ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠤᠨ ᠰᠢᠰᠲᠧᠮ᠎ᠦᠨ ᠣᠨᠣᠯ᠎ᠤᠨ ᠪᠦᠷᠢᠯᠳᠦᠯ
2026-02-27 10:31:22
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱ᠌ᠢ ᠫᠸᠩ ᠫᠸᠩ᠂ ᠴᠧᠨ ᠸᠧᠢ ᠶᠢᠨ 《ᠳᠤᠮᠳᠠᠳᠤ ᠤᠯᠤᠰ᠎ᠤᠨ ᠰᠠᠬᠢᠯᠭ᠎ᠠ ᠪᠠᠲᠤ ᠬᠢᠨᠠᠨ ᠪᠠᠢᠴᠠᠭᠠᠬᠤ ᠰᠤᠳᠤᠯᠤᠯ》 ᠰᠡᠳᠭᠦᠯ᠎ᠤᠨ 2025 ᠣᠨ᠎ᠤ 1 ᠳ᠋ᠤᠭᠡᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ ᠪᠣᠯ ᠢᠯᠵᠢᠷᠠᠯ᠎ᠢ ᠡᠰᠡᠷᠭᠦᠴᠡᠬᠦ᠎ᠶᠢᠨ ᠬᠠᠤᠯᠢ᠎ᠪᠠᠷ ᠵᠠᠰᠠᠬᠤ᠎ᠶᠢᠨ ᠴᠢᠬᠤᠯᠠ ᠪᠠᠲᠤᠯᠠᠭ᠎ᠠ ᠮᠥᠨ᠃ ᠬᠠᠤᠯᠢ ᠪᠡᠷ ᠤᠯᠤᠰ ᠵᠢᠡᠨ ᠵᠠᠰᠠᠬᠤ ᠪᠠ ᠲᠣᠭᠲᠠᠭᠠᠯ ᠶᠣᠰᠣᠭᠠᠷ ᠨᠠᠮ᠎ᠢ ᠵᠠᠰᠠᠬᠤ᠎ᠶᠢ ᠣᠷᠭᠠᠨᠢᠭ᠋᠎ᠢᠶᠠᠷ ᠨᠢᠭᠡᠳᠭᠡᠬᠦ ᠵᠢᠴᠢ ᠢᠯᠵᠢᠷᠠᠯ᠎ᠢ ᠡᠰᠡᠷᠭᠦᠴᠡᠬᠦ ᠳᠦᠷᠢᠮ᠎ᠦᠨ ᠦᠢᠯᠡᠳᠦᠯᠭᠡ ᠪᠠ ᠢᠯᠵᠢᠷᠠᠯ᠎ᠢ ᠡᠰᠡᠷᠭᠦᠴᠡᠬᠦ ᠲᠡᠮᠡᠴᠡᠯ᠎ᠦᠨ ᠰᠢᠨ᠎ᠡ ᠱᠠᠲᠤᠨ᠎ᠤ ᠱᠠᠭᠠᠷᠳᠠᠯᠭ᠎ᠠ᠎ᠡᠴᠡ ᠡᠭᠦᠰᠴᠦ᠂ ᠮᠠᠨ ᠎ᠤ ᠤᠯᠤᠰ ᠎ᠤᠨ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠨᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠪᠠ ᠤᠯᠤᠰ᠎ᠤᠨ ᠬᠠᠤᠯᠢ ᠴᠠᠭᠠᠵᠠ ᠭᠡᠬᠦ ᠬᠣᠶᠠᠷ ᠵᠦᠢᠯ᠎ᠦᠨ ᠵᠢᠷᠤᠮᠵᠢᠯ᠎ᠤᠨ ᠲᠦᠷᠦᠯ ᠬᠡᠯᠪᠡᠷᠢ᠎ᠶᠢ ᠬᠠᠮᠤᠷᠳᠠᠭ᠃ ᠮᠠᠨ᠎ᠤ ᠤᠯᠤᠰ᠎ᠤᠨ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠤᠨ ᠰᠢᠰᠲᠧᠮ ᠨᠢ ᠨᠠᠮ᠎ᠤᠨ ᠳᠣᠲᠣᠭᠠᠳᠤ᠎ᠶᠢᠨ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠂ ᠤᠯᠤᠰ᠎ᠤᠨ ᠬᠠᠤᠯᠢ ᠴᠠᠭᠠᠵᠠ᠎ᠳᠠᠬᠢ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ ᠵᠢᠴᠢ ᠡᠨᠡ ᠬᠣᠶᠠᠷ᠎ᠤᠨ ᠵᠣᠯᠭᠠᠯᠳᠤᠯ᠎ᠦᠨ ᠵᠢᠷᠤᠮᠵᠢᠯ᠎ᠢᠶᠠᠷ ᠪᠦᠷᠢᠯᠳᠦᠵᠦ᠂ ᠪᠠᠢᠷᠢ ᠳᠡᠰ᠎ᠤᠨ ᠪᠦᠲᠦᠴᠡ ᠨᠢ ᠨᠡᠯᠢᠶᠡᠳ ᠲᠣᠳᠣᠷᠬᠠᠢ᠂ ᠬᠠᠤᠯᠢ ᠲᠣᠭᠲᠠᠭᠠᠯ᠎ᠤᠨ ᠬᠣᠭᠣᠷᠣᠨᠳᠤ᠎ᠪᠠᠨ ᠨᠡᠪᠲᠡᠷᠡᠯᠴᠡᠨ ᠬᠠᠮᠵᠢᠯᠴᠠᠭᠰᠠᠨ᠂ ᠴᠢᠳᠠᠮᠵᠢ ᠨᠢ ᠤᠯᠠᠨ ᠲᠠᠯᠠᠳᠦ ᠬᠠᠷᠢᠯᠴᠠᠨ ᠨᠥᠬᠥᠪᠦᠷᠢᠯᠡᠭᠰᠡᠨ ᠣᠨᠴᠠᠯᠢᠭ᠋ ᠲᠠᠢ ᠪᠠᠢᠳᠠᠭ᠃ ᠮᠠᠨ ᠎ᠤ ᠤᠯᠤᠰ ᠎ᠤᠨ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠤᠨ ᠰᠢᠰᠲᠧᠮ᠎ᠳᠦ ᠠᠪᠴᠤ ᠬᠡᠯᠡᠪᠡᠯ᠂ ᠤᠯᠤᠰ᠎ᠤᠨ ᠳᠣᠲᠣᠭᠠᠳᠤ᠎ᠶᠢᠨ ᠵᠠᠷᠢᠮ ᠡᠷᠳᠡᠮᠲᠡᠳ᠎ᠦᠨ ᠵᠣᠷᠢᠵᠤ ᠪᠠᠢᠭ᠎ᠠ 《ᠬᠠᠤᠯᠢ ᠴᠠᠭᠠᠵᠠ ᠡᠰᠢ ᠨᠢᠭᠡᠲᠠᠢ》 ᠭᠡᠮᠡᠬᠦ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠤᠨ ᠰᠢᠰᠲᠧᠮ᠎ᠦᠨ ᠤᠨᠤᠯ᠂ ᠥᠷᠥᠨᠡᠳᠠᠬᠢᠨ᠎ᠤ 《ᠦᠨᠳᠦᠰᠦᠨ ᠵᠢᠷᠤᠮᠵᠢᠯ᠎ᠤᠨ ᠰᠤᠷᠭᠠᠯ》᠂ 《ᠳᠠᠪᠬᠤᠷᠭ᠎ᠠ᠎ᠶᠢᠨ ᠪᠦᠲᠦᠴᠡ᠎ᠶᠢᠨ ᠤᠨᠤᠯ》 ᠵᠡᠷᠭᠡ ᠰᠣᠩᠭᠣᠳᠠᠭ ᠬᠠᠤᠯᠢ ᠴᠠᠭᠠᠵᠠ᠎ᠶᠢᠨ ᠰᠢᠰᠲᠧᠮ᠎ᠦᠨ ᠤᠨᠤᠯ ᠨᠢ ᠴᠥᠮ ᠲᠠᠢᠯᠪᠤᠷᠢᠯᠠᠬᠤ ᠬᠦᠴᠦᠨ᠎ᠦ ᠲᠠᠯ᠎ᠠ᠎ᠪᠠᠷ ᠬᠢᠵᠠᠭᠠᠷᠯᠠᠯ᠎ᠲᠠᠢ ᠶᠤᠮ᠃ ᠡᠢᠮᠦ ᠪᠤᠯᠬᠤᠷ ᠰᠢᠭᠦᠮᠵᠢᠯᠡᠯᠳᠦ᠎ᠴᠢᠨᠠᠷᠲᠠᠢ᠎ᠪᠠᠷ ᠨᠢᠭᠡᠨᠲᠡ ᠪᠠᠢᠭ᠎ᠠ ᠬᠠᠤᠯᠢ ᠴᠠᠭᠠᠵᠠ᠎ᠶᠢᠨ ᠰᠢᠰᠲᠧᠮ᠎ᠦᠨ ᠤᠨᠤᠯ᠎ᠵᠢᠡᠷ ᠲᠤᠯᠢ ᠪᠤᠯᠭᠠᠵᠦ᠂ ᠮᠠᠨ᠎ᠤ ᠤᠯᠤᠰ᠎ᠤᠨ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠤᠨ ᠰᠢᠰᠲᠧᠮ᠎ᠦᠨ ᠪᠦᠷᠢᠯᠳᠦᠯ᠎ᠳᠦ ᠰᠠᠭᠤᠷᠢᠯᠠᠵᠤ᠂ 《ᠰᠠᠬᠢᠯᠭ᠎ᠠ ᠪᠠᠲᠤ ᠬᠠᠤᠯᠢ ᠴᠠᠭᠠᠵᠠ᠎ᠶᠢᠨ ᠪᠦᠲᠦᠴᠡ — ᠴᠢᠳᠠᠮᠵᠢ》᠎ᠶᠢᠨ ᠤᠨᠤᠯ᠎ᠵᠢᠡᠷ ᠲᠤᠯᠢ ᠪᠤᠯᠭᠠᠵᠦ ᠪᠠᠶ᠋ᠢᠭᠤᠯᠵᠤ ᠨᠢ ᠮᠠᠨ᠎ᠤ ᠤᠯᠤᠰ᠎ᠤᠨ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠤᠨ ᠰᠢᠰᠲᠧᠮ᠎ᠦᠨ ᠰᠢᠨ᠎ᠡ᠎ᠶᠢ ᠡᠭᠦᠳᠬᠦ ᠤᠨᠤᠯ ᠎ᠢ ᠲᠠᠢᠯᠪᠦᠷᠢᠯᠠᠵᠦ ᠪᠤᠯᠬᠤ ᠶᠤᠮ᠃ ᠲᠣᠰ ᠣᠨᠣᠯ᠎ᠳᠤ ᠭᠤᠷᠪᠠᠨ ᠡᠯᠧᠮᠧᠨ᠋ᠲ ᠪᠠᠭᠲᠠᠳᠠᠭ᠄ ᠨᠢᠭᠡ᠎ᠳᠦ᠂ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠤᠨ ᠰᠢᠰᠲᠧᠮ᠎ᠳᠦ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ ᠪᠠ ᠤᠯᠤᠰ᠎ᠤᠨ ᠬᠠᠤᠯᠢ ᠴᠠᠭᠠᠵᠠ ᠭᠡᠬᠦ ᠬᠣᠶᠠᠷ ᠵᠦᠢᠯ᠎ᠦᠨ ᠵᠢᠷᠤᠮᠵᠢᠯ᠎ᠤᠨ ᠬᠡᠯᠪᠡᠷᠢ ᠪᠠᠢᠳᠠᠭ᠂ ᠡᠨᠡ᠎ᠬᠦ ᠬᠣᠶᠠᠷ ᠵᠦᠢᠯ᠎ᠦᠨ ᠵᠢᠷᠤᠮᠵᠢᠯ᠎ᠤᠨ ᠬᠡᠯᠪᠡᠷᠢ᠎ᠳᠡᠬᠢ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠨᠢ ᠬᠣᠣᠰ ᠴᠢᠭᠯᠡᠯ᠎ᠤᠨ ᠵᠣᠯᠭᠠᠯᠴᠠᠭ᠎ᠠ ᠪᠠᠢᠳᠠᠭ; ᠬᠣᠶᠠᠷ᠎ᠲᠤ᠂ ᠢᠯᠵᠢᠷᠠᠯ᠎ᠢ ᠡᠰᠡᠷᠭᠦᠴᠡᠬᠦ ᠬᠣᠶᠠᠷ ᠲᠦᠷᠦᠯ᠎ᠦᠨ ᠬᠠᠤᠯᠢ ᠲᠣᠭᠲᠠᠭᠠᠯ᠎ᠤᠨ ᠰᠢᠰᠲᠧᠮ᠎ᠦᠨ ᠪᠦᠲᠦᠴᠡ᠎ᠶᠢᠨ ᠲᠡᠰ ᠳᠠᠪᠬᠤᠷᠭᠠᠲᠤ ᠴᠢᠨᠠᠷ ᠪᠠ ᠵᠣᠬᠢᠴᠠᠯᠳᠤᠨ ᠨᠡᠪᠲᠡᠷᠡᠯᠴᠡᠬᠦ ᠴᠢᠨᠠᠷ᠎ᠢ ᠴᠢᠬᠤᠯᠠᠴᠢᠯᠠᠵᠠᠢ; ᠭᠤᠷᠪᠠ᠎ᠳᠤ᠂ ᠢᠯᠵᠢᠷᠠᠯ᠎ᠢ ᠡᠰᠡᠷᠭᠦᠴᠡᠬᠦ ᠬᠠᠤᠯᠢ ᠲᠣᠭᠲᠠᠭᠠᠯ᠎ᠨᠢ ᠴᠢᠳᠠᠮᠵᠢ᠎ᠶᠢᠨ ᠲᠠᠯ᠎ᠠ᠎ᠪᠠᠷ ᠪᠦᠷᠢᠨ ᠲᠡᠭᠦᠯᠳᠡᠷ᠂ ᠬᠠᠷᠢᠯᠴᠠᠨ ᠨᠥᠬᠥᠪᠦᠷᠢᠯᠡᠵᠠᠢ ᠭᠡᠵᠦ ᠵᠢᠭᠠᠵᠦ ᠭᠠᠷᠭᠠᠪᠠ᠃

(《ᠱᠢᠨᠬᠤᠸᠠ ᠵᠤᠬᠢᠶᠠᠯ᠎ᠤᠨ ᠱᠦᠭᠦᠮᠡᠭ》 ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号