ᠣᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠪᠣᠯᠣᠨ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ ᠬᠠᠮᠲᠤᠷᠠᠨ 《ᠰᠦᠯᠵᠢᠶᠡᠨ᠎ᠦ ᠠᠷᠠᠯᠵᠢᠶᠠᠨ᠎ᠤ ᠲᠠᠪᠴᠠᠩ᠎ᠤᠨ ᠳᠦᠷᠢᠮ᠎ᠦᠨ ᠬᠢᠨᠠᠯᠲᠠ ᠬᠠᠮᠢᠶᠠᠷᠤᠯᠲᠠ᠎ᠶᠢᠨ ᠠᠷᠭ᠎ᠠ》 (ᠳᠣᠷᠣᠭ᠍ᠰᠢ 《 ᠠᠷᠭ᠎ᠠ 》 ᠭᠡᠵᠦ ᠲᠣᠪᠴᠢᠯᠠᠨ᠎ᠠ) ᠵᠢ ᠨᠡᠢᠲᠡᠯᠡᠵᠦ᠂ ᠰᠦᠯᠵᠢᠶᠡᠨ᠎ᠦ ᠠᠷᠠᠯᠵᠢᠶᠠᠨ᠎ᠤ ᠲᠠᠪᠴᠠᠩ᠎ᠤᠨ ᠳᠦᠷᠢᠮ᠎ᠢ ᠲᠣᠭᠲᠠᠭᠠᠬᠤ᠂ ᠵᠠᠰᠠᠪᠤᠷᠢ ᠣᠷᠣᠭᠤᠯᠬᠤ ᠪᠠ ᠬᠡᠷᠡᠭᠵᠢᠭᠦᠯᠬᠦ᠎ᠶᠢ ᠵᠢᠷᠤᠮᠵᠢᠭᠤᠯᠵᠤ᠂ ᠰᠦᠯᠵᠢᠶᠡᠨ᠎ᠦ ᠠᠷᠠᠯᠵᠢᠶᠠᠨ᠎ᠤ ᠲᠢᠭᠯᠢᠮ᠎ᠢ ᠬᠠᠮᠠᠭᠠᠯᠠᠨ᠂ ᠰᠦᠯᠵᠢᠶᠡᠨ᠎ᠦ ᠠᠷᠠᠯᠵᠢᠶᠠᠨ᠎ᠤ ᠡᠯ᠎ᠡ ᠲᠠᠯ᠎ᠠ᠎ᠶᠢᠨ ᠪᠡᠶᠡᠴᠢ ᠴᠣᠭᠴᠠ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠵᠤ᠂ ᠲᠠᠪᠴᠠᠩ᠎ᠤᠨ ᠠᠵᠤ ᠠᠬᠤᠢ᠎ᠶᠢᠨ ᠯᠠᠪᠳᠠᠭᠤᠨ᠎ᠢᠶᠠᠷ ᠬᠣᠯᠠ ᠠᠶᠠᠯᠠᠬᠤ᠎ᠶᠢ ᠠᠬᠢᠭᠤᠯᠬᠤ᠎ᠳᠤ ᠳᠦᠷᠢᠮ᠎ᠦᠨ ᠰᠠᠭᠤᠷᠢ᠎ᠶᠢ ᠪᠠᠲᠤ ᠲᠠᠯᠪᠢᠵᠤ᠂ ᠲᠥᠷᠥ᠎ᠶᠢᠨ ᠪᠣᠳᠣᠯᠭ᠎ᠠ᠎ᠶᠢᠨ ᠪᠠᠲᠤᠯᠠᠭ᠎ᠠ ᠬᠠᠩᠭᠠᠬᠤ᠎ᠪᠠᠷ ᠵᠣᠷᠢᠯᠭ᠎ᠠ᠎ᠪᠠᠨ ᠪᠣᠯᠭᠠᠵᠠᠢ᠃
ᠲᠠᠪᠴᠠᠩ᠎ᠤᠨ ᠠᠵᠤ ᠠᠬᠤᠢ ᠪᠣᠯ ᠢᠨᠲ᠋ᠸᠷ ᠰᠦᠯᠵᠢᠶᠡᠨ᠎ᠦ ᠲᠠᠪᠴᠠᠩ᠎ᠢᠶᠠᠷ ᠭᠣᠣᠯ ᠠᠴᠢᠶᠠᠯᠠᠪᠤᠷᠢ ᠪᠣᠯᠭᠠᠵᠤ᠂ ᠲᠣᠭ᠎ᠠ ᠪᠠᠷᠢᠮᠲᠠ᠎ᠪᠠᠷ ᠵᠠᠩᠭᠢᠯᠠᠭ᠎ᠠ᠎ᠶᠢᠨ ᠦᠢᠯᠡᠳᠪᠦᠷᠢᠯᠡᠯ᠎ᠦᠨ ᠡᠯᠧᠮᠧᠨ᠋ᠲ ᠪᠣᠯᠭᠠᠵᠤ᠂ ᠰᠦᠯᠵᠢᠶᠡᠨ᠎ᠦ ᠮᠡᠳᠡᠭᠡ ᠵᠠᠩᠭᠢ᠎ᠶᠢᠨ ᠰᠠᠭᠤᠷᠢ ᠲᠥᠬᠦᠭᠡᠷᠦᠮᠵᠢ᠎ᠪᠡᠷ ᠴᠢᠬᠤᠯᠠ ᠲᠤᠯᠭᠠᠭᠤᠷᠢᠯᠠᠯ ᠪᠣᠯᠭᠠᠭᠰᠠᠨ ᠰᠢᠨ᠎ᠡ ᠬᠡᠯᠪᠡᠷᠢ᠎ᠶᠢᠨ ᠠᠵᠤ ᠠᠬᠤᠢ᠎ᠶᠢᠨ ᠬᠡᠯᠪᠡᠷᠢ ᠪᠣᠯᠣᠨ᠎ᠠ᠂ ᠮᠠᠨ᠎ᠤ ᠤᠯᠤᠰ᠎ᠤᠨ ᠲᠣᠭᠠᠴᠢᠯᠠᠭᠰᠠᠨ ᠠᠵᠤ ᠠᠬᠤᠢ᠎ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠲᠠᠪᠴᠠᠩ᠎ᠤᠨ ᠠᠵᠤ ᠠᠬᠤᠢ ᠮᠡᠨᠳᠦᠯᠡᠭᠰᠡᠨ ᠡᠬᠢᠨ᠎ᠦ ᠦᠶ᠎ᠡ᠎ᠳᠡᠭᠡᠨ ᠬᠦᠴᠦᠷᠬᠡᠭ ᠶᠡᠬᠡ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠂ ᠰᠢᠨ᠎ᠡ᠎ᠶᠢ ᠡᠭᠦᠳᠬᠦ᠎ᠶᠢ ᠳᠡᠮᠵᠢᠬᠦ᠂ ᠨᠡᠮᠡᠭᠳᠡᠯ᠎ᠢ ᠠᠬᠢᠭᠤᠯᠬᠤ᠂ ᠬᠡᠷᠡᠭᠴᠡᠭᠡ᠎ᠶᠢ ᠥᠷᠭᠡᠳᠬᠡᠬᠦ᠂ ᠠᠵᠢᠯ ᠣᠯᠭᠣᠵᠤ ᠦᠢᠯᠡᠰ ᠪᠣᠰᠬᠠᠬᠤ ᠵᠡᠷᠭᠡ ᠲᠠᠯ᠎ᠠ᠎ᠪᠠᠷ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ᠂ᠭᠦᠢᠯᠭᠡᠭᠡ᠎ᠶᠢ ᠠᠬᠢᠭᠤᠯᠬᠤ᠂ ᠡᠷᠬᠢᠯᠳᠡ ᠵᠢ ᠰᠢᠯᠤᠭᠤᠳᠬᠠᠬᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠴᠢᠬᠤᠯᠠ ᠬᠦᠴᠦᠨ ᠪᠣᠯᠪᠠ᠃ ᠪᠦᠷᠢᠳᠬᠡᠯ᠎ᠢ ᠦᠨᠳᠦᠰᠦᠯᠡᠪᠡᠯ᠂ 2025 ᠣᠨ᠎ᠳᠤ ᠮᠠᠨ᠎ᠤ ᠤᠯᠤᠰ᠎ᠤᠨ ᠲᠣᠭᠠᠴᠢᠯᠠᠭᠰᠠᠨ ᠠᠵᠤ ᠠᠬᠤᠢ᠎ᠶᠢᠨ ᠨᠡᠮᠡᠭᠳᠡᠯ ᠥᠷᠲᠡᠭ 49 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ GDP ᠳᠤ ᠡᠵᠡᠯᠡᠬᠦ ᠬᠤᠪᠢ᠎ᠶᠢᠨ ᠵᠢᠩ ᠨᠢ ᠪᠠᠷᠤᠭ 35% ᠪᠣᠯᠣᠨ᠎ᠠ᠃ ᠡᠭᠦᠨ᠎ᠦ ᠬᠠᠮᠲᠤ ᠲᠠᠪᠴᠠᠩ᠎ᠤᠨ ᠠᠵᠤ ᠠᠬᠤᠢ ᠨᠢ ᠪᠦᠳᠦᠭᠦᠯᠢᠭ᠎ᠢᠶᠡᠷ ᠥᠷᠭᠡᠳᠬᠡᠵᠦ ᠪᠠᠢᠭᠰᠠᠨ᠎ᠠᠴᠠ᠎ᠪᠠᠨ ᠵᠢᠷᠤᠮᠵᠢᠭᠤᠯᠤᠨ ᠬᠥᠭᠵᠢᠭᠦᠯᠬᠦ ᠲᠡᠢᠰᠢ ᠬᠤᠪᠢᠷᠠᠵᠤ ᠪᠠᠢᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》 ᠵᠢ ᠪᠠᠲᠤᠯᠠᠵᠤ᠂ 《ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠬᠤ》 ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢ ᠳᠤᠷᠠᠳᠤᠭᠰᠠᠨ ᠪᠥᠭᠡᠳ 《ᠬᠢᠨᠠᠯᠲᠠ ᠬᠠᠮᠢᠶᠠᠷᠤᠯᠲᠠ᠎ᠶᠢ ᠲᠡᠭᠦᠯᠳᠡᠷᠵᠢᠭᠦᠯᠵᠦ᠂ ᠲᠠᠪᠴᠠᠩ᠎ᠤᠨ ᠠᠵᠤ ᠠᠬᠤᠢ᠎ᠶᠢᠨ ᠰᠢᠨ᠎ᠡ ᠡᠭᠦᠳᠦᠯᠲᠡ ᠪᠠ ᠡᠷᠡᠭᠦᠯ ᠬᠥᠭᠵᠢᠯᠲᠡ᠎ᠶᠢ ᠠᠬᠢᠭᠤᠯᠬᠤ》 ᠵᠢ ᠴᠢᠬᠤᠯᠠᠴᠢᠯᠠᠵᠤ᠂ ᠲᠠᠪᠴᠠᠩ᠎ᠤᠨ ᠠᠵᠤ ᠠᠬᠤᠢ᠎ᠶᠢᠨ ᠬᠥᠭᠵᠢᠯᠲᠡ᠎ᠳᠦ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠪᠠ᠃
ᠣᠳᠣᠬᠠᠨ᠎ᠳᠤ ᠲᠠᠪᠴᠠᠩ᠎ᠤᠨ ᠠᠵᠤ ᠠᠬᠤᠢ ᠲᠣᠭᠠᠴᠢᠯᠠᠭᠰᠠᠨ ᠠᠵᠤ ᠠᠬᠤᠢ᠎ᠶᠢᠨ ᠭᠣᠣᠯ ᠬᠡᠯᠪᠡᠷᠢ ᠪᠣᠯᠤᠭᠰᠠᠨ᠎ᠤ ᠬᠤᠪᠢ᠎ᠳᠤ᠂ ᠨᠢᠭᠡᠨᠲᠡ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠬᠦᠷᠢᠶᠡᠨ᠎ᠳᠦ ᠭᠦᠨᠵᠡᠭᠡᠢ ᠠᠭᠤᠰᠤᠯᠴᠠᠵᠤ᠂ ᠲᠣᠭᠠᠴᠢᠯᠠᠭᠰᠠᠨ ᠬᠡᠷᠡᠭᠯᠡᠭᠡ ᠥᠷᠨᠢᠨ ᠬᠥᠭᠵᠢᠵᠦ᠂ ᠠᠵᠤ ᠦᠢᠯᠡᠳᠪᠦᠷᠢ᠎ᠶᠢᠨ ᠢᠨᠲᠧᠷ ᠰᠦᠯᠵᠢᠶ᠎ᠡ ᠲᠦᠷᠭᠡᠨ ᠲᠠᠰ ᠳᠠᠪᠰᠢᠵᠤ᠂ ᠪᠣᠳᠠᠲᠤ ᠴᠣᠭᠴᠠ᠎ᠶᠢᠨ ᠠᠵᠤ ᠠᠬᠤᠢ ᠲᠣᠭᠠᠴᠢᠯᠠᠭᠰᠠᠨ ᠵᠡᠷᠭᠡ ᠣᠯᠠᠨ ᠳᠠᠪᠬᠤᠷ ᠣᠨᠴᠠᠯᠢᠭ᠋᠎ᠢ ᠢᠯᠡᠷᠡᠭᠦᠯᠪᠡ᠃ ᠲᠠᠪᠴᠠᠩ᠎ᠤᠨ ᠳᠦᠷᠢᠮ ᠨᠢ ᠰᠦᠯᠵᠢᠶᠡᠨ᠎ᠦ ᠠᠷᠠᠯᠵᠢᠶᠠᠨ᠎ᠤ ᠲᠢᠭᠯᠢᠮ᠎ᠤᠨ ᠭᠣᠣᠯ ᠠᠴᠢᠶᠠᠯᠠᠭ᠍ᠴᠢ ᠪᠣᠯᠤᠭᠰᠠᠨ᠎ᠤ ᠬᠤᠪᠢ᠎ᠳᠤ᠂ ᠲᠠᠪᠴᠠᠩ᠎ᠤᠨ ᠡᠵᠡᠩᠨᠡᠭᠴᠢ᠂ ᠬᠡᠷᠡᠭᠯᠡᠭᠴᠢ ᠬᠢᠭᠡᠳ ᠲᠠᠪᠴᠠᠩ᠎ᠤᠨ ᠲᠠᠯ᠎ᠠ᠎ᠶᠢᠨ ᠬᠢᠨ᠎ᠦ ᠠᠷᠠᠯᠵᠢᠶᠠᠨ᠎ᠤ ᠠᠵᠢᠯᠯᠠᠭ᠎ᠠ ᠥᠷᠨᠢᠭᠦᠯᠬᠦ ᠦᠨᠳᠦᠰᠦᠨ ᠵᠢᠷᠤᠮᠯᠠᠯ ᠪᠣᠯᠣᠨ᠎ᠠ᠃ ᠣᠳᠣᠬᠠᠨ᠎ᠳᠤ᠂ ᠬᠡᠰᠡᠭ ᠲᠠᠪᠴᠠᠩ᠎ᠳᠤ ᠳᠦᠷᠢᠮ ᠲᠣᠭᠲᠠᠭᠠᠯ᠎ᠢ ᠳᠤᠷ᠎ᠠ ᠲᠠᠪᠠ᠎ᠪᠠᠷ ᠵᠢᠡᠨ ᠲᠣᠭᠲᠠᠭᠠᠬᠤ᠂ ᠢᠯᠡ ᠲᠣᠳᠣ᠌ ᠬᠡᠷᠡᠭᠵᠢᠭᠦᠯᠦᠭᠰᠡᠨ ᠦᠭᠡᠢ ᠵᠡᠷᠭᠡ ᠠᠰᠠᠭᠤᠳᠠᠯ ᠣᠷᠣᠰᠢᠵᠤ᠂ ᠳᠤᠮᠳᠠ ᠵᠢᠵᠢᠭ ᠬᠤᠳᠠᠯᠳᠤᠭᠠᠴᠢᠨ ᠪᠠ ᠬᠡᠷᠡᠭᠯᠡᠭᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠬᠤ᠎ᠳᠤ ᠠᠰᠢᠭ᠋ ᠦᠭᠡᠢ ᠪᠠᠢᠨ᠎ᠠ᠃ ᠲᠣᠰ 《ᠠᠷᠭ᠎ᠠ》᠎ᠶᠢ ᠨᠡᠢᠲᠡᠯᠡᠭᠰᠡᠨ ᠨᠢ ᠮᠠᠨ᠎ᠤ ᠤᠯᠤᠰ᠎ᠤᠨ ᠲᠠᠪᠴᠠᠩ᠎ᠤᠨ ᠠᠵᠤ ᠠᠬᠤᠢ᠎ᠶᠢᠨ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠨ᠂ ᠨᠡᠢᠭᠡᠮ᠎ᠦᠨ ᠡᠯ᠎ᠡ ᠡᠲᠡᠭᠡᠳ᠎ᠦᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠣᠨᠣᠪᠴᠢᠲᠠᠶ ᠬᠠᠷᠢᠭᠤᠯᠲᠠ ᠥᠭᠴᠦ ᠂ ᠮᠠᠨ᠎ᠤ ᠤᠯᠤᠰ᠎ᠤᠨ ᠲᠠᠪᠴᠠᠩ᠎ᠤᠨ ᠠᠵᠤ ᠠᠬᠤᠢ᠎ᠶᠢᠨ ᠬᠢᠨᠠᠯᠲᠠ ᠬᠠᠮᠢᠶᠠᠷᠤᠯᠲᠠ 《 ᠬᠡᠷᠡᠭ᠎ᠦᠨ ᠳᠠᠷᠠᠭ᠎ᠠ ᠵᠠᠯᠬᠠᠭᠠᠨ ᠰᠢᠳᠬᠡᠬᠦ 》 ᠡᠴᠡ 《ᠬᠡᠷᠡᠭ᠎ᠦᠨ ᠡᠮᠦᠨ᠎ᠡ ᠵᠢᠷᠤᠮᠵᠢᠭᠤᠯᠬᠤ᠂ ᠪᠥᠬᠥ ᠶᠠᠪᠤᠴᠠ᠎ᠳᠤ ᠵᠠᠰᠠᠬᠤ》 ᠨᠠᠷᠢᠯᠢᠭ᠍ᠵᠢᠭᠤᠯᠤᠭᠰᠠᠨ ᠰᠢᠨ᠎ᠡ ᠱᠠᠲᠤᠨ᠎ᠳᠤ ᠣᠷᠣᠵᠤ᠂ ᠲᠠᠪᠴᠠᠩ᠎ᠤᠨ ᠠᠵᠤ ᠠᠬᠤᠢ᠎ᠶᠢᠨ ᠡᠷᠡᠭᠦᠯ᠎ᠢᠶᠡᠷ ᠦᠷᠭᠦᠯᠵᠢᠯᠡᠨ ᠬᠥᠭᠵᠢᠬᠦ᠂ ᠲᠣᠭᠠᠴᠢᠯᠠᠭᠰᠠᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠥᠳᠡᠯᠭᠡᠬᠦ ᠡᠨᠧᠷᠭᠢ ᠨᠡᠮᠡᠷᠢᠯᠡᠭᠰᠡᠨ᠎ᠢ ᠬᠠᠷᠠᠭᠤᠯᠵᠤ ᠪᠠᠢᠨ᠎ᠠ᠃
ᠣᠢᠷ᠎ᠠ᠎ᠶᠢᠨ ᠵᠢᠯ᠎ᠦᠳ᠎ᠲᠦ ᠮᠠᠨ᠎ᠤ ᠤᠯᠤᠰ ᠬᠣᠯᠪᠣᠭᠳᠠᠯ ᠪᠦᠬᠦᠢ ᠰᠠᠨᠠᠯ ᠪᠠ ᠵᠢᠷᠤᠮᠵᠢᠯ᠎ᠢ ᠲᠠᠰᠤᠷᠠᠯᠲᠠ ᠦᠭᠡᠢ ᠨᠡᠢᠲᠡᠯᠡᠵᠦ᠂ ᠲᠠᠪᠴᠠᠩ᠎ᠤᠨ ᠠᠵᠤ ᠠᠬᠤᠢ᠎ᠶᠢᠨ ᠢᠯᠡᠳᠲᠡ ᠬᠥᠭᠵᠢᠯᠲᠡ᠎ᠶᠢᠨ ᠦᠷ᠎ᠡ ᠪᠦᠲᠦᠮᠵᠢ ᠣᠯᠬᠤ᠎ᠶᠢ ᠠᠬᠢᠭᠤᠯᠤᠨ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠲᠣᠭᠠᠴᠢᠯᠠᠯᠲᠠ᠎ᠶᠢᠨ ᠬᠡᠯᠪᠡᠷᠢ᠎ᠪᠡᠨ ᠬᠤᠪᠢᠷᠠᠭᠤᠯᠬᠤ᠎ᠳᠤ ᠪᠦᠲᠦᠮᠵᠢᠲᠡᠶ ᠬᠦᠴᠦᠨ ᠨᠡᠮᠡᠷᠢᠯᠡᠵᠦ᠂ ᠬᠡᠷᠡᠭᠯᠡᠭᠡ ᠵᠢᠨ ᠳᠠᠯᠳᠠ ᠬᠦᠴᠦᠨ᠎ᠢ ᠬᠥᠭᠵᠢᠭᠡᠪᠡ᠃ 《ᠲᠠᠪᠴᠠᠩ᠎ᠤᠨ ᠠᠵᠤ ᠠᠬᠤᠢ᠎ᠶᠢᠨ ᠵᠢᠷᠤᠮᠵᠢᠭᠤᠨ ᠪᠥᠭᠡᠳ ᠡᠷᠡᠭᠦᠯ ᠬᠥᠭᠵᠢᠬᠦ᠎ᠶᠢ ᠠᠬᠢᠭᠤᠯᠬᠤ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠵᠢᠯᠤᠭᠣᠳᠬᠤ ᠰᠠᠨᠠᠯ》 ᠳᠤ᠂ ᠬᠢᠨᠠᠯᠲᠠ ᠬᠠᠮᠢᠶᠠᠷᠤᠯᠲᠠ᠎ᠶᠢᠨ ᠣᠢᠯᠠᠭᠠᠭᠳᠠᠬᠤᠨ ᠪᠠ ᠠᠷᠭ᠎ᠠ ᠮᠠᠶᠢᠭ᠋᠎ᠤᠨ ᠲᠠᠯ᠎ᠠ᠎ᠪᠠᠷ ᠰᠢᠨ᠎ᠡ᠎ᠶᠢ ᠡᠭᠦᠳᠴᠦ᠂ ᠪᠠᠭᠲᠠᠭᠠᠮᠵᠢᠲᠠᠢ ᠪᠥᠭᠡᠳ ᠬᠢᠨᠠᠭᠤᠷ ᠪᠣᠯᠭᠣᠮᠵᠢᠲᠠᠢ ᠬᠢᠨᠠᠯᠲᠠ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠲᠠᠪᠴᠠᠩ᠎ᠤᠨ ᠠᠵᠤ ᠠᠬᠤᠢ᠎ᠶᠢᠨ ᠬᠥᠭᠵᠢᠯᠲᠡ᠎ᠶᠢᠨ ᠣᠨᠴᠠᠯᠢᠭ᠋᠎ᠲᠤ ᠵᠣᠬᠢᠴᠠᠭᠰᠠᠨ ᠰᠢᠨ᠎ᠡ ᠮᠠᠶᠢᠭ᠋᠎ᠤᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠬᠦ ᠶ᠋ᠢ ᠠᠬᠢᠭᠤᠯᠤᠨ᠎ᠠ ᠭᠡᠵᠦ ᠳᠤᠷᠠᠳᠤᠨ ᠭᠠᠷᠭᠠᠵᠠᠢ᠃ ᠤᠯᠤᠰ᠎ᠤᠨ ᠬᠥᠭᠵᠢᠭᠦᠯᠦᠯᠲᠡ ᠪᠡ ᠥᠭᠡᠷᠡᠴᠢᠯᠡᠯᠲᠡ᠎ᠶᠢᠨ ᠵᠥᠪᠯᠡᠯ ᠵᠡᠷᠭᠡ ᠰᠠᠯᠠᠭ᠎ᠠ ᠮᠥᠴᠢᠷ᠎ᠦᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ 《 ᠲᠠᠪᠴᠠᠩ᠎ᠤᠨ ᠠᠵᠤ ᠠᠬᠤᠢ᠎ᠶᠢᠨ ᠵᠢᠷᠤᠮᠵᠢᠭᠤᠨ ᠪᠥᠭᠡᠳ ᠡᠷᠡᠭᠦᠯ᠎ᠢᠶᠡᠷ ᠦᠷᠭᠦᠯᠵᠢᠯᠡᠨ ᠬᠥᠭᠵᠢᠬᠦ᠎ᠶᠢ ᠠᠬᠢᠭᠤᠯᠬᠤ ᠲᠤᠬᠠᠢ ᠰᠠᠨᠠᠯ᠎ᠤᠳ》 ᠲᠤ᠂ ᠵᠠᠬ᠎ᠠ ᠳᠡᠯᠭᠡᠭᠦᠷ᠎ᠦᠨ ᠵᠢᠮ᠎ᠡ ᠶᠣᠰᠣ᠌᠎ᠶᠢ ᠵᠢᠷᠤᠮᠯᠠᠨ᠂ ᠠᠯᠤᠰ ᠬᠡᠲᠦ᠎ᠶᠢ ᠪᠣᠳᠣᠯᠬᠢᠯᠠᠵᠤ᠂ ᠣᠳᠣᠬᠠᠨ᠎ᠤ ᠪᠠᠢᠳᠠᠯ᠎ᠢ ᠬᠠᠮᠲᠤ ᠳ᠋ᠤᠨᠢ ᠬᠠᠷᠠᠭᠠᠯᠵᠠᠨ᠂ ᠳᠤᠲᠠᠭᠤᠳᠠᠯ᠎ᠢ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠴᠢᠩᠭᠠᠳᠬᠠᠨ᠂ ᠲᠠᠪᠴᠠᠩ᠎ᠤᠨ ᠠᠵᠤ ᠠᠬᠤᠢ᠎ᠶᠢᠨ ᠬᠥᠭᠵᠢᠯᠲᠡ᠎ᠶᠢᠨ ᠵᠢᠮ᠎ᠡ ᠶᠣᠰᠣᠨ᠎ᠳᠤ ᠵᠣᠬᠢᠴᠠᠭᠤᠯᠵᠤ᠂ ᠳᠦᠷᠢᠮ ᠲᠣᠭᠲᠠᠭᠠᠯ᠎ᠢ ᠪᠠᠢᠭᠤᠯᠤᠨ ᠪᠦᠷᠢᠨᠰᠢᠭᠦᠯᠵᠦ᠂ ᠲᠠᠪᠴᠠᠩ᠎ᠤᠨ ᠠᠵᠤ ᠠᠬᠤᠢ᠎ᠶᠢᠨ ᠬᠥᠭᠵᠢᠯᠲᠡ ᠶᠢᠨ ᠣᠷᠴᠢᠨ ᠨᠥᠬᠥᠴᠡᠯ ᠢ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠡᠯ᠎ᠡ ᠭᠠᠵᠠᠷ᠎ᠤᠨ ᠬᠢᠨ ᠴᠦ᠍ ᠢᠳᠡᠪᠬᠢᠲᠡᠢ ᠴᠤᠤᠷᠢᠶᠠᠲᠤᠨ ᠳᠠᠭᠠᠵᠤ᠂ ᠣᠷᠣᠨ ᠪᠦᠰᠡ᠎ᠶᠢᠨ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠡᠴᠡ ᠡᠨᠧᠷᠭᠢ ᠣᠯᠭᠣᠬᠤ᠂ ᠬᠢᠨᠠᠯᠲᠠ ᠬᠠᠮᠢᠶᠠᠷᠤᠯᠲᠠ᠎ᠶᠢ ᠨᠠᠢᠳᠠᠪᠤᠷᠢᠵᠢᠭᠤᠯᠬᠤ᠂ ᠠᠮᠢ ᠠᠬᠤᠢ᠎ᠶᠢ ᠪᠠᠶ᠋ᠢᠭᠤᠯᠬᠤ ᠵᠡᠷᠭᠡ ᠣᠯᠠᠨ ᠲᠠᠯ᠎ᠠ᠎ᠠᠴᠠ ᠣᠨᠣᠪᠴᠢᠲᠠᠶ ᠬᠦᠴᠦᠯᠡᠵᠦ ᠪᠠᠢᠭᠠᠳ ᠲᠠᠪᠴᠠᠩ᠎ᠤᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠵᠦ ᠪᠤᠢ᠃
ᠰᠢᠨ᠎ᠡ ᠬᠥᠭᠵᠢᠯᠲᠡ᠎ᠶᠢᠨ ᠭᠠᠷᠤᠭ᠎ᠠ᠎ᠳᠤ ᠵᠣᠭᠰᠣᠵᠤ᠂ ᠲᠠᠪᠴᠠᠩ᠎ᠤᠨ ᠠᠵᠤ ᠠᠬᠤᠢ᠎ᠶᠢᠨ ᠨᠡᠩ ᠡᠷᠡᠭᠦᠯ ᠪᠥᠭᠡᠳ ᠦᠷᠭᠦᠯᠵᠢᠯᠡᠬᠦ ᠬᠥᠭᠵᠢᠯᠲᠡ᠎ᠶᠢ ᠬᠡᠷᠬᠢᠨ ᠠᠬᠢᠭᠤᠯᠬᠤ ᠪᠤᠢ ? ᠡᠨᠡ ᠨᠢ ᠪᠢᠳᠡᠨ᠎ᠦ ᠤᠳᠤ᠎ᠶᠢᠨ ᠪᠠᠢᠭ᠎ᠠ ᠳᠦᠷᠢᠮ᠎ᠦᠨ ᠰᠠᠭᠤᠷᠢᠨ ᠳᠡᠭᠡᠷ᠎ᠡ᠂ ᠬᠥᠭᠵᠢᠯᠲᠡ᠎ᠶᠢᠨ ᠵᠠᠭᠠᠭ ᠬᠢᠵᠠᠭᠠᠷ᠎ᠢ ᠤᠯᠠᠮ ᠲᠣᠳᠣᠷᠬᠠᠢᠯᠠᠵᠤ᠂ ᠡᠯ᠎ᠡ ᠲᠠᠯ᠎ᠠ᠎ᠶᠢᠨ ᠡᠷᠬᠡ ᠠᠰᠢᠭ᠋᠎ᠢ ᠪᠠᠲᠤᠯᠠᠵᠤ᠂ ᠨᠡᠩ ᠤᠶᠠᠨ ᠴᠢᠨᠠᠷᠲᠠᠢ ᠵᠠᠰᠠᠯᠳᠠ ᠵᠢᠨ ᠠᠮᠢ ᠠᠬᠣᠢ ᠵᠢ ᠱᠠᠭᠠᠷᠳᠠᠵᠤ ᠪᠠᠢᠨ᠎ᠠ᠃ ᠨᠢᠭᠡ᠎ᠳᠦ᠂ ᠰᠠᠯᠠᠭ᠎ᠠ ᠮᠥᠴᠢᠷ ᠠᠯᠤᠰᠯᠠᠭᠰᠠᠨ ᠬᠢᠨᠠᠯᠲᠠ ᠬᠠᠮᠢᠶᠠᠷᠤᠯᠲᠠ᠎ᠶᠢᠨ ᠨᠡᠢᠯᠡᠯ ᠬᠦᠴᠦᠨ᠎ᠢ ᠪᠦᠷᠢᠯᠳᠦᠭᠦᠯᠵᠦ᠂ ᠲᠠᠪᠴᠠᠩ᠎ᠤᠨ ᠠᠵᠤ ᠠᠬᠤᠢ᠎ᠶᠢᠨ ᠪᠠᠢᠩᠭᠣᠵᠢᠬᠰᠠᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠎ᠠ᠃ ᠰᠠᠯᠠᠭ᠎ᠠ ᠮᠥᠴᠢᠷ ᠬᠢᠭᠡᠳ ᠣᠷᠣᠨ ᠪᠦᠰᠡ᠎ᠶᠢᠨ ᠡᠷᠬᠡ ᠬᠠᠷᠢᠭᠤᠴᠠᠯᠭ᠎ᠠ᠎ᠶᠢᠨ ᠵᠠᠭᠠᠭ ᠬᠢᠵᠠᠭᠠᠷ᠎ᠢ ᠢᠯᠭᠠᠨ ᠲᠣᠳᠣᠷᠬᠠᠢᠯᠠᠵᠤ ᠲᠣᠭ᠎ᠠ ᠪᠠᠷᠢᠮᠲᠠ ᠬᠢᠭᠡᠳ ᠵᠠᠰᠠᠭ ᠵᠠᠬᠢᠷᠭᠠᠨ᠎ᠤ ᠪᠡᠬᠢᠯᠡᠯᠲᠡ᠎ᠶᠢ ᠤᠯᠠᠮ ᠨᠢᠭᠡ ᠠᠯᠬᠤᠮ ᠡᠪᠳᠡᠨ᠂ ᠰᠠᠯᠠᠭ᠎ᠠ ᠮᠥᠴᠢᠷ᠂ ᠣᠷᠣᠨ ᠪᠦᠰᠡ᠎ᠶᠢᠨ ᠬᠣᠭᠣᠷᠣᠨᠳᠣᠬᠢ ᠬᠢᠨᠠᠯᠲᠠ ᠬᠠᠮᠢᠶᠠᠷᠤᠯᠲᠠ᠎ᠶᠢᠨ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ ᠨᠢᠭᠡᠳᠦᠯᠲᠡᠢ ᠬᠢᠨᠠᠯᠲᠠ ᠬᠠᠮᠢᠶᠠᠷᠤᠯᠲᠠ᠎ᠶᠢᠨ ᠲᠣᠭ᠎ᠠ ᠪᠠᠷᠢᠮᠲᠠ᠎ᠶᠢᠨ ᠪᠠᠷᠢᠮᠵᠢᠶ᠎ᠠ ᠬᠢᠭᠡᠳ ᠬᠠᠮᠲᠤ ᠪᠠᠷ ᠭᠥᠷᠳᠡᠬᠦ ᠲᠠᠪᠴᠠᠩ᠎ᠢ ᠪᠠᠢᠭᠤᠯᠤᠨ᠂ ᠣᠷᠣᠨ ᠪᠦᠰᠡ ᠠᠯᠤᠰᠯᠠᠭᠰᠠᠨ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠬᠣᠯᠪᠤᠭᠠᠯᠠᠨ ᠬᠥᠳᠡᠯᠦᠯᠴᠡᠵᠦ ᠰᠡᠷᠡᠮᠵᠢᠯᠡᠭᠦᠯᠬᠦ᠂ ᠭᠡᠷᠡᠴᠢ ᠪᠠᠷᠢᠮᠲᠠ᠎ᠶᠢ ᠲᠣᠭᠲᠠᠪᠤᠷᠢᠵᠢᠭᠤᠯᠬᠤ᠂ ᠬᠠᠮᠵᠢᠯᠴᠠᠨ ᠪᠠᠢᠴᠠᠭᠠᠨ ᠰᠢᠢᠳᠪᠦᠷᠢᠯᠡᠬᠦ ᠵᠡᠷᠭᠡ᠎ᠶᠢ ᠪᠡᠶᠡᠯᠡᠭᠦᠯᠵᠦ᠂ 《ᠪᠥᠬᠥ ᠤᠯᠤᠰ᠎ᠢᠶᠠᠷ᠎ᠢᠶᠠᠨ ᠨᠢᠭᠡ ᠬᠥᠯᠭᠡ ᠰᠢᠲᠠᠷ᠎ᠠ ᠮᠡᠲᠦ ᠪᠠᠢᠬᠤ》 ᠬᠢᠨᠠᠯᠲᠠ ᠬᠠᠮᠢᠶᠠᠷᠤᠯᠲᠠ᠎ᠶᠢᠨ ᠲᠣᠣᠷ ᠰᠦᠯᠵᠢᠶ᠎ᠡ᠎ᠶᠢ ᠦᠨᠡᠨᠬᠦ ᠪᠣᠶ ᠪᠣᠯᠭᠠᠨ᠎ᠠ᠃ ᠬᠣᠶᠠᠷ᠎ᠲᠤ᠂ ᠲᠠᠪᠴᠠᠩ᠎ᠢ ᠬᠥᠲᠥᠯᠥᠨ ᠵᠢᠯᠤᠭᠣᠳᠴᠤ ᠮᠡᠷᠭᠡᠵᠢᠯ᠎ᠦᠨ ᠲᠠᠰ ᠳᠡᠪᠰᠢᠭᠦᠯᠬᠦ ᠪᠠ ᠦᠢᠯᠡᠴᠢᠯᠡᠭᠡ᠎ᠶᠢ ᠰᠢᠯᠢᠳᠡᠭᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ ᠲᠥᠷᠥᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃ ᠲᠠᠪᠴᠠᠩ᠎ᠤᠨ ᠠᠵᠤ ᠠᠬᠤᠢᠯᠠᠯ᠎ᠤᠨ ᠡᠬᠢ ᠪᠠᠶᠠᠯᠢᠭ᠋᠎ᠢᠶᠠᠨ ᠵᠣᠬᠢᠶᠠᠮᠠᠯ ᠣᠶᠤᠨ ᠴᠢᠳᠠᠪᠤᠷᠢ ᠂ ᠴᠦᠷᠬᠦᠯᠡᠭᠡ ᠬᠡᠯᠬᠢᠶ᠎ᠡ᠂ ᠬᠤᠪᠢ᠎ᠶᠢᠨ ᠨᠢᠭᠤᠴᠠ᠎ᠶᠢᠨ ᠪᠣᠳᠣᠯᠭ᠎ᠠ ᠵᠡᠷᠭᠡ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ᠂ ᠦᠢᠯᠡᠳᠬᠦ ᠦᠢᠯᠡᠰ᠎ᠦᠨ ᠲᠣᠭᠠᠴᠢᠯᠠᠭᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠬᠠᠩᠭᠠᠯᠭ᠎ᠠ᠎ᠶᠢᠨ ᠬᠡᠯᠬᠢᠶ᠎ᠡ᠎ᠶᠢᠨ ᠣᠳᠣᠬᠢᠴᠢᠯᠠᠯᠲᠠ᠎ᠳᠤ ᠣᠷᠣᠭᠤᠯᠬᠤ᠎ᠶᠢ ᠦᠷᠭᠦᠯᠵᠢᠯᠡᠨ ᠵᠣᠷᠢᠭ᠍ᠵᠢᠭᠤᠯᠤᠨ᠎ᠠ᠃ ᠭᠤᠷᠪᠠ᠎ᠳᠤ᠂ 《ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ + ᠲᠠᠪᠴᠠᠩ᠎ᠤᠨ ᠭᠣᠣᠯ ᠬᠠᠷᠢᠭᠤᠴᠠᠯᠭ᠎ᠠ + ᠨᠡᠢᠭᠡᠮ᠎ᠦᠨ ᠬᠢᠨᠠᠯᠲᠠ 》 ᠵᠢᠨ ᠣᠯᠠᠨ ᠡᠰᠢᠲᠦ ᠵᠠᠰᠠᠯᠲᠠ᠎ᠶᠢᠨ ᠪᠠᠢᠷᠢᠰᠢᠯ᠎ᠢ ᠪᠠᠢᠭᠤᠯᠤᠨ᠎ᠠ᠃ ᠵᠠᠰᠠᠭ᠎ᠤᠨ ᠣᠷᠳᠣᠨ 《 ᠬᠢᠨᠠᠭ᠍ᠴᠢ 》 ᠪᠣᠯᠵᠤ ᠂ ᠦᠵᠦ ᠲᠥᠯᠥᠪᠯᠡᠭᠡ᠂ ᠳᠦᠷᠢᠮ ᠲᠣᠭᠲᠠᠭᠠᠯ ᠲᠣᠭᠲᠠᠭᠠᠬᠤ᠂ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ᠎ᠶᠢᠨ ᠭᠣᠣᠯ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠤᠨ᠎ᠠ; ᠲᠠᠪᠴᠠᠩ ᠨᠢ 《ᠡᠭᠦᠳᠡ ᠰᠠᠬᠢᠭ᠍ᠴᠢ》 ᠪᠣᠯᠵᠤ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ᠂ ᠵᠠᠰᠠᠯᠲᠠ᠎ᠶᠢ ᠨᠠᠢᠳᠠᠪᠤᠷᠢᠵᠢᠭᠤᠯᠬᠤ ᠵᠠᠩᠭᠢᠯᠠᠭ᠎ᠠ᠎ᠶᠢᠨ ᠬᠡᠷᠡᠭᠵᠢᠭᠦᠯᠦᠭᠴᠢ ᠪᠣᠯᠬᠤ ᠬᠡᠷᠡᠭᠳᠡᠢ;
ᠳᠦᠷᠢᠮ᠎ᠦᠨ ᠬᠦᠴᠦᠲᠡᠢ ᠪᠠᠲᠤᠯᠠᠭ᠎ᠠ ᠪᠣᠯᠣᠨ ᠤᠯᠠᠨ ᠲᠠᠯ᠎ᠠ᠎ᠶᠢᠨ ᠬᠠᠮᠵᠢᠯᠴᠠᠭᠰᠠᠨ ᠴᠢᠷᠮᠠᠢᠯᠭ᠎ᠠ ᠨᠢ ᠲᠠᠪᠴᠠᠩ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠲᠣᠭᠲᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ᠎ᠶᠢᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠪᠠᠳᠠᠷᠠᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠪᠣᠯᠣᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠨᠡᠩ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃
— 《 ᠭᠤᠸᠠᠩᠮᠢᠩ ᠡᠳᠦᠷ᠎ᠦᠨ ᠰᠣᠨᠢᠨ 》 ᠡᠴᠡ