ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠲᠦᠷᠦᠭᠦᠬᠡᠨ ᠮᠠᠨ ᠤ᠋ ᠤᠷᠤᠨ ᠤ᠋ ᠠᠩᠬᠠᠳᠤᠭᠠᠷ ᠬᠤᠭᠤᠴᠠᠭᠠᠨ ᠤ᠋ ᠮᠠᠯᠴᠢᠨ ᠲᠠᠷᠢᠶᠠᠴᠢᠨ ᠤ᠋《ᠲᠣᠰᠭᠣᠨ ᠤ᠋ ᠦᠳᠡᠰᠢᠯᠡᠭᠡ》 ᠬᠦᠷ ᠬᠦᠭᠵᠢᠶᠡᠨ ᠲᠠᠢ ᠶᠠᠪᠤᠭᠳᠠᠵᠤ᠂ ᠪᠦᠬᠦ᠌ ᠣᠷᠣᠨ ᠤ᠋ ᠮᠠᠯᠴᠢᠨ ᠲᠠᠷᠢᠶᠠᠴᠢᠨ ᠯᠤᠭ᠎ᠠ ᠰᠠᠷ᠎ᠠ ᠱᠢᠨ᠎ᠡ ᠶ᠋ᠢᠨ ᠪᠠᠶᠠᠷ ᠪᠠᠬᠠᠳᠤᠯ ᠢ᠋ ᠬᠤᠪᠢᠶᠠᠯᠴᠠᠨ᠂ ᠱᠢᠨ᠎ᠡ ᠴᠠᠭ ᠦᠶ᠎ᠡ ᠶ᠋ᠢᠨ ᠮᠠᠯᠵᠢᠬᠤ ᠲᠠᠷᠢᠶᠠᠯᠠᠬᠤ ᠣᠷᠣᠨ ᠤ᠋ ᠬᠥᠭ᠌ᠵᠢᠯ ᠴᠡᠴᠡᠭ᠌ᠯᠡᠯ ᠤ᠋ᠨ ᠪᠠᠢᠳᠠᠯ ᠪᠣᠯᠤᠨ ᠮᠠᠯᠴᠢᠨ ᠲᠠᠷᠢᠶᠠᠴᠢᠨ ᠤ᠋ ᠵᠣᠯ ᠵᠢᠷᠭᠠᠯᠲᠤ ᠠᠮᠢᠳᠤᠷᠠᠯ ᠢ᠋ ᠳᠡᠯᠭᠡᠨ ᠦᠵᠡᠭᠦᠯᠦᠭᠰᠡᠨ ᠪᠠᠢᠨ᠎ᠠ᠃
ᠲᠣᠰ ᠬᠤᠭᠤᠴᠠᠭᠠᠨ ᠤ᠋ ᠮᠠᠯᠴᠢᠨ ᠲᠠᠷᠢᠶᠠᠴᠢᠨ ᠤ᠋ 《ᠲᠣᠰᠭᠣᠨ ᠤ᠋ ᠦᠳᠡᠰᠢᠯᠡᠭᠡ》 ᠵᠢ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠬᠤ ᠲᠥᠪ ᠡᠴᠡ ᠳᠠᠭᠠᠭᠠᠴᠢᠯᠠᠨ ᠡᠷᠭᠢᠯᠡᠪᠡ᠃ 《ᠲᠣᠰᠭᠣᠨ ᠤ᠋ ᠦᠳᠡᠰᠢᠯᠡᠭᠡ》 ᠶ᠋ᠢᠨ ᠠᠭᠤᠯᠭ᠎ᠠ ᠡᠯᠪᠡᠭ ᠪᠠᠶᠠᠯᠢᠭ᠂ ᠬᠡᠯᠪᠡᠷᠢ ᠣᠯᠠᠨ ᠶᠠᠩᠵᠤ ᠶ᠋ᠢᠨ ᠪᠠᠢᠵᠤ᠂ ᠤᠯᠠᠭᠠᠨᠬᠠᠳᠠ ᠬᠣᠲᠠ᠂ ᠪᠠᠶᠠᠨᠨᠠᠭᠤᠷ ᠬᠣᠲᠠ᠂ ᠠᠯᠠᠱᠠ ᠠᠢᠮᠠᠭ ᠵᠡᠷᠭᠡ ᠪᠦᠬᠦ ᠤᠷᠤᠨ ᠤ᠋ ᠡᠯ᠎ᠡ ᠭᠠᠵᠠᠷ ᠡᠴᠡ ᠬᠦᠷᠦᠯᠴᠡᠨ ᠢᠷᠡᠭᠰᠡᠨ ᠮᠠᠯᠴᠢᠨ ᠲᠠᠷᠢᠶᠠᠴᠢᠳ ᠥᠪᠡᠷ ᠵᠢᠡᠨ ᠤᠳᠤᠷᠢᠳᠴᠤ ᠦᠪᠡᠷ ᠶ᠋ᠢᠡᠨ ᠨᠠᠢᠷᠠᠭᠤᠯᠤᠭᠰᠠᠨ ᠲᠣᠭ᠍ᠯᠠᠯᠲᠠ ᠪᠠᠷ ᠵᠣᠯ ᠵᠢᠷᠭᠠᠯᠲᠤ ᠠᠮᠢᠳᠤᠷᠠᠯ ᠵᠢᠡᠨ ᠲᠣᠭᠠᠴᠢᠨ᠂ ᠦᠵᠡᠭᠴᠢᠳ ᠤ᠋ᠨ ᠬᠠᠯᠠᠭᠤᠨ ᠬᠦᠷᠢᠶᠡᠯᠡᠯ ᠢ᠋ ᠤᠯᠵᠤ᠂ ᠬᠥᠳᠡᠭᠡ ᠲᠣᠰᠭᠣᠨ ᠤ᠋ ᠰᠣᠶᠣᠯ ᠤ᠋ᠨ ᠥᠪᠡᠷᠮᠢᠴᠡ ᠷᠢᠳᠢ ᠱᠢᠳᠢ ᠵᠢ ᠭᠦᠶ᠋ᠴᠡᠳ ᠢᠯᠡᠷᠡᠭᠦᠯᠵᠠᠢ᠃
《ᠲᠣᠰᠭᠣᠨ ᠤ᠋ ᠦᠳᠡᠰᠢᠯᠡᠭᠡ》 ᠶ᠋ᠢᠨ ᠬᠤᠭᠤᠴᠠᠭᠠᠨ ᠳ᠋ᠤ ᠪᠠᠰᠠ ᠪᠥᠬᠥ᠌ ᠣᠷᠣᠨ ᠤ᠋ ᠲᠦᠷᠦᠭᠦᠦ ᠪᠦᠯᠦᠭ ᠤ᠋ᠨ 12 ᠱᠢᠯᠢᠳᠡᠭ ᠭᠠᠴᠠᠭ᠎ᠠ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠳ᠋ᠤ 《ᠨᠠᠮ ᠤ᠋ᠨ ᠱᠢᠨ᠎ᠡ ᠡᠭᠦᠳᠦᠭ᠌ᠰᠡᠨ ᠣᠨᠣᠯ ᠤ᠋ᠨ ᠤᠬᠠᠭᠤᠯᠤᠭ᠍ᠴᠢ》 ᠶ᠋ᠢᠨ ᠤᠷᠢᠯᠭ᠎ᠠ ᠶ᠋ᠢᠨ ᠪᠢᠴᠢᠭ ᠣᠯᠭᠣᠵᠤ᠂ ᠮᠠᠯᠵᠢᠬᠤ ᠲᠠᠷᠢᠶᠠᠯᠠᠬᠤ ᠣᠷᠣᠨ ᠤ᠋ ᠬᠡᠪ ᠵᠠᠩᠱᠢᠯ ᠢ᠋ ᠥᠭᠡᠷᠡᠴᠢᠯᠡᠬᠦ᠌ 12 ᠠᠵᠢᠭ᠍ᠯᠠᠯᠲᠠ ᠶ᠋ᠢᠨ ᠴᠡᠭ ᠤ᠋ᠨ ᠲᠣᠰᠭᠣᠨ ᠳ᠋ᠤ ᠫᠠᠢᠰᠠ ᠣᠯᠭᠣᠭ᠍ᠰᠠᠨ ᠪᠥᠭᠡᠳ 2026 ᠣᠨ ᠤ᠋ 4 ᠵᠦᠶ᠋ᠯ ᠤ᠋ᠨ ᠭᠤᠤᠯᠳᠠᠯᠭ᠎ᠠ ᠲᠠᠶ ᠰᠣᠶᠣᠯ ᠲᠠᠮᠢᠷ ᠤ᠋ᠨ ᠠᠵᠢᠯᠯᠠᠭ᠎ᠠ ᠵᠢ ᠨᠡᠢᠲᠡᠯᠡᠪᠡ᠃ ᠡᠭᠦᠨ ᠤ᠋ ᠬᠠᠮᠲᠤ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠯᠴᠢᠨ ᠲᠠᠷᠢᠶᠠᠴᠢᠨ ᠤ᠋ ᠤᠳᠭ᠎ᠠ ᠤᠷᠠᠯᠢᠭ ᠤ᠋ᠨ ᠦᠶ᠋ᠯᠡᠴᠢᠯᠡᠭᠡᠨ ᠤ᠋ ᠠᠩᠭᠢ》 ᠵᠢ ᠪᠠᠢᠭᠤᠯᠤᠨ ᠲᠣᠭ ᠣᠯᠭᠣᠪᠠ᠂ ᠡᠨᠡ ᠬᠦ᠌ ᠮᠠᠯᠴᠢᠨ ᠲᠠᠷᠢᠶᠠᠴᠢᠨ ᠤ᠋ ᠤᠳᠭ᠎ᠠ ᠤᠷᠠᠯᠢᠭ ᠤ᠋ᠨ ᠭᠤᠤᠯᠯᠠᠭ᠍ᠴᠢ ᠪᠠᠷ ᠪᠦᠷᠢᠯᠳᠦᠭ᠌ᠰᠡᠨ ᠡᠩᠨᠡᠭᠡ ᠨᠢ ᠤᠷᠠᠨ ᠰᠠᠢᠬᠠᠨ ᠤ᠋ ᠲᠣᠭ᠍ᠯᠠᠯᠲᠠ ᠵᠡᠷᠭᠡ ᠬᠡᠯᠪᠡᠷᠢ ᠪᠡᠷ ᠪᠠᠶᠠᠷ ᠪᠠᠶᠠᠰᠤᠯ ᠢ᠋ ᠲᠦᠭ ᠲᠦᠮᠡᠨ ᠠᠢᠯ ᠡᠷᠦᠬᠡ ᠳ᠋ᠤ ᠬᠦᠷᠭᠡᠵᠦ᠍᠂ ᠨᠠᠮ ᠤ᠋ᠨ ᠬᠠᠢᠷ᠎ᠠ ᠬᠠᠯᠠᠮᠵᠢ ᠵᠢ ᠲᠠᠯ᠎ᠠ ᠨᠤᠲᠤᠭ ᠤ᠋ᠨ ᠭᠦᠨ ᠳ᠋ᠤ ᠳᠠᠮᠵᠢᠭᠤᠯᠬᠤ ᠪᠣᠯᠤᠨ᠎ᠠ᠃