ᠰᠢᠨ᠎ᠡ ᠠᠶᠠᠨ᠎ᠳᠤ ᠰᠢᠨ᠎ᠡ ᠡᠭᠦᠷᠭᠡᠯᠡᠯ᠎ᠢ ᠤᠷᠢᠶᠠᠯᠠᠵᠤ᠂ ᠰᠢᠨ᠎ᠡ ᠡᠭᠦᠷᠭᠡ᠎ᠳᠦ ᠰᠢᠨ᠎ᠡ ᠵᠢᠳᠬᠦᠯ ᠴᠢᠷᠮᠠᠢᠯᠭ᠎ᠠ ᠲᠤᠯᠭᠠᠮᠱᠠᠭᠠᠷᠳᠠᠭᠳᠠᠵᠤ ᠪᠤᠢ᠃ ᠲᠡᠷᠢᠭᠦᠯᠡᠭᠴᠢ ᠰᠢ ᠵᠢᠨ ᠫᠢᠩ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠳᠡᠭᠡᠷ᠎ᠡ 《ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ ᠬᠡᠷᠡᠭᠲᠡᠢ》 ᠭᠡᠵᠦ ᠵᠢᠭᠠᠵᠤ ᠭᠠᠷᠭᠠᠪᠠ᠂ ᠡᠨᠡ ᠬᠦ᠌ ᠴᠢᠬᠤᠯᠠ ᠥᠭᠦᠯᠡᠯᠲᠡ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ᠍ᠲᠠᠢ᠎ᠪᠠᠷ ᠥᠪᠡᠷ ᠪᠡᠶ᠎ᠡ᠎ᠵᠢᠨ ᠬᠤᠪᠢᠰᠬᠠᠯ ᠬᠢᠬᠦ ᠢᠯᠡ ᠲᠣᠳᠣ᠌ ᠵᠠᠩ ᠴᠢᠨᠠᠷ ᠪᠣᠯᠣᠨ ᠵᠠᠪᠠᠯ ᠢᠯᠠᠬᠤ ᠡᠷᠴᠢ ᠵᠣᠷᠢᠭ᠋᠎ᠢ ᠢᠯᠡᠷᠡᠭᠦᠯᠵᠦ᠂ ᠰᠢᠨ᠎ᠡ ᠠᠶᠠᠨ᠎ᠳᠤ ᠦᠷᠭᠦᠯᠵᠢᠯᠡᠨ ᠨᠠᠮ᠎ᠤᠨ ᠥᠪᠡᠷ ᠪᠡᠶ᠎ᠡ᠎ᠵᠢᠨ ᠬᠤᠪᠢᠰᠬᠠᠯ ᠬᠢᠬᠦ᠎ᠶᠢ ᠭᠦᠨᠵᠡᠭᠡᠢ ᠠᠬᠢᠭᠤᠯᠬᠤ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ ᠭᠠᠷᠭᠠᠵᠦ᠂ ᠦᠨᠳᠦᠰᠦᠨ ᠵᠢᠷᠤᠮᠯᠠᠯ ᠬᠠᠩᠭᠠᠵᠤ ᠦᠭᠭᠦᠭᠰᠡᠨ ᠶᠤᠮ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠨᠠᠮ᠎ᠤᠨ ᠠᠮᠢᠵᠢᠷᠠᠯ᠎ᠤᠨ ᠬᠦᠴᠦᠨ ᠵᠢᠡᠨ ᠡᠭᠦᠷᠢᠳᠡ ᠬᠠᠳᠠᠭᠠᠯᠠᠬᠤ᠎ᠶᠢᠨ ᠵᠠᠢᠯᠠᠰᠢ ᠦᠭᠡᠢ ᠶᠠᠪᠤᠬᠤ ᠵᠠᠮ ᠮᠥᠨ ᠭᠡᠳᠡᠭ᠎ᠢ ᠲᠡᠦᠬᠡ ᠪᠠ ᠦᠢᠯᠡᠳᠦᠯᠭᠡ ᠭᠦᠢᠴᠡᠳ ᠭᠡᠷᠡᠴᠢᠯᠡᠪᠡ᠃ ᠣᠳᠣᠬᠠᠨ᠎ᠳᠤ᠂ ᠳᠡᠯᠡᠬᠡᠢ ᠳ᠋ᠠᠬᠢᠨ᠎ᠳᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠪᠣᠯᠣᠨ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ ᠬᠥᠭᠵᠢᠯᠲᠡᠢ ᠲᠣᠭᠲᠠᠭᠤᠨ ᠪᠠᠢᠯᠭᠠᠬᠤ ᠪᠡᠷᠬᠡ ᠬᠠᠲᠠᠭᠤᠵᠢᠯᠲᠠᠢ ᠡᠭᠦᠷᠭᠡ᠎ᠶᠢᠨ ᠡᠮᠦᠨ᠎ᠡ ᠭᠠᠭᠴᠠ ᠬᠦ᠌ ᠡᠭᠦᠷᠢᠳᠡ ᠵᠣᠭᠰᠣᠰᠢ ᠦᠭᠡᠢ ᠬᠤᠷᠴᠠ ᠰᠡᠷᠭᠡᠭ ᠪᠠ ᠡᠷᠡᠰ ᠪᠠᠲᠤ᠎ᠪᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠎ᠶᠢ ᠲᠣᠭᠲᠠᠭᠠᠵᠤ᠂ ᠰᠤᠯᠠᠷᠠᠭᠤᠯᠤᠯ ᠦᠭᠡᠢ᠂ ᠨᠡᠩ ᠪᠣᠳᠠᠲᠠᠢ ᠠᠷᠭ᠎ᠠ ᠬᠡᠮᠵᠢᠶ᠎ᠡ᠎ᠶᠢ ᠦᠢᠯᠡᠳᠦᠯᠭᠡᠵᠢᠭᠦᠯᠵᠦ ᠡᠪᠡᠳᠴᠢᠨ ᠡᠮᠭᠡᠭ᠎ᠢ ᠠᠷᠢᠯᠭᠠᠪᠠᠯ ᠰᠠᠶᠢ ᠨᠠᠮ᠎ᠤᠨ ᠲᠦᠷᠦ ᠪᠠᠷᠢᠬᠤ ᠰᠠᠭᠤᠷᠢ᠎ᠶᠢ ᠤᠯᠠᠮ ᠴᠢᠨᠠᠭᠰᠢᠳᠠ ᠪᠡᠬᠢᠵᠢᠭᠦᠯᠵᠦ᠂ ᠨᠠᠮ ᠢᠮᠠᠭᠲᠠ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠵᠤ᠂ ᠳᠤᠮᠳᠠᠳᠤ ᠤᠯᠤᠰ ᠨᠡᠷᠡᠮᠵᠢᠲᠦ ᠲᠣᠮᠣ᠌ ᠬᠥᠯᠭᠡ ᠣᠩᠭᠣᠴᠠ᠎ᠶᠢ ᠬᠥᠲᠥᠯᠥᠨ ᠳᠠᠭᠠᠭᠤᠯᠵᠤ ᠳᠠᠪᠠᠯᠭᠠᠨ᠎ᠢ ᠵᠦᠰᠦᠨ ᠯᠠᠪᠳᠠᠭᠤᠨ᠎ᠢᠶᠠᠷ ᠤᠷᠤᠭᠰᠢᠯᠠᠵᠤ ᠴᠢᠳᠠᠨ᠎ᠠ᠃
ᠨᠡᠩ ᠥᠨᠳᠥᠷ ᠪᠠᠷᠢᠮᠵᠢᠶ᠎ᠠ᠎ᠶᠢ ᠲᠣᠭᠲᠠᠭᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠴᠠᠭ ᠦᠶ᠎ᠡ᠎ᠶᠢᠨ ᠱᠠᠭᠠᠷᠳᠠᠯᠭ᠎ᠠ᠎ᠶᠢ ᠲᠣᠳᠣᠷᠬᠠᠢᠯᠠᠬᠤ ᠬᠡᠷᠡᠭᠲᠠᠢ
ᠶᠠᠰᠤ ᠴᠢᠨᠠᠷ ᠨᠢ ᠢᠯᠠᠵᠤ ᠢᠯᠠᠭᠳᠠᠬᠤ᠎ᠶᠢ ᠨᠥᠯᠥᠭᠡᠯᠡᠳᠡᠭ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠬᠤ᠎ᠳᠤ ᠡᠩ ᠲᠡᠷᠢᠭᠦᠨ᠎ᠳᠦ ᠡᠷᠬᠡᠪᠰᠢ 《ᠨᠡᠩ ᠥᠨᠳᠥᠷ ᠪᠠᠷᠢᠮᠵᠢᠶ᠎ᠠ》 ᠵᠢᠨ ᠠᠭᠤᠯᠤᠭᠳᠠᠬᠤᠨ ᠴᠢᠬᠤᠯᠠ ᠠᠭᠤᠯᠭ᠎ᠠ᠎ᠶᠢ ᠭᠦᠨᠵᠡᠭᠡᠢ ᠡᠵᠡᠮᠳᠡᠵᠦ᠂ ᠪᠠᠷᠢᠮᠵᠢᠶ᠎ᠠ ᠨᠢ ᠬᠡᠢᠰᠪᠦᠷᠢ᠂ ᠤᠳᠤᠷᠢᠳᠤᠮᠵᠢ ᠨᠢ ᠪᠠᠯᠠᠷᠬᠠᠢ ᠪᠣᠯᠬᠤ᠎ᠶᠢ ᠴᠢᠩᠭ᠎ᠠ ᠰᠡᠷᠭᠡᠢᠯᠡᠬᠦ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ 《ᠨᠡᠩ ᠥᠨᠳᠥᠷ ᠪᠠᠷᠢᠮᠵᠢᠶ᠎ᠠ》 ᠨᠢ ᠶᠡᠷᠦᠮᠳᠡᠭ᠎ᠢᠶᠡᠷ ᠶᠠᠷᠢᠳᠠᠭ ᠬᠡᠢᠰᠪᠦᠷᠢ ᠤᠬᠠᠭᠳᠠᠬᠤᠨ ᠤᠬ᠍ᠳᠤ ᠪᠢᠰᠢ᠂ ᠲᠡᠭᠦᠨ᠎ᠦ ᠠᠭᠤᠯᠭ᠎ᠠ ᠨᠢ ᠤᠯᠤᠰ ᠲᠦᠷᠦ᠎ᠶᠢᠨ ᠪᠠᠢᠭᠤᠯᠤᠯᠲᠠ᠂ ᠳᠦᠷᠢᠮ᠎ᠦᠨ ᠪᠠᠢᠭᠤᠯᠤᠯᠲᠠ᠂ ᠰᠠᠬᠢᠯᠭ᠎ᠠ ᠪᠠᠲᠤ ᠬᠠᠤᠯᠢ ᠬᠡᠷᠡᠭᠵᠢᠭᠦᠯᠬᠦ᠂ ᠡᠩᠨᠡᠭᠡᠨ᠎ᠦ ᠪᠠᠢᠭᠤᠯᠤᠯᠲᠠ ᠵᠡᠷᠭᠡ ᠪᠣᠳᠠᠲᠠᠢ ᠲᠠᠯ᠎ᠠ᠎ᠶᠢ ᠬᠠᠮᠤᠷᠴᠤ᠂ ᠮᠥᠨ ᠴᠢᠨᠠᠷ ᠨᠢ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭᠠᠳᠤ ᠰᠠᠭᠤᠷᠢᠯᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠦᠷᠳᠡᠭ᠎ᠦᠨ ᠪᠠᠢᠷᠢᠰᠢᠯ᠎ᠢ ᠲᠠᠰᠤᠷᠠᠯᠳᠠ ᠦᠭᠡᠢ ᠲᠣᠳᠣᠷᠬᠠᠢ ᠲᠣᠭᠲᠠᠭᠠᠵᠤ᠂ ᠡᠭᠦᠨ᠎ᠦ ᠤᠯᠠᠮ᠎ᠢᠶᠠᠷ ᠨᠠᠮ᠎ᠤᠨ ᠲᠡᠷᠢᠭᠦᠨ᠎ᠦ ᠴᠢᠨᠠᠷ ᠪᠣᠯᠣᠨ ᠴᠡᠪᠡᠷ ᠴᠢᠨᠠᠷ᠎ᠢ ᠡᠭᠦᠷᠢᠳᠡ ᠪᠠᠲᠤᠯᠠᠬᠤ ᠶᠠᠪᠤᠳᠠᠯ ᠶᠤᠮ᠃
ᠨᠠᠩ ᠥᠨᠳᠥᠷ ᠤᠯᠤᠰ ᠲᠥᠷᠥ᠎ᠶᠢᠨ ᠪᠠᠷᠢᠮᠵᠢᠶ᠎ᠠ ᠬᠡᠷᠡᠭᠲᠠᠢ᠃ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠬᠦ ᠪᠣᠯ ᠮᠠᠨ᠎ᠤ ᠨᠠᠮ᠎ᠤᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ ᠪᠣᠯᠤᠭᠰᠠᠨ᠎ᠤ ᠦᠨᠳᠦᠰᠦᠨ ᠱᠠᠭᠠᠷᠳᠠᠯᠭ᠎ᠠ ᠮᠥᠨ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠵᠠᠩᠭᠢᠯᠠᠭ᠎ᠠ ᠨᠢ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠶᠢ ᠴᠢᠩᠭᠠᠳᠬᠠᠬᠤ᠎ᠳᠤ ᠪᠤᠢ᠃ ᠤᠯᠤᠰ ᠲᠦᠷᠦ᠎ᠶᠢᠨ ᠴᠢᠭᠯᠡᠯ᠎ᠦᠨ ᠲᠠᠯ᠎ᠠ᠎ᠪᠠᠷ ᠬᠠᠷᠢᠴᠠᠯᠠᠰᠢᠭᠦᠢ ᠦᠨᠡᠨᠴᠢ ᠰᠢᠳᠤᠷᠭᠤ ᠪᠠᠢᠬᠤ ᠨᠡᠩ ᠥᠨᠳᠥᠷ ᠲᠣᠭᠲᠠᠯ ᠬᠦᠴᠦᠨ᠎ᠢ ᠪᠠᠷᠢᠮᠲᠠᠯᠠᠵᠤ᠂ 《ᠬᠣᠶᠠᠷ᠎ᠢ ᠲᠣᠭᠲᠠᠭᠠᠬᠤ》 ᠵᠢᠨ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠬᠠᠮᠤᠭ᠎ᠤᠨ ᠳᠡᠭᠡᠳᠦ ᠤᠯᠤᠰ ᠲᠦᠷᠦ᠎ᠶᠢᠨ ᠵᠠᠷᠴᠢᠮ ᠪᠠ ᠦᠨᠳᠦᠰᠦᠨ ᠤᠯᠤᠰ ᠲᠦᠷᠦ᠎ᠶᠢᠨ ᠶᠣᠰᠣ᠌ ᠳᠦᠷᠢᠮ ᠪᠣᠯᠭᠠᠵᠤ᠂ ᠬᠣᠶᠠᠷ ᠰᠠᠨᠠᠭ᠎ᠠ ᠡᠪᠦᠷᠯᠡᠭᠰᠡᠨ᠂ ᠬᠡᠯᠡᠬᠦ ᠬᠢᠬᠦ ᠨᠢ ᠨᠢᠭᠡᠳᠦᠯ ᠦᠭᠡᠢ 《ᠬᠣᠶᠠᠷ ᠨᠢᠭᠤᠷᠲᠠᠨ》᠎ᠢ ᠡᠷᠡᠰ ᠠᠷᠢᠯᠭᠠᠬᠤ ᠬᠡᠷᠡᠭᠲᠡᠢ; ᠤᠯᠤᠰ ᠲᠥᠷᠥ᠎ᠶᠢᠨ ᠵᠣᠭᠰᠣᠯᠲᠠ᠎ᠶᠢᠨ ᠲᠠᠯ᠎ᠠ᠎ᠪᠠᠷ ᠠᠷᠠᠳ ᠲᠦᠮᠡᠨ᠎ᠢ ᠳᠡᠭᠡᠳᠦᠯᠡᠬᠦ ᠨᠠᠩ ᠥᠨᠳᠥᠷ ᠤᠬᠠᠮᠰᠠᠷ᠎ᠢ ᠪᠠᠲᠤ ᠰᠠᠬᠢᠵᠤ᠂ ᠠᠷᠠᠳ ᠲᠦᠮᠡᠨ᠎ᠳᠦ ᠦᠢᠯᠡᠴᠢᠯᠡᠬᠦ ᠬᠠᠢᠷ᠎ᠠ ᠰᠡᠳᠬᠢᠯᠭᠡ᠎ᠶᠢ ᠵᠤᠵᠠᠭᠠᠳᠬᠠᠬᠤ ᠬᠡᠷᠡᠭᠲᠠᠢ; ᠤᠯᠤᠰ ᠲᠥᠷᠥ᠎ᠶᠢᠨ ᠰᠠᠬᠢᠯᠭ᠎ᠠ ᠪᠠᠲᠤ᠎ᠶᠢᠨ ᠲᠠᠯ᠎ᠠ᠎ᠪᠠᠷ ᠵᠠᠷᠯᠢᠭ᠋ ᠴᠠᠭᠠᠵᠠ᠎ᠶᠢ ᠨᠠᠩ ᠴᠢᠩᠭ᠎ᠠ ᠪᠠᠢᠯᠭᠠᠵᠤ᠂ ᠶᠣᠰᠣ᠌ ᠳᠦᠷᠢᠮ᠎ᠦᠨ ᠬᠣᠷᠢᠭ᠎ᠠ ᠱᠤᠭᠤᠮ᠎ᠢ ᠴᠢᠩᠭ᠎ᠠ ᠰᠠᠬᠢᠬᠤ ᠬᠡᠷᠡᠭᠲᠠᠢ; ᠤᠯᠤᠰ ᠲᠥᠷᠥ᠎ᠶᠢᠨ ᠴᠢᠳᠠᠪᠤᠷᠢ᠎ᠶᠢᠨ ᠲᠠᠯ᠎ᠠ᠎ᠪᠠᠷ ᠪᠠᠭ᠎ᠠ᠎ᠠᠴᠠ ᠶᠡᠬᠡ᠎ᠶᠢ ᠮᠡᠳᠡᠬᠦ ᠨᠠᠩ ᠥᠨᠳᠥᠷ ᠲᠦᠪᠰᠢᠨ᠎ᠢ ᠳᠠᠪᠲᠠᠨ ᠪᠣᠯᠪᠠᠰᠤᠷᠠᠭᠤᠯᠵᠤ᠂ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶᠢᠨ ᠬᠡᠷᠡᠭᠵᠢᠭᠦᠯᠬᠦ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠠᠢ; ᠤᠯᠤᠰ ᠲᠦᠷᠦ᠎ᠶᠢᠨ ᠠᠮᠢ ᠠᠬᠤᠢ᠎ᠶᠢᠨ ᠲᠠᠯ᠎ᠠ᠎ᠪᠠᠷ ᠰᠤᠷᠲᠠᠯ ᠴᠢᠬᠡᠴᠢ ᠣᠪᠣᠷ ᠲᠥᠪ ᠪᠠᠢᠬᠤ ᠨᠡᠩ ᠥᠨᠳᠥᠷ ᠴᠡᠪᠡᠷᠴᠡ᠎ᠶᠢ ᠬᠥᠭᠡᠭᠡᠴᠡᠯᠳᠦᠵᠦ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠤᠯᠠᠮ ᠲᠥᠪ ᠴᠢᠩᠭ᠎ᠠ ᠪᠣᠯᠭᠠᠬᠤ ᠬᠡᠷᠡᠭᠲᠡᠢ᠃
ᠨᠠᠩ ᠥᠨᠳᠥᠷ ᠳᠦᠷᠢᠮ᠎ᠤᠨ ᠪᠠᠷᠢᠮᠵᠢᠶ᠎ᠠ ᠬᠡᠷᠡᠭᠲᠠᠢ᠃ ᠳᠦᠷᠢᠮ᠎ᠳᠦ ᠦᠨᠳᠦᠰᠦᠨ ᠴᠢᠨᠠᠷ᠂ ᠪᠦᠬᠦ ᠲᠠᠯ᠎ᠠ᠎ᠶᠢᠨ ᠴᠢᠨᠠᠷ᠂ ᠲᠣᠭᠲᠠᠪᠤᠷᠢᠲᠤ ᠴᠢᠨᠠᠷ ᠪᠣᠯᠣᠨ ᠤᠷᠳᠤ ᠬᠤᠭᠤᠴᠠᠭᠠᠲᠤ ᠴᠢᠨᠠᠷᠲᠠᠢ ᠶᠤᠮ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠰᠢᠰᠲ᠋ᠸᠮ ᠪᠦᠷᠢᠨ ᠲᠡᠭᠦᠯᠳᠡᠷ ᠳᠦᠷᠢᠮ᠎ᠦᠨ ᠰᠢᠰᠲᠧᠮ᠎ᠢᠶᠡᠷ ᠪᠠᠲᠤᠯᠠᠭ᠎ᠠ ᠪᠣᠯᠭᠠᠬᠤ᠎ᠠᠴᠠ ᠰᠠᠯᠵᠤ ᠴᠢᠳᠠᠬᠤ ᠦᠭᠡᠢ ᠶᠤᠮ᠃ ᠨᠡᠩ ᠥᠨᠳᠥᠷ ᠳᠦᠷᠢᠮ᠎ᠦᠨ ᠪᠠᠷᠢᠮᠵᠢᠶ᠎ᠠ ᠨᠢ ᠡᠷᠬᠡᠪᠰᠢ ᠰᠢᠰᠲᠧᠮ ᠨᠢ ᠪᠦᠷᠢᠨ ᠲᠥᠬᠥᠷ᠂ ᠰᠢᠨᠵᠢᠯᠡᠬᠦ ᠤᠬᠠᠭᠠᠨᠴᠢ ᠵᠢᠷᠤᠮᠵᠢᠯ᠎ᠲᠠᠢ᠂ ᠠᠵᠢᠯᠯᠠᠭᠠᠨ ᠨᠢ ᠪᠦᠲᠦᠮᠵᠢᠲᠡᠢ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠤᠯᠢ ᠲᠣᠭᠲᠠᠭᠠᠯ᠎ᠤᠨ ᠳᠦᠷᠢᠮ᠎ᠦᠨ ᠰᠢᠰᠲᠧᠮ᠎ᠢ ᠪᠠᠢᠭᠤᠯᠵᠤ᠂ ᠨᠡᠩ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ᠎ᠪᠡᠷ ᠡᠷᠬᠡ᠎ᠶᠢ ᠳᠦᠷᠢᠮ᠎ᠦᠨ ᠰᠢᠩᠭᠡᠯᠢᠭ᠎ᠲᠦ ᠬᠣᠷᠢᠬᠤ᠎ᠶᠢᠨ ᠤᠯᠠᠮ᠎ᠠᠴᠠ ᠳᠦᠷᠢᠮ᠎ᠢᠶᠡᠷ ᠡᠷᠬᠡ᠎ᠶᠢ ᠵᠠᠰᠠᠬᠤ᠂ ᠲᠣᠭᠲᠠᠭᠠᠯ ᠶᠣᠰᠣᠭᠠᠷ ᠡᠷᠬᠡ᠎ᠶᠢ ᠬᠡᠷᠡᠭᠯᠡᠬᠦ᠎ᠶᠢ ᠭᠤᠢᠪᠢᠰᠢ ᠦᠭᠡᠢ ᠴᠢᠩᠭᠠᠳᠬᠠᠵᠤ᠂ ᠡᠷᠬᠡ᠎ᠶᠢ ᠵᠢᠷᠤᠮᠵᠢᠭ᠍ᠰᠠᠨ ᠵᠠᠮ᠎ᠢᠶᠠᠷ ᠠᠵᠢᠯᠯᠠᠭᠤᠯᠬᠤ᠎ᠶᠢ ᠱᠠᠭᠠᠷᠳᠠᠬᠤ ᠬᠡᠷᠡᠭᠲᠠᠢ᠃
ᠨᠠᠩ ᠥᠨᠳᠥᠷ ᠬᠡᠷᠡᠭᠵᠢᠭᠦᠯᠬᠦ ᠪᠠᠷᠢᠮᠵᠢᠶ᠎ᠠ ᠬᠡᠷᠡᠭᠲᠠᠢ᠃ ᠳᠦᠷᠢᠮ ᠲᠣᠭᠲᠠᠭᠠᠯ᠂ ᠪᠠᠷᠢᠮᠵᠢᠶ᠎ᠠ᠎ᠶᠢᠨ ᠵᠠᠷᠴᠢᠮ᠎ᠢ ᠬᠡᠷᠡᠭᠵᠢᠭᠦᠯᠬᠦ᠎ᠪᠡᠷ ᠭᠣᠣᠯᠳᠠᠯᠭ᠎ᠠ ᠪᠣᠯᠭᠠᠬᠤ ᠬᠡᠷᠡᠭᠲᠠᠢ᠃ ᠡᠷᠡᠰ ᠬᠠᠲᠠᠭᠤ ᠬᠡᠷᠡᠭᠵᠢᠭᠦᠯᠦᠯᠲᠡ ᠪᠠᠢᠬᠤ ᠦᠭᠡᠢ ᠪᠣᠯ ᠬᠡᠳᠦᠢ ᠥᠨᠳᠥᠷ ᠪᠠᠷᠢᠮᠵᠢᠶ᠎ᠠ᠂ ᠬᠡᠳᠦᠢ ᠰᠠᠢᠨ ᠳᠦᠷᠢᠮ ᠪᠠᠢᠯ᠎ᠠ ᠴᠤ᠌ ᠭᠡᠰᠡᠨ ᠬᠡᠢ ᠪᠤᠳᠦᠯ ᠲᠡᠳᠦᠢ ᠶᠤᠮ᠃ ᠪᠠᠷᠢᠮᠵᠢᠶ᠎ᠠ᠎ᠶᠢ ᠨᠡᠩ ᠥᠨᠳᠥᠷ ᠬᠡᠷᠡᠭᠵᠢᠭᠦᠯᠬᠦ᠎ᠶᠢᠨ ᠭᠣᠣᠯᠳᠠᠯᠭ᠎ᠠ ᠪᠣᠯ ᠬᠠᠤᠯᠢ ᠲᠣᠭᠲᠠᠭᠠᠯ᠎ᠢ ᠴᠢᠩᠭ᠎ᠠ ᠵᠢᠷᠤᠮᠯᠠᠨ ᠠᠵᠢᠯᠯᠠᠵᠤ᠂ ᠬᠠᠤᠯᠢ ᠲᠣᠭᠲᠠᠭᠠᠯ᠎ᠤᠨ ᠡᠮᠦᠨ᠎ᠡ ᠬᠥᠮᠥᠨ ᠪᠦᠬᠦᠨ ᠡᠷᠬᠡ ᠲᠡᠭᠰᠢ ᠪᠠᠢᠬᠤ᠎ᠶᠢ ᠪᠠᠷᠢᠮᠲᠠᠯᠠᠬᠤ ᠶᠠᠪᠤᠳᠠᠯ ᠪᠣᠯᠣᠨ᠎ᠠ᠃ ᠪᠣᠳᠠᠲᠤ ᠠᠰᠠᠭᠤᠳᠠᠯ᠎ᠳᠤ ᠴᠢᠭᠯᠡᠭᠦᠯᠦᠨ᠂ ᠬᠠᠤᠯᠢ ᠴᠠᠭᠠᠵᠠ ᠰᠠᠬᠢᠯᠭ᠎ᠠ ᠪᠠᠲᠤ᠎ᠶᠢᠨ ᠬᠢᠵᠠᠭᠠᠷᠯᠠᠯ᠎ᠢ ᠦᠨᠡᠨ ᠬᠦ᠌ ᠴᠢᠩᠭᠠᠳᠬᠠᠵᠤ᠂ ᠢᠯᠵᠢᠷᠠᠯ᠎ᠢ ᠡᠰᠡᠷᠭᠦᠴᠡᠬᠦ ᠥᠨᠳᠥᠷ ᠳᠠᠷᠤᠯᠲᠠᠲᠤ ᠪᠠᠢᠳᠠᠯ᠎ᠢ ᠪᠠᠲᠤᠯᠠᠵᠤ᠂ ᠢᠯᠵᠢᠷᠠᠯ ᠪᠠᠢᠪᠠᠯ ᠵᠠᠪᠠᠯ ᠡᠰᠡᠷᠭᠦᠴᠡᠬᠦ᠂ ᠱᠠᠮᠰᠢᠬᠤ ᠡᠳᠡᠭᠡᠳ ᠪᠠᠢᠪᠠᠯ ᠵᠠᠪᠠᠯ ᠠᠷᠢᠯᠭᠠᠬᠤ᠂ ᠬᠠᠷᠭᠢᠰ ᠬᠦᠴᠦᠨ᠎ᠢ ᠬᠣᠭ ᠦᠭᠡᠢ ᠠᠷᠢᠯᠭᠠᠬᠤ᠎ᠶᠢ ᠪᠠᠷᠢᠮᠲᠠᠯᠠᠬᠤ ᠬᠡᠷᠡᠭᠲᠡᠢ᠃
ᠡᠩᠨᠡᠭᠡᠨ᠎ᠦ ᠨᠠᠩ ᠥᠨᠳᠥᠷ ᠪᠠᠷᠢᠮᠵᠢᠶ᠎ᠠ ᠬᠡᠷᠡᠭᠲᠠᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠡᠩᠨᠡᠭᠡ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ ᠭᠣᠣᠯᠯᠠᠭ᠍ᠴᠢ ᠬᠦᠴᠦᠨ ᠮᠥᠨ᠂ ᠲᠡᠭᠦᠨ᠎ᠦ ᠴᠢᠳᠠᠪᠤᠷᠢ ᠬᠡᠪ ᠴᠢᠨᠠᠷ ᠨᠢ ᠨᠠᠮ᠎ᠢ ᠬᠠᠮᠢᠶᠠᠷᠴᠤ ᠨᠠᠮ᠎ᠢ ᠵᠠᠰᠠᠬᠤ ᠦᠷ᠎ᠡ ᠪᠦᠲᠦᠮᠵᠢ᠎ᠶᠢ ᠰᠢᠭᠤᠳ ᠲᠣᠭᠲᠠᠭᠠᠵᠤ ᠪᠠᠢᠳᠠᠭ᠃ ᠡᠷᠬᠡᠪᠰᠢ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ᠂ ᠵᠣᠷᠢᠭ᠍ᠲᠠᠢ᠎ᠪᠠᠷ ᠴᠢᠳᠠᠮᠠᠭᠠᠢ ᠲᠡᠮᠡᠴᠡᠳᠡᠭ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ 《ᠲᠡᠮᠦᠷ ᠴᠡᠷᠢᠭ》᠎ᠢ ᠪᠠᠶ᠋ᠢᠭᠤᠯᠬᠤ ᠬᠡᠷᠡᠭᠲᠡᠢ᠃ ᠦᠵᠡᠯ ᠰᠠᠨᠠᠭᠠᠨ᠎ᠤ ᠪᠣᠯᠪᠠᠰᠤᠷᠠᠯ᠂ ᠤᠯᠤᠰ ᠲᠦᠷᠦ᠎ᠶᠢᠨ ᠪᠣᠯᠪᠠᠰᠤᠷᠠᠯ᠂ ᠦᠢᠯᠡᠳᠦᠯᠭᠡ᠎ᠶᠢᠨ ᠪᠣᠯᠪᠠᠰᠤᠷᠠᠯ᠂ ᠲᠤᠰᠬᠠᠢ ᠮᠡᠷᠭᠡᠵᠢᠯ᠎ᠦᠨ ᠪᠣᠯᠪᠠᠰᠤᠷᠠᠯ᠎ᠢ ᠴᠢᠩᠭᠠᠳᠬᠠᠵᠤ᠂ ᠤᠯᠤᠰ ᠲᠦᠷᠦ᠎ᠶᠢᠨ ᠬᠥᠮᠦᠵᠢᠯ᠂ ᠨᠠᠮᠴᠢ ᠴᠢᠨᠠᠷ᠎ᠤᠨ ᠬᠥᠮᠦᠵᠢᠯ᠎ᠢ ᠲᠤᠪᠤᠢ᠍ᠢᠯᠭᠠᠵᠦ᠂ ᠪᠣᠳᠠᠲᠤ ᠪᠠᠢᠯᠳᠤᠭᠠᠨ᠎ᠤ ᠪᠣᠯᠪᠠᠰᠤᠷᠠᠯ᠎ᠢ ᠴᠢᠩᠭᠠᠳᠬᠠᠵᠤ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠠᠨᠠᠭᠠᠴᠢᠯᠠᠭ᠎ᠠ᠎ᠠᠴᠠ᠎ᠪᠠᠨ ᠬᠢᠨᠠᠯᠲᠠ᠎ᠶᠢ ᠬᠦᠯᠢᠶᠡᠵᠦ ᠂ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ᠂ ᠴᠢᠳᠠᠪᠤᠷᠢ᠎ᠪᠠᠷ ᠴᠢᠩᠭ᠎ᠠ᠂ ᠰᠤᠷᠲᠠᠯ᠎ᠢᠶᠠᠷ ᠴᠢᠩᠭ᠎ᠠ᠂ ᠠᠷᠢᠭᠤᠨ ᠴᠢᠬᠡᠴᠢ᠎ᠪᠡᠷ ᠴᠢᠩᠭ᠎ᠠ ᠪᠠᠢᠬᠤ᠎ᠶᠢ ᠪᠡᠶᠡᠯᠡᠭᠦᠯᠵᠦ᠂ ᠡᠭᠦᠨ᠎ᠦ ᠤᠯᠠᠮ᠎ᠢᠶᠠᠷ ᠨᠡᠩ ᠥᠨᠳᠥᠷ ᠪᠠᠷᠢᠮᠵᠢᠶ᠎ᠠ᠎ᠪᠠᠷ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃
ᠨᠠᠩ ᠪᠣᠳᠠᠲᠠᠢ ᠠᠷᠭ᠎ᠠ ᠬᠡᠮᠵᠢᠶ᠎ᠡ᠎ᠶᠢ ᠦᠢᠯᠡᠳᠦᠯᠭᠡᠵᠢᠭᠦᠯᠵᠦ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠳᠠᠲᠤ ᠰᠡᠳᠦᠪ᠎ᠢ ᠰᠢᠢᠳᠪᠦᠷᠢᠯᠡᠬᠦ ᠬᠡᠷᠡᠭᠲᠠᠢ
ᠨᠡᠩ ᠥᠨᠳᠥᠷ ᠪᠠᠷᠢᠮᠵᠢᠶ᠎ᠠ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠬᠥᠭᠡᠭᠡᠴᠡᠯᠳᠦᠵᠦ ᠪᠠᠢᠭ᠎ᠠ 《ᠬᠠᠷᠠᠯᠲᠠ》 ᠮᠥᠨ ᠭᠡᠵᠦ ᠬᠡᠯᠡᠬᠦ᠎ᠳᠦ ᠬᠦᠷᠪᠡᠯ᠂ ᠨᠡᠩ ᠪᠣᠳᠠᠲᠠᠢ ᠠᠷᠭ᠎ᠠ ᠬᠡᠮᠵᠢᠶ᠎ᠡ ᠪᠣᠯ ᠳᠠᠷᠤᠢ ᠡᠨᠡ ᠬᠦ᠌ ᠬᠠᠷᠠᠯᠲᠠ᠎ᠶᠢ ᠪᠡᠶᠡᠯᠡᠭᠦᠯᠬᠦ 《ᠠᠷᠭ᠎ᠠ ᠵᠠᠮ》 ᠮᠦᠨ᠃ ᠣᠳᠣᠬᠠᠨ᠎ᠳᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠰᠢᠨ᠎ᠡ ᠪᠠᠢᠳᠠᠯ ᠰᠢᠨ᠎ᠡ ᠥᠷᠢᠰᠦᠯᠳᠦᠭᠡᠨ᠎ᠳᠦ ᠲᠤᠯᠭᠠᠷᠠᠵᠤ ᠪᠠᠢᠨ᠎ᠠ᠂ ᠭᠠᠭᠴᠠ ᠬᠦ᠌ ᠦᠨᠡᠨ ᠪᠣᠳᠠᠲᠠᠢ ᠬᠠᠲᠠᠭᠤ ᠠᠷᠭ᠎ᠠ ᠭᠠᠷᠭᠠᠪᠠᠯ ᠰᠠᠶᠢ ᠪᠣᠳᠠᠲᠠᠢ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ᠎ᠶᠢ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ᠎ᠲᠠᠢ ᠪᠣᠯᠭᠠᠵᠤ ᠴᠢᠳᠠᠨ᠎ᠠ᠃
ᠬᠠᠷᠠᠯᠲᠠ᠎ᠲᠠᠢ᠎ᠪᠠᠷ ᠬᠦᠴᠦᠯᠡᠵᠦ᠂ 《ᠬᠢᠨᠠᠯᠲᠠ ᠬᠡᠢᠰᠪᠦᠷᠢᠵᠢᠭᠰᠡᠨ》 ᠠᠰᠠᠭᠤᠳᠠᠯ᠎ᠢ ᠰᠢᠢᠳᠪᠦᠷᠢᠯᠡᠬᠦ ᠬᠡᠷᠡᠭᠲᠠᠢ᠃ ᠬᠢᠨᠠᠯᠲᠠ ᠲᠠᠯᠪᠢᠬᠤ ᠪᠣᠯ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠴᠢᠬᠤᠯᠠ ᠭᠠᠷᠳᠠᠴᠠ ᠮᠥᠨ᠂ ᠬᠢᠨᠠᠯᠲᠠ ᠲᠠᠯᠪᠢᠬᠤ ᠡᠷᠴᠢᠮ ᠰᠤᠯᠠ ᠪᠠᠢᠬᠤ ᠨᠢ ᠨᠠᠮ᠎ᠤᠨ ᠭᠡᠰᠢᠭᠦᠨ ᠺᠠᠳ᠋ᠷᠴᠤᠳ᠎ᠤᠨ ᠬᠠᠤᠯᠢ᠎ᠶᠢ ᠵᠥᠷᠢᠴᠡᠨ ᠰᠠᠬᠢᠯᠭ᠎ᠠ ᠪᠠᠲᠤ᠎ᠶᠢ ᠰᠠᠮᠠᠭᠤᠷᠠᠭᠤᠯᠤᠭᠰᠠᠨᠤ ᠴᠢᠬᠤᠯᠠ ᠰᠢᠯᠲᠠᠭᠠᠨ ᠮᠥᠨ᠃ ᠣᠳᠣᠬᠠᠨ᠎ᠤ ᠪᠣᠳᠠᠲᠤ ᠪᠠᠢᠳᠠᠯ᠎ᠤᠨ ᠳᠤᠮᠳᠠ ᠵᠣᠬᠢᠬᠤ ᠬᠡᠮᠵᠢᠶ᠎ᠡ᠎ᠪᠡᠷ ᠣᠷᠣᠰᠢᠵᠤ ᠪᠠᠢᠭ᠎ᠠ ᠬᠢᠨᠠᠯᠲᠠ᠎ᠶᠢᠨ ᠣᠨᠣᠪᠴᠢᠲᠤ ᠴᠢᠨᠠᠷ ᠠᠨᠠᠢ᠂ ᠬᠠᠮᠵᠢᠯᠴᠠᠬᠤ ᠴᠢᠨᠠᠷ ᠪᠠᠭᠤᠷᠠᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢ ᠭᠦᠢᠴᠡᠳ ᠦᠭᠡᠢ᠂ 《ᠤᠳᠤᠷᠢᠳᠤᠯᠭ᠎ᠠ》᠎ᠳᠦ ᠬᠢᠨᠠᠯᠲᠠ ᠲᠠᠯᠪᠢᠬᠤ᠎ᠳᠤ ᠪᠠᠯᠠᠢ ᠣᠷᠣᠨ ᠪᠠᠢᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠡᠷᠬᠡᠪᠰᠢ ᠪᠣᠳᠠᠲᠠᠢᠵᠢᠭᠤᠯᠬᠤ᠂ ᠨᠠᠷᠢᠯᠢᠭ᠍ᠵᠢᠭᠤᠯᠬᠤ᠂ ᠪᠠᠢᠩᠭᠤᠵᠢᠭᠤᠯᠬᠤ ᠬᠢᠨᠠᠯᠲᠠ ᠪᠠᠢᠴᠠᠭᠠᠯᠲᠠ᠎ᠶᠢ ᠴᠢᠩᠭᠠᠳᠬᠠᠬᠤ ᠬᠡᠷᠡᠭᠲᠡᠢ᠃ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠭᠣᠣᠯᠳᠠᠯᠭ᠎ᠠ ᠲᠠᠢ ᠡᠭᠦᠷᠭᠡ ᠪᠣᠯᠣᠨ ᠡᠷᠬᠡ᠎ᠶᠢᠨ ᠠᠵᠢᠯᠯᠠᠭᠠᠨ᠎ᠤ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠪᠠᠷᠢᠮᠵᠢᠶ᠎ᠠ ᠶᠠᠪᠤᠴᠠ᠎ᠶᠢ ᠨᠠᠷᠢᠯᠢᠭ᠍ᠵᠢᠭᠤᠯᠤᠨ᠂ ᠪᠦᠷᠢᠨ ᠪᠦᠲᠦᠨ ᠪᠢᠲᠡᠭᠦᠦ ᠴᠠᠭᠠᠷᠢᠭ᠋᠎ᠢ ᠪᠤᠢ ᠪᠣᠯᠭᠠᠬᠤ ᠬᠡᠷᠡᠭᠲᠡᠢ; ᠬᠢᠨᠠᠯᠲᠠ ᠲᠠᠯᠪᠢᠬᠤ ᠰᠢᠰᠲᠧᠮ᠎ᠢ ᠲᠡᠭᠦᠯᠳᠡᠷᠵᠢᠭᠦᠯᠵᠦ᠂ ᠡᠯ᠎ᠡ ᠲᠥᠷᠥᠯ᠎ᠦᠨ ᠬᠢᠨᠠᠯᠲᠠ ᠲᠠᠯᠪᠢᠬᠤ᠎ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠵᠤ᠂ ᠨᠡᠢᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠠᠢ; ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠡᠨᠧᠷᠭᠢ ᠣᠯᠭᠣᠬᠤ᠎ᠶᠢ ᠴᠢᠩᠭᠠᠳᠬᠠᠵᠤ ᠂ ᠣᠶᠤᠨᠴᠢ ᠬᠢᠨᠠᠯᠲᠠ᠎ᠶᠢᠨ ᠲᠠᠪᠴᠠᠩ᠎ᠢ ᠪᠠᠢᠭᠤᠯᠵᠤ᠂ ᠰᠢᠨ᠎ᠡ ᠬᠡᠯᠪᠡᠷᠢ᠎ᠶᠢᠨ ᠢᠯᠵᠢᠷᠡᠯ᠎ᠢ ᠣᠨᠣᠪᠴᠢᠲᠠᠢ ᠢᠯᠭᠠᠨ ᠲᠠᠨᠢᠬᠤ ᠬᠡᠷᠡᠭᠲᠠᠢ; 《ᠤᠳᠤᠷᠢᠳᠤᠯᠭ᠎ᠠ》ᠵᠢᠨ ᠬᠢᠨᠠᠯᠲᠠ᠎ᠶᠢ ᠲᠣᠪᠤᠢᠯᠭᠠᠨ᠂ ᠬᠢᠵᠠᠭᠠᠷᠯᠠᠬᠤ ᠳᠦᠷᠢᠮ᠎ᠢ ᠪᠦᠷᠢᠨᠰᠢᠭᠦᠯᠵᠦ᠂ ᠡᠷᠬᠡ᠎ᠶᠢᠨ ᠠᠵᠢᠯᠯᠠᠭ᠎ᠠ᠎ᠨᠢ ᠵᠢᠷᠤᠮᠵᠢᠭᠤᠯᠬᠤ ᠬᠡᠷᠡᠭᠲᠠᠢ᠃
ᠰᠢᠰᠲᠧᠮ᠎ᠲᠠᠢ᠎ᠪᠡᠷ ᠵᠠᠰᠠᠵᠤ᠂ 《ᠠᠷᠬᠠᠭ》᠎ᠤᠨ ᠬᠦᠴᠢᠷ ᠠᠰᠠᠭᠤᠳᠠᠯ᠎ᠢ ᠰᠢᠢᠳᠪᠦᠷᠢᠯᠡᠬᠦ ᠬᠡᠷᠡᠭᠲᠠᠢ᠃ ᠰᠤᠷᠲᠠᠯ᠎ᠤᠨ ᠠᠰᠠᠭᠤᠳᠠᠯ ᠪᠣᠯᠣᠨ ᠢᠯᠵᠢᠷᠠᠯ᠎ᠤᠨ ᠠᠰᠠᠭᠤᠳᠠᠯ ᠪᠣᠯ ᠮᠤᠵᠢᠭᠤᠳᠠ ᠴᠢᠨᠠᠷ᠂ ᠳᠠᠬᠢᠨ ᠳᠠᠪᠲᠠᠬᠤ ᠴᠢᠨᠠᠷᠲᠠᠢ ᠪᠠᠢᠳᠠᠭ᠂ ᠰᠠᠬᠢᠯᠭ᠎ᠠ ᠪᠠᠲᠤ᠎ᠶᠢ ᠴᠢᠩᠳᠠᠯᠠᠬᠤ ᠢᠯᠵᠢᠷᠠᠯ᠎ᠢ ᠡᠰᠡᠷᠭᠦᠴᠡᠬᠦ ᠠᠵᠢᠯ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ ᠶᠤᠮ᠃ ᠲᠣᠰ ᠤᠳᠠᠭᠠᠨ᠎ᠤ ᠬᠤᠷᠠᠯ᠎ᠠᠴᠠ 《ᠰᠤᠷᠲᠠᠯ᠎ᠤᠨ ᠪᠠᠢᠭᠤᠯᠤᠯᠲᠠ᠎ᠶᠢᠨ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠲᠡᠭᠦᠯᠳᠡᠷᠵᠢᠭᠦᠯᠬᠦ》᠂ 《ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶᠢ ᠵᠡᠷᠭᠡ᠎ᠪᠡᠷ ᠵᠠᠰᠠᠬᠤ᠎ᠶᠢ ᠴᠢᠩᠭᠠᠳᠬᠠᠬᠤ》 ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠨᠢ ᠰᠢᠰᠲᠧᠮ᠎ᠲᠠᠢ᠎ᠪᠡᠷ ᠵᠠᠰᠠᠬᠤ᠎ᠶᠢᠨ ᠢᠯᠡ ᠲᠣᠳᠣ᠌ ᠤᠳᠤᠷᠢᠳᠤᠮᠵᠢ᠎ᠶᠢ ᠢᠯᠡᠷᠡᠭᠦᠯᠪᠡ᠃ ᠢᠯᠵᠢᠷᠠᠬᠤ᠎ᠠᠴᠠ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠠᠬᠤ᠎ᠶᠢ ᠪᠤᠳᠤᠬᠤ ᠦᠭᠡᠢ ᠪᠠᠢᠬᠤ ᠪᠠᠢᠯᠳᠤᠬᠤ ᠪᠣᠳᠣᠯᠭ᠎ᠠ᠎ᠶᠢᠨ ᠭᠠᠷᠳᠠᠴᠠ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠪᠣᠳᠠᠲᠠᠢ ᠳᠦ ᠵᠣᠬᠢᠬᠤ ᠬᠡᠮᠵᠢᠶ᠎ᠡ᠎ᠪᠡᠷ ᠣᠷᠣᠰᠢᠵᠤ ᠪᠠᠢᠭ᠎ᠠ ᠬᠦᠨᠳᠦ᠎ᠪᠡᠷ ᠱᠢᠢᠳᠭᠡᠵᠦ ᠰᠡᠷᠭᠡᠢᠯᠡᠬᠦ᠎ᠶᠢ ᠬᠥᠩᠭᠡᠪᠴᠢᠯᠡᠬᠦ᠂ ᠳᠦᠷᠢᠮ ᠪᠣᠯᠣᠨ ᠦᠢᠯᠡᠳᠦᠯᠭᠡ ᠰᠠᠯᠤᠩᠭᠢᠷᠠᠬᠤ᠂ ᠦᠵᠡᠯ ᠰᠠᠨᠠᠭᠠᠨ᠎ᠤ ᠬᠥᠮᠦᠵᠢᠯ ᠪᠣᠯᠣᠨ ᠰᠦᠷᠳᠡᠭᠦᠯᠦᠯ᠎ᠢ ᠨᠢᠭ᠍ᠲᠠ ᠤᠶᠠᠯᠳᠤᠭᠤᠯᠬᠤ ᠦᠭᠡᠢ ᠪᠠᠢᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ ᠰᠦᠷ ᠬᠦᠴᠦᠲᠦ ᠪᠠᠢᠳᠠᠯ᠎ᠢ ᠪᠠᠲᠤᠯᠠᠵᠤ᠂ ᠭᠣᠣᠯᠳᠠᠯᠭ᠎ᠠ᠎ᠲᠠᠢ ᠬᠦᠷᠢᠶ᠎ᠡ ᠪᠣᠯᠣᠨ ᠰᠢᠨ᠎ᠡ ᠬᠡᠯᠪᠡᠷᠢ᠎ᠶᠢᠨ ᠢᠯᠵᠢᠷᠠᠯ᠎ᠢ ᠴᠢᠩᠭ᠎ᠠ ᠪᠠᠢᠴᠠᠭᠠᠵᠤ᠂ ᠶᠠᠮᠠᠷᠪᠠ ᠨᠢᠭᠡᠨ 《ᠲᠣᠮᠣ᠌ ᠪᠠᠷᠰ》᠎ᠢ ᠵᠦᠭᠡᠷ ᠲᠠᠯᠪᠢᠬᠤ ᠦᠭᠡᠢ᠂ ᠶᠠᠮᠠᠷᠪᠠ ᠨᠢᠭᠡᠨ 《ᠵᠢᠵᠢᠭᠬᠡᠨ ᠱᠠᠮᠰᠢᠵᠤ ᠢᠯᠵᠢᠷᠠᠬᠤ》᠎ᠶᠢ ᠴᠤ ᠬᠦᠯᠢᠶᠡᠬᠦ ᠦᠭᠡᠢ ᠪᠠᠢᠵᠤ᠂ 《ᠨᠢᠭᠡ ᠬᠡᠷᠡᠭ᠎ᠢ ᠪᠠᠢᠴᠠᠭᠠᠨ ᠰᠢᠢᠳᠪᠦᠷᠢᠯᠡᠵᠦ᠂ ᠨᠢᠭᠡ ᠤᠷᠴᠢᠨ᠎ᠢ ᠵᠢᠷᠤᠮᠵᠢᠭᠤᠯᠬᠤ᠂ ᠨᠢᠭᠡ ᠪᠦᠰᠡ᠎ᠶᠢ ᠵᠠᠰᠠᠬᠤ》 ᠶᠡᠷᠦᠩᠬᠡᠢᠯᠡᠭᠰᠡᠨ ᠦᠢᠯᠡᠳᠦᠯ᠎ᠢ ᠪᠡᠶᠡᠯᠡᠭᠦᠯᠬᠦ ᠬᠡᠷᠡᠭᠲᠡᠢ᠃
ᠰᠢᠭᠤᠳ ᠬᠦᠯᠢᠶᠡᠨ ᠠᠪᠴᠤ᠂ 《ᠣᠯᠠᠨ ᠲᠦᠮᠡᠨ᠎ᠡᠴᠡ ᠬᠥᠨᠳᠡᠢᠷᠡᠬᠦ》 ᠬᠦᠴᠢᠷ ᠠᠰᠠᠭᠤᠳᠠᠯ᠎ᠢ ᠰᠢᠢᠳᠪᠦᠷᠢᠯᠡᠬᠦ ᠬᠡᠷᠡᠭᠲᠠᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠦᠷ᠎ᠡ ᠪᠦᠲᠦᠮᠵᠢ ᠬᠢᠷᠢ ᠵᠡᠷᠭᠡ ᠪᠠᠢᠬᠤ ᠲᠤᠬᠠᠢ ᠤᠯᠠᠨ ᠲᠦᠮᠡᠨ ᠬᠠᠮᠤᠭ᠎ᠠᠴᠠ ᠢᠯᠡᠭᠦᠦ ᠦᠭᠡ ᠬᠡᠯᠡᠬᠦ ᠡᠷᠬᠡ᠎ᠲᠠᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠪᠣᠯ ᠤᠯᠤᠰ ᠲᠦᠷᠦ᠎ᠶᠢᠨ ᠠᠵᠢᠯ᠂ ᠬᠥᠮᠥᠨ᠎ᠦ ᠰᠡᠳᠬᠢᠯ᠎ᠦᠨ ᠠᠵᠢᠯ ᠮᠥᠨ᠂ ᠤᠯᠠᠨ ᠲᠦᠮᠡᠨ᠎ᠦ ᠬᠦᠰᠡᠯ ᠡᠷᠡᠮᠡᠯᠵᠡᠯ ᠪᠣᠯ ᠳᠠᠷᠤᠢ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠬᠤ ᠢᠯᠵᠢᠷᠠᠯ᠎ᠢ ᠡᠰᠡᠷᠭᠦᠴᠡᠬᠦ᠎ᠶᠢᠨ ᠬᠦᠴᠦᠯᠡᠬᠦ ᠴᠡᠭ ᠮᠥᠨ᠃ ᠡᠢᠮᠦ᠎ᠡᠴᠡ᠂ ᠡᠭᠦᠳᠡ᠎ᠪᠡᠨ ᠨᠡᠭᠡᠭᠡᠵᠦ ᠴᠡᠭᠴᠡᠯᠡᠨ ᠵᠠᠰᠠᠬᠤ᠎ᠶᠢ ᠡᠷᠬᠡᠪᠰᠢ ᠪᠠᠷᠢᠮᠲᠠᠯᠠᠵᠤ᠂ ᠣᠯᠠᠨ ᠲᠦᠮᠡᠨ᠎ᠦ ᠣᠷᠣᠯᠴᠠᠬᠤ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠡᠳᠡᠭᠡ ᠵᠠᠩᠭᠢ᠎ᠶᠢ ᠢᠯᠡ ᠪᠣᠯᠭᠠᠬᠤ ᠡᠷᠴᠢᠮ᠎ᠢᠶᠡᠨ ᠴᠢᠩᠭᠠᠷᠠᠭᠤᠯᠵᠤ᠂ 《ᠥᠪᠡᠷ ᠵᠢᠡᠨ ᠬᠡᠯᠡᠬᠡᠳ ᠪᠤᠯᠭᠠᠴᠢᠬᠤ》ᠵᠢ ᠴᠢᠩᠭ᠎ᠠ ᠰᠡᠷᠭᠡᠢᠯᠡᠬᠦ ᠬᠡᠷᠡᠭᠲᠡᠢ᠃ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠤᠯᠠᠨ ᠲᠦᠮᠡᠨ᠎ᠦ ᠳᠤᠮᠳᠠ᠎ᠠᠴᠠ ᠢᠷᠡᠵᠤ᠂ ᠤᠯᠠᠨ ᠲᠦᠮᠡᠨ᠎ᠦ ᠳᠤᠮᠳᠠ ᠣᠴᠢᠬᠤ᠎ᠶᠢ ᠪᠠᠷᠢᠮᠲᠠᠯᠠᠵᠤ᠂ ᠨᠠᠮ᠎ᠤᠨ ᠭᠡᠰᠢᠭᠦᠨ ᠺᠠᠳ᠋ᠷ᠎ᠤᠨ ᠤᠯᠠᠨ ᠲᠦᠮᠡᠨ᠎ᠲᠠᠢ ᠰᠢᠭᠤᠳ ᠬᠠᠷᠢᠯᠴᠠᠬᠤ ᠳᠦᠷᠢᠮ᠎ᠢ ᠲᠡᠭᠦᠯᠳᠡᠷᠵᠢᠭᠦᠯᠵᠦ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠪᠠᠨ ᠢᠯᠡᠳᠬᠡᠬᠦ᠂ ᠠᠰᠢᠭ᠋ ᠲᠤᠰᠠ᠎ᠶᠢ ᠵᠣᠬᠢᠴᠠᠭᠤᠯᠬᠤ᠂ ᠡᠷᠬᠡ ᠠᠰᠢᠭ᠋᠎ᠢ ᠪᠠᠲᠤᠯᠠᠬᠤ ᠵᠠᠮ᠎ᠢ ᠰᠢᠯᠤᠭᠤᠳᠬᠠᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠴᠡᠭᠴᠡᠯᠡᠨ ᠵᠠᠰᠠᠬᠤ᠎ᠶᠢ ᠭᠦᠨᠵᠡᠭᠡᠢᠷᠡᠭᠦᠯᠵᠦ᠂ ᠠᠷᠠᠳ ᠤᠯᠠᠨ᠎ᠤ ᠭᠠᠴᠢᠭ᠍ᠳᠠᠵᠤ ᠪᠠᠢᠭ᠎ᠠ ᠵᠣᠪᠠᠨᠢᠵᠤ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠬᠦ᠎ᠶᠢ ᠠᠬᠢᠭᠤᠯᠵᠤ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠨᠡᠩ ᠥᠨᠳᠥᠷ ᠪᠠᠷᠢᠮᠵᠢᠶ᠎ᠠ᠎ᠶᠢ ᠨᠠᠢᠳᠠᠪᠤᠷᠢᠵᠢᠭᠤᠯᠤᠨ ᠦᠨᠳᠦᠰᠦᠯᠡᠭᠦᠯᠬᠦ᠎ᠶᠢ ᠪᠠᠲᠤᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠡᠷ ᠤᠷᠳᠤ ᠬᠤᠭᠤᠴᠠᠭᠠᠨ᠎ᠤ ᠦᠷ᠎ᠡ ᠪᠦᠲᠦᠮᠵᠢ ᠭᠠᠷᠭᠠᠬᠤ ᠬᠡᠷᠡᠭᠲᠠᠢ
ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠎ᠪᠠᠷ ᠴᠢᠭᠯᠡᠯ᠎ᠢ ᠬᠥᠲᠥᠯᠥᠨ ᠳᠠᠭᠠᠭᠤᠯᠵᠤ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠬᠠᠮᠲᠤ ᠪᠠᠰᠠ ᠪᠦᠷᠢᠨᠰᠢᠭᠰᠡᠨ ᠪᠠᠲᠤᠯᠠᠭ᠎ᠠ᠎ᠶᠢᠨ ᠰᠢᠰᠲ᠋ᠸᠮ᠎ᠢ ᠪᠠᠢᠭᠤᠯᠤᠨ ᠪᠠᠲᠤᠯᠠᠭ᠎ᠠ ᠬᠠᠩᠭᠠᠵᠤ᠂ ᠪᠠᠷᠢᠮᠵᠢᠶ᠎ᠠ᠎ᠶᠢ ᠲᠡᠷᠡ ᠶᠣᠰᠣᠭᠠᠷ ᠨᠢ᠂ ᠠᠷᠭ᠎ᠠ ᠬᠡᠮᠵᠢᠶ᠎ᠡ᠎ᠶᠢ ᠬᠠᠰᠢ ᠶᠠᠰᠢ᠎ᠪᠠᠷ ᠥᠩᠭᠡᠷᠡᠭᠦᠯᠬᠦ ᠦᠭᠡᠢ ᠪᠠᠢᠬᠤ᠎ᠶᠢ ᠪᠠᠲᠤᠯᠠᠵᠤ᠂ ᠤᠷᠳᠤ ᠬᠤᠭᠤᠴᠠᠭᠠᠨ᠎ᠤ ᠪᠦᠲᠦᠮᠵᠢᠲᠡᠢ ᠵᠠᠰᠠᠯᠲᠠ᠎ᠶᠢ ᠪᠡᠶᠡᠯᠡᠭᠦᠯᠬᠦ ᠬᠡᠷᠡᠭᠲᠡᠢ᠃
ᠬᠠᠷᠢᠭᠤᠴᠠᠯᠭ᠎ᠠ᠎ᠶᠢᠨ ᠪᠠᠲᠤᠯᠠᠭ᠎ᠠ᠎ᠶᠢᠨ ᠰᠢᠰᠲᠧᠮ᠎ᠢ ᠴᠢᠩᠭᠠᠳᠬᠠᠬᠤ ᠬᠡᠷᠡᠭᠲᠠᠢ᠃ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠵᠠᠩᠭᠢᠯᠠᠭ᠎ᠠ ᠪᠣᠯᠣᠨ᠎ᠠ᠂ ᠬᠠᠷᠢᠭᠤᠴᠠᠯᠭ᠎ᠠ᠎ᠶᠢ ᠲᠣᠳᠣᠷᠬᠠᠢᠯᠠᠬᠤ ᠦᠭᠡᠢ᠂ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠦᠭᠡᠢ᠂ ᠬᠠᠷᠢᠭᠤᠴᠠᠯᠭ᠎ᠠ ᠨᠡᠬᠡᠮᠵᠢᠯᠡᠬᠦ ᠦᠭᠡᠢ ᠪᠣᠯ ᠨᠠᠮ᠎ᠢ ᠴᠢᠩᠭ᠎ᠠ ᠵᠠᠰᠠᠬᠤ᠎ᠶᠢ ᠪᠡᠶᠡᠯᠡᠭᠦᠯᠵᠦ ᠳᠡᠶ᠋ᠢᠯᠬᠦ ᠦᠭᠡᠢ ᠶᠤᠮ᠂ ᠡᠷᠬᠡᠪᠰᠢ ᠬᠠᠷᠢᠭᠤᠴᠠᠯᠭ᠎ᠠ᠎ᠶᠢᠨ ᠭᠣᠣᠯ ᠴᠣᠭᠴᠠ᠎ᠶᠢ ᠪᠣᠳᠠᠲᠠᠢᠵᠢᠭᠤᠯᠵᠤ᠂ ᠬᠠᠷᠢᠭᠤᠴᠠᠯᠭ᠎ᠠ᠎ᠶᠢᠨ ᠱᠠᠭᠠᠷᠳᠠᠯᠭ᠎ᠠ᠎ᠶᠢ ᠪᠣᠳᠠᠲᠠᠢᠵᠢᠭᠤᠯᠵᠤ ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢᠨ ᠰᠢᠰᠲᠧᠮ᠎ᠢ ᠤᠯᠠᠮ ᠴᠢᠨᠠᠭᠰᠢᠳᠠ ᠪᠦᠷᠢᠨᠰᠢᠭᠦᠯᠵᠦ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠱᠦᠵᠢ᠎ᠶᠢᠨ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠂ ᠤᠳᠤᠷᠢᠳᠬᠤ ᠪᠠᠭ᠎ᠤᠨ ᠪᠦᠷᠢᠯᠳᠦᠭᠦᠨ᠎ᠦ 《ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ᠎ᠲᠠᠢ ᠪᠠᠢᠬᠤ》᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ᠎ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢᠵᠢᠭᠤᠯᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ᠂ ᠨᠢᠭᠡᠳᠦᠯᠲᠡᠢ ᠵᠣᠬᠢᠴᠠᠭᠤᠯᠬᠤ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢᠨ ᠪᠠᠢᠷᠢᠰᠢᠯ᠎ᠢ ᠪᠦᠷᠢᠯᠳᠦᠭᠦᠯᠬᠦ ᠬᠡᠷᠡᠭᠲᠡᠢ᠃ ᠲᠣᠳᠣᠷᠬᠠᠢ ᠬᠠᠷᠢᠭᠤᠴᠠᠯᠭ᠎ᠠ᠎ᠶᠢᠨ ᠨᠠᠷᠢᠨ ᠬᠠᠭᠤᠳᠠᠰᠤ᠎ᠶᠢ ᠲᠣᠭᠲᠠᠭᠠᠵᠤ᠂ ᠬᠠᠷᠢᠭᠤᠴᠠᠯᠭ᠎ᠠ᠎ᠶᠢᠨ ᠠᠭᠤᠯᠭ᠎ᠠ᠎ᠶᠢ ᠨᠠᠷᠢᠯᠢᠭ᠍ᠵᠢᠭᠤᠯᠤᠨ᠂ ᠬᠠᠷᠢᠭᠤᠴᠠᠯᠭ᠎ᠠ᠎ᠶᠢ ᠱᠠᠲᠤ ᠳᠠᠷᠠᠭᠠᠯᠠᠨ ᠳᠠᠮᠵᠢᠭᠤᠯᠵᠤ᠂ ᠪᠣᠳᠠᠲᠠᠢᠵᠢᠭᠤᠯᠬᠤ᠎ᠶᠢ ᠦᠨᠡᠨᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ᠎ᠶᠢ ᠴᠢᠩᠭᠠᠳᠬᠠᠵᠤ ᠂ ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ᠎ᠤᠨ ᠡᠷᠴᠢᠮ ᠴᠢᠩᠭ᠎ᠠ ᠪᠢᠰᠢ᠂ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ ᠠᠰᠠᠭᠤᠳᠠᠯ ᠭᠠᠷᠪᠠᠯ᠂ ᠭᠣᠣᠯ ᠴᠣᠭᠴᠠ᠎ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠶᠢ ᠨᠡᠬᠡᠮᠵᠢᠯᠡᠬᠦ᠎ᠪᠡᠷ ᠪᠠᠷᠠᠬᠤ ᠦᠭᠡᠢ᠂ ᠪᠠᠰᠠ ᠤᠳᠤᠷᠢᠳᠤᠯᠭ᠎ᠠ᠎ᠶᠢᠨ ᠬᠠᠷᠢᠭᠤᠴᠠᠯᠭ᠎ᠠ᠂ ᠬᠣᠯᠪᠣᠯᠳᠤᠭᠰᠠᠨ ᠬᠠᠷᠢᠭᠤᠴᠠᠯᠭ᠎ᠠ᠎ᠶᠢ ᠨᠡᠬᠡᠮᠵᠢᠯᠡᠵᠦ᠂ ᠬᠠᠷᠢᠭᠤᠴᠠᠯᠭ᠎ᠠ ᠠᠯᠳᠠᠪᠠᠯ ᠵᠠᠪᠠᠯ ᠲᠤᠯᠭᠠᠵᠤ᠂ ᠬᠠᠷᠢᠭᠤᠴᠠᠯᠭ᠎ᠠ ᠲᠤᠯᠭᠠᠬᠤ᠎ᠳᠤ ᠵᠠᠪᠠᠯ ᠴᠢᠩᠭ᠎ᠠ ᠪᠠᠢᠬᠤ᠎ᠶᠢ ᠬᠡᠪ᠎ᠦᠨ ᠪᠠᠢᠳᠠᠯ ᠪᠣᠯᠭᠠᠬᠤ ᠬᠡᠷᠡᠭᠲᠡᠢ᠃
ᠲᠣᠭᠲᠠᠴᠠ᠎ᠶᠢᠨ ᠪᠠᠲᠤᠯᠠᠭ᠎ᠠ᠎ᠶᠢᠨ ᠰᠢᠰᠲᠧᠮ᠎ᠢ ᠴᠢᠩᠭᠠᠳᠬᠠᠬᠤ ᠬᠡᠷᠡᠭᠲᠠᠢ᠃ ᠪᠦᠲᠦᠮᠵᠢᠲᠡᠢ ᠲᠣᠭᠲᠠᠴᠠ᠎ᠶᠢ ᠲᠡᠭᠦᠯᠳᠡᠷᠵᠢᠭᠦᠯᠪᠡᠯ ᠰᠠᠶᠢ ᠢᠷᠡᠭᠡᠳᠦᠢ᠎ᠳᠦ ᠬᠠᠨᠳᠤᠵᠤ᠂ ᠦᠨᠳᠦᠰᠦᠨ ᠵᠦᠢᠯ᠎ᠢ ᠬᠠᠮᠢᠶᠠᠷᠴᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠢᠩᠭᠤᠵᠢᠭᠤᠯᠵᠤ᠂ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠵᠤ ᠴᠢᠳᠠᠨ᠎ᠠ᠃ ᠬᠠᠤᠯᠢ ᠳᠦᠷᠢᠮ᠎ᠦᠨ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠲᠣᠭᠲᠠᠴᠠ᠎ᠶᠢ ᠪᠦᠷᠢᠨᠰᠢᠭᠦᠯᠵᠦ᠂ ᠳᠦᠷᠢᠮ᠎ᠦᠨ ᠬᠡᠷᠡᠭᠵᠢᠭᠦᠯᠦᠯᠲᠡ᠎ᠶᠢᠨ ᠪᠠᠢᠳᠠᠯ᠎ᠢ ᠪᠠᠢᠩᠭᠤᠵᠢᠭᠤᠯᠤᠨ ᠪᠠᠢᠴᠠᠭᠠᠬᠤ᠎ᠶᠢ ᠴᠢᠩᠭᠠᠳᠬᠠᠵᠤ᠂ ᠬᠡᠷᠡᠭᠵᠢᠭᠦᠯᠦᠯᠲᠡ᠎ᠶᠢᠨ ᠠᠯᠳᠠᠭ᠎ᠠ᠎ᠶᠢ ᠴᠠᠭ ᠲᠤᠬᠠᠢ ᠳ᠋ᠤᠨᠢ ᠢᠯᠡᠷᠡᠭᠦᠯᠦᠨ ᠵᠠᠯᠠᠷᠠᠭᠤᠯᠵᠤ᠂ ᠳᠦᠷᠢᠮ᠎ᠦᠨ ᠬᠡᠷᠡᠭᠵᠢᠭᠦᠯᠬᠦ ᠬᠦᠴᠦᠨ᠎ᠢ ᠳᠡᠭᠡᠭᠰᠢᠯᠡᠭᠦᠯᠵᠦ᠂ ᠳᠦᠷᠢᠮ᠎ᠦᠨ ᠬᠠᠲᠠᠭᠤ ᠠᠵᠢᠯᠯᠠᠭ᠎ᠠ᠎ᠨᠢ ᠦᠨᠡᠨ ᠬᠦ᠌ ᠪᠠᠲᠤᠯᠠᠬᠤ ᠬᠡᠷᠡᠭᠲᠡᠢ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠲᠣᠭᠲᠠᠴᠠ᠎ᠶᠢᠨ ᠰᠢᠨ᠎ᠡ᠎ᠶᠢ ᠡᠭᠦᠳᠴᠦ᠂ ᠰᠢᠨ᠎ᠡ ᠬᠡᠯᠪᠡᠷᠢ᠎ᠶᠢᠨ ᠢᠯᠵᠢᠷᠡᠯ ᠪᠣᠯᠣᠨ ᠲᠠᠯᠳᠠ ᠴᠢᠨᠠᠷᠲᠠᠢ ᠢᠯᠵᠢᠷᠡᠯ᠎ᠦᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠢᠯᠵᠢᠷᠡᠯ᠎ᠢ ᠡᠰᠡᠷᠭᠦᠴᠡᠬᠦ ᠬᠠᠮᠵᠢᠯᠴᠠᠭᠠᠨ᠎ᠤ ᠲᠣᠭᠲᠠᠴᠠ᠎ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠠᠷᠭ᠎ᠠ ᠪᠠᠷᠢᠯ᠎ᠤᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ᠎ᠶᠢᠨ ᠣᠨᠣᠪᠴᠢᠲᠤ ᠴᠢᠨᠠᠷ ᠪᠣᠯᠣᠨ ᠵᠢᠷᠤᠮᠵᠢᠯᠳᠤ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠳᠦᠷᠢᠮᠵᠢᠭᠰᠡᠨ ᠬᠠᠤᠯᠢᠵᠢᠭ᠍ᠰᠠᠨ ᠵᠢᠩᠬᠢᠨᠢᠴᠢᠯᠡᠭᠰᠡᠨ ᠪᠠᠢᠭᠤᠯᠤᠯᠲᠠ᠎ᠶᠢ ᠠᠬᠢᠭᠤᠯᠵᠤ᠂ ᠳᠦᠷᠢᠮ᠎ᠦᠨ ᠳᠠᠪᠠᠭᠤᠯᠢᠭ᠋᠎ᠢ ᠵᠠᠰᠠᠯᠲᠠ᠎ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ᠃
ᠴᠢᠳᠠᠪᠤᠷᠢ᠎ᠶᠢᠨ ᠪᠠᠲᠤᠯᠠᠭ᠎ᠠ᠎ᠶᠢᠨ ᠰᠢᠰᠲᠧᠮ᠎ᠢ ᠴᠢᠩᠭᠠᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ᠎ᠳᠤ ᠵᠣᠬᠢᠴᠠᠬᠤ᠎ᠳᠤ ᠡᠷᠬᠡᠪᠰᠢ ᠨᠠᠮ᠎ᠤᠨ ᠭᠡᠰᠢᠭᠦᠨ ᠺᠠᠳ᠋ᠷᠴᠤᠳ᠎ᠤᠨ ᠤᠯᠤᠰ ᠲᠦᠷᠦ᠎ᠶᠢᠨ ᠴᠢᠳᠠᠪᠤᠷᠢ ᠪᠠ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠣᠢᠯᠠᠭᠠᠬᠤ ᠴᠢᠳᠠᠪᠤᠷᠢ᠂ ᠤᠯᠤᠰ ᠲᠦᠷᠦ᠎ᠶᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠤᠬᠠᠢᠯᠠᠭᠰᠠᠨ ᠠᠵᠢᠯ᠎ᠤᠨ ᠪᠠᠢᠩᠭᠤᠵᠢᠭ᠍ᠰᠠᠨ ᠪᠣᠯᠪᠠᠰᠤᠷᠠᠯ᠎ᠢ ᠥᠷᠨᠢᠭᠦᠯᠵᠦ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ᠂ ᠰᠢᠨ᠎ᠡ ᠬᠡᠯᠪᠡᠷᠢ᠎ᠶᠢᠨ ᠢᠯᠵᠢᠷᠡᠯ᠎ᠢ ᠢᠯᠭᠠᠨ ᠲᠠᠨᠢᠬᠤ ᠵᠡᠷᠭᠡ ᠭᠣᠣᠯᠳᠠᠯᠭ᠎ᠠ᠎ᠲᠠᠢ ᠠᠭᠤᠯᠭ᠎ᠠ᠎ᠶᠢᠨ ᠲᠣᠭᠣᠷᠢᠨ᠎ᠳᠤ ᠲᠤᠰᠬᠠᠢ ᠰᠡᠳᠦᠪᠲᠦ ᠪᠣᠯᠪᠠᠰᠤᠷᠠᠯ᠎ᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷ᠎ᠤᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ ᠪᠣᠯᠣᠨ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ᠃ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠂ ᠵᠣᠷᠢᠭ᠍ᠲᠠᠢ᠎ᠪᠠᠷ ᠲᠡᠮᠡᠴᠡᠬᠦ᠎ᠶᠢ ᠵᠣᠷᠢᠭ᠍ᠵᠢᠭᠤᠯᠵᠤ᠂ ᠢᠯᠡᠷᠡᠯ ᠲᠣᠪᠣᠢᠮ᠎ᠠ ᠺᠠᠳ᠋ᠷ᠎ᠢ ᠬᠥᠬᠢᠭᠦᠯᠦᠨ ᠱᠠᠩᠨᠠᠵᠤ᠂ ᠠᠵᠢᠯ ᠬᠢᠬᠦ ᠦᠭᠡᠢ᠂ ᠠᠵᠢᠯ᠎ᠢ ᠤᠳᠠᠭᠠᠨ ᠬᠢᠳᠡᠭ ᠺᠠᠳ᠋ᠷ᠎ᠠᠴᠠ ᠬᠠᠷᠢᠭᠤᠴᠠᠯᠭ᠎ᠠ ᠨᠡᠬᠡᠮᠵᠢᠯᠡᠵᠦ᠂ ᠺᠠᠳ᠋ᠷ᠎ᠤᠨ ᠡᠩᠨᠡᠭᠡ᠎ᠶᠢᠨ ᠠᠮᠢᠵᠢᠷᠠᠯ᠎ᠤᠨ ᠬᠦᠴᠦᠨ ᠪᠠ ᠳᠠᠶ᠋ᠢᠴᠢᠨ ᠬᠦᠴᠦᠨ᠎ᠢ ᠬᠥᠭᠵᠢᠭᠡᠬᠦ ᠬᠡᠷᠡᠭᠲᠡᠢ᠃
ᠣᠷᠴᠢᠨ ᠠᠬᠤᠢ᠎ᠶᠢᠨ ᠪᠠᠲᠤᠯᠠᠭ᠎ᠠ᠎ᠶᠢᠨ ᠰᠢᠰᠲᠧᠮ᠎ᠢ ᠴᠢᠩᠭᠠᠳᠬᠠᠬᠤ ᠬᠡᠷᠡᠭᠲᠠᠢ᠃ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ ᠪᠣᠯᠣᠨ ᠨᠡᠢᠭᠡᠮ᠎ᠦᠨ ᠠᠭᠤᠷ ᠠᠮᠢᠰᠬᠤᠯ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠭᠦᠨᠵᠡᠭᠡᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠣᠨ᠎ᠠ᠃ ᠤᠬᠠᠭᠤᠯᠵᠤ ᠬᠥᠲᠥᠯᠥᠨ ᠵᠢᠯᠤᠭᠣᠳᠬᠤ᠎ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠲᠦᠷᠦᠯ᠎ᠦᠨ ᠵᠠᠭᠤᠴᠢᠯᠠᠭᠤᠷ᠎ᠤᠨ ᠲᠠᠪᠴᠠᠩ᠎ᠢ ᠠᠰᠢᠭ᠍ᠯᠠᠨ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠨ᠎ᠡ ᠬᠠᠷᠠᠯᠲᠠ ᠰᠢᠨ᠎ᠡ ᠡᠭᠦᠷᠭᠡ᠎ᠶᠢ ᠤᠬᠠᠭᠤᠯᠵᠤ᠂ ᠬᠠᠤᠯᠢ ᠲᠣᠭᠲᠠᠭᠠᠯ ᠳᠦᠷᠢᠮ᠎ᠳᠦ ᠲᠠᠢᠯᠤᠮᠵᠢ ᠬᠢᠵᠦ᠂ ᠦᠢᠯᠡᠳᠦᠯᠭᠡ᠎ᠶᠢᠨ ᠦᠷ᠎ᠡ ᠪᠦᠲᠦᠮᠵᠢ᠎ᠶᠢ ᠤᠬᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠨᠡᠩ ᠭᠦᠨ ᠬᠠᠳᠠᠩᠰᠢᠭᠤᠯᠬᠤ ᠬᠡᠷᠡᠭᠲᠡᠢ᠃ ᠠᠷᠢᠭᠤᠨ ᠴᠢᠬᠡᠴᠢ ᠰᠣᠶᠣᠯ᠎ᠤᠨ ᠬᠥᠮᠦᠵᠢᠯ᠎ᠢ ᠴᠢᠩᠭᠠᠳᠬᠠᠵᠤ᠂ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢᠨ ᠦᠢᠯᠡ ᠶᠠᠪᠤᠳᠠᠯ᠎ᠢ ᠤᠬᠠᠭᠤᠯᠬᠤ᠎ᠶᠢ ᠴᠢᠬᠤᠯᠠᠴᠢᠯᠠᠵᠤ᠂ ᠦᠯᠢᠭᠡᠷ ᠳᠠᠭᠤᠷᠢᠶᠠᠯ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ ᠬᠡᠷᠡᠭᠲᠡᠢ᠃ ᠠᠬᠠᠮᠠᠳ ᠬᠤᠪᠢᠰᠬᠠᠯᠴᠢ ᠬᠤᠪᠢᠰᠬᠠᠯᠲᠤ ᠭᠡᠷ᠎ᠦᠨ ᠰᠤᠷᠲᠠᠯ᠎ᠢ ᠪᠠᠳᠠᠷᠠᠭᠤᠯᠵᠤ᠂ ᠠᠷᠢᠭᠤᠨ ᠴᠢᠬᠡᠴᠢ᠎ᠪᠡᠷ ᠭᠡᠷ᠎ᠢᠶᠡᠨ ᠵᠠᠰᠠᠬᠤ᠂ ᠶᠣᠰᠣ᠌ ᠮᠣᠷᠠᠯ᠎ᠢ ᠡᠷᠬᠢᠮᠯᠡᠨ ᠭᠡᠷ᠎ᠢᠶᠡᠨ ᠵᠠᠰᠠᠬᠤ᠂ ᠠᠵᠢᠯᠴᠢ ᠠᠷᠪᠢᠴᠢᠠᠵᠦ ᠲᠦᠷᠦᠬᠦ ᠰᠠᠢᠨ ᠰᠠᠢᠬᠠᠨ ᠭᠡᠷ᠎ᠦᠨ ᠰᠤᠷᠲᠠᠯ᠎ᠢ ᠴᠢᠷᠮᠠᠢᠨ ᠪᠤᠢ ᠪᠣᠯᠭᠠᠵᠤ᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭᠯᠡᠬᠦ᠂ ᠠᠷᠢᠭᠤᠨ ᠴᠢᠬᠡᠴᠢ᠎ᠪᠡᠷ ᠵᠠᠰᠠᠭ ᠪᠠᠷᠢᠬᠤ᠎ᠶᠢ ᠨᠠᠮ᠎ᠤᠨ ᠭᠡᠰᠢᠭᠦᠨ ᠺᠠᠳ᠋ᠷᠴᠤᠳ᠎ᠤᠨ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶᠢᠨ ᠤᠬᠠᠮᠰᠠᠷ ᠪᠣᠯᠭᠠᠬᠤ ᠬᠡᠷᠡᠭᠲᠡᠢ᠃
(ᠵᠣᠬᠢᠶᠠᠭ᠍ᠴᠢ ᠵᠢᠨ ᠬᠠᠶᠢᠭ᠄ ᠠᠭᠠᠷ᠎ᠤᠨ ᠴᠡᠷᠢᠭ᠎ᠦᠨ ᠺᠤᠮᠠᠨᠳᠠᠯᠠᠭᠴᠢ ᠵᠢᠨ ᠳᠡᠭᠡᠳᠦ ᠰᠤᠷᠭᠠᠭᠤᠯᠢ)