ᠸᠠᠩ ᠸᠧᠶ ᠵᠥᠩ ᠬᠤᠷᠠᠯ᠎ᠢ ᠡᠷᠭᠢᠯᠡᠵᠡᠢ
2 ᠰᠠᠷ᠎ᠠ᠎ᠶ᠋ᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ᠎ᠢᠶᠠᠷ ᠴᠡᠭ᠌ᠴᠡᠯᠡᠨ ᠰᠠᠢᠵᠢᠷᠠᠭᠤᠯᠤᠭ᠍ᠰᠠᠨ ᠠᠬᠢᠴᠠ᠎ᠶ᠋ᠢᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠤᠯᠪᠤᠬᠳᠠᠯ ᠪᠥᠬᠥᠶ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃
ᠬᠤᠷᠠᠯ ᠡᠴᠡ᠂ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠠᠬᠤᠢᠴᠢ ᠲᠤᠯᠭᠠᠮ ᠪᠤᠳᠤᠯ᠎ᠢᠶᠠᠷ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠬᠢᠵᠦ᠍᠂ ᠦᠨᠡᠨ ᠪᠣᠳᠠᠲᠠᠢ ᠦᠷ᠎ᠡ ᠪᠦᠲᠦᠭᠡᠯ ᠤᠯᠬᠤ᠎ᠶ᠋ᠢ ᠪᠠᠲᠤᠯᠠᠬᠤ ᠬᠡᠷᠡᠭ᠌ᠲᠡᠢ᠃ ᠡᠷᠴᠢᠮ᠎ᠢᠶᠡᠨ ᠴᠢᠩᠭᠠᠷᠠᠭᠤᠯᠵᠤ᠂ ᠡᠷᠴᠢ ᠵᠣᠷᠢᠭ᠎ᠢᠶᠠᠨ ᠬᠥᠪᠴᠢᠯᠡᠨ ᠴᠢᠩᠭ᠎ᠠ ᠠᠳᠬᠤᠨ ᠲᠦᠷᠭᠡᠨ ᠰᠠᠢᠵᠢᠷᠠᠭᠤᠯᠵᠤ᠂ ᠤᠷᠤᠭ᠍ᠰᠢ ᠠᠬᠢᠭᠤᠯᠵᠤ ᠳᠡᠢᠯᠬᠦ᠌ ᠵᠢ ᠨᠢ ᠪᠦᠬᠦ᠌ ᠬᠦᠴᠦᠨ᠎ᠢᠶᠡᠷ᠎ᠢᠶᠡᠨ ᠤᠷᠤᠭ᠍ᠰᠢ ᠠᠬᠢᠭᠤᠯᠬᠤ ᠬᠡᠷᠡᠭ᠌ᠲᠡᠢ᠃ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠴᠡᠭ᠌ᠴᠡᠯᠡᠨ ᠰᠠᠢᠵᠢᠷᠠᠭᠤᠯᠬᠤ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠴᠡᠭ᠌ᠴᠡᠯᠡᠨ ᠰᠠᠢᠵᠢᠷᠠᠭᠤᠯᠬᠤ ᠵᠢ ᠠᠷᠭᠠᠴᠠᠭᠠᠬᠤ᠂ ᠬᠤᠳᠠᠯ ᠬᠡᠯᠡᠵᠦ᠍ ᠬᠠᠭᠤᠷᠮᠠᠬᠯᠠᠨ ᠦᠢᠯᠡᠳᠬᠦ᠎ᠶ᠋ᠢ ᠴᠢᠩᠭ᠎ᠠ ᠱᠢᠢᠳᠪᠦᠷᠢᠯᠡᠵᠦ᠍᠂ ᠶᠠᠭᠠᠬᠢᠭ᠍ᠰᠠᠨ ᠴᠤ᠌ ᠢᠯᠳᠠᠷ ᠬᠠᠶᠠᠵᠤ ᠪᠣᠯᠬᠤ ᠦᠭᠡᠢ᠃ ᠨᠢᠭᠡ᠎ᠡᠴᠡ ᠵᠦᠶ᠋ᠴᠢᠯᠡᠨ ᠨᠥᠭᠥᠭᠡ᠎ᠶ᠋ᠢ ᠮᠡᠳᠡᠵᠦ᠍᠂ ᠥᠩᠭᠡᠨ ᠲᠠᠯ᠎ᠠ ᠪᠠ ᠦᠨᠳᠦᠰᠦ ᠡᠴᠡ ᠨᠢ ᠵᠡᠷᠭᠡ᠎ᠪᠡᠷ ᠵᠠᠰᠠᠵᠤ᠂ ᠠᠰᠠᠭᠤᠳᠠᠯ᠎ᠤᠨ ᠦᠨᠳᠦᠰᠦ ᠰᠤᠷᠪᠤᠯᠵᠢ᠎ᠶ᠋ᠢ ᠣᠨᠣᠪᠴᠢᠲᠠᠶ ᠡᠷᠢᠵᠦ᠍ ᠡᠪᠡᠳᠴᠢᠨ᠎ᠳᠦᠨᠢ ᠲᠤᠬᠢᠷᠠᠭᠤᠯᠤᠨ ᠡᠮ ᠥᠭ᠌ᠴᠦ᠂ ᠲᠦᠷᠢᠮ ᠲᠣᠭ᠍ᠲᠠᠴᠠ᠎ᠶ᠋ᠢ ᠱᠢᠯᠢᠳᠡᠭ᠌ᠵᠢᠭᠦᠯᠬᠦ᠌ ᠲᠠᠯ᠎ᠠ ᠡᠴᠡ ᠠᠷᠭ᠎ᠠ ᠪᠤᠳᠤᠵᠤ᠂ ᠪᠣᠳᠠᠲᠠᠶ ᠠᠷᠭ᠎ᠠ ᠭᠠᠷᠭᠠᠬᠤ᠎ᠶ᠋ᠢ ᠴᠢᠬᠤᠯᠠᠴᠢᠯᠠᠨ᠂ ᠨᠢᠭᠡ ᠠᠰᠠᠭᠤᠳᠠᠯ᠎ᠢ ᠵᠠᠰᠠᠬᠤ᠎ᠠᠴᠠ ᠨᠢᠭᠡ ᠲᠥᠷᠥᠯ᠎ᠦᠨ ᠠᠰᠠᠭᠤᠳᠠᠯ᠎ᠢ ᠱᠢᠶ᠋ᠳᠪᠦᠷᠢᠯᠡᠬᠦ᠌ ᠳᠡᠢᠰᠢ ᠤᠷᠲᠤᠳᠭᠠᠬᠤ᠎ᠪᠠᠷ ᠴᠢᠷᠮᠠᠢᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠦᠨ ᠠᠵᠢᠯ᠎ᠳᠤ ᠥᠭ᠌ᠭᠦᠭ᠌ᠰᠡᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ 《ᠳᠥᠷᠪᠡ᠎ᠳᠤ ᠬᠠᠨᠳᠤᠭᠤᠯᠬᠤ》ᠪᠠᠢᠯᠳᠤᠬᠤ ᠪᠣᠳᠣᠯᠭ᠎ᠠ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠵᠤ᠂ ᠪᠣᠳᠠᠲᠠᠶ ᠬᠡᠷᠡᠭ᠌ᠴᠡᠭᠡ᠂ ᠠᠵᠤ ᠦᠶ᠋ᠯᠡᠰ᠎ᠦᠨ ᠬᠡᠷᠡᠭ᠌ᠴᠡᠭᠡ᠎ᠳᠦ ᠰᠠᠭᠤᠷᠢᠯᠠᠵᠤ᠂ ᠰᠠᠭᠤᠷᠢ ᠰᠤᠳᠤᠯᠭᠠᠨ᠎ᠤ ᠪᠠᠢᠯᠳᠤᠬᠤ ᠪᠣᠳᠣᠯᠭ᠎ᠠ᠎ᠶ᠋ᠢᠨ ᠴᠢᠨᠠᠷ᠂ ᠪᠠᠷᠠᠯᠠᠯᠲᠤ ᠴᠢᠨᠠᠷ᠂ ᠱᠢᠰᠲ᠋ᠧᠮᠵᠢᠭ᠌ᠰᠡᠨ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠰᠠᠭᠤᠷᠢ ᠰᠤᠳᠤᠯᠭᠠᠨ ᠪᠣᠯᠤᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠳᠠ᠎ᠶ᠋ᠢ ᠴᠢᠩᠭᠠᠳᠭᠠᠵᠤ᠂ ᠰᠠᠭᠤᠷᠢ ᠰᠤᠳᠤᠯᠭᠠᠨ᠎ᠤ ᠵᠠᠷᠤᠳᠠᠯ᠎ᠤᠨ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠨᠠᠩ ᠣᠯᠠᠨ ᠤᠤᠭᠠᠯ ᠡᠭᠦᠳᠦᠯᠲᠡ᠎ᠶ᠋ᠢᠨ ᠴᠢᠨᠠᠷᠲᠠᠶ ᠦᠷ᠎ᠡ ᠪᠦᠲᠦᠭᠡᠯ ᠭᠠᠷᠭᠠᠬᠤ᠎ᠪᠠᠷ ᠴᠢᠷᠮᠠᠢᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠲᠦᠷᠭᠡᠳᠭᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ ᠡᠴᠡ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ 2026 ᠣᠨ᠎ᠤ ᠭᠤᠤᠯᠳᠠᠯᠭ᠎ᠠ᠎ᠲᠠᠶ ᠡᠭᠦᠷᠭᠡ᠎ᠶ᠋ᠢᠨ ᠨᠠᠷᠢᠨ ᠲᠠᠩᠰᠠ᠎ᠶ᠋ᠢ ᠬᠢᠨᠠᠨ ᠵᠥᠪᠯᠡᠵᠦ᠍᠂ ᠣᠨ᠎ᠤ ᠭᠤᠤᠯᠳᠠᠯᠭ᠎ᠠ᠎ᠲᠠᠶ ᠡᠭᠦᠷᠭᠡ ᠵᠢᠨ ᠨᠠᠷᠢᠨ ᠲᠠᠩᠰᠠ᠎ᠲᠠᠶ ᠬᠠᠷᠭᠤᠭᠤᠯᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠱᠢᠷᠭᠠᠭᠤ ᠬᠠᠲᠠᠭᠤᠵᠢᠯᠲᠠᠶ ᠠᠵᠢᠯᠯᠠᠨ᠂ ᠠᠬᠢᠭᠤᠯᠬᠤ ᠳᠤᠮᠳᠠ ᠣᠷᠣᠱᠢᠵᠤ ᠪᠠᠢᠭ᠎ᠠ ᠬᠦᠴᠢᠷᠳᠡᠯ ᠪᠠ ᠠᠰᠠᠭᠤᠳᠠᠯ᠎ᠢ ᠨᠠᠷᠢᠨ ᠬᠢᠨᠠᠮᠠᠭᠠᠶ ᠱᠢᠶ᠋ᠳᠪᠦᠷᠢᠯᠡᠵᠦ᠍᠂ ᠨᠠᠷᠢᠨ ᠲᠠᠩᠰᠠ᠎ᠶ᠋ᠢ ᠦᠨᠡᠨ ᠬᠦ᠌ ᠦᠨᠡᠨ ᠪᠣᠳᠠᠲᠠᠶ ᠠᠮᠵᠢᠯᠲᠠ ᠪᠦᠲᠦᠮᠵᠢ᠎ᠶ᠋ᠢᠨ ᠬᠠᠭᠤᠳᠠᠰᠤ ᠪᠣᠯᠭᠠᠬᠤ ᠬᠡᠷᠡᠭ᠌ᠲᠡᠶ᠃ ᠦᠷ᠎ᠡ ᠳ᠋ᠦᠩ᠎ᠢᠶᠡᠷ ᠤᠳᠤᠷᠢᠳᠤᠮᠵᠢ ᠪᠤᠯᠭᠠᠬᠤ᠎ᠶ᠋ᠢ ᠴᠢᠩᠭᠠᠳᠬᠠᠨ᠂ ᠡᠯ᠎ᠡ ᠱᠠᠲᠤ ᠡᠯ᠎ᠡ ᠭᠠᠵᠠᠷᠤᠨᠬᠢᠨᠦ ᠶᠠᠭᠤ ᠬᠢᠭ᠌ᠰᠡᠨ᠎ᠢ ᠦᠵᠡᠬᠦ᠌᠎ᠪᠡᠷ ᠪᠠᠷᠠᠬᠤ ᠥᠬᠡᠶ᠂ ᠨᠠᠩ ᠴᠤ᠌ ᠶᠠᠭᠤ ᠪᠦᠲᠦᠭᠡᠭ᠌ᠰᠡᠨᠢᠨᠢ ᠦᠵᠡᠵᠦ᠍᠂ ᠠᠯᠢᠪᠠ ᠪᠦᠬᠦᠨ᠎ᠢ ᠪᠣᠳᠠᠲᠤ ᠠᠮᠵᠢᠯᠲᠠ᠎ᠪᠠᠷ ᠱᠢᠯᠭᠠᠨ ᠪᠠᠢᠴᠠᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂《ᠨᠢᠭᠡ ᠪᠡᠬᠢᠯᠡᠯᠲᠡ》 ᠶ᠋ᠢᠨ ᠪᠥᠲᠥᠭᠡᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ ᠡᠴᠡ ᠪᠥᠬᠥ᠌ ᠣᠷᠣᠨ᠎ᠤ 2025 ᠣᠨ᠎ᠤ ᠭᠤᠤᠯ ᠮᠥᠷᠡᠨ᠎ᠦ ᠳᠠᠷᠤᠭ᠎ᠠ᠎ᠶ᠋ᠢᠨ ᠲᠦᠷᠢᠮ ᠨᠠᠭᠤᠷ ᠴᠥᠭᠥᠷᠥᠮ᠎ᠤᠨ ᠳᠠᠷᠤᠭ᠎ᠠ᠎ᠶ᠋ᠢᠨ ᠲᠦᠷᠢᠮ᠎ᠦᠨ ᠠᠵᠢᠯ᠎ᠤᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠭᠤᠤᠯ ᠮᠥᠷᠡᠨ᠎ᠦ ᠳᠠᠷᠤᠭ᠎ᠠ᠎ᠶ᠋ᠢᠨ ᠲᠦᠷᠢᠮ ᠨᠠᠭᠤᠷ ᠴᠥᠭᠥᠷᠥᠮ᠎ᠤᠨ ᠳᠠᠷᠤᠭ᠎ᠠ᠎ᠶ᠋ᠢᠨ ᠲᠦᠷᠢᠮ᠎ᠦᠨ ᠠᠵᠢᠯ᠎ᠤᠨ ᠭᠤᠤᠯᠳᠠᠯᠭ᠎ᠠ》 ᠶ᠋ᠢ ᠬᠢᠨᠠᠨ ᠵᠥᠪᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠤᠰᠤ᠎ᠶ᠋ᠢ ᠵᠠᠰᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠭᠤᠤᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶ᠋ᠢᠨ ᠬᠠᠷᠢᠭᠤᠴᠠᠯᠭ᠎ᠠ᠎ᠶ᠋ᠢ ᠴᠢᠩᠭᠠᠳᠭᠠᠨ ᠪᠣᠳᠠᠲᠠᠢᠵᠢᠭᠤᠯᠵᠤ᠂ ᠤᠰᠤᠨ᠎ᠤ ᠭᠠᠮᠱᠢᠭ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠱᠢᠭ᠍ᠯᠠᠬᠤ᠎ᠶ᠋ᠢ ᠶᠡᠬᠡᠪᠡᠷ ᠠᠬᠢᠭᠤᠯᠵᠤ᠂ ᠤᠰᠤᠨ ᠡᠴᠡ ᠰᠢᠯᠳᠠᠭᠠᠯᠠᠭᠳᠠᠭᠰᠠᠨ ᠬᠦᠴᠢᠷ ᠠᠰᠠᠭᠤᠳᠠᠯ᠎ᠢ ᠴᠢᠷᠮᠠᠢᠨ ᠱᠢᠶ᠋ᠳᠪᠦᠷᠢᠯᠡᠵᠦ᠍᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠦᠵᠡᠰᠭᠦᠯᠡᠩᠲᠦ ᠰᠠᠢᠬᠠᠨ ᠵᠣᠯ ᠵᠢᠷᠭᠠᠯ᠎ᠤᠨ ᠭᠤᠤᠯ ᠮᠦᠷᠡᠨ ᠨᠠᠭᠤᠷ ᠴᠥᠭᠥᠷᠥᠮ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ ᠡᠴᠡ ᠪᠠᠰᠠ ᠪᠤᠰᠤᠳ ᠵᠦᠢᠯ᠎ᠢ ᠰᠤᠳᠤᠯᠵᠠᠢ᠃