ᠣᠪᠣᠷ᠎ᠢᠶᠠᠨ ᠢᠯᠡᠳᠬᠡᠬᠦ᠎ᠶᠢ ᠴᠢᠬᠤᠯᠠᠴᠢᠯᠠᠭᠠᠳ ᠨᠠᠢᠳᠠᠪᠤᠷᠢᠵᠢᠭᠤᠯᠬᠤ᠎ᠶᠢ ᠬᠥᠩᠭᠡᠪᠴᠢᠯᠡᠵᠦ ᠪᠤᠯᠬᠤ ᠦᠬᠡᠢ
2026-02-27 16:55:08
ᠵᠣᠬᠢᠶᠠᠭ᠍ᠴᠢ᠄
ᠱᠢ ᠹᠧᠩ
ᠣᠩᠱᠢᠭ᠍ᠰᠠᠨ ᠣᠳᠠᠭ᠎ᠠ᠄
★★★☆☆

ᠨᠢᠳᠦᠨᠦᠨ ᠵᠢᠯ᠎ᠦᠨ ᠰᠡᠬᠦᠯᠴᠢ ᠪᠡᠷ ᠵᠠᠷᠢᠮ ᠭᠠᠵᠠᠷ ᠣᠷᠣᠨ ᠪᠣᠯᠣᠨ ᠰᠠᠯᠠᠭ᠎ᠠ ᠮᠥᠴᠢᠷ᠎ᠦᠨ ᠬᠢᠨ ᠥᠩᠭᠡᠷᠡᠭᠰᠡᠨ ᠨᠢᠭᠡ ᠵᠢᠯ᠎ᠦᠨ ᠶᠠᠷᠢᠶ᠎ᠠ ᠬᠡᠯᠡᠯᠴᠡᠭᠡᠨ᠎ᠦ ᠪᠠᠢᠳᠠᠯ᠎ᠤᠨ ᠵᠠᠷᠯᠠᠯ᠎ᠢ ᠨᠡᠢᠲᠡᠯᠡᠪᠡ᠃ ᠭᠡᠲᠡᠯ᠎ᠡ ᠵᠠᠷᠢᠮ ᠭᠠᠵᠠᠷ᠎ᠤᠨ ᠬᠢᠨ ᠡᠬᠢᠨ᠎ᠦ ᠦᠶ᠎ᠡ᠎ᠳᠦ ᠵᠠᠷᠯᠠᠯ᠎ᠳᠠᠭᠠᠨ 《ᠴᠢᠩᠭ᠎ᠠ ᠰᠢᠢᠳᠪᠦᠷᠢᠯᠡᠨ᠎ᠡ》᠂ 《ᠭᠦᠨᠵᠡᠭᠡᠢ ᠪᠠᠢᠴᠠᠭᠠᠨ᠎ᠡ》 ᠭᠡᠵᠦ ᠢᠯᠡᠷᠬᠡᠢᠯᠡᠳᠡᠭ ᠪᠣᠯᠪᠠᠴᠤ ᠶᠠᠷᠢᠶ᠎ᠠ ᠬᠡᠯᠡᠯᠴᠡᠭᠡᠨ᠎ᠦ ᠬᠠᠯᠠᠭᠤᠨ᠎ᠤ ᠬᠡᠮᠵᠢᠶ᠎ᠡ ᠪᠠᠭᠤᠷᠠᠬᠤ᠎ᠶᠢ ᠳᠠᠭᠠᠯᠳᠤᠨ᠂ ᠠᠮᠠᠯᠠᠭᠰᠠᠨ ᠪᠠᠢᠴᠠᠭᠠᠯᠲᠠ ᠨᠢ ᠬᠠᠷᠢᠨ ᠬᠠᠰᠢ ᠶᠠᠰᠢ᠎ᠪᠠᠷ ᠳᠠᠭᠤᠰᠴᠤ᠂ 《ᠳᠤᠲᠠᠭᠤ ᠲᠤᠷᠭᠤᠨ ᠢᠨᠵᠧᠨᠧᠷᠢᠩ》ᠪᠣᠯᠳᠠᠭ᠃ ᠡᠢᠮᠦᠷᠬᠦᠦ《ᠳᠤᠲᠠᠭᠤ ᠳᠣᠷᠭᠣᠨ》 ᠵᠡᠷᠯᠡᠯ ᠨᠢ ᠵᠠᠷᠢᠮ ᠤᠳᠤᠷᠢᠳᠬᠤ ᠺᠠᠳ᠋ᠷ᠎ᠤᠨ ᠠᠵᠢᠯ᠎ᠤᠨ ᠪᠦᠲᠦᠮᠵᠢ᠎ᠶᠢᠨ ᠲᠤᠬᠠᠢ ᠦᠵᠡᠯᠲᠡ ᠪᠤᠷᠤᠭᠤᠳᠠᠵᠤ᠂ ᠣᠯᠠᠨ ᠲᠦᠮᠡᠨᠴᠢ ᠦᠵᠡᠯᠲᠡ  ᠰᠤᠯᠠᠷᠠᠵᠤ ᠪᠠᠢᠬᠣ ᠵᠢ ᠬᠠᠷᠠᠭᠣᠯᠵᠦ᠂ ᠣᠯᠠᠨ ᠨᠡᠶ᠋ᠢᠲᠡ᠎ᠶᠢᠨ ᠬᠦᠰᠡᠯ ᠡᠷᠡᠮᠡᠯᠵᠡᠯ᠎ᠳᠦ ᠬᠠᠷᠢᠭᠤ ᠥᠭᠬᠦ᠎ᠶᠢᠨ ᠠᠷᠭ᠎ᠠ ᠦᠭᠡᠢ ᠪᠣᠯᠵᠤ᠂ ᠣᠯᠠᠨ ᠲᠦᠮᠡᠨ᠎ᠦ ᠢᠲᠡᠭᠡᠯ᠎ᠢ ᠠᠯᠳᠠᠭᠣᠯᠵᠦ ᠪᠠᠢᠨ᠎ᠠ᠃ ᠡᠭᠦᠨ᠎ᠦ ᠳᠡᠭᠡᠷ᠎ᠡ ᠵᠠᠷᠯᠠᠨ ᠮᠡᠳᠡᠭᠳᠡᠭᠰᠡᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠤᠬᠰᠠᠨ ᠦᠷ᠎ᠡ ᠪᠦᠲᠦᠮᠵᠢ᠎ᠳᠦ ᠳᠦᠷᠢᠮ᠎ᠦᠨ ᠴᠢᠩᠭ᠎ᠠ ᠬᠢᠵᠠᠭᠠᠷᠯᠠᠯ ᠪᠠ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠠᠪᠤᠳᠠᠯ  ᠳᠤᠲᠠᠭᠳᠠᠵᠤ ᠪᠠᠢᠳᠠᠭ ᠡᠴᠡ 《ᠣᠪᠣᠷ᠎ᠢᠶᠠᠨ ᠢᠯᠡᠳᠬᠡᠬᠦ᠎ᠶᠢ ᠴᠢᠬᠤᠯᠠᠴᠢᠯᠠᠭᠠᠳ ᠨᠠᠢᠳᠠᠪᠤᠷᠢᠵᠢᠭᠤᠯᠬᠤ᠎ᠶᠢ ᠬᠥᠩᠭᠡᠪᠴᠢᠯᠡᠬᠦ》᠎ᠳᠦ ᠲᠡᠮᠡᠢ ᠦᠷᠡᠭᠳᠡᠯ ᠭᠠᠷᠭᠠᠳᠠᠭ ᠦᠭᠡᠢ ᠪᠠᠢᠳᠠᠭ᠃ 


QQ20260227-165641.png


                                 ᠼᠤᠤ ᠢ ᠵᠢᠷᠤᠪᠠ 

                            (ᠰᠢᠬᠤᠸᠠ ᠬᠤᠷᠢᠶ᠎ᠡ ᠵᠢᠨ ᠵᠢᠷᠤᠭ )

ᠵᠠᠷᠯᠠᠯ᠎ᠳᠠᠬᠢ ᠠᠷᠭ᠎ᠠ ᠬᠡᠮᠵᠢᠶ᠎ᠡ᠎ᠶᠢ ᠬᠡᠨ ᠬᠠᠷᠢᠭᠤᠴᠠᠬᠤ᠂ ᠠᠬᠢᠴᠠ ᠨᠢ ᠶᠠᠮᠠᠷ ᠪᠠᠢᠬᠤ᠂ ᠦᠷ᠎ᠡ ᠪᠦᠲᠦᠮᠵᠢ ᠨᠢ ᠶᠠᠮᠠᠷ ᠪᠠᠢᠬᠤ᠎ᠶᠢ ᠴᠥᠮ ᠬᠠᠮᠢᠶᠠᠷᠬᠤ ᠬᠥᠮᠥᠨ᠎ᠲᠠᠢ ᠪᠤᠯᠭᠠᠵᠦ᠂ ᠳᠣᠲᠣᠭᠠᠳᠤ᠎ᠶᠢᠨ ᠬᠢᠨᠠᠯᠲᠠ᠂ ᠤᠯᠠᠨ ᠲᠦᠮᠡᠨ᠎ᠦ ᠬᠢᠨᠠᠯᠲᠠ᠂ ᠶᠠᠷᠢᠶ᠎ᠠ ᠬᠡᠯᠡᠯᠴᠡᠭᠡᠨ᠎ᠦ ᠬᠢᠨᠠᠯᠲᠠ᠎ᠶᠢ ᠤᠶᠠᠯᠳᠤᠭᠤᠯᠤᠭᠰᠠᠨ ᠬᠢᠨᠠᠯᠲᠠ ᠲᠠᠯᠪᠢᠬᠤ ᠨᠡᠢᠯᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃  

  — 《ᠠᠵᠦ ᠠᠬᠣᠢ ᠵᠢᠨ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号