ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠰᠤᠳᠤᠯᠤᠨ ᠪᠠᠢᠷᠢᠯᠠᠭᠤᠯᠪᠠ
ᠸᠠᠩ ᠸᠧᠢ ᠵᠥᠩ ᠬᠤᠷᠠᠯ᠎ᠢ ᠡᠷᠭᠢᠯᠡᠵᠡᠢ
2 ᠰᠠᠷ᠎ᠠ᠎ᠶᠢᠨ 27᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ 《ᠪᠥᠬᠥ ᠨᠠᠮ ᠵᠢᠡᠷ ᠵᠢᠡᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠠᠯᠪᠠᠨ ᠲᠢᠩᠬᠢᠮ᠎ᠦᠨ ᠮᠡᠳᠡᠭᠳᠡᠯ》 ᠪᠠ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠬᠤᠯᠪᠤᠭᠳᠠᠯ ᠪᠦᠬᠦᠢ ᠲᠥᠰᠥᠯ᠎ᠢ ᠬᠢᠨᠠᠨ ᠵᠥᠪᠯᠡᠵᠦ᠂ ᠮᠠᠨ᠎ᠤ ᠣᠷᠣᠨ᠎ᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠬᠤᠷᠠᠯ᠎ᠢ ᠡᠷᠬᠢᠯᠡᠪᠡ᠃
ᠬᠤᠷᠠᠯ᠎ᠡᠴᠡ᠂ ᠪᠦᠬᠦ ᠨᠠᠮ ᠳ᠋ᠤ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ ᠵᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠨᠠᠮ᠎ᠤᠨ ᠲᠥᠪ ᠬᠣᠷᠢᠶ᠎ᠡ ᠡᠴᠡ ᠭᠠᠷᠭᠠᠭᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠣᠨ᠎ᠠ᠂ ᠮᠥᠨ ᠴᠦ᠍ ᠡᠨᠡ ᠵᠢᠯ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠪᠣᠯᠣᠨ᠎ᠠ᠂ ᠨᠠᠮ ᠪᠣᠯᠣᠨ ᠤᠯᠤᠰ᠎ᠤᠨ ᠠᠵᠢᠯ ᠦᠢᠯᠡᠰ᠎ᠢ ᠠᠬᠢᠭᠤᠯᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠡᠯ᠎ᠡ ᠱᠠᠲᠤᠨ᠎ᠤ ᠬᠢᠨ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠭᠣᠣᠯ ᠡᠭᠦᠷᠭᠡ᠎ᠶᠢ ᠪᠡᠶᠡᠯᠡᠭᠦᠯᠬᠦ᠂ ᠨᠠᠮ᠎ᠤᠨ ᠰᠢᠨᠵᠢ ᠴᠢᠨᠠᠷ ᠵᠣᠷᠢᠯᠲᠠ᠎ᠶᠢ ᠪᠠᠲᠤ ᠰᠠᠬᠢᠬᠤ ᠪᠠ ᠨᠠᠮ᠎ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠥᠨᠳᠥᠷᠴᠡ ᠳ᠋ᠤ᠌ ᠵᠣᠭᠰᠣᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ 《ᠨᠡᠶ᠋ᠢᠲᠡ᠎ᠶᠢᠨ ᠲᠥᠯᠥᠭᠡ ᠨᠠᠮ ᠪᠠᠶ᠋ᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》ᠶᠡᠷᠦᠩᠬᠡᠢ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠡᠯ᠎ᠡ ᠵᠦᠢᠯ᠎ᠦᠨ ᠡᠭᠦᠷᠭᠡ᠎ᠪᠡᠨ ᠯᠠᠪᠳᠠᠭᠤᠨ ᠪᠠᠲᠤᠲᠠᠢ ᠪᠡᠶᠡᠯᠡᠭᠦᠯᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠦᠨᠡᠨ᠎ᠡᠴᠡ ᠵᠥᠪ᠎ᠢ ᠡᠷᠢᠬᠦ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠎ᠶᠢ ᠪᠠᠷᠢᠮᠲᠠᠯᠠᠬᠤ ᠵᠢ ᠠᠬᠢᠭᠤᠯᠵᠤ᠂ ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠨ᠂ ᠪᠣᠳᠠᠲᠠᠢ ᠠᠵᠢᠯᠯᠠᠬᠤ ᠪᠡᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠤᠬᠠᠮᠰᠠᠷ᠎ᠡᠴᠡ᠎ᠪᠠᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠪᠡᠷ ᠬᠥᠭᠵᠢᠯᠲᠡ᠎ᠶᠢ ᠠᠬᠢᠭᠤᠯᠵᠤ᠂ ᠠᠷᠠᠳ ᠲᠦᠮᠡᠨ᠎ᠳᠦ ᠪᠤᠶᠠᠨ ᠦᠢᠯᠡᠳᠴᠦ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠨ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ᠎ᠪᠡᠷ ᠮᠠᠨ᠎ᠤ ᠣᠷᠣᠨ᠎ᠤ《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ ᠵᠢ ᠬᠦᠴᠦᠯᠡᠨ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠬᠤᠷᠠᠯ᠎ᠡᠴᠡ᠂ ᠲᠥᠪ᠎ᠦᠨ ᠵᠣᠷᠢᠭ᠋ ᠰᠠᠨᠠᠭ᠎ᠠ᠎ᠶᠢ ᠰᠤᠷᠤᠯᠴᠠᠨ ᠣᠢᠯᠠᠭᠠᠵᠤ ᠲᠤᠭᠤᠰᠢᠲᠠᠢ ᠡᠵᠡᠮᠰᠢᠵᠤ᠂ ᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠱᠠᠭᠠᠷᠳᠠᠯᠭ᠎ᠠ ᠪᠣᠯᠣᠨ ᠠᠵᠢᠯ᠎ᠤᠨ ᠲᠣᠬᠢᠷᠠᠭᠤᠯᠤᠯᠲᠠ᠎ᠶᠢ ᠣᠨᠣᠪᠴᠢᠲᠠᠢ ᠡᠵᠡᠮᠳᠡᠵᠦ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ ᠡᠯ᠎ᠡ ᠵᠦᠢᠯ᠎ᠦᠨ ᠠᠵᠢᠯ᠎ᠢ ᠪᠣᠳᠠᠲᠠᠢ ᠨᠠᠷᠢᠨ ᠠᠳᠬᠤᠬᠤ ᠬᠡᠷᠡᠭᠲᠡᠢ᠃ 《ᠭᠦᠨᠵᠡᠭᠡᠢ ᠰᠤᠷᠤᠯᠴᠠᠬᠤ》ᠳᠡᠭᠡᠷ᠎ᠡ ᠬᠦᠴᠦ ᠲᠠᠯᠪᠢᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ᠎ᠶᠢ ᠰᠤᠷᠤᠯᠴᠠᠬᠤ ᠵᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠬᠤ᠂ ᠲᠥᠪ᠎ᠤᠨ《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠶᠢ ᠰᠤᠷᠤᠯᠴᠠᠬᠤ᠎ᠲᠠᠢ ᠤᠶᠠᠯᠳᠤᠭᠤᠯᠵᠤ᠂ ᠪᠠᠢᠴᠠᠭᠠᠨ ᠰᠤᠳᠤᠯᠤᠯᠲᠠ᠎ᠶᠢ ᠴᠢᠩᠭᠠᠳᠬᠠᠬᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ᠎ᠢᠶᠡᠨ ᠠᠵᠢᠯ᠎ᠢ ᠰᠠᠢᠲᠤᠷ ᠬᠢᠬᠦ᠎ᠲᠠᠢ ᠤᠶᠠᠯᠳᠤᠭᠤᠯᠵᠤ᠂ ᠰᠤᠷᠤᠯᠴᠠᠬᠤ ᠲᠥᠯᠥᠪᠯᠡᠭᠡ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ ᠲᠡᠷᠡ ᠬᠡᠪ᠎ᠢᠶᠡᠷ ᠨᠢ ᠰᠤᠷᠤᠯᠴᠠᠵᠤ᠂ ᠭᠦᠨᠵᠡᠭᠡᠢ ᠰᠡᠳᠬᠢᠨ ᠰᠤᠷᠤᠯᠴᠠᠨ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠲᠠᠷᠢᠬᠢ ᠲᠣᠯᠣᠭᠠᠢ᠎ᠳᠠᠭᠠᠨ ᠬᠠᠳᠠᠩᠰᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠳᠡᠢ᠃ 《ᠦᠨᠡᠨ ᠬᠦ᠌ ᠪᠠᠢᠴᠠᠭᠠᠬᠤ》 ᠳᠠᠭᠠᠨ ᠦᠨᠳᠦᠰᠦ ᠰᠤᠷᠪᠤᠯᠵᠢ᠎ᠶᠢ ᠨᠢ ᠤᠬᠤᠴᠢᠯᠠᠵᠤ᠂ ᠰᠤᠷᠤᠯᠴᠠᠨ ᠰᠡᠳᠬᠢᠬᠦ ᠵᠢᠨ ᠳᠠᠭᠠᠤ ᠠᠰᠠᠭᠤᠳᠠᠯ᠎ᠢ ᠪᠠᠢᠴᠠᠭᠠᠨ ᠳᠡᠯᠭᠡᠬᠦ᠎ᠶᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠱᠠᠭᠠᠷᠳᠠᠯᠭ᠎ᠠ ᠪᠡᠷ ᠪᠠᠷᠢᠮᠵᠢᠶ᠎ᠡ ᠪᠤᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ᠎ᠶᠢᠨ ᠵᠥᠷᠢᠶ᠎ᠡ᠎ᠶᠢᠨ ᠭᠣᠣᠯ ᠠᠰᠠᠭᠤᠳᠠᠯ᠎ᠤᠨ ᠨᠠᠷᠢᠨ ᠲᠠᠩᠰᠠ ᠲᠠᠢ ᠬᠠᠷᠭᠤᠭᠤᠯᠵᠦ᠂ ᠲᠥᠪ᠎ᠦᠨ ᠲᠣᠭᠣᠷᠢᠨ ᠪᠠᠢᠴᠠᠭᠠᠯᠲᠠ᠂ ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠯᠲᠠ ᠵᠡᠷᠭᠡ ᠡᠯ᠎ᠡ ᠲᠦᠷᠦᠯ᠎ᠦᠨ ᠬᠢᠨᠠᠯᠲᠠ ᠪᠠᠢᠴᠠᠭᠠᠯᠲᠠ᠎ᠶᠢᠨ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠭᠤᠭᠤᠯᠵᠦ᠂ ᠲᠤᠰ ᠭᠠᠵᠠᠷ ᠣᠷᠣᠨ ᠲᠤᠰ ᠬᠦᠷᠢᠶᠡᠨ᠎ᠦ ᠠᠵᠢᠯ᠎ᠤᠨ ᠴᠢᠨᠠᠷ ᠰᠠᠢᠲᠠᠢ ᠥᠷᠨᠢᠬᠦ᠎ᠶᠢ ᠬᠢᠵᠠᠭᠠᠷᠯᠠᠵᠤ ᠪᠠᠢᠭ᠎ᠠ ᠬᠦᠴᠢᠷ ᠠᠰᠠᠭᠤᠳᠠᠯ ᠪᠠ ᠠᠷᠠᠳ ᠤᠯᠠᠨ᠎ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠲᠠᠢ ᠬᠠᠷᠭᠤᠭᠤᠯᠵᠦ᠂ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ᠎ᠶᠢᠨ ᠲᠠᠯ᠎ᠠ᠎ᠪᠠᠷ ᠣᠷᠣᠰᠢᠵᠤ ᠪᠠᠢᠭ᠎ᠠ ᠠᠰᠠᠭᠤᠳᠠᠯ᠎ᠢ ᠭᠦᠨᠵᠡᠭᠡᠢ ᠡᠷᠢᠵᠦ᠂ ᠤᠬᠠᠮᠰᠠᠷ᠎ᠡᠴᠡ᠎ᠪᠠᠨ ᠨᠠᠮᠴᠢ ᠴᠢᠨᠠᠷ᠎ᠤᠨ ᠲᠠᠯ᠎ᠠ᠎ᠡᠴᠡ ᠵᠥᠷᠢᠶ᠎ᠡ᠎ᠪᠡᠨ ᠡᠷᠢᠵᠦ᠂ ᠦᠨᠳᠦᠰᠦ ᠰᠤᠷᠪᠤᠯᠵᠢ᠎ᠶᠢ ᠨᠢ ᠪᠠᠢᠴᠠᠭᠠᠵᠤ᠂ ᠪᠣᠯᠪᠠᠰᠤᠷᠠᠯ᠎ᠢᠶᠠᠨ ᠴᠢᠩᠭᠠᠳᠬᠠᠬᠤ ᠬᠡᠷᠡᠭᠲᠡᠢ᠃《ᠪᠣᠳᠠᠲᠠᠢ ᠴᠡᠭᠴᠡᠯᠡᠨ ᠰᠠᠢᠵᠢᠷᠠᠭᠤᠯᠬᠤ》 ᠲᠠᠯ᠎ᠡ ᠪᠡᠷ ᠦᠷ᠎ᠡ ᠪᠦᠲᠦᠮᠵᠢ ᠣᠯᠵᠤ᠂ ᠪᠠᠢᠴᠠᠭᠠᠨ ᠳᠡᠯᠭᠡᠭᠰᠡᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠪᠠ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠵᠢ ᠲᠦᠪᠯᠡᠷᠡᠭᠦᠯᠦᠨ ᠴᠡᠭᠴᠡᠯᠡᠨ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠲᠥᠷᠥᠯ ᠬᠤᠪᠢᠶᠠᠨ ᠴᠡᠭᠴᠡᠯᠡᠨ ᠰᠠᠢᠵᠢᠷᠠᠭᠤᠯᠬᠤ ᠲᠥᠯᠥᠪᠯᠡᠭᠡ ᠲᠣᠭᠲᠠᠭᠠᠵᠤ᠂ ᠬᠠᠮᠢᠶ᠎ᠠ ᠪᠦᠬᠦᠢ ᠠᠰᠠᠭᠤᠳᠠᠯ᠎ᠢ ᠦᠨᠡᠨ ᠬᠦ᠌ ᠴᠡᠭᠴᠡᠯᠡᠨ ᠰᠠᠢᠵᠢᠷᠠᠭᠤᠯᠬᠤ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ᠎ᠶᠢ ᠰᠠᠢᠲᠤᠷ ᠠᠳᠬᠤᠵᠤ᠂ ᠪᠠᠢᠴᠠᠭᠠᠨ ᠳᠡᠯᠭᠡᠵᠦ ᠭᠠᠷᠭᠠᠭᠰᠠᠨ ᠠᠰᠠᠭᠤᠳᠠᠯ᠎ᠤᠨ ᠳᠤᠮᠳᠠ ᠢᠯᠡᠷᠡᠭᠰᠡᠨ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ᠎ᠶᠢᠨ ᠵᠥᠷᠢᠶ᠎ᠡ᠎ᠶᠢᠨ ᠭᠡᠮ ᠰᠣᠭᠣᠭ᠎ᠢ ᠠᠭᠤᠳᠠᠯᠤᠨ ᠵᠠᠳᠠᠯᠵᠤ᠂ ᠳᠦᠷᠢᠮ᠎ᠦᠨ ᠰᠢᠰᠲᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠦᠷᠢᠮ᠎ᠦᠨ ᠬᠡᠷᠡᠭᠵᠢᠭᠦᠯᠦᠯᠲᠡ᠎ᠶᠢᠨ ᠬᠠᠲᠠᠭᠤ ᠴᠢᠨᠠᠷ᠎ᠢ ᠴᠢᠩᠭᠠᠳᠬᠠᠵᠤ᠂ ᠳᠦᠷᠢᠮ᠎ᠳᠦ ᠲᠦᠰᠢᠭᠯᠡᠵᠤ ᠡᠷᠬᠡ᠎ᠶᠢ ᠬᠠᠮᠢᠶᠠᠷᠴᠦ᠂ ᠤᠴᠢᠷ ᠶᠠᠪᠤᠳᠠᠯ᠎ᠢ ᠬᠠᠮᠢᠶᠠᠷᠴᠦ᠂ ᠬᠥᠮᠥᠨ᠎ᠢ ᠬᠠᠮᠢᠶᠠᠷᠴᠦ᠂ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠡᠴᠡ᠎ᠪᠠᠷ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠬᠤ ᠪᠠ ᠭᠡᠳᠡᠷᠬᠦ ᠱᠠᠯᠠᠪᠳᠠᠭᠤᠯᠵᠤ ᠪᠠᠢᠭᠠᠳ ᠵᠠᠰᠠᠬ᠎ᠤᠨ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠡᠬᠦᠳᠡ ᠪᠡᠨ ᠨᠡᠭᠡᠭᠡᠵᠦ ᠬᠥᠮᠦᠵᠢᠯ ᠬᠢᠬᠦ᠎ᠶᠢ ᠪᠠᠷᠢᠮᠲᠠᠯᠠᠵᠤ᠂ 《ᠳᠥᠷᠪᠡ᠎ᠶᠢ ᠦᠨᠳᠦᠰᠦᠨ ᠱᠠᠲᠤᠨ᠎ᠳᠤ ᠪᠠᠭᠤᠯᠭᠠᠬᠤ》ᠳᠦᠷᠢᠮ᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠰᠠᠨᠠᠭᠠᠴᠢᠯᠠᠭ᠎ᠠ᠎ᠡᠴᠡ᠎ᠪᠠᠨ ᠰᠣᠨᠣᠰᠴᠤ᠂ ᠰᠠᠨᠠᠯ ᠰᠠᠨᠠᠭᠤᠯᠭ᠎ᠠ᠎ᠶᠢ ᠥᠷᠭᠡᠨ᠎ᠢᠶᠡᠷ ᠬᠤᠷᠢᠶᠠᠵᠤ᠂ ᠤᠯᠠᠨ ᠲᠦᠮᠡᠨ᠎ᠢ ᠦᠨᠡᠨ ᠬᠦ᠌ ᠠᠰᠠᠭᠤᠳᠠᠯ᠎ᠢ ᠳᠤᠷᠠᠳᠤᠭ᠍ᠴᠢ᠂ ᠠᠵᠢᠯ᠎ᠤᠨ ᠬᠢᠨᠠᠯᠲᠠ ᠲᠠᠯᠪᠢᠭ᠍ᠴᠢ᠂ ᠦᠷ᠎ᠡ ᠪᠦᠲᠦᠮᠵᠢ᠎ᠶᠢᠨ ᠦᠨᠡᠯᠡᠭᠴᠢ ᠪᠣᠯᠭᠠᠬᠤ ᠬᠡᠷᠡᠭᠲᠡᠢ᠃ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠬᠡᠷᠡᠭᠵᠢᠭᠦᠯᠬᠦ ᠶᠠᠪᠤᠴᠠ᠎ᠳᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠵᠠᠬᠢᠳᠠᠯ ᠰᠣᠷᠪᠤᠯᠵᠢᠯᠠᠯ᠎ᠤᠨ ᠠᠰᠠᠭᠤᠳᠠᠯ᠎ᠢ ᠲᠥᠪᠯᠡᠷᠡᠭᠦᠯᠦᠨ ᠰᠢᠢᠳᠪᠦᠷᠢᠯᠡᠬᠦ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ᠎ᠳᠦ ᠰᠤᠷᠤᠯᠴᠠᠯᠭ᠎ᠠ ᠬᠥᠮᠦᠵᠢᠯ᠎ᠦᠨ ᠳᠤᠮᠳᠠ ᠪᠣᠳᠠᠲᠤ ᠠᠰᠢᠭ᠋ ᠬᠦᠷᠲᠡᠭᠡᠵᠦ᠂ ᠬᠤᠪᠢᠷᠠᠯᠲᠠ᠎ᠶᠢ ᠬᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ)ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠰᠠᠢᠲᠤᠷ ᠨᠠᠢᠳᠠᠪᠤᠷᠢᠵᠢᠭᠤᠯᠵᠤ᠂ ᠨᠠᠷᠢᠨ ᠨᠢᠮᠪᠠᠢ ᠲᠣᠬᠢᠷᠠᠭᠤᠯᠵᠤ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠭᠣᠣᠯ ᠬᠠᠷᠢᠭᠤᠴᠠᠯᠭᠠᠲᠠᠨ ᠨᠥᠬᠥᠳ ᠨᠢᠭᠡᠳᠦᠭᠡᠷ ᠬᠠᠷᠢᠭᠤᠴᠠᠯᠭᠠᠲᠠᠨ᠎ᠤ ᠡᠭᠦᠷᠭᠡ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠰᠠᠨᠠᠭᠠᠴᠢᠯᠠᠭ᠎ᠠ᠎ᠡᠴᠡ᠎ᠪᠠᠨ ᠠᠵᠢᠯ ᠬᠢᠵᠤ᠂ ᠡᠮᠦᠨ᠎ᠡ ᠨᠢ ᠵᠢᠯᠤᠭᠣᠳᠴᠤ᠂ ᠪᠠᠭ᠎ᠤᠨ ᠪᠦᠷᠢᠯᠳᠦᠭᠦᠨ 《ᠨᠢᠭᠡ ᠠᠵᠢᠯ᠎ᠤᠨ ᠪᠠᠢᠷᠢ᠎ᠳᠦ ᠬᠣᠤᠰ ᠬᠠᠷᠢᠭᠤᠴᠠᠯᠭ᠎ᠠ ᠡᠭᠦᠷᠭᠡᠯᠡᠬᠦ》 ᠶ᠋ᠢ ᠰᠠᠢᠲᠤᠷ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠢᠭ᠎ᠠ ᠬᠦᠷᠢᠶ᠎ᠡ᠂ ᠬᠤᠪᠢᠳᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ᠎ᠦᠨ ᠰᠤᠷᠤᠯᠴᠠᠯᠭ᠎ᠠ ᠬᠥᠮᠦᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠠᠳᠬᠤᠬᠤ ᠬᠡᠷᠡᠭᠲᠡᠢ᠃ ᠠᠵᠢᠯ᠎ᠤᠨ ᠲᠤᠰᠬᠠᠢ ᠠᠩᠭᠢ ᠨᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠲᠥᠷᠥᠯ ᠬᠤᠪᠢᠶᠠᠨ ᠵᠢᠯᠤᠭᠣᠳᠬᠤ᠎ᠪᠠᠨ ᠴᠢᠩᠭᠠᠳᠬᠠᠵᠤ᠂ ᠪᠠᠢᠳᠠᠯ᠎ᠢ ᠴᠠᠭ ᠲᠤᠬᠠᠢ ᠳ᠋ᠤᠨᠢ ᠮᠥᠷᠳᠡᠨ ᠡᠵᠡᠮᠰᠢᠵᠦ᠂ ᠰᠤᠷᠤᠯᠴᠠᠯᠭ᠎ᠠ ᠬᠥᠮᠦᠵᠢᠯ᠎ᠦᠨ ᠴᠢᠨᠠᠷ ᠰᠠᠢᠲᠠᠢ ᠥᠷᠨᠢᠬᠦ᠎ᠶᠢ ᠴᠢᠷᠮᠠᠢᠨ ᠠᠬᠢᠭᠤᠯᠬᠤ ᠬᠡᠷᠡᠭᠲᠡᠢ᠃ ᠬᠣᠲᠠ ᠰᠢᠶᠠᠨ ᠰᠢᠶᠠᠩ᠎ᠤᠨ ᠤᠳᠤᠷᠢᠳᠬᠤ ᠪᠠᠭ᠎ᠤᠨ ᠲᠥᠪᠯᠡᠷᠡᠭᠦᠯᠦᠨ ᠬᠤᠭᠤᠴᠠᠭ᠎ᠠ ᠰᠣᠯᠢᠬᠤ᠎ᠲᠠᠢ ᠤᠶᠠᠯᠳᠤᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ᠎ᠶᠢᠨ ᠬᠢᠨᠠᠨ ᠪᠠᠢᠴᠠᠭᠠᠯᠲᠠ᠎ᠶᠢ ᠴᠢᠩᠭᠠᠳᠬᠠᠵᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ᠂ ᠠᠷᠠᠳ ᠲᠦᠮᠡᠨ᠎ᠳᠦ ᠪᠤᠶᠠᠨ ᠦᠢᠯᠡᠳᠬᠦ ᠰᠠᠢᠨ ᠺᠠᠳ᠋ᠷ᠎ᠢ ᠶᠡᠬᠡ ᠬᠦᠴᠦ ᠪᠡᠷ ᠰᠢᠯᠢᠨ ᠰᠣᠩᠭᠣᠵᠤ᠂ ᠰᠤᠷᠤᠯᠴᠠᠯᠭ᠎ᠠ ᠬᠥᠮᠦᠵᠢᠯ᠎ᠦᠨ ᠱᠠᠭᠠᠷᠳᠠᠯᠭ᠎ᠠ᠎ᠶᠢ ᠬᠤᠭᠤᠴᠠᠭ᠎ᠠ ᠰᠣᠯᠢᠬᠤ ᠠᠵᠢᠯ᠎ᠤᠨ ᠡᠬᠢᠨ᠎ᠡᠴᠡ ᠨᠢ ᠳᠠᠭᠤᠰᠲᠠᠯ᠎ᠠ ᠦᠨᠡᠨ ᠬᠦ᠌ ᠲᠤᠭᠤᠰᠢᠯᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃