ᠮᠠᠷᠺᠰ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ ᠨᠡᠢᠭᠡᠮ᠎ᠦᠨ ᠬᠥᠭᠵᠢᠯᠲᠡ᠎ᠶᠢ ᠠᠬᠢᠭᠤᠯᠬᠤ ᠲᠤᠬᠠᠢ ᠭᠤᠷᠪᠠᠨ ᠬᠠᠷᠠᠭᠠᠰᠤ
2026-02-27 10:34:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢᠶᠠ ᠸᠸᠨ ᠪᠢᠨ᠂ ᠵᠠᠩ ᠴᠦ ᠴᠢᠶᠣᠤ 《ᠱᠠᠨᠳᠦ᠋ᠩ᠎ᠦᠨ ᠨᠡᠢᠭᠡᠮ᠎ᠦᠨ ᠰᠢᠨᠵᠢᠯᠡᠬᠦ ᠤᠬᠠᠭᠠᠨ》 ᠰᠡᠳᠭᠦᠯ᠎ᠤᠨ 2025 ᠣᠨ᠎ᠤ 1 ᠳ᠋ᠤᠭᠡᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠮᠠᠷᠺᠰ᠎ᠤᠨ ᠦᠵᠡᠯ ᠨᠢ ᠦᠢᠯᠡᠳᠪᠦᠷᠢᠯᠡᠯ᠎ᠦᠨ ᠬᠦᠴᠦᠨ᠎ᠦ ᠤᠨᠤᠯ᠎ᠵᠢᠡᠷ ᠨᠡᠢᠭᠡᠮ᠎ᠦᠨ ᠬᠥᠭᠵᠢᠯᠲᠡ᠎ᠶᠢᠨ ᠬᠥᠳᠡᠯᠭᠡᠬᠦ ᠬᠦᠴᠦᠨ᠎ᠦ ᠡᠯᠧᠮᠧᠨ᠋ᠲ᠎ᠢ ᠢᠯᠡᠷᠡᠭᠦᠯᠵᠦ ᠪᠤᠢ ᠭᠡᠵᠦ ᠵᠢᠭᠠᠵᠤ ᠭᠠᠷᠭᠠᠪᠠ᠃ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ ᠨᠡᠢᠭᠡᠮ᠎ᠦᠨ ᠬᠥᠭᠵᠢᠯᠲᠡ᠎ᠶᠢ ᠠᠬᠢᠭᠤᠯᠬᠤ ᠲᠤᠬᠠᠢ ᠮᠠᠷᠺᠰ ᠡᠩᠭᠧᠯᠰ ᠭᠣᠣᠯᠳᠠᠭᠤ ᠭᠤᠷᠪᠠᠨ ᠬᠠᠷᠠᠭᠠᠰᠤ᠎ᠠᠴᠠ ᠰᠢᠨᠵᠢᠯᠡᠬᠦ ᠤᠬᠠᠭᠠᠨᠴᠢ ᠬᠤᠷᠢᠶᠠᠩᠭᠤᠢᠯᠠᠯ ᠬᠢᠪᠡ᠄ ᠨᠢᠭᠡ᠎ᠳᠦ᠂ ᠦᠢᠯᠡᠳᠪᠦᠷᠢᠯᠡᠯ᠎ᠦᠨ ᠬᠦᠴᠦᠨ᠎ᠦ ᠳᠣᠲᠣᠭᠠᠳᠤ ᠪᠦᠲᠦᠴᠡ ᠵᠢᠴᠢ ᠲᠡᠭᠦᠨ᠎ᠢ ᠰᠢᠯᠢᠳᠡᠭᠵᠢᠭᠦᠯᠦᠨ ᠨᠡᠢᠯᠡᠭᠦᠯᠬᠦ ᠪᠡᠷ ᠨᠡᠢᠭᠡᠮ᠎ᠦᠨ ᠬᠥᠭᠵᠢᠯᠲᠡ᠎ᠶᠢᠨ ᠭᠣᠣᠯᠯᠠᠭ᠍ᠴᠢ ᠬᠥᠳᠡᠯᠭᠡᠬᠦ ᠬᠦᠴᠦᠨ᠎ᠢ ᠲᠠᠢᠯᠪᠦᠷᠢᠯᠠᠵᠤ᠂ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠦᠢᠯᠡᠳᠪᠦᠷᠢᠯᠡᠯ᠎ᠦᠨ ᠬᠦᠴᠦᠨ᠎ᠦ ᠳᠣᠲᠣᠭᠠᠳᠤ ᠪᠦᠲᠦᠴᠡ᠎ᠳᠦ ᠣᠷᠣᠭᠤᠯᠵᠤ 《ᠤᠷᠪᠠᠯ》 ᠡᠭᠦᠰᠬᠡᠬᠦ᠎ᠶᠢ ᠴᠢᠬᠤᠯᠠᠴᠢᠯᠠᠪᠠ; ᠬᠣᠶᠠᠷ᠎ᠲᠤ᠂ ᠦᠢᠯᠡᠳᠪᠦᠷᠢᠯᠡᠯ᠎ᠦᠨ ᠬᠦᠴᠦᠨ ᠪᠣᠯᠣᠨ ᠦᠢᠯᠡᠳᠪᠦᠷᠢᠯᠡᠯ᠎ᠦᠨ ᠬᠠᠷᠢᠴᠠᠭ᠎ᠠ᠎ᠶᠢᠨ ᠬᠣᠭᠣᠷᠣᠨᠳᠣᠬᠢ ᠵᠥᠷᠢᠴᠡᠯ᠎ᠦᠨ ᠬᠥᠳᠡᠯᠭᠡᠭᠡᠨ᠎ᠢ ᠰᠤᠳᠤᠯᠬᠤ᠎ᠪᠠᠷ ᠳᠠᠮᠵᠢᠨ ᠨᠡᠢᠭᠡᠮ᠎ᠦᠨ ᠬᠥᠭᠵᠢᠯᠲᠡ᠎ᠶᠢᠨ ᠦᠨᠳᠦᠰᠦᠨ ᠬᠥᠳᠡᠯᠭᠡᠭᠴᠢ ᠬᠦᠴᠦᠨ᠎ᠢ ᠢᠯᠡᠷᠡᠭᠦᠯᠵᠦ᠂ ᠨᠡᠢᠭᠡᠮ᠎ᠦᠨ ᠪᠣᠳᠠᠰ᠎ᠤᠨ ᠦᠢᠯᠡᠳᠪᠦᠷᠢᠯᠡᠯ᠎ᠦᠨ ᠬᠦᠴᠦᠨ ᠬᠥᠭᠵᠢᠭᠡᠳ ᠵᠣᠬᠢᠬᠤ ᠱᠠᠲᠤᠨ᠎ᠳᠤ ᠬᠦᠷᠪᠡᠯ᠂ ᠣᠳᠣᠬᠢ ᠦᠢᠯᠡᠳᠪᠦᠷᠢᠯᠡᠯ᠎ᠦᠨ ᠬᠠᠷᠢᠴᠠᠭ᠎ᠠ᠎ᠲᠠᠢ ᠮᠥᠷᠭᠥᠯᠳᠦᠭᠡᠨ ᠡᠭᠦᠰᠴᠤ ᠨᠡᠢᠭᠡᠮ᠎ᠦᠨ ᠬᠤᠪᠢᠰᠬᠠᠯ᠎ᠢ ᠡᠭᠦᠰᠭᠡᠳᠡᠭ ᠭᠡᠵᠠᠢ; ᠭᠤᠷᠪᠠ᠎ᠳᠤ᠂ ᠨᠡᠢᠯᠡᠮᠡᠯ ᠬᠦᠴᠦᠨ᠎ᠢᠶᠡᠷ ᠨᠡᠢᠭᠡᠮ᠎ᠦᠨ ᠬᠥᠭᠵᠢᠯᠲᠡ᠎ᠶᠢᠨ ᠪᠦᠬᠦᠯᠢ ᠴᠣᠭᠴᠠ᠎ᠶᠢᠨ ᠬᠥᠳᠡᠯᠭᠡᠭᠴᠢ ᠬᠦᠴᠦᠨ᠎ᠢ ᠬᠤᠷᠢᠶᠠᠩᠭᠤᠢᠯᠠᠨ ᠥᠭᠦᠯᠡᠵᠦ᠂ ᠠᠵᠤ ᠠᠬᠤᠢ᠂ ᠤᠯᠤᠰ ᠲᠦᠷᠦ ᠪᠠ ᠰᠣᠶᠣᠯ᠎ᠤᠨ ᠡᠯᠧᠮᠧᠨ᠋ᠲ ᠪᠣᠯ ᠴᠥᠮ ᠨᠡᠢᠭᠡᠮ᠎ᠦᠨ ᠬᠥᠭᠵᠢᠯᠲᠡ᠎ᠶᠢᠨ ᠬᠥᠳᠡᠯᠭᠡᠭᠴᠢ ᠬᠦᠴᠦᠨ᠎ᠦ ᠡᠬᠢ ᠰᠤᠷᠪᠤᠯᠵᠢ᠎ᠶᠢᠨ ᠪᠦᠷᠢᠯᠳᠦᠭᠦᠨ ᠬᠡᠰᠡᠭ ᠮᠥᠨ ᠭᠡᠳᠡᠭ᠎ᠢ ᠴᠢᠬᠤᠯᠠᠴᠢᠯᠠᠪᠠ᠃ ᠡᠭᠦᠨ᠎ᠡᠴᠡ ᠪᠢᠳᠡ ᠮᠠᠷᠺᠰ᠎ᠤᠨ ᠦᠵᠡᠯ᠎ᠦᠨ ᠦᠢᠯᠡᠳᠪᠦᠷᠢᠯᠡᠯ᠎ᠦᠨ ᠬᠦᠴᠦᠨ᠎ᠦ ᠰᠢᠰᠲᠧᠮ᠎ᠦᠨ ᠪᠦᠬᠦᠯᠢ ᠴᠣᠭᠴᠠᠲᠤ ᠴᠢᠨᠠᠷ ᠪᠣᠯᠣᠨ ᠨᠠᠷᠢᠨ ᠪᠤᠳᠤᠯᠢᠶᠠᠨᠲᠠᠢ ᠪᠦᠲᠦᠴᠡ᠎ᠶᠢᠨ ᠴᠢᠨᠠᠷ᠎ᠢ ᠣᠯᠵᠤ ᠬᠠᠷᠠᠬᠤ ᠪᠣᠯᠣᠨ᠎ᠠ᠂ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠳᠤ ᠦᠶ᠎ᠡ᠎ᠶᠢᠨ ᠴᠢᠳᠠᠮᠵᠢ᠎ᠳᠤ ᠬᠣᠯᠪᠣᠭᠳᠠᠬᠤ ᠦᠶ᠎ᠡ᠎ᠳᠦ᠂ ᠮᠠᠷᠺᠰ ᠲᠡᠭᠦᠨ᠎ᠢ 《ᠮᠸᠬᠠᠨᠢᠭ᠎ᠤᠨ ᠬᠥᠷᠥᠩᠭᠡᠲᠦ ᠶᠣᠰᠣᠨ᠎ᠤ ᠭᠡᠷᠡᠭᠯᠡᠭᠡᠨ》 ᠭᠡᠵᠦ ᠥᠭᠦᠯᠡᠵᠦ᠂ ᠨᠢᠭᠡ ᠲᠠᠯ᠎ᠠ᠎ᠪᠠᠷ ᠲᠡᠭᠦᠨ᠎ᠦ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠠᠪᠴᠢᠷᠠᠭᠰᠠᠨ ᠳᠤᠡᠭᠰᠤᠯᠤᠯᠲᠠ᠎ᠶᠢᠨ ᠴᠢᠨᠠᠷᠲᠠᠢ ᠬᠤᠪᠢᠰᠬᠠᠯ᠎ᠢ ᠴᠢᠬᠤᠯᠠᠴᠢᠯᠠᠵᠤ᠂ ᠲᠡᠷᠡ ᠨᠢ ᠬᠥᠷᠥᠩᠭᠡᠲᠦ ᠶᠣᠰᠣᠨ᠎ᠤ ᠦᠢᠯᠡᠳᠪᠦᠷᠢᠯᠡᠯ᠎ᠦᠨ ᠬᠦᠴᠦᠨ᠎ᠦ ᠲᠦᠪᠰᠢᠨ᠎ᠦ ᠲᠠᠰᠤᠷᠠᠯᠳᠠ ᠦᠭᠡᠢ ᠳᠡᠭᠡᠭᠰᠢᠯᠡᠬᠦ᠎ᠶᠢ ᠠᠬᠢᠭᠤᠯᠵᠤ᠂ ᠨᠦᠬᠦᠬᠡ ᠲᠠᠯ᠎ᠠ᠎ᠪᠠᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ᠎ᠤᠨ ᠬᠥᠷᠥᠩᠭᠡᠲᠦ ᠶᠣᠰᠣᠨ᠎ᠤ ᠦᠢᠯᠡᠳᠪᠦᠷᠢᠯᠡᠯ᠎ᠦᠨ ᠬᠠᠷᠢᠴᠠᠭᠠᠨ᠎ᠤ ᠬᠦᠯᠢᠶᠡᠰᠦᠯᠡᠯ ᠳᠣᠣᠷ᠎ᠠ ᠪᠤᠢ ᠪᠣᠯᠤᠭᠰᠠᠨ ᠬᠥᠮᠥᠨ᠎ᠦ ᠣᠨᠳᠣᠣᠰᠢᠯ᠂ ᠲᠥᠪ ᠭᠣᠣᠯᠴᠢ ᠪᠣᠯᠣᠨ ᠦᠷ᠎ᠡ ᠠᠰᠢᠭ᠋᠎ᠤᠨ ᠡᠰᠡᠷᠭᠦᠴᠡᠯᠳᠦᠯ ᠵᠡᠷᠭᠡ ᠠᠰᠠᠭᠤᠳᠠᠯ᠎ᠢ ᠢᠯᠡᠷᠡᠭᠦᠯᠵᠡᠢ᠃ ᠡᠢᠮᠦ᠎ᠡᠴᠡ ᠰᠢᠨ᠎ᠡ ᠬᠡᠯᠪᠡᠷᠢ ᠵᠢᠨ᠂ ᠦᠢᠯᠡᠳᠪᠦᠷᠢᠯᠡᠯ᠎ᠦᠨ ᠬᠦᠴᠦᠨ᠎ᠲᠠᠢ ᠵᠣᠬᠢᠴᠠᠭᠰᠠᠨ ᠦᠢᠯᠡᠳᠪᠦᠷᠢᠯᠡᠯ᠎ᠦᠨ ᠬᠠᠷᠢᠴᠠᠭ᠎ᠠ᠎ᠶᠢ ᠪᠠᠶ᠋ᠢᠭᠤᠯᠬᠤ ᠪᠣᠯ ᠬᠥᠷᠥᠩᠭᠡᠲᠦ ᠶᠣᠰᠣᠨ᠎ᠤ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠬᠦᠴᠢᠷᠳᠡᠯ᠎ᠢ ᠰᠢᠢᠳᠪᠦᠷᠢᠯᠡᠬᠦ ᠠᠯᠤᠰ ᠬᠡᠳᠦ᠎ᠶᠢᠨ ᠵᠠᠮ ᠮᠥᠨ ᠭᠡᠪᠡ᠃ ᠳᠡᠭᠡᠷ᠎ᠡ ᠳᠤᠷᠠᠳᠤᠭᠰᠠᠨ ᠬᠠᠷᠠᠭᠠᠰᠤ ᠡᠴᠡ ᠦᠵᠡᠪᠡᠯ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠪᠤᠯ ᠮᠠᠷᠺᠰ᠎ᠤᠨ ᠦᠵᠡᠯ᠎ᠦᠨ ᠦᠢᠯᠡᠳᠪᠦᠷᠢᠯᠡᠯ᠎ᠦᠨ ᠬᠦᠴᠦᠨ᠎ᠦ ᠤᠨᠤᠯ ᠪᠣᠯᠣᠨ ᠨᠡᠢᠭᠡᠮ᠎ᠦᠨ ᠬᠥᠭᠵᠢᠯᠲᠡ᠎ᠶᠢᠨ ᠬᠥᠳᠡᠯᠭᠡᠬᠦ ᠬᠦᠴᠦᠨ᠎ᠦ ᠰᠤᠷᠭᠠᠯ᠎ᠢ ᠪᠠᠷᠢᠮᠲᠠᠯᠠᠭᠰᠠᠨ ᠶᠤᠮ᠃

(《ᠱᠢᠨᠬᠤᠸᠠ ᠵᠤᠬᠢᠶᠠᠯ ᠎ᠤᠨ ᠱᠦᠭᠦᠮᠡᠭ》 ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号