2025 ᠣᠨ ᠳ᠋ᠤ᠂ ᠦᠪᠦᠷ ᠮᠤᠩᠭᠤᠯ ᠨᠤᠭᠤ ᠭᠠᠵᠠᠷᠢ ᠬᠠᠮᠠᠭᠠᠯᠠᠬᠤ ᠠᠵᠢᠯᠤᠨ ᠬᠠᠤᠯᠢ ᠪᠡᠷ ᠵᠠᠰᠠᠬᠤ ᠶ᠋ᠢ ᠲᠡᠭᠦᠯᠳᠡᠷᠵᠢᠭᠦᠯᠵᠦ᠂ ᠲᠥᠷᠥᠯ ᠵᠦᠶ᠋ᠯ ᠢ᠋ ᠪᠣᠳᠠᠲᠠᠶ ᠠᠳᠭᠤᠵᠤ᠂ ᠬᠢᠨᠠᠯᠲᠠ ᠬᠠᠮᠢᠶᠠᠷᠤᠯᠲᠠ ᠶ᠋ᠢ ᠴᠢᠩᠭᠠᠳᠭᠠᠵᠦ᠂ ᠨᠤᠭᠤ ᠭᠠᠵᠠᠷ ᠤ᠋ᠨ ᠬᠠᠮᠠᠭᠠᠯᠠᠯᠲᠠ ᠵᠢᠨ ᠠᠵᠢᠯ ᠤ᠋ᠨ ᠭᠦᠨᠵᠡᠭᠡᠢᠷᠡᠨ ᠬᠥᠭ᠌ᠵᠢᠬᠦ᠌ ᠶ᠋ᠢ ᠠᠬᠢᠭᠤᠯᠵᠤ᠂ ᠨᠤᠭᠤ ᠭᠠᠵᠠᠷ ᠤ᠋ᠨ ᠠᠮᠢ ᠠᠬᠤᠶ ᠵᠢᠨ ᠦᠶ᠋ᠯᠡᠴᠢᠯᠡᠭᠡᠨᠦ ᠴᠢᠳᠠᠮᠵᠢ ᠬᠢᠭᠡᠳ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠤ᠋ᠨ ᠬᠢᠷᠢ ᠲᠦᠪᠱᠢᠨ ᠢ᠋ ᠵᠡᠷᠭᠡ ᠪᠡᠷ ᠳᠡᠭᠡᠭ᠌ᠰᠢᠯᠡᠭᠦᠯᠦᠨ᠂ ᠨᠤᠭᠤ ᠭᠠᠵᠠᠷ ᠢ᠋ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃
ᠴᠠᠭᠠᠨᠨᠠᠭᠤᠷ ᠤᠯᠤᠰᠤ᠋ᠨ ᠨᠤᠭᠤ ᠭᠠᠵᠠᠷ ᠤ᠋ᠨ ᠴᠡᠴᠡᠷᠯᠢᠭ ᠤ᠋ᠨ ᠠᠮᠢ ᠠᠬᠤᠢ ᠵᠢᠨ ᠬᠠᠮᠠᠭᠠᠯᠠᠯᠲᠠ ᠰᠡᠷᠭᠦᠭᠡᠯᠲᠡ ᠶ᠋ᠢ ᠪᠦᠬᠦ᠌ ᠬᠦᠴᠦᠨ ᠵᠢᠡᠷ ᠠᠬᠢᠭᠤᠯᠵᠤ᠂ ᠵᠢᠯᠦᠨ ᠪᠦᠲᠦᠭᠡᠨ ᠪᠠᠢᠭᠤᠯᠤᠯᠲᠠ ᠵᠢᠨ ᠠᠭᠤᠯᠭ᠎ᠠ ᠶ᠋ᠢ ᠪᠦᠬᠦ᠌ ᠲᠠᠯ᠎ᠠ ᠪᠡᠷ ᠪᠡᠶᠡᠯᠡᠭᠦᠯᠪᠡ᠃ 1 ᠳ᠋ᠦᠩᠱᠢᠭᠤᠷ ᠲᠥᠭᠥᠷᠢᠭ ᠤ᠋ᠨ ᠨᠤᠭᠤ ᠭᠠᠵᠠᠷ ᠢ᠋ ᠬᠠᠮᠠᠭᠠᠯᠠᠬᠤ ᠨᠥᠬᠥᠪᠥᠷᠢ ᠪᠠᠯᠠ ᠮᠥᠩᠭᠥ᠌ ᠵᠢ ᠴᠢᠷᠮᠠᠢᠨ ᠣᠯᠵᠤ᠂ 20 ᠵᠦᠢᠯᠤᠨ ᠨᠤᠭᠤ ᠭᠠᠵᠠᠷ ᠢ᠋ ᠬᠠᠮᠠᠭᠠᠯᠠᠬᠤ ᠨᠥᠬᠥᠪᠥᠷᠢ ᠵᠢᠨ ᠲᠥᠷᠥᠯ ᠵᠦᠶ᠋ᠯᠢ ᠨᠢᠭᠡᠳᠦᠯᠲᠡᠶ ᠲᠥᠯᠥᠪᠯᠡᠨ ᠬᠡᠷᠡᠭ᠌ᠵᠢᠭᠦᠯᠪᠡ᠃ ᠨᠤᠭᠤ ᠭᠠᠵᠠᠷ ᠢ᠋ ᠳᠡᠰ ᠬᠤᠪᠢᠶᠠᠨ ᠬᠠᠮᠢᠶᠠᠷᠬᠤ ᠶ᠋ᠢ ᠴᠢᠩᠭᠠᠳᠭᠠᠵᠤ᠂ ᠭᠡᠭᠡᠨ ᠭᠤᠤᠯ ᠤ᠋ᠨ ᠡᠬᠢ᠂ ᠡᠷᠭᠦᠨ᠎ᠡ ᠪᠠ ᠬᠣᠷᠴᠢᠨ ᠵᠡᠷᠭᠡ 3 ᠨᠤᠭᠤ ᠭᠠᠵᠠᠷ ᠢ᠋ ᠤᠯᠤᠰᠤ᠋ᠨ ᠴᠢᠬᠤᠯᠠ ᠨᠤᠭᠤ ᠭᠠᠵᠠᠷ ᠤ᠋ᠨ ᠨᠡᠷᠡᠰᠦᠨ ᠵᠢᠭ᠍ᠰᠠᠭᠠᠯᠲᠠ ᠳ᠋ᠤ ᠠᠮᠵᠢᠯᠲᠠᠲᠠᠶ ᠣᠷᠣᠭᠤᠯᠪᠠ᠃ ᠪᠥᠬᠥ᠌ ᠣᠷᠣᠨ ᠤ᠋ ᠭᠤᠤᠯ ᠮᠥᠷᠡᠨ ᠨᠠᠭᠤᠷ ᠴᠥᠭᠥᠷᠥᠮᠦᠨ ᠳᠠᠷᠤᠭ᠎ᠠ ᠵᠢᠨ ᠲᠦᠷᠢᠮᠦᠨ ᠬᠠᠮᠢᠶ᠎ᠠ ᠪᠥᠬᠥᠶ ᠡᠭᠦᠷᠭᠡ ᠶ᠋ᠢ ᠢᠳᠡᠪᠬᠢᠲᠡᠶ ᠬᠠᠮᠵᠢᠯᠴᠠᠨ ᠪᠡᠶᠡᠯᠡᠭᠦᠯᠵᠦ᠍᠂ ᠰᠠᠯᠠᠭ᠎ᠠ ᠮᠥᠴᠢᠷᠦᠨ ᠬᠠᠮᠵᠢᠯᠴᠠᠭ᠎ᠠ ᠶ᠋ᠢ ᠴᠢᠩᠭᠠᠷᠠᠭᠤᠯᠤᠨ᠂ ᠨᠤᠭᠤ ᠭᠠᠵᠠᠷ ᠢ᠋ ᠬᠠᠮᠠᠭᠠᠯᠠᠨ ᠵᠠᠰᠠᠬᠤ ᠨᠡᠢᠯᠡᠮᠡᠯ ᠬᠦᠴᠦᠨ ᠢ᠋ ᠴᠢᠩᠭᠠᠷᠠᠭᠤᠯᠪᠠ᠃ ᠨᠤᠭᠤ ᠭᠠᠵᠠᠷ ᠤ᠋ᠨ ᠠᠮᠢ ᠠᠬᠤᠶ ᠵᠢᠨ ᠱᠢᠰᠲ᠋ᠧᠮᠦᠨ ᠪᠦᠲᠦᠮᠵᠢᠲᠡᠶ ᠬᠠᠮᠠᠭᠠᠯᠠᠯᠲᠠ ᠪᠠ ᠰᠡᠷᠭᠦᠭᠡᠯᠲᠡ ᠨᠢ ᠬᠡᠭᠡᠷ᠎ᠡ ᠵᠢᠨ ᠠᠮᠢᠲᠠᠨ ᠤ᠋ ᠳᠦᠷᠰᠦ ᠵᠢᠨ ᠰᠦᠷᠦᠭᠲᠦ ᠱᠢᠭᠤᠳ ᠠᠱᠢᠭ ᠬᠦᠷᠲᠡᠭᠡᠪᠡ᠃ ᠬᠢᠨᠠᠨ ᠬᠡᠮᠵᠢᠭ᠌ᠰᠡᠨ ᠲᠣᠭ᠎ᠠ ᠪᠠᠷᠢᠮᠲᠠ ᠳ᠋ᠤ ᠢᠯᠡᠷᠡᠭᠦᠯᠦᠭ᠌ᠰᠡᠨ ᠵᠢᠡᠷ᠂ 2025 ᠣᠨ ᠤ᠋ ᠡᠪᠦᠯᠦᠨ ᠤᠰᠤᠨ ᠤ᠋ ᠱᠢᠪᠠᠭᠤᠳ ᠢ᠋ ᠢᠵᠢᠯ ᠠᠯᠬᠤᠮ ᠵᠢᠡᠷ ᠬᠢᠨᠠᠨ ᠬᠡᠮᠵᠢᠭ᠌ᠰᠡᠨ ᠲᠡᠮᠳᠡᠭ᠌ᠯᠡᠯᠳᠦ 16 ᠲᠦᠮᠡᠨ ᠤᠰᠤᠨ ᠤ᠋ ᠱᠢᠪᠠᠭᠤ ᠪᠠᠢᠪᠠ᠃ 2026 ᠣᠨ ᠤ᠋ ᠡᠬᠢ ᠪᠣᠯᠬᠤ ᠳ᠋ᠤ᠂ ᠡᠪᠦᠯᠵᠢᠬᠦ᠌ ᠤᠰᠤᠨ ᠤ᠋ ᠱᠢᠪᠠᠭᠤᠳ ᠤ᠋ᠨ ᠲᠣᠭ᠎ᠠ ᠲᠣᠭ᠍ᠲᠠᠭᠤᠨ ᠵᠢᠡᠷ ᠨᠡᠮᠡᠭ᠌ᠳᠡᠵᠦ᠍᠂ ᠨᠡᠢᠲᠡ 18 ᠲᠦᠮᠡ ᠭᠠᠷᠤᠶ ᠤᠰᠤᠨ ᠱᠢᠪᠠᠭᠤ ᠶ᠋ᠢ ᠬᠢᠨᠡᠨ ᠬᠡᠮᠵᠢᠭᠰᠡᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号