ᠪᠢᠴᠢᠯ ᠰᠢᠬᠦᠮᠵᠢ
2026-02-27 17:05:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠱᠠᠨ ᠰᠢ ᠮᠤᠵᠢ᠎ᠶᠢᠨ ᠬᠤᠸᠠᠷ ᠫᠤᠤᠵᠢᠩ᠎ᠤᠨ《ᠪᠥᠬᠥ ᠲᠠᠯ᠎ᠠ᠎ᠪᠠᠷ ᠴᠠᠭᠠᠵᠠᠯᠠᠬᠤ ᠵᠠᠷᠯᠢᠭ᠋》 ᠎ᠢ ᠬᠦᠴᠦᠨ ᠦᠭᠡᠢ ᠪᠣᠯᠭᠠᠬᠤ᠎ᠶᠢ ᠳᠠᠭᠠᠯᠳᠤᠨ᠂ ᠱᠠᠨ ᠰᠢ ᠮᠤᠵᠢ᠎ᠶᠢᠨ ᠬᠠᠩᠭᠠᠨ ᠪᠣᠷᠣᠯᠠᠭᠤᠯᠬᠤ ᠬᠣᠷᠰᠢᠶ᠎ᠠ᠎ᠶᠢᠨ ᠵᠥᠪᠰᠢᠶᠡᠷᠡᠯ᠎ᠢᠶᠡᠷ᠂ ᠱᠠᠨ ᠰᠢ᠎ᠶᠢᠨ ᠬᠤᠸᠠᠷ ᠫᠤᠤᠵᠢᠩ ᠬᠠᠩᠭᠠᠨ ᠪᠣᠷᠣᠯᠠᠭᠤᠯᠬᠤ ᠬᠢᠵᠠᠭᠠᠷᠲᠤ ᠺᠣᠮᠫᠠᠨᠢ ᠪᠠᠢᠭᠤᠯᠤᠭᠳᠠᠭᠰᠠᠨ ᠪᠥᠭᠡᠳ ᠡᠵᠡᠩᠨᠡᠯᠲᠡ᠎ᠪᠡᠨ ᠡᠬᠢᠯᠡᠭᠦᠯᠪᠡ᠃ ᠣᠳᠣᠬᠠᠨ᠎ᠳᠤ  ᠺᠣᠮᠫᠠᠨᠢ ᠡᠯ᠎ᠡ ᠵᠦᠢᠯ᠎ᠦᠨ ᠠᠵᠢᠯ᠎ᠵᠢᠡᠨ ᠨᠢᠭᠡᠨᠲᠡ ᠠᠯᠬᠤᠮ ᠠᠯᠬᠤᠮ᠎ᠢᠶᠠᠷ ᠡᠬᠢᠯᠡᠭᠦᠯᠵᠦ᠂ ᠮᠤᠵᠢ᠎ᠶᠢᠨ ᠳᠣᠲᠣᠷᠠᠬᠢ ᠣᠯᠠᠩᠬᠢ ᠬᠣᠲᠠ᠎ᠶᠢᠨ ᠬᠠᠩᠭᠠᠨ ᠪᠣᠷᠣᠯᠠᠭᠤᠯᠬᠤ ᠬᠣᠷᠰᠢᠶ᠎ᠠ᠎ᠲᠠᠢ ᠵᠣᠯᠭᠠᠭᠤᠯᠤᠨ ᠣᠯᠠᠨ ᠰᠢᠶᠠᠨ (ᠬᠣᠲᠠ᠂ ᠲᠣᠭᠣᠷᠢᠭ᠋) ᠎ᠳᠤ ᠪᠠᠢᠷᠢᠰᠢᠭᠤᠯᠤᠨ ᠲᠥᠯᠥᠪᠵᠢᠭᠦᠯᠵᠦ᠂ ᠬᠡᠰᠡᠭ ᠰᠢᠶᠠᠨ ( ᠲᠣᠭᠣᠷᠢᠭ᠋) ᠨᠢ ᠨᠢᠭᠡᠨᠲᠡ 2026 ᠣᠨ᠎ᠤ ᠴᠠᠭᠠᠨ ᠰᠠᠷ᠎ᠠ᠎ᠶᠢᠨ ᠫᠤᠤᠵᠢᠩ ᠪᠥᠭᠡᠮ᠎ᠢᠶᠡᠷ ᠬᠤᠳᠠᠯᠳᠤᠬᠤ ᠲᠤᠬᠠᠢᠯᠠᠭᠰᠠᠨ ᠠᠵᠢᠯ᠎ᠢ ᠲᠤᠰᠤᠨ ᠠᠪᠴᠤ ᠪᠠᠢᠨ᠎ᠠ᠃

ᠦᠨᠡᠯᠡᠯᠲᠡ᠄ 《ᠴᠠᠭᠠᠵᠠᠯᠠᠬᠤ》 ᠡᠴᠡ 《ᠬᠢᠵᠠᠭᠠᠷᠯᠠᠬᠤ》 ᠬᠦᠷᠲᠡᠯ᠎ᠡ᠂ ᠨᠢᠭᠡ ᠦᠰᠦᠭ᠎ᠤᠨ ᠵᠥᠷᠢᠶ᠎ᠡ ᠨᠢ ᠵᠠᠰᠠᠯᠲᠠ᠎ᠶᠢᠨ ᠣᠢᠯᠠᠭᠠᠭᠳᠠᠬᠤᠨ᠎ᠤ ᠲᠠᠪᠰᠢᠯᠳᠠ᠎ᠶᠢ ᠲᠤᠰᠬᠠᠵᠠᠢ᠃ ᠠᠮᠤᠷ ᠲᠦᠪᠰᠢᠨ᠎ᠢ ᠪᠠᠲᠤᠯᠠᠬᠤ ᠪᠠ ᠤᠯᠠᠮᠵᠢᠯᠠᠯᠲᠤ ᠵᠢᠯ᠎ᠦᠨ ᠦᠨᠦᠷ ᠠᠮᠲᠠ᠎ᠶᠢᠨ ᠬᠣᠭᠣᠷᠣᠨᠳᠤ ᠲᠡᠩᠴᠡᠭᠦᠷᠢ᠎ᠶᠢ ᠣᠯᠪᠠᠯ ᠰᠠᠶᠢ ᠨᠠᠷᠢᠯᠢᠭ᠋ ᠵᠠᠰᠠᠯᠲᠠ᠎ᠶᠢᠨ ᠣᠶᠤᠨ ᠤᠬᠠᠭᠠᠨ᠎ᠢ ᠢᠯᠡᠷᠡᠭᠦᠯᠵᠦ ᠴᠢᠳᠠᠨ᠎ᠠ᠃

    — 《ᠠᠷᠠᠳ᠎ᠦᠨ ᠣᠯᠣᠰ ᠲᠦᠷᠦ ᠵᠢᠨ ᠵᠦᠪᠯᠡᠯᠭᠡᠨ᠎ᠦ ᠰᠣᠨᠢᠨ 》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号