ᠬᠥᠬᠡᠬᠣᠲᠠ ᠣᠷᠣᠨ ᠵᠠᠶ ᠶ᠋ᠢ ᠬᠠᠷᠢᠯᠴᠠᠨ ᠱᠢᠭᠢᠳᠭᠡᠵᠦ ᠬᠠᠮᠲᠤ ᠣᠷᠣᠱᠢᠬᠤ ᠪᠠᠢᠷᠢᠰᠢᠯ᠎ᠢ᠋ ᠪᠤᠢ ᠪᠤᠯᠭᠠᠨ᠎ᠠ
2026-02-28 16:45:37
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠣᠷᠣᠨ ᠵᠠᠢ ᠪᠣᠯ ᠦᠨᠳᠦᠰᠦᠲᠡᠨ᠎ᠦ ᠪᠦᠯᠬᠦᠮᠳᠡᠯ᠎ᠦᠨ ᠹᠢᠽᠢᠺ᠎ᠦᠨ ᠰᠠᠭᠤᠷᠢ ᠮᠥᠨ᠃ ᠬᠥᠬᠡᠬᠣᠲᠠ ᠨᠡᠢᠭᠡᠮ ᠲᠣᠭᠣᠷᠢᠭ᠎ᠤᠨ ᠪᠠᠢᠷᠢᠱᠢᠯ᠎ᠢ ᠱᠢᠯᠢᠳᠡᠭ᠌ᠵᠢᠭᠦᠯᠤᠨ ᠭᠤᠤᠯ ᠰᠡᠳᠦᠪᠲᠦ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠠᠮᠲᠤ᠎ᠤᠷᠤᠰᠢᠬᠤ ᠣᠷᠣᠨ ᠵᠠᠶ᠎ᠳᠤ ᠠᠶᠠᠨᠳᠠᠭᠠᠨ ᠬᠦᠨᠵᠡᠭᠡᠢ ᠠᠭᠤᠰᠤᠯᠴᠠᠭᠤᠯᠤᠨ᠎ᠠ᠃

ᠱᠢᠨ᠎ᠡ ᠬᠤᠳᠠ ᠲᠣᠭᠣᠷᠢᠭ᠎ᠤᠨ ᠶᠢᠩ ᠪᠢᠨ ᠡᠮᠦᠨ᠎ᠡ ᠵᠠᠮ᠎ᠤᠨ ᠨᠡᠢᠭᠡᠮ ᠲᠣᠭᠣᠷᠢᠭ᠎ᠲᠤ ᠬᠦᠷᠪᠡᠯ᠂《ᠤᠯᠠᠭᠠᠨ ᠠᠨᠠᠷ᠎ᠤᠨ ᠦᠷᠳᠡᠬᠡ》ᠨᠢ ᠨᠡᠢᠭᠡᠮ ᠲᠣᠭᠣᠷᠢᠭ᠎ᠤᠨ ᠦᠢᠯᠡᠴᠢᠯᠡᠭᠡᠨ᠎ᠦ ᠲᠥᠪ᠂ ᠰᠣᠶᠣᠯ᠎ᠤᠨ ᠠᠭᠤᠳᠠᠮ ᠳᠠᠯᠠᠪᠠᠢ᠎ᠲᠠᠶ ᠨᠢᠭ᠍ᠲᠠ ᠬᠣᠯᠪᠣᠯᠳᠤᠵᠤ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ᠎ᠶ᠋ᠢᠨ ᠤᠷᠢᠶ᠎ᠠ ᠯᠣᠽᠦᠩ᠎ᠢᠯᠡ ᠲᠤᠳᠤ ᠬᠠᠷᠠᠭᠳᠠᠵᠤ᠂ ᠠᠳᠠᠯᠢ ᠪᠤᠰᠤ ᠦᠨᠳᠦᠰᠦᠲᠡᠨ᠎ᠦ ᠬᠥᠷᠰᠢ ᠵᠡᠷᠭᠡᠯᠡᠳᠡᠭᠡ᠎ᠵᠢᠨ ᠬᠢᠨ ᠡᠨᠳᠡ ᠬᠠᠮᠳᠤ ᠰᠤᠷᠤᠯᠴᠠᠵᠤ ᠬᠠᠮᠳᠤ ᠠᠵᠢᠯᠯᠠᠭ᠎ᠠ ᠦᠷᠨᠢᠬᠦᠯᠦᠨ᠎ᠡ᠃ ᠬᠣᠲᠣᠩ ᠠᠷᠠᠳ᠎ᠤᠨ ᠲᠣᠭᠣᠷᠢᠭ᠎ᠤᠨ ᠰᠠᠨ ᠱᠦᠨ ᠳ᠋ᠢᠶᠠᠨ ᠨᠡᠢᠭᠡᠮ ᠲᠣᠭᠣᠷᠢᠭ ᠦᠨᠳᠦᠰᠦᠲᠡᠨ᠎ᠦ ᠪᠦᠯᠬᠦᠮᠳᠡᠯ᠎ᠦᠨ ᠡᠯᠧᠮᠧᠨ᠋ᠲ᠎ᠢ ᠵᠡᠭᠡᠯᠢ ᠭᠤᠲᠤᠮᠵᠢ᠂ ᠴᠡᠴᠡᠷᠯᠢᠭ᠂ ᠠᠰᠠᠷ᠎ᠤᠨ ᠭᠤᠳᠤᠮᠵᠢ ᠵᠢᠨ ᠵᠢᠷᠤᠭ ᠲᠥᠯᠥᠪᠯᠡᠭᠡ᠎ᠳᠦ ᠠᠭᠤᠰᠭᠠᠵᠤ᠂ ᠬᠠᠮᠲᠤ᠎ᠪᠠᠷ ᠡᠳ᠋ᠯᠡᠬᠦ᠌ ᠣᠷᠣᠨ ᠵᠠᠢ᠎ᠶ᠋ᠢ 《ᠦᠨᠳᠦᠰᠦᠳᠡᠨ᠎ᠤ ᠪᠦᠯᠬᠦᠮᠳᠡᠯ᠎ᠤᠨ ᠤᠬᠠᠭᠤᠯᠭ᠎ᠠ ᠵᠢᠨ ᠲᠠᠪᠴᠠᠩ》 ᠪᠣᠯᠭᠠᠵᠠᠢ᠃

ᠣᠢᠷ᠎ᠠ᠎ᠶ᠋ᠢᠨ ᠵᠢᠯ᠎ᠦᠨ ᠲᠤᠷᠰᠢ᠂ ᠬᠥᠬᠡᠬᠣᠲᠠ ᠦᠨᠳᠦᠰᠦᠲᠡᠨ᠎ᠨᠦᠭᠦᠳ᠎ᠦᠨ ᠬᠥᠮᠦᠨ ᠠᠮᠠ᠎ᠶ᠋ᠢᠨ ᠶᠡᠬᠡ ᠨᠡᠭᠦᠳᠡᠯ᠂ ᠶᠡᠬᠡ ᠠᠭᠤᠰᠤᠯᠴᠠᠯ᠎ᠤᠨ ᠬᠠᠨᠳᠤᠰᠢ᠎ᠳᠤ ᠵᠣᠬᠢᠴᠠᠭᠤᠯᠤᠨ᠂ 《ᠠᠨᠠᠷ᠎ᠤᠨ ᠦᠷ᠎ᠡ》 ᠵᠢᠨ ᠭᠤᠤᠯ ᠰᠡᠳᠦᠪᠲᠦ ᠵᠢᠭ᠍ᠰᠠᠭᠠᠯ᠎ᠤᠨ ᠭᠠᠵᠠᠷ᠎ᠢ ᠪᠥᠬᠥ᠌ ᠣᠷᠣᠨ ᠪᠦᠰᠡ᠎ᠳᠦ ᠪᠦᠷᠬᠦᠭᠦᠯᠬᠦ᠌᠎ᠪᠡᠷ ᠬᠠᠷᠠᠯᠲᠠ ᠪᠣᠯᠭᠠᠵᠤ᠂ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠪᠡ᠃ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠪᠠᠢᠷᠢᠯᠠᠭᠤᠯᠤᠯᠲᠠ᠎ᠶ᠋ᠢᠨ ᠲᠠᠯ᠎ᠠ᠎ᠪᠠᠷ᠂ 8 ᠵᠡᠭᠡᠯᠢ ᠭᠤᠳᠤᠮᠵᠢ᠂ 94 ᠨᠡᠢᠭᠡᠮ ᠲᠣᠭᠣᠷᠢᠭ᠎ᠢ ᠱᠢᠨ᠎ᠡ᠎ᠪᠡᠷ ᠨᠡᠮᠡᠭ᠌ᠳᠡᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠨᠢᠭᠡᠴᠢ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠪᠠ ; 《〈ᠤᠯᠠᠭᠠᠨ ᠠᠨᠠᠷ ᠤ᠋ᠨ ᠥᠷᠲᠡᠭᠡ〉 ᠶ᠋ᠢᠨ ᠪᠦᠲᠦᠭᠡᠨ ᠪᠠᠢᠭᠤᠯᠤᠯᠲᠠ᠎ᠶ᠋ᠢᠨ ᠵᠢᠯᠣᠭᠣᠳᠭᠤ ᠰᠠᠨᠠᠯ》 ᠎ᠢ᠋ ᠲᠣᠭ᠍ᠲᠠᠭᠠᠵᠤ᠂ 459 《ᠤᠯᠠᠭᠠᠨ ᠠᠨᠠᠷ ᠤ᠋ᠨ ᠥᠷᠲᠡᠭᠡ》ᠶ᠋ᠢ ᠪᠠᠢᠭᠤᠯᠬᠤ᠎ᠶ᠋ᠢᠨ ᠬᠠᠮᠲᠤ ᠬᠠᠮᠲᠤ ᠪᠠᠷ ᠡᠳ᠋ᠯᠡᠬᠦ ᠠᠵᠢᠯᠯᠠᠬᠤ ᠦᠷᠦᠭᠡ᠂ ᠦᠨᠳᠦᠰᠦᠲᠡᠨ᠎ᠦ ᠪᠦᠯᠬᠦᠮᠳᠡᠯ᠎ᠦᠨ ᠭᠣᠣᠯ ᠰᠡᠳᠦᠪᠲᠦ ᠤᠷᠲᠤ ᠬᠣᠩᠭᠢᠯ᠎ᠢ ᠢᠵᠢ ᠪᠦᠷᠢᠳᠦᠭᠦᠯᠦᠨ ᠪᠦᠲᠦᠭᠡᠨ ᠪᠠᠢᠭᠤᠯᠵᠠᠢ᠃ ᠰᠠᠢᠬᠠᠨ ᠲᠣᠭᠣᠷᠢᠭ᠎ᠤᠨ ᠵᠢᠨ ᠴᠢᠶᠤᠤ ᠨᠡᠢᠭᠡᠮ ᠲᠣᠭᠣᠷᠢᠭ᠎ᠤᠨ ᠬᠠᠮᠲᠤ᠎ᠪᠠᠷ ᠡᠳ᠋ᠯᠡᠬᠦ᠌ ᠤᠩᠱᠢᠯᠭ᠎ᠠ᠎ᠶ᠋ᠢᠨ ᠪᠤᠯᠤᠩ᠎ᠳᠤ᠂ ᠤᠯᠠᠨ ᠬᠡᠯᠡᠨ᠎ᠦ ᠨᠣᠮ ᠪᠢᠴᠢᠭ᠎ᠢ ᠳᠡᠯᠭᠡᠨ ᠦᠵᠡᠭᠦᠯᠵᠦ᠍᠂ ᠬᠡᠦᠬᠡᠳ᠎ᠦᠨ ᠬᠥᠳᠡᠯᠭᠡᠭᠡᠨ᠎ᠦ ᠳᠤᠮᠳᠠ ᠦᠨᠳᠦᠰᠦᠲᠡᠨ᠎ᠦ ᠬᠡᠦᠬᠡᠳ ᠮᠣᠷᠢᠨ ᠬᠤᠭᠤᠷ ᠰᠤᠷᠴᠤ᠌᠂ ᠴᠠᠭᠠᠨ ᠰᠠᠷ᠎ᠠ᠎ᠶ᠋ᠢᠨ ᠵᠢᠷᠤᠭ ᠵᠢᠷᠤᠳᠠᠭ᠃ 《ᠪᠢᠳᠡ ᠬᠥᠷᠰᠢ ᠵᠡᠷᠬᠡᠯᠡᠲᠠᠬᠡ ᠲᠡᠳᠦᠢ ᠪᠢᠰᠢ᠂ ᠬᠠᠷᠢᠨ ᠨᠢᠭᠡ ᠭᠡᠷ᠎ᠦᠨ ᠬᠥᠮᠦᠨ ᠮᠠᠲᠤ ᠲᠤᠲᠤᠨᠤ ᠪᠠᠢᠳᠠᠭ》 ᠭᠡᠵᠦ ᠰᠠᠭᠤᠭᠠᠯᠢ ᠠᠷᠠᠳ ᠬᠡᠯᠡᠨ᠎ᠡ᠃   

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号