᠢ᠂ ᠡᠨᠡ ᠨᠢ ᠮᠠᠨ᠎ᠤ ᠨᠠᠮ᠎ᠤᠨ ᠨᠡᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠶᠢᠨ ᠲᠠᠰᠤᠷᠠᠯᠳᠠ ᠦᠭᠡᠢ ᠭᠦᠨᠵᠡᠭᠡᠢᠷᠡᠭᠰᠡᠨ ᠪᠠ ᠪᠦᠲᠦᠮᠵᠢᠲᠡᠢ ᠦᠢᠯᠡᠳᠦᠯᠬᠡᠵᠢᠬᠦᠯᠦᠭᠰᠡᠨᠢ ᠬᠠᠷᠠᠭᠤᠯᠵᠤ ᠪᠠᠢᠨ᠎ᠠ᠂ ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠠᠵᠤ ᠠᠬᠤᠢ᠎ᠶᠢᠨ ᠲᠦᠷᠭᠡᠨ ᠬᠥᠭᠵᠢᠯᠲᠡ ᠪᠣᠯᠣᠨ ᠨᠡᠢᠭᠡᠮ᠎ᠦᠨ ᠤᠷᠲᠤ ᠬᠤᠭᠤᠴᠠᠭᠠᠨ᠎ᠤ ᠲᠣᠭᠲᠠᠭᠤᠨ ᠪᠠᠢᠬᠰᠠᠨ ᠬᠣᠶᠠᠷ ᠶᠡᠬᠡ ᠭᠠᠢᠬᠠᠮᠰᠢᠭ᠋᠎ᠢ ᠡᠬᠦᠳᠴᠤ᠂ ᠬᠣᠶᠠᠷ ᠶᠡᠬᠡ ᠭᠠᠢᠬᠠᠮᠰᠢᠭ᠋᠎ᠤᠨ ᠰᠢᠨ᠎ᠡ ᠬᠠᠭᠤᠳᠠᠰᠤ᠎ᠶᠢ ᠲᠠᠰᠤᠷᠠᠯᠲᠠ ᠦᠭᠡᠢ ᠪᠢᠴᠢᠭᠯᠡᠪᠡ᠃
ᠤᠯᠤᠰ᠎ᠤᠨ ᠳᠣᠲᠣᠭᠠᠳᠤ ᠭᠠᠳᠠᠭᠠᠳᠤ᠎ᠵᠢᠨ ᠪᠠᠢᠳᠠᠯ ᠬᠣᠪᠢᠷᠠᠯᠳᠠ ᠶᠡᠬᠡ ᠲᠠᠢ ᠪᠠᠢᠵᠦ᠂ ᠮᠠᠨ᠎ᠤ ᠤᠯᠤᠰ᠎ᠤᠨ ᠨᠡᠢᠭᠡᠮ᠎ᠦᠨ ᠭᠣᠣᠯ ᠵᠥᠷᠢᠴᠡᠯ ᠨᠢᠭᠡᠨᠲᠡ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ ᠪᠠ ᠲᠡᠩᠴᠡᠭᠦᠷᠢ ᠦᠭᠡᠢ ᠭᠦᠢᠴᠡᠳ ᠦᠭᠡᠢ ᠬᠥᠭᠵᠢᠯᠲᠡ᠎ᠶᠢᠨ ᠬᠣᠭᠣᠷᠣᠨᠳᠣᠬᠢ ᠵᠥᠷᠢᠴᠡᠯ᠎ᠦᠨ ᠰᠢᠨ᠎ᠡ ᠬᠥᠭᠵᠢᠯᠲᠡ᠎ᠶᠢᠨ ᠱᠠᠲᠤ ᠪᠣᠯᠵᠤ ᠬᠤᠪᠢᠷᠠᠵᠠᠢ ᠂ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ᠎ᠶᠢ ᠨᠢᠭᠡᠳᠦᠯᠲᠡᠢ ᠲᠥᠯᠥᠪᠵᠢᠬᠦᠯᠬᠦ ᠱᠠᠭᠠᠷᠳᠠᠯᠭ᠎ᠠ ᠳᠣᠣᠷ᠎ᠠ ᠪᠢᠰᠢ ᠨᠡᠩ ᠥᠨᠳᠥᠷ ᠪᠣᠯᠵᠠᠢ᠃ ᠨᠢᠭᠡ ᠲᠠᠯ᠎ᠠ᠎ᠪᠠᠷ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠦᠨ᠎ᠡ᠂ ᠨᠦᠬᠦᠭᠡ ᠲᠠᠯ᠎ᠠ᠎ᠪᠠᠷ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ ᠡᠳᠦᠷ ᠢᠷᠡᠬᠦᠶ᠎ᠡ ᠥᠷᠭᠡᠨ ᠳᠡᠯᠭᠡᠷ ᠪᠣᠯᠵᠤ᠂ ᠪᠣᠳᠠᠰ᠎ᠤᠨ ᠪᠠ ᠰᠣᠶᠣᠯ᠎ᠤᠨ ᠠᠮᠢᠳᠤᠷᠠᠯ᠎ᠳᠤ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ᠎ᠢᠶᠠᠷ ᠪᠠᠷᠠᠬᠤ ᠦᠭᠡᠢ᠂ ᠠᠷᠠᠳᠴᠢᠯᠠᠯ᠂ ᠬᠠᠤᠯᠢ ᠪᠡᠷ ᠵᠠᠰᠠᠬᠣ᠂ ᠲᠥᠪ ᠭᠣᠣᠯᠴᠢ᠂ ᠰᠢᠳᠤᠷᠭᠤ ᠶᠣᠰᠣ᠌᠂ ᠠᠮᠤᠷ ᠲᠦᠪᠰᠢᠨ᠂ ᠣᠷᠴᠢᠨ ᠲᠣᠭᠣᠷᠢᠨ ᠵᠡᠷᠭᠡ ᠲᠠᠯ᠎ᠠ᠎ᠶᠢᠨ ᠱᠠᠭᠠᠷᠳᠠᠯᠭ᠎ᠠ ᠴᠤ᠌ ᠡᠳᠦᠷ ᠢᠷᠡᠬᠦᠶ᠎ᠡ ᠨᠡᠮᠡᠭᠳᠡᠵᠦ ᠪᠠᠢᠨ᠎ᠠ᠃ ᠣᠳᠣᠬᠢ ᠱᠠᠲᠤᠨ᠎ᠤ ᠲᠣᠪᠣᠢᠮ᠎ᠠ ᠠᠰᠠᠭᠤᠳᠠᠯ ᠪᠣᠯ ᠬᠥᠭᠵᠢᠯᠲᠡ᠎ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠶᠠᠪᠤᠳᠠᠯ ᠪᠣᠯᠣᠨ᠎ᠠ᠃ ᠡᠨᠡ ᠬᠦ᠌ ᠲᠣᠪᠣᠢᠮ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ ᠵᠢ ᠭᠣᠣᠯ ᠬᠢᠵᠠᠭᠠᠷᠯᠠᠵᠤ ᠪᠠᠢᠭ᠎ᠠ ᠬᠦᠴᠦᠨ ᠵᠦᠢᠯ᠎ᠢ ᠰᠢᠢᠳᠪᠦᠷᠢᠯᠡᠬᠦ᠎ᠳᠤ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠮᠥᠷᠲᠡᠭᠡᠨ ᠪᠠᠰᠠ ᠨᠡᠢᠭᠡᠮ᠎ᠦᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠂ ᠪᠠᠰᠠ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ᠎ᠶᠢᠨ ᠠᠪᠴᠡᠯᠳᠦᠯᠢ ᠳᠡᠭᠡᠭᠰᠢᠯᠡᠭᠦᠯᠬᠦ ᠬᠡᠷᠡᠭᠲᠡᠢ᠃
ᠦᠢᠯᠡᠳᠦᠯᠭᠡ᠎ᠶᠢᠨ ᠳᠠᠪᠬᠤᠷᠭ᠎ᠠ᠎ᠳᠤ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶᠢ ᠭᠤᠢᠪᠢᠰᠢ ᠦᠭᠡᠢ ᠪᠠᠷᠢᠮᠲᠠᠯᠠᠬᠤ᠎ᠳᠦ᠂ ᠠᠵᠤ ᠠᠬᠤᠢ ᠵᠢᠨ ᠴᠢᠨᠠᠷ ᠰᠠᠢᠲᠠᠢ ᠬᠥᠭᠵᠢᠯᠲᠡ᠎ᠪᠡᠷ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠪᠠᠭᠲᠠᠭᠠᠭᠰᠠᠨ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠬᠦ᠎ᠶᠢ ᠠᠵᠤ ᠠᠬᠤᠢ᠎ᠶᠢᠨ ᠬᠥᠭᠵᠢᠯᠲᠡ᠎ᠶᠢᠨ 《ᠪᠤᠬ᠎ᠠ ᠲᠡᠷᠭᠡ 》ᠪᠣᠯᠭᠠᠵᠦ᠂ ᠮᠠᠨ᠎ᠤ ᠤᠯᠤᠰ᠎ᠤᠨ ᠠᠵᠤ ᠠᠬᠤᠢ᠎ᠶᠢᠨ ᠰᠠᠭᠤᠷᠢ ᠲᠤᠭᠳᠠᠭᠤᠨ᠂ ᠳᠠᠪᠠᠭᠤᠯᠢᠭ᠋ ᠣᠯᠠᠨ᠂ ᠤᠶᠠᠨ ᠴᠢᠨᠠᠷ ᠴᠢᠩᠭ᠎ᠠ᠂ ᠳᠠᠯᠳᠠ ᠴᠢᠳᠠᠪᠤᠷᠢ ᠶᠡᠬᠡ ᠵᠡᠷᠭᠡ ᠲᠤᠯᠭᠠᠭᠤᠷᠢᠯᠠᠬᠤ ᠨᠥᠬᠥᠴᠡᠯ᠎ᠢ ᠭᠦᠢᠴᠡᠳ ᠰᠠᠢᠲᠤᠷ ᠠᠰᠢᠭ᠍ᠯᠠᠬᠤ ᠬᠡᠷᠡᠭᠲᠡᠢ᠃ ᠣᠨᠴᠠᠭᠠᠢᠯᠠᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠋᠂ ᠤᠨᠴᠠ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋᠂ ᠪᠦᠷᠢᠨ ᠪᠦᠲᠦᠨ ᠠᠵᠤ ᠦᠢᠯᠡᠰ᠎ᠦᠨ ᠰᠢᠰᠲᠧᠮ᠎ᠦᠨ ᠳᠠᠪᠠᠭᠤᠯᠢᠭ᠋᠂ ᠡᠯᠪᠡᠭ ᠪᠠᠶᠠᠯᠢᠭ ᠴᠢᠳᠠᠪᠤᠷᠢᠲᠠᠨ᠎ᠤ ᠡᠬᠢ ᠪᠠᠶᠠᠯᠢᠭ᠋᠎ᠤᠨ ᠳᠠᠪᠠᠭᠤᠯᠢᠭ᠋᠎ᠢ ᠰᠠᠢᠳᠤᠷ ᠬᠡᠷᠡᠭᠯᠡᠵᠦ᠂ ᠠᠵᠤ ᠠᠬᠤᠢ᠎ᠶᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠢ ᠨᠡᠮᠡᠭᠳᠡᠯ᠎ᠢ ᠲᠠᠰᠤᠷᠠᠯᠲᠠ ᠦᠭᠡᠢ ᠠᠬᠢᠭᠤᠯᠵᠦ᠂ ᠤᠯᠤᠰ᠎ᠤᠨ ᠬᠥᠭᠵᠢᠯᠲᠡ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠠᠵᠦ ᠠᠬᠣᠢ ᠮᠡᠷᠭᠡᠵᠢᠯ᠎ᠦᠨ ᠰᠠᠭᠣᠷᠢ ᠵᠢ ᠲᠠᠰᠤᠷᠠᠯᠲᠠ ᠦᠭᠡᠢ ᠵᠤᠵᠠᠭᠠᠳᠬᠠᠵᠦ᠂ ᠠᠵᠤ ᠠᠬᠤᠢ ᠲᠠᠰᠤᠷᠠᠯᠲᠠ ᠦᠭᠡᠢ ᠬᠥᠭᠵᠢᠵᠦ᠂ᠠᠵᠤ ᠠᠬᠤᠢ᠎ᠶᠢᠨ ᠪᠣᠳᠠᠲᠤ ᠬᠦᠴᠦᠨ ᠪᠠ ᠤᠯᠤᠰ᠎ᠤᠨ ᠡᠳ᠋᠎ᠦᠨ ᠬᠦᠴᠦᠨ ᠲᠠᠰᠤᠷᠠᠯᠲᠠ ᠦᠭᠡᠢ ᠴᠢᠩᠭᠠᠷᠠᠭᠰᠠᠨ ᠦ ᠰᠠᠭᠤᠷᠢᠨ ᠳᠡᠭᠡᠷ᠎ᠡ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ ᠪᠠ ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠠᠬᠢᠴᠠ᠎ᠶᠢ ᠦᠷᠭᠦᠯᠵᠢᠯᠡᠨ ᠠᠬᠢᠭᠤᠯᠤᠨ᠎ᠠ᠃ ᠨᠡᠢᠭᠡᠮ᠎ᠦᠨ ᠬᠥᠭᠵᠢᠯᠲᠡ᠎ᠶᠢᠨ ᠲᠠᠯ᠎ᠠ᠎ᠪᠠᠷ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠪᠣᠳᠠᠲᠤ ᠱᠠᠭᠠᠷᠳᠠᠯᠭ᠎ᠠ᠎ᠪᠠᠷ ᠤᠯᠤᠰ ᠠᠷᠠᠳ᠎ᠤᠨ ᠠᠵᠤ ᠠᠬᠤᠢ᠎ᠶᠢᠨ ᠣᠷᠴᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠳᠦ ᠬᠦᠴᠦᠨ ᠨᠡᠮᠡᠷᠢᠯᠡᠵᠦ᠂ ᠳᠣᠲᠣᠭᠠᠳᠤ ᠬᠡᠷᠡᠭᠴᠡᠭᠡ᠎ᠶᠢ ᠠᠵᠤ ᠠᠬᠤᠢ᠎ᠶᠢᠨ ᠬᠥᠭᠵᠢᠯᠲᠡ᠎ᠶᠢᠨ ᠰᠠᠨᠠᠭᠠᠴᠢᠯᠠᠭᠠᠲᠤ ᠬᠦᠴᠦᠨ ᠪᠣᠯᠭᠠᠵᠤ᠂ ᠠᠵᠤ ᠠᠬᠤᠢ᠎ᠶᠢᠨ ᠪᠦᠲᠦᠴᠡ᠎ᠶᠢᠨ ᠲᠣᠬᠢᠷᠠᠭᠤᠯᠤᠯᠲᠠ ᠪᠠ ᠣᠳᠣᠬᠢᠴᠢᠯᠠᠭᠰᠠᠨ ᠠᠵᠤ ᠠᠬᠤᠢ᠎ᠶᠢᠨ ᠰᠢᠰᠲᠧᠮ᠎ᠦᠨ ᠪᠠᠢᠭᠤᠯᠤᠯᠲᠠ᠎ᠶᠢ ᠠᠬᠢᠭᠤᠯᠬᠤ ᠬᠡᠷᠡᠭᠲᠡᠢ; ᠠᠷᠠᠳ ᠲᠦᠮᠡᠨ᠎ᠦ ᠠᠮᠢᠳᠤᠷᠠᠯ᠎ᠤᠨ ᠲᠦᠪᠰᠢᠨ ᠪᠠ ᠴᠢᠨᠠᠷ ᠴᠢᠨᠰᠠᠭ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠬᠠᠮᠲᠤ᠎ᠪᠠᠷ ᠡᠳ᠋ᠯᠡᠬᠦ ᠬᠥᠭᠵᠢᠯᠲᠡ᠎ᠶᠢ ᠠᠬᠢᠭᠤᠯᠬᠤ᠎ᠪᠠᠷ ᠳᠠᠮᠵᠢᠨ᠂ ᠠᠷᠠᠳ ᠲᠦᠮᠡᠨ᠎ᠦ ᠦᠵᠡᠯ ᠰᠠᠨᠠᠭ᠎ᠠ ᠶᠣᠰᠣ᠌ ᠮᠣᠷᠠᠯ᠎ᠤᠨ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ᠎ᠤᠨ ᠬᠡᠪ ᠴᠢᠨᠠᠷ᠂ ᠪᠡᠶ᠎ᠡ ᠰᠡᠳᠬᠢᠯ᠎ᠦᠨ ᠡᠷᠡᠭᠦᠯ ᠮᠡᠨᠳᠦ᠎ᠶᠢᠨ ᠬᠡᠪ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠢᠭᠡᠮ᠎ᠦᠨ ᠵᠠᠰᠠᠯᠲᠠ᠎ᠶᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠤᠯᠠᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢᠨ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠬᠠᠮᠤᠭ᠎ᠤᠨ ᠥᠷᠭᠡᠨ᠎ᠢᠶᠡᠷ ᠬᠥᠭᠵᠢᠭᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠬᠤ᠎ᠳᠤ ᠭᠦᠨ ᠵᠤᠵᠠᠭᠠᠨ ᠬᠦᠴᠦᠨ ᠴᠢᠳᠠᠯ᠎ᠤᠨ ᠡᠬᠢ ᠪᠤᠯᠠᠭ᠎ᠢ ᠬᠠᠩᠭᠠᠬᠤ ᠬᠡᠷᠡᠭᠳᠡᠢ᠃
ᠲᠦᠷᠦ᠎ᠶᠢᠨ ᠪᠣᠳᠣᠯᠭ᠎ᠠ᠎ᠶᠢᠨ ᠳᠠᠪᠬᠤᠷᠭ᠎ᠠ᠎ᠳᠤ᠂ ᠠᠵᠤ ᠠᠬᠤᠢ᠎ᠶᠢᠨ ᠬᠥᠭᠵᠢᠯᠲᠡ᠎ᠶᠢᠨ ᠲᠦᠷᠦ᠎ᠶᠢᠨ ᠪᠣᠳᠣᠯᠭ᠎ᠠ ᠪᠠ ᠨᠡᠢᠭᠡᠮ᠎ᠦᠨ ᠬᠥᠭᠵᠢᠯᠲᠡ᠎ᠶᠢᠨ ᠲᠦᠷᠦ᠎ᠶᠢᠨ ᠪᠣᠳᠣᠯᠭ᠎ᠠ᠎ᠶᠢᠨ ᠬᠠᠨᠳᠤᠰᠢ᠎ᠶᠢᠨ ᠨᠢᠭᠡᠳᠦᠯᠲᠦ ᠴᠢᠨᠠᠷ᠎ᠢ ᠴᠢᠩᠭᠠᠳᠬᠠᠵᠤ᠂ ᠲᠦᠷᠦ᠎ᠶᠢᠨ ᠪᠣᠳᠣᠯᠭ᠎ᠠ᠎ᠶᠢᠨ《ᠬᠠᠮ ᠠᠷᠭ᠎ᠠ ᠬᠡᠮᠵᠢᠶ᠎ᠡ》 ᠵᠢ ᠰᠠᠢᠲᠤᠷ ᠬᠡᠷᠡᠭᠵᠢᠭᠦᠯᠵᠦ᠂ ᠬᠡᠷᠡᠭᠯᠡᠭᠡ ᠪᠠ ᠪᠡᠯᠡ ᠣᠷᠣᠭᠤᠯᠤᠯᠲᠠ᠂ ᠬᠡᠷᠡᠭᠴᠡᠭᠡ ᠪᠠ ᠬᠠᠩᠭᠠᠯᠭ᠎ᠠ᠎ᠶᠢᠨ ᠬᠠᠷᠢᠴᠠᠭ᠎ᠠ᠎ᠶᠢ ᠵᠥᠪ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠠ ᠬᠡᠷᠡᠭᠯᠡᠭᠡ᠎ᠶᠢ ᠠᠬᠢᠭᠤᠯᠬᠤ᠂ ᠪᠣᠳᠠᠰ ᠪᠠ ᠬᠥᠮᠥᠨ᠎ᠦ ᠪᠡᠯᠡ ᠤᠷᠤᠭᠤᠯᠣᠯᠳᠡ ᠵᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠤᠯᠤᠰ ᠠᠷᠠᠳ᠎ᠤᠨ ᠠᠵᠤ ᠠᠬᠤᠢ᠎ᠶᠢᠨ ᠣᠷᠴᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ᠎ᠶᠢ ᠴᠢᠷᠮᠠᠢᠨ ᠳᠡᠭᠡᠭᠰᠢᠯᠡᠭᠦᠯᠵᠦ᠂ ᠳᠣᠲᠣᠭᠠᠳᠤ ᠬᠡᠷᠡᠭᠴᠡᠭᠡ᠎ᠶᠢ ᠠᠵᠤ ᠠᠬᠤᠢ᠎ᠶᠢᠨ ᠬᠥᠭᠵᠢᠯᠲᠡ᠎ᠶᠢᠨ ᠰᠠᠨᠠᠭᠠᠴᠢᠯᠠᠭᠠᠲᠤ ᠬᠦᠴᠦᠨ ᠪᠣᠯᠭᠠᠵᠤ᠂ ᠠᠵᠤ ᠠᠬᠤᠢ ᠪᠠ ᠨᠡᠢᠭᠡᠮ᠎ᠦᠨ ᠤᠶᠠᠨ ᠴᠢᠨᠠᠷ᠎ᠢ ᠴᠢᠩᠭᠠᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠳᠤᠷᠠᠳᠤᠭᠰᠠᠨ 《 ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠪᠡᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠲᠤᠯᠭᠠᠭᠤᠷᠢᠯᠠᠬᠤ》 ᠂ 《ᠰᠢᠨ᠎ᠡ ᠠᠮᠤᠷ ᠲᠦᠪᠰᠢᠨ᠎ᠦ ᠪᠠᠢᠷᠢᠰᠢᠯ᠎ᠢᠶᠠᠷ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠲᠤᠯᠠᠬᠤ》 ᠵᠡᠷᠭᠡ ᠴᠢᠬᠤᠯᠠ ᠶᠡᠬᠡ ᠱᠠᠭᠠᠷᠳᠠᠯᠭ᠎ᠠ᠎ᠶᠢ ᠭᠦᠨᠵᠡᠭᠡᠢ ᠲᠠᠨᠢᠵᠤ᠂ ᠨᠡᠢᠭᠡᠮ᠎ᠦᠨ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠠᠵᠤ ᠠᠬᠤᠢ᠎ᠶᠢᠨ ᠲᠦᠷᠦ᠎ᠶᠢᠨ ᠪᠣᠳᠣᠯᠭ᠎ᠠ ᠪᠣᠯᠣᠨ ᠨᠡᠢᠭᠡᠮ᠎ᠦᠨ ᠲᠦᠷᠦ᠎ᠶᠢᠨ ᠪᠣᠳᠣᠯᠭ᠎ᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ ᠂ ᠬᠠᠮᠲᠤᠷᠠᠯ ᠬᠦᠴᠦᠨ᠎ᠢ ᠴᠢᠩᠭᠠᠳᠬᠠᠬᠤ ᠬᠡᠷᠡᠭᠲᠡᠢ᠃
ᠪᠠᠢᠭᠤᠯᠤᠯ ᠲᠣᠭᠲᠠᠴᠠ᠎ᠶᠢᠨ ᠲᠠᠯ᠎ᠠ᠎ᠪᠠᠷ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠤᠯᠠᠮ ᠴᠢᠯᠦᠭᠡᠯᠡᠨ ᠬᠥᠭᠵᠢᠭᠦᠯᠵᠦ᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠨ ᠴᠢᠩᠭᠠᠳᠬᠠᠬᠣ᠎ᠶᠢ ᠨᠢᠭᠡᠳᠬᠡᠬᠦ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ ᠪᠠᠲᠤᠯᠠᠭᠰᠠᠨ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》 ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠪᠠᠲᠤᠯᠠᠭᠰᠠᠨ 《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》᠎ᠳᠤ ᠲᠣᠭᠲᠠᠭᠠᠭᠰᠠᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠨᠢᠭᠡ ᠴᠣᠭᠴᠠᠵᠢᠭᠤᠯᠤᠨ ᠡᠵᠡᠮᠰᠢᠵᠦ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠪᠡᠷ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠬᠤ ᠪᠤᠯᠤᠨ᠎ᠠ᠃ ᠥᠨᠳᠥᠷ ᠲᠦᠪᠰᠢᠨ᠎ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠮᠵᠢ᠎ᠶᠢ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠡᠬᠢ ᠪᠠᠶᠠᠯᠢᠭ᠋᠎ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ᠎ᠦᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ ᠂ ᠵᠠᠰᠠᠭ᠎ᠤᠨ ᠣᠷᠳᠣᠨ᠎ᠤ ᠦᠢᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠨᠡᠢᠭᠡᠮ ᠵᠢᠷᠤᠮ᠎ᠤᠨ ᠦᠨᠳᠦᠰᠦᠨ ᠠᠵᠤ ᠠᠬᠤᠢ᠎ᠶᠢᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠥᠨᠳᠥᠷ ᠲᠦᠪᠰᠢᠨ᠎ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭᠵᠢᠬᠦ᠎ᠶᠢ ᠠᠬᠢᠭᠤᠯᠵᠤ᠂ ᠥᠨᠳᠥᠷ ᠲᠦᠪᠰᠢᠨ᠎ᠪᠦᠬᠦᠢ ᠭᠠᠳᠠᠭᠠᠳᠤ ᠨᠡᠭᠡᠭᠡᠯᠲᠡ᠎ᠶᠢ ᠠᠬᠢᠭᠤᠯᠵᠤ᠂ ᠣᠳᠣᠬᠢᠴᠢᠯᠠᠭᠰᠠᠨ ᠠᠵᠤ ᠠᠬᠤᠢ᠎ᠶᠢᠨ ᠰᠢᠰᠲᠧᠮ᠎ᠢ ᠪᠠᠢᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠣᠷᠣᠯᠭ᠎ᠠ᠎ᠶᠢᠨ ᠬᠤᠪᠢᠶᠠᠷᠢᠯᠠᠯᠲᠠ ᠪᠠ ᠠᠵᠢᠯ ᠣᠯᠭᠣᠯᠲᠠ᠎ᠶᠢᠨ ᠳᠦᠷᠢᠮ᠎ᠢ ᠲᠡᠭᠦᠯᠳᠡᠷᠵᠢᠭᠦᠯᠦᠨ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠦᠨᠳᠦᠰᠦᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠡᠩᠴᠡᠭᠦᠷᠢᠲᠦ ᠴᠢᠨᠠᠷ ᠪᠠ ᠪᠣᠯᠣᠮᠵᠢᠲᠤ ᠴᠢᠨᠠᠷ᠎ᠢ ᠴᠢᠩᠭᠠᠳᠬᠠᠨ ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠵᠤ᠂ ᠪᠦᠬᠦ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠣᠯᠭᠠᠬᠤ ᠬᠡᠷᠡᠭᠲᠡᠢ᠃ ᠠᠵᠤ ᠠᠬᠤᠢ᠎ᠶᠢᠨ ᠬᠥᠭᠵᠢᠯᠲᠡ ᠪᠠ ᠨᠡᠢᠭᠡᠮ᠎ᠦᠨ ᠬᠥᠭᠵᠢᠯᠲᠡ ᠬᠠᠷᠢᠯᠴᠠᠨ ᠨᠥᠬᠥᠴᠡᠯᠳᠦᠵᠦ᠂ ᠬᠠᠷᠢᠯᠴᠠᠨ ᠠᠬᠢᠭᠤᠯᠵᠤ᠂ ᠬᠠᠷᠢᠯᠴᠠᠨ ᠠᠮᠵᠢᠯᠲᠠ ᠣᠯᠬᠤ᠎ᠪᠠᠷ ᠬᠠᠷᠠᠯᠲᠠ ᠪᠣᠯᠭᠠᠵᠤ᠂ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ ᠪᠠ ᠨᠡᠢᠭᠡᠮ᠎ᠦᠨ ᠪᠠᠢᠭᠤᠯᠤᠯ᠎ᠤᠨ ᠥᠭᠡᠷᠡᠴᠢᠯᠡᠯᠲᠡ᠎ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠵᠤ᠂ ᠨᠡᠢᠭᠡᠮ᠎ᠦᠨ ᠪᠠᠢᠭᠤᠯᠤᠯ᠎ᠤᠨ ᠥᠭᠡᠷᠡᠴᠢᠯᠡᠯᠲᠡ᠎ᠳᠦ ᠦᠵᠡᠭᠦᠯᠬᠦ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠬᠤ ᠮᠥᠷᠲᠡᠭᠡᠨ ᠪᠠᠰᠠ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠳᠦ ᠦᠵᠡᠭᠦᠯᠬᠦ ᠨᠡᠢᠭᠡᠮ᠎ᠦᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠠᠬᠢᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ 《ᠨᠢᠭᠡ ᠬᠥᠯᠭᠡ ᠰᠢᠲᠠᠷ᠎ᠠ》 ᠵᠢ ᠰᠠᠢᠲᠤᠷ ᠲᠠᠯᠪᠢᠬᠤ ᠬᠡᠷᠡᠭᠲᠡᠢ᠃
(ᠵᠣᠬᠢᠶᠠᠭ᠍ᠴᠢ ᠵᠢᠨ ᠬᠠᠶᠢᠭ᠄ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠬᠥᠭᠵᠢᠭᠦᠯᠦᠯᠲᠡ᠎ᠶᠢᠨ ᠰᠤᠳᠤᠯᠭᠠᠨ᠎ᠤ ᠲᠥᠪ)
— 《 ᠠᠷᠠᠳ᠎ᠦᠨ ᠣᠯᠣᠰ ᠲᠦᠷᠦ ᠵᠢᠨ ᠵᠦᠪᠯᠡᠯᠭᠡᠨᠦ ᠰᠣᠨᠢᠨ 》 ᠡᠴᠡ