《ᠨᠡᠷᠡᠨ ᠭᠡᠷᠡᠯᠲᠦ ᠡᠪᠦᠯ᠎ᠦᠨ ᠠᠮᠠᠷᠠᠯᠲᠠ》 ᠢᠷᠡᠯ᠎ᠡ
2026-02-27 17:25:27
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠬᠦᠬᠡᠬᠤᠳᠠ ᠵᠢᠨ ᠡᠪᠯᠡᠯ᠎ᠦᠨ ᠬᠣᠷᠢᠶ᠎ᠠ ᠥᠪᠥᠷ ᠮᠣᠩᠭᠣᠯ᠎ᠤᠨ ᠱᠢᠨ ᠭᠤᠸᠠᠩ ᠣᠯᠠᠨ ᠤᠯᠤᠰ᠎ᠤᠨ ᠰᠡᠳᠭᠢᠴᠡ᠎ᠵᠢᠨ ᠵᠦᠪᠯᠡᠯᠭᠡ ᠦᠭᠬᠦ ᠭᠠᠵᠠᠷ ᠲᠠᠢ ᠬᠠᠮᠳᠤᠷᠠᠨ᠂ ᠱᠢᠨ᠎ᠡ ᠬᠣᠲᠠ ᠲᠣᠭᠣᠷᠢᠭ᠎ᠤᠨ ᠳ᠋ᠦᠩ ᠶᠤᠸᠠᠨ ᠨᠡᠢᠭᠡᠮ ᠲᠣᠭᠣᠷᠢᠭ᠎ᠲᠤ ᠬᠦᠷᠴᠦ᠍᠂ 《ᠦᠪᠡᠷ᠎ᠢ ᠪᠡᠨ ᠬᠠᠮᠠᠭᠠᠯᠠᠬᠤᠢ·ᠨᠡᠷᠡᠨ ᠭᠡᠷᠡᠯᠲᠦ ᠡᠪᠦᠯ᠎ᠦᠨ ᠠᠮᠠᠷᠠᠯᠲᠠ》 ᠥᠪᠡᠷ᠎ᠢ᠎ᠪᠡᠨ ᠬᠠᠮᠠᠭᠠᠯᠠᠬᠤ ᠬᠥᠮᠦᠵᠢᠯ᠎ᠦᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠳ᠋ᠤ᠂ ᠬᠠᠷᠢᠶ᠎ᠠ ᠣᠷᠣᠨ᠎ᠤ 30 ᠭᠠᠷᠤᠶ ᠪᠠᠭ᠎ᠠ ᠰᠤᠷᠭᠠᠭᠤᠯᠢ᠎ᠶ᠋ᠢᠨ ᠰᠣᠷᠣᠭ᠍ᠴᠢᠳ ᠢᠳᠡᠪᠬᠢᠲᠡᠶ ᠣᠷᠣᠯᠴᠠᠨ᠂ ᠰᠣᠨᠢᠷᠬᠠᠯᠲᠤ ᠬᠠᠷᠢᠯᠴᠠᠭ᠎ᠠ ᠪᠠ ᠲᠤᠰᠭᠠᠶ ᠮᠡᠷᠭᠡᠵᠢᠯ᠎ᠦᠨ ᠵᠢᠯᠣᠭᠣᠳᠣᠯᠭ᠎ᠠ ᠳᠤᠮᠳᠠ ᠥᠪᠡᠷ᠎ᠢ᠎ᠪᠡᠨ ᠬᠠᠮᠠᠭᠠᠯᠠᠬᠤ ᠮᠡᠳᠡᠯᠭᠡ᠎ᠶ᠋ᠢ ᠰᠤᠷᠤᠯᠴᠠᠵᠤ᠂ ᠰᠡᠷᠭᠡᠢᠯᠡᠨ ᠬᠠᠮᠠᠭᠠᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠡᠪᠦᠯ᠎ᠦᠨ ᠠᠮᠠᠷᠠᠯᠲᠠ᠎ᠪᠡᠷ ᠠᠮᠤᠷ ᠲᠦᠪᠱᠢᠨ ᠦᠰᠦᠨ ᠪᠣᠢᠵᠢᠬᠤ᠎ᠬᠦᠮᠦᠵᠢᠯ ᠬᠦᠷᠳᠡᠵᠡᠢ᠃


QQ20260227-171730.png


ᠠᠵᠢᠯᠯᠠᠭ᠎ᠠ᠎ᠨᠢ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠡᠪᠦᠯ᠎ᠦᠨ ᠠᠮᠠᠷᠠᠯᠲᠠ᠎ᠶ᠋ᠢᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠠᠮᠠᠷᠠᠯᠲᠠ᠎ᠶ᠋ᠢᠨ ᠬᠤᠭᠤᠴᠠᠭᠠᠨ᠎ᠳ᠋ᠤ ᠭᠠᠷ ᠤᠲᠠᠰᠤ᠎ᠶ᠋ᠢ ᠵᠦᠶ ᠵᠣᠬᠢᠰᠲᠠᠶ ᠬᠡᠷᠡᠭ᠌ᠯᠡᠬᠦ᠌᠂ ᠤᠷᠮ᠎ᠠ ᠰᠡᠳᠭᠢᠯᠭᠡ ᠪᠡᠨ ᠵᠣᠬᠢᠴᠠᠭᠤᠯᠬᠤ᠂ ᠮᠡᠬᠡᠯᠡᠯ᠎ᠡᠴᠡ ᠰᠡᠷᠭᠡᠢᠯᠡᠬᠦ᠌᠂ ᠠᠮᠤᠷ ᠲᠦᠪᠱᠢᠨ᠎ᠦ ᠰᠡᠷᠭᠡᠢᠯᠡᠯᠲᠡ ᠵᠡᠷᠭᠡ ᠭᠤᠤᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠰᠭᠠᠶ ᠮᠡᠷᠭᠡᠵᠢᠯ᠎ᠦᠨ ᠬᠠᠪᠰᠤᠷᠤᠨ ᠵᠢᠯᠣᠭᠣᠳᠣᠯᠭ᠎ᠠ ᠬᠢᠵᠡᠢ᠃ ᠲᠤᠰᠭᠠᠶ ᠮᠡᠷᠭᠡᠵᠢᠯ᠎ᠦᠨ ᠯᠧᠺᠲ᠋ᠣᠷ᠎ᠡᠴᠡ ᠲᠠᠨᠢᠨ ᠮᠡᠳᠡᠬᠦᠶ᠂ ᠴᠢᠳᠠᠪᠤᠷᠢ᠂ ᠰᠡᠳᠭᠢᠯᠭᠡ ᠭᠤᠷᠪᠠᠨ ᠲᠠᠯ᠎ᠠ᠎ᠠᠴᠠ ᠭᠠᠷᠳᠠᠵᠤ᠂ ᠰᠣᠨᠢᠷᠬᠠᠯᠲᠦ ᠲᠠᠢᠯᠤᠮᠵᠢ᠂ ᠬᠠᠷᠢᠯᠴᠠᠨ ᠰᠣᠯᠢᠯᠴᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠬᠡᠦᠬᠡᠳ᠎ᠦᠳ ᠤ᠋ᠨ ᠪᠡᠶ᠎ᠡ᠎ᠪᠡᠨ ᠳᠠᠭᠠᠭᠠᠵᠤ ᠡᠵᠡᠮᠳᠡᠬᠦ ᠤᠬᠠᠮᠰᠠᠷ᠎ᠢ᠎ᠪᠣᠶ ᠪᠣᠯᠭᠠᠵᠤ᠂ ᠲᠡᠳᠡᠨ᠎ᠳᠦ ᠭᠠᠷ ᠤᠲᠠᠰᠤ ᠬᠡᠷᠡᠭ᠌ᠯᠡᠬᠦ᠌ ᠴᠠᠭ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠦᠭᠴᠦ᠂ ᠥᠪᠡᠷ᠎ᠢ᠎ᠪᠡᠨ ᠡᠵᠡᠮᠳᠡᠬᠦ ᠪᠠ ᠤᠷᠮ᠎ᠠ ᠰᠡᠳᠬᠢᠯᠬᠡ ᠪᠠᠨ ᠵᠣᠬᠢᠴᠠᠭᠤᠯᠬᠤ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠪᠡ᠃ ᠲᠤᠬᠠᠶ᠎ᠶ᠋ᠢᠨ ᠲᠠᠯᠠᠪᠠᠶ᠎ᠶ᠋ᠢᠨ ᠠᠵᠢᠯᠲᠠᠳ ᠪᠠᠰᠠ ᠬᠡᠦᠬᠡᠳ᠎ᠦᠳ᠎ᠲᠦ ᠮᠡᠬᠡᠯᠡᠯ᠎ᠡᠴᠡ ᠰᠡᠷᠭᠡᠢᠯᠡᠬᠦ᠌ ᠭᠠᠷ ᠠᠪᠤᠯᠭ᠎ᠠ ᠲᠠᠷᠬᠠᠭᠠᠵᠤ᠂ ᠲᠥᠬᠥᠮ ᠣᠢᠯᠠᠭᠠᠮᠵᠢᠲᠠᠶ ᠬᠡᠯᠡ ᠬᠡᠯᠡᠯᠭᠡ ᠪᠡᠷ ᠠᠮᠠᠷᠠᠯᠲᠠ᠎ᠶ᠋ᠢᠨ ᠬᠤᠭᠤᠴᠠᠭᠠᠨ᠎ᠳᠤ ᠦᠷᠭᠦᠯᠵᠢ ᠲᠣᠬᠢᠶᠠᠯᠳᠤᠳᠠᠭ ᠮᠡᠬᠡᠯᠡᠯ᠎ᠦᠨ ᠲᠥᠷᠥᠯ ᠬᠡᠯᠪᠡᠷᠢ ᠪᠠ ᠰᠡᠷᠭᠡᠢᠯᠡᠯᠲᠡ᠎ᠶ᠋ᠢᠨ ᠠᠷᠭ᠎ᠠ᠎ᠶ᠋ᠢ ᠲᠠᠢᠯᠪᠤᠷᠢᠯᠠᠵᠤ᠂ ᠬᠡᠦᠬᠡᠳ᠎ᠦᠳ᠎ᠦᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠤᠬᠠᠮᠰᠠᠷ ᠪᠠ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶ᠋ᠢ  ᠴᠢᠩᠭᠠᠳᠭᠠᠪᠠ᠃

ᠲᠣᠰ ᠤᠳᠠᠭᠠᠨ᠎ᠤ ᠠᠵᠢᠯᠯᠠᠭ᠎ᠠ᠎ᠨᠢ ᠬᠡᠦᠬᠡᠳ᠎ᠦᠨ ᠡᠪᠦᠯ᠎ᠦᠨ ᠠᠮᠠᠷᠠᠯᠲᠠ᠎ᠶ᠋ᠢᠨ ᠠᠮᠢᠳᠤᠷᠠᠯ᠎ᠳᠤ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠬᠠᠩᠭᠠᠵᠤ᠂ ᠲᠡᠳᠡᠨ᠎ᠦ ᠠᠮᠠᠷᠠᠯᠳᠠ᠎ᠶᠢᠨ ᠬᠤᠭᠤᠴᠠᠭ᠎ᠠ ᠪᠠᠨ ᠠᠮᠤᠷ ᠲᠦᠪᠱᠢᠨ᠂ ᠡᠮᠬᠢ ᠵᠢᠷᠤᠮ᠎ᠲᠠᠶ᠂ ᠪᠠᠶᠠᠷ ᠬᠥᠷ᠎ᠲᠡᠶ ᠥᠩᠭᠡᠷᠡᠭᠦᠯᠬᠦ᠌᠎ᠳᠦ ᠬᠦᠴᠦᠨ ᠨᠡᠮᠡᠷᠢᠯᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号