ᠳᠤᠮᠳᠠᠳᠤ᠎ᠶᠢᠨ ᠭᠤᠸ᠎ᠠ ᠵᠦᠢ᠎ᠶᠢᠨ ᠲᠡᠦᠬᠡ᠎ᠶᠢᠨ ᠰᠢᠨᠵᠢ ᠴᠢᠨᠠᠷ ᠵᠢᠴᠢ ᠳᠣᠲᠣᠭᠠᠳᠤ ᠯᠣᠭᠢᠭ᠋
2026-02-27 13:05:01
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠴᠧᠨ ᠸᠠᠩ ᠾᠧᠩ 《ᠾᠧᠪᠧᠢ ᠵᠢᠨ ᠡᠷᠳᠡᠮ ᠰᠢᠨᠵᠢᠯᠡᠭᠡᠨ》᠎ᠦ ᠰᠡᠳᠬᠦᠯ᠎ᠦᠨ 2025 ᠣᠨ᠎ᠤ 1 ᠳ᠋ᠤᠭᠡᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠳᠤᠮᠳᠠᠳᠤ᠎ᠶᠢᠨ ᠭᠤᠸ᠎ᠠ ᠵᠦᠢ᠎ᠶᠢᠨ ᠲᠡᠦᠬᠡ᠎ᠶᠢᠨ ᠰᠢᠨᠵᠢ ᠴᠢᠨᠠᠷ ᠵᠢᠴᠢ ᠳᠣᠲᠣᠭᠠᠳᠤ ᠯᠣᠭᠢᠭ᠋ ᠨᠢ ᠭᠣᠣᠯᠳᠠᠭᠤ ᠲᠠᠪᠤᠨ ᠲᠠᠯ᠎ᠠ᠎ᠪᠠᠷ ᠢᠯᠡᠷᠡᠵᠦ ᠪᠠᠢᠳᠠᠭ ᠭᠡᠵᠡᠢ᠄ ᠨᠢᠭᠡ᠂ ᠳᠤᠮᠳᠠᠳᠤ᠎ᠶᠢᠨ ᠭᠤᠸ᠎ᠠ ᠵᠦᠢ᠎ᠶᠢᠨ ᠦᠨᠳᠦᠰᠦᠲᠡᠨ᠎ᠦ ᠴᠢᠨᠠᠷ᠃ ᠳᠤᠮᠳᠠᠳᠤ᠎ᠶᠢᠨ ᠭᠤᠸ᠎ᠠ ᠵᠦᠢ ᠪᠣᠯ ᠳᠤᠮᠳᠠᠳᠤ᠎ᠶᠢᠨ ᠦᠨᠳᠦᠰᠦᠲᠡᠨ᠎ᠦ ᠭᠤᠸ᠎ᠠ ᠵᠦᠢ ᠮᠥᠨ᠂ ᠳᠤᠮᠳᠠᠳᠤ᠎ᠶᠢᠨ ᠦᠨᠳᠦᠰᠦᠲᠡᠨ᠎ᠦ ᠰᠣᠶᠣᠯ ᠨᠢ ᠬᠢᠲᠠᠳ ᠰᠣᠶᠣᠯ᠎ᠢᠶᠠᠷ ᠰᠦᠭ ᠰᠦᠨᠡᠰᠦ᠎ᠪᠡᠨ ᠪᠣᠯᠭᠠᠳᠠᠭ ᠪᠣᠯᠪᠠᠴᠤ ᠵᠥᠪᠬᠡᠨ ᠬᠢᠲᠠᠳ ᠦᠨᠳᠦᠰᠦᠲᠡᠨ᠎ᠦ ᠰᠣᠶᠣᠯ ᠲᠡᠳᠦᠢ ᠪᠢᠰᠢ᠂ ᠲᠡᠷᠡ ᠨᠢ ᠳᠤᠮᠳᠠᠳᠤ ᠎ᠵᠢᠨ ᠡᠬᠡ ᠭᠠᠵᠠᠷ ᠳᠡᠭᠡᠷ᠎ᠡ ᠠᠮᠢᠳᠤᠷᠠᠵᠤ ᠪᠠᠢᠭ᠎ᠠ ᠤᠯᠠᠨ ᠦᠨᠳᠦᠰᠦᠲᠡᠨ ᠎ᠦ ᠰᠣᠶᠣᠯ᠎ᠤᠨ ᠵᠤᠷᠢᠭ ᠰᠠᠨᠠᠭ᠎ᠠ ᠮᠦᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ ᠎ᠶᠢᠨ ᠣᠢᠯᠠᠭᠠᠭᠳᠠᠬᠤᠨ᠂ ᠵᠣᠷᠢᠭ᠋ ᠰᠠᠨᠠᠭ᠎ᠠ᠂ ᠤᠯᠠᠮᠵᠢᠯᠠᠯ᠎ᠢ ᠲᠣᠪᠤᠢᠯᠭᠠᠨ ᠢᠯᠡᠷᠡᠭᠦᠯᠵᠦ ᠪᠠᠢᠭ᠎ᠠ ᠶᠤᠮ᠃ ᠬᠤᠶᠠᠷ᠂ ᠳᠤᠮᠳᠠᠳᠤ᠎ᠶᠢᠨ ᠭᠤᠸ᠎ᠠ ᠵᠦᠢ᠎ᠶᠢᠨ ᠤᠯᠤᠰᠴᠢ ᠴᠢᠨᠠᠷ᠃ ᠳᠤᠮᠳᠠᠳᠤ᠎ᠶᠢᠨ ᠭᠤᠸ᠎ᠠ ᠵᠦᠢ᠎ᠶᠢᠨ ᠤᠯᠤᠰᠴᠢ ᠴᠢᠨᠠᠷ ᠨᠢ ᠵᠧᠦ ᠤᠯᠤᠰ᠎ᠲᠦ ᠰᠠᠭᠤᠷᠢᠯᠠᠵᠤ᠂ ᠵᠧᠦ ᠤᠯᠤᠰ᠎ᠤᠨ ᠶᠣᠰᠣᠯᠠᠯ ᠬᠥᠭᠵᠢᠮ᠎ᠦᠨ ᠰᠣᠶᠣᠯ ᠨᠢ ᠤᠯᠤᠰ ᠲᠥᠷᠥ᠎ᠶᠢᠨ ᠰᠣᠶᠣᠯ ᠮᠥᠷᠲᠡᠭᠡᠨ ᠭᠤᠸ᠎ᠠ ᠲᠠᠭᠠᠰᠢᠶᠠᠯ᠎ᠤᠨ ᠰᠣᠶᠣᠯ ᠮᠦᠨ᠃ ᠳᠤᠮᠳᠠᠳᠤ᠎ᠶᠢᠨ ᠰᠣᠶᠣᠯ᠎ᠳᠠᠬᠢ ᠭᠣᠣᠯ ᠰᠤᠷᠭᠠᠯ ᠺᠦᠡᠭᠽᠢ ᠵᠢᠨ ᠰᠤᠷᠭᠠᠯ᠂ ᠪᠣᠮᠪᠣ ᠵᠢᠨ ᠰᠤᠷᠭᠠᠯ᠂ ᠮᠦᠸᠧ ᠵᠢᠨ ᠰᠤᠷᠭᠠᠯ ᠵᠡᠷᠭᠡ᠎ᠶᠢᠨ ᠭᠤᠸ᠎ᠠ ᠵᠦᠢ᠎ᠶᠢᠨ ᠦᠵᠡᠯ ᠰᠠᠨᠠᠭ᠎ᠠ ᠨᠢ ᠪᠦᠷ ᠢᠯᠡ ᠲᠣᠳᠣ᠌ ᠤᠯᠤᠰᠴᠢ ᠴᠢᠨᠠᠷᠲᠠᠢ᠃ ᠭᠤᠷᠪᠠ ᠂ᠳᠤᠮᠳᠠᠳᠤ᠎ᠶᠢᠨ ᠭᠤᠸ᠎ᠠ ᠵᠦᠢ᠎ᠶᠢᠨ ᠰᠣᠶᠣᠯ᠎ᠤᠨ ᠠᠷᠤᠭ ᠶᠠᠰᠤ᠃ ᠲᠡᠭᠦᠨ᠎ᠦ ᠳᠤᠮᠳᠠᠳᠤ᠎ᠶᠢᠨ ᠰᠣᠶᠣᠯ᠎ᠳᠤ ᠦᠨᠳᠦᠰᠦᠯᠡᠭᠰᠡᠨ ᠭᠤᠷᠪᠠᠨ ᠶᠡᠬᠡ ᠤᠷᠤᠰᠬᠠᠯ ᠪᠦᠯᠦᠭ ᠪᠤᠯ ᠺᠦᠡᠭᠽᠢ ᠵᠢᠨ ᠰᠤᠷᠭᠠᠯ᠂ ᠪᠣᠮᠪᠣ ᠵᠢᠨ ᠰᠤᠷᠭᠠᠯ᠂ ᠪᠤᠷᠬᠠᠨ ᠎ᠦ ᠰᠤᠷᠭᠠᠯ ᠪᠤᠯᠤᠨ᠎ᠠ᠃ ᠺᠦᠡᠭᠽᠢ ᠵᠢᠨ ᠰᠤᠷᠭᠠᠯ᠎ᠤᠨ ᠭᠤᠸ᠎ᠠ ᠵᠦᠢ ᠨᠢ ᠨᠡᠢᠭᠡᠮ᠎ᠢ ᠴᠢᠬᠤᠯᠠᠴᠢᠯᠠᠳᠠᠭ᠂ ᠪᠣᠮᠪᠣ᠎ᠶᠢᠨ ᠰᠤᠷᠭᠠᠯ ᠎ᠤᠨ ᠭᠤᠸ᠎ᠠ ᠵᠦᠢ ᠨᠢ ᠪᠠᠢᠭᠠᠯᠢ᠎ᠶᠢ ᠴᠢᠬᠤᠯᠠᠴᠢᠯᠠᠳᠠᠭ᠂ ᠪᠤᠷᠬᠠᠨ ᠎ᠦ ᠰᠤᠷᠭᠠᠯ ᠎ᠤᠨ ᠭᠤᠸ᠎ᠠ ᠵᠦᠢ ᠨᠢ ᠲᠥᠪ ᠴᠢᠨᠠᠷ ᠎ᠢ ᠴᠢᠬᠤᠯᠠᠴᠢᠯᠠᠳᠠᠭ᠃ ᠡᠨᠡ ᠭᠤᠷᠪᠠ ᠨᠢ ᠬᠠᠷᠢᠴᠠᠩᠭᠤᠢ ᠪᠥᠭᠡᠳ ᠬᠠᠷᠢᠯᠴᠠᠨ ᠨᠥᠬᠥᠪᠦᠷᠢᠯᠡᠵᠦ᠂ ᠬᠠᠮᠲᠤ᠎ᠪᠠᠷ ᠳᠤᠮᠳᠠᠳᠤ᠎ᠶᠢᠨ ᠭᠤᠸ᠎ᠠ ᠵᠦᠢ᠎ᠶᠢᠨ ᠰᠣᠶᠣᠯ᠎ᠤᠨ ᠨᠢᠷᠤᠭᠤᠪᠴᠢ᠎ᠶᠢ ᠪᠥᠷᠢᠯᠳᠦᠭᠦᠯᠳᠡᠭ᠃ ᠳᠦᠷᠪᠡ᠂  ᠳᠤᠮᠳᠠᠳᠤ᠎ᠶᠢᠨ ᠭᠤᠸ᠎ᠠ ᠵᠦᠢ᠎ᠶᠢᠨ ᠰᠢᠯᠦᠭᠯᠢᠭ ᠴᠢᠨᠠᠷ᠃《ᠰᠢᠯᠦᠭᠯᠡᠯᠲᠦ ᠨᠣᠮ》 《ᠴᠦ᠎ᠶᠢᠨ ᠤᠶᠠᠩᠭ᠎ᠠ》 ᠪᠠ ᠲᠠᠩ ᠤᠯᠤᠰ᠎ᠤᠨ ᠰᠢᠯᠦᠭ᠎ᠦᠨ ᠯᠤᠲᠤ ᠶᠡᠬᠡ ᠨᠥᠯᠥᠭᠡ ᠨᠢ ᠳᠤᠮᠳᠠᠳᠤ᠎ᠶᠢᠨ ᠭᠤᠸ᠎ᠠ ᠵᠦᠢ᠎ᠶᠢᠨ ᠰᠢᠯᠦᠭᠴᠢ ᠴᠢᠨᠠᠷ ᠎ᠢ ᠪᠦᠷᠢᠯᠳᠦᠭᠦᠯᠦᠭᠰᠡᠨ ᠶᠤᠮ᠃ ᠲᠠᠪᠤ᠂ ᠳᠤᠮᠳᠠᠳᠤ᠎ᠶᠢᠨ ᠭᠤᠸ᠎ᠠ ᠵᠦᠢ᠎ᠶᠢᠨ ᠦᠨᠳᠦᠰᠦᠨ ᠵᠣᠷᠢᠭ᠋ ᠰᠠᠨᠠᠭ᠎ᠠ᠃ ᠳᠡᠷᠡ ᠨᠢ ᠭᠤᠸ᠎ᠠ ᠲᠠᠭᠠᠰᠢᠶᠠᠯ᠎ᠤᠨ ᠤᠭ ᠴᠣᠭᠴᠠ᠎ᠶᠢᠨ ᠣᠨᠣᠯ᠎ᠤᠨ ᠲᠠᠨᠢᠯᠲᠠ ᠳᠡᠭᠡᠷ᠎ᠡ ᠢᠯᠡᠷᠡᠵᠦ᠂ ᠪᠣᠮᠪᠣ᠎ᠶᠢᠨ ᠰᠤᠷᠭᠠᠯ᠎ᠤᠨ ᠭᠤᠸ᠎ᠠ ᠰᠠᠢᠬᠠᠨ ᠨᠢ ᠪᠠᠢᠭᠠᠯᠢ ᠳᠡᠬᠡᠷ᠎ᠡ ᠢᠯᠡᠷᠡᠵᠦ ᠂  ᠺᠦᠡᠭᠽᠢ ᠵᠢᠨ ᠰᠤᠷᠭᠠᠯ᠎ᠤᠨ ᠭᠤᠸ᠎ᠠ ᠰᠠᠢᠬᠠᠨ ᠨᠢ ᠪᠣᠯᠪᠠᠰᠤᠨ᠎ᠤ ᠨᠢᠭᠡᠳᠦᠯ᠎ᠳᠦ ᠢᠯᠡᠷᠡᠵᠦ᠂ ᠳᠤᠮᠳᠠᠳᠤ᠎ᠶᠢᠨ ᠭᠤᠸ᠎ᠠ ᠵᠦᠢ᠎ᠶᠢᠨ ᠦᠨᠳᠦᠰᠦᠨ ᠵᠣᠷᠢᠭ᠋ ᠰᠠᠨᠠᠭ᠎ᠠ᠎ᠶᠢ ᠪᠦᠷᠢᠯᠳᠦᠭᠦᠯᠦᠭᠰᠡᠨ ᠶᠤᠮ᠃ ᠳᠤᠮᠳᠠᠳᠤ᠎ᠶᠢᠨ ᠦᠨᠳᠦᠰᠦᠲᠡᠨ ᠎ᠦ ᠴᠢᠨᠠᠷ ᠪᠠ ᠳᠤᠮᠳᠠᠳᠤ᠎ᠶᠢᠨ ᠤᠯᠤᠰᠴᠢ ᠴᠢᠨᠠᠷ᠎ᠤᠨ ᠨᠢᠭᠡᠳᠦᠯ ᠪᠣᠯ ᠳᠤᠮᠳᠠᠳᠤ᠎ᠶᠢᠨ ᠭᠤᠸ᠎ᠠ ᠵᠦᠢ᠎ᠶᠢᠨ ᠦᠨᠳᠦᠰᠦᠨ ᠰᠢᠨᠵᠢ ᠴᠢᠨᠠᠷ ᠮᠥᠨ᠃ ᠺᠦᠡᠭᠽᠢ ᠵᠢᠨ ᠰᠤᠷᠭᠠᠯ᠂ ᠪᠣᠮᠪᠣ ᠵᠢᠨ ᠰᠤᠷᠭᠠᠯ᠂ ᠪᠤᠷᠬᠠᠨ ᠎ᠦ ᠰᠤᠷᠭᠠᠯ ᠎ᠤᠨ ᠨᠢᠭᠡᠳᠦᠯ᠎ᠢᠶᠡᠷ ᠪᠦᠷᠢᠯᠳᠦᠭᠰᠡᠨ ᠰᠣᠶᠣᠯ᠎ᠤᠨ ᠠᠷᠤᠭ ᠶᠠᠰᠤ ᠪᠣᠯ ᠳᠤᠮᠳᠠᠳᠤ᠎ᠶᠢᠨ ᠭᠤᠸ᠎ᠠ ᠵᠦᠢ᠎ᠶᠢᠨ ᠭᠤᠤᠯ ᠴᠣᠭᠴᠠᠰ ᠮᠥᠨ᠂  ᠪᠠᠢᠭᠠᠯᠢ ᠪᠠ  ᠪᠣᠯᠪᠠᠰᠤᠨ ᠨᠢᠭᠡᠳᠦᠭᠰᠡᠨ ᠭᠤᠸ᠎ᠠ ᠵᠦᠢ᠎ᠶᠢᠨ ᠵᠣᠷᠢᠭ᠋ ᠰᠠᠨᠠᠭ᠎ᠠ ᠪᠣᠯ ᠳᠤᠮᠳᠠᠳᠤ᠎ᠶᠢᠨ ᠭᠤᠸ᠎ᠠ ᠵᠦᠢ᠎ᠶᠢᠨ ᠰᠦᠭ ᠰᠦᠨᠡᠰᠦ ᠮᠥᠨ᠂ ᠰᠢᠯᠦᠭᠯᠢᠭ ᠴᠢᠨᠠᠷ ᠪᠣᠯ ᠳᠤᠮᠳᠠᠳᠤ᠎ᠶᠢᠨ ᠭᠤᠸ᠎ᠠ ᠵᠦᠢ᠎ᠶᠢᠨ ᠰᠦᠨᠡᠰᠦ ᠮᠥᠨ᠂ ᠡᠨᠡ ᠭᠤᠷᠪᠠ᠎ᠶᠢᠨ ᠨᠡᠢᠯᠡᠯ ᠨᠢ ᠨᠢᠭᠡ ᠵᠦᠢᠯ᠎ᠦᠨ ᠬᠦᠴᠦᠷᠬᠡᠭ ᠪᠥᠭᠡᠳ ᠠᠮᠢᠳᠤᠯᠢᠭ᠋ ᠠᠮᠢ ᠨᠠᠰᠤᠨ᠎ᠤ ᠯᠣᠭᠢᠭ᠋᠎ᠤᠨ ᠰᠢᠰᠲᠧᠮ᠎ᠢ ᠪᠥᠷᠢᠯᠳᠦᠭᠦᠯᠳᠡᠭ᠃

    《 ᠰᠢᠨᠬᠤᠸᠠ ᠵᠤᠬᠢᠶᠠᠯ ᠎ᠤᠨ ᠱᠦᠭᠦᠮᠡᠭ 》 ᠡᠴᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号