ᠸᠠᠩ ᠸᠧᠢ ᠵᠦᠩ ᠬᠠᠮᠲᠤ᠎ᠶᠢᠨ ᠰᠤᠷᠤᠯᠴᠠᠯᠭ᠎ᠠ ᠵᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠪᠤᠤ ᠭᠠᠨᠭ᠌ ᠱᠢ ᠭᠤᠸᠠᠨᠭ᠌ ᠬᠤᠢ ᠤᠷᠤᠯᠴᠠᠵᠠᠢ
2 ᠰᠠᠷ᠎ᠠ᠎ᠶᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠣᠨᠣᠯ ᠰᠤᠷᠤᠯᠴᠠᠬᠤ ᠭᠣᠣᠯ ᠳᠤᠭᠤᠢᠯᠠᠩ 2026 ᠣᠨ᠎ᠤ ᠭᠤᠷᠪᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠬᠢᠵᠦ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠬᠤ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠨᠠᠩ ᠥᠨᠳᠥᠷ ᠲᠦᠪᠰᠢᠨ ᠪᠦᠬᠦᠢ ᠠᠮᠤᠭᠤᠯᠠᠩᠲᠤ ᠥᠪᠥᠷ ᠮᠣᠩᠭᠣᠯ᠂ ᠬᠠᠤᠯᠢ ᠪᠡᠷ ᠵᠠᠰᠠᠬᠤ ᠥᠪᠥᠷ ᠮᠣᠩᠭᠣᠯ᠎ᠤᠨ ᠪᠠᠢᠭᠤᠯᠤᠯᠲᠠ᠎ᠶᠢ ᠠᠬᠢᠭᠤᠯᠬᠤ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠦᠴᠦᠲᠡᠢ ᠪᠠᠲᠤᠯᠠᠭ᠎ᠠ ᠬᠠᠩᠭᠠᠬᠤ᠎ᠵᠢᠨ ᠲᠤᠭᠤᠷᠢᠨ ᠳ᠋ᠤ ᠬᠠᠮᠲᠤ᠎ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠵᠢᠨ ᠡᠷᠬᠢᠯᠡᠭᠴᠢ ᠸᠠᠩ ᠸᠧᠢ ᠵᠥᠩ ᠬᠠᠮᠲᠤ᠎ᠶᠢᠨ ᠰᠤᠷᠤᠯᠴᠠᠯᠭ᠎ᠠ ᠵᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠤᠯᠤᠰ ᠲᠥᠷᠥ ᠬᠠᠤᠯᠢ ᠴᠠᠭᠠᠵᠠ᠎ᠶᠢᠨ ᠶᠡᠬᠡ ᠰᠤᠷᠭᠠᠭᠤᠯᠢ᠎ᠶᠢᠨ ᠫᠷᠤᠹᠧᠰᠰᠤᠷ᠂ ᠳ᠋ᠠᠢᠲ᠋ᠠ᠎ᠶᠢᠨ ᠬᠠᠤᠯᠢ ᠪᠡᠷ ᠵᠠᠰᠠᠬᠤᠰᠤᠳᠤᠯᠭᠠᠨᠤ ᠬᠦᠷᠢᠶᠡᠯᠡᠩ᠎ᠦᠨ ᠳᠠᠷᠤᠭ᠎ᠠ ᠱᠢ ᠵᠢᠶᠠᠨ ᠵᠥᠩ 《ᠰᠢ ᠵᠢᠨ ᠫᠢᠩ᠎ᠦᠨ ᠬᠠᠤᠯᠢ ᠪᠡᠷ ᠵᠠᠰᠠᠬᠤᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠨᠠᠩ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠤᠯᠤᠰ᠎ᠢ ᠪᠠᠶ᠋ᠢᠭᠤᠯᠬᠤ》 ᠰᠡᠳᠦᠪ ᠵᠢᠡᠷ ᠭᠦᠨᠵᠡᠭᠡᠢ ᠲᠠᠢᠯᠤᠮᠵᠢ ᠬᠢᠪᠡ᠃ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠪᠦᠷᠢᠯᠳᠦᠭᠦᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃
ᠸᠠᠩ ᠸᠧᠢ ᠵᠦᠩ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠥᠪᠥᠷ ᠮᠣᠩᠭᠣᠯ᠂ ᠬᠠᠤᠯᠢ ᠪᠡᠷ ᠵᠠᠰᠠᠬᠤ ᠥᠪᠥᠷ ᠮᠣᠩᠭᠣᠯ᠎ᠢ ᠪᠠᠶ᠋ᠢᠭᠤᠯᠬᠤ ᠨᠢ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭᠰᠠᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠲᠠᠢ ᠬᠣᠯᠪᠣᠭᠳᠠᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠤᠷᠤᠭᠰᠢᠲᠠᠢ ᠪᠡᠶᠡᠯᠡᠭᠦᠯᠬᠦ᠎ᠳᠦ ᠬᠣᠯᠪᠣᠭᠳᠠᠨ᠎ᠠ᠃ ᠪᠥᠬᠥ ᠣᠷᠣᠨ᠎ᠤ ᠡᠯ᠎ᠡ ᠱᠠᠲᠤᠨ᠎ᠤ ᠬᠢᠨ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ ᠪᠣᠯᠣᠨ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ ᠪᠥᠬᠥ ᠬᠦᠴᠦᠨ᠎ᠢᠶᠡᠷ᠎ᠢᠶᠡᠨ ᠳᠤᠲᠠᠭᠤᠳᠠᠯ᠎ᠢᠶᠠᠨ ᠨᠥᠬᠥᠪᠦᠷᠢᠯᠡᠵᠦ᠂ ᠰᠠᠭᠤᠷᠢ᠎ᠪᠠᠨ ᠪᠡᠬᠢᠵᠢᠭᠦᠯᠵᠦ᠂ ᠳᠠᠪᠠᠭᠤᠯᠢᠭ᠋᠎ᠢᠶᠠᠨ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠰᠠᠢᠨ ᠰᠠᠢᠬᠠᠨ ᠬᠠᠤᠯᠢ ᠪᠡᠷ ᠵᠠᠰᠠᠬᠤ ᠣᠷᠴᠢᠨ ᠨᠦᠬᠦᠴᠡᠯ ᠪᠣᠯᠣᠨ ᠠᠮᠤᠷ ᠲᠣᠭᠲᠠᠭᠤᠨ ᠡᠮᠬᠢ ᠵᠢᠷᠤᠮ᠎ᠲᠠᠢ ᠨᠡᠢᠭᠡᠮ᠎ᠦᠨ ᠣᠷᠴᠢᠨ ᠨᠦᠬᠦᠴᠡᠯ᠎ᠢ ᠪᠣᠶ ᠪᠣᠯᠭᠠᠨ ᠥᠭᠴᠦ᠂ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ᠎ᠪᠡᠷ᠎ᠢᠶᠡᠨ《ᠬᠣᠶᠠᠷ᠎ᠢ ᠲᠣᠭᠲᠠᠭᠠᠭᠰᠠᠨ》᠎ᠢ᠋ ᠡᠷᠡᠰ ᠬᠦᠷᠢᠶᠡᠯᠡᠵᠦ᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠥᠪᠥᠷ ᠮᠣᠩᠭᠣᠯ ᠪᠣᠯ ᠡᠬᠡ ᠤᠯᠤᠰ᠎ᠤᠨ《ᠤᠮᠠᠷᠠᠲᠤ ᠶᠡᠬᠡ ᠬᠠᠭᠠᠯᠭ᠎ᠠ》᠂ ᠨᠡᠢᠰᠯᠡᠯ᠎ᠦᠨ 《ᠬᠠᠮᠠᠭᠠᠯᠠᠯᠳᠠ ᠵᠢᠨ ᠭᠣᠣᠯ》 ᠮᠥᠨ᠂ ᠪᠢᠳᠠ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠦᠲᠦᠭᠡᠨ ᠪᠠᠶ᠋ᠢᠭᠤᠯᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠦᠨᠡᠨ ᠬᠦ᠌ ᠡᠭᠦᠷᠭᠡᠯᠡᠬᠦ ᠬᠡᠷᠡᠭᠲᠡᠢ᠃ ᠤᠯᠤᠰ ᠲᠦᠷᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠶᠢ ᠲᠡᠷᠢᠭᠦᠨ ᠪᠠᠢᠷᠢᠨ᠎ᠳᠤ ᠲᠠᠯᠪᠢᠵᠤ᠂ ᠤᠯᠤᠰ ᠲᠦᠷᠦ᠎ᠶᠢᠨ ᠰᠡᠷᠭᠡᠭ ᠴᠢᠨᠠᠷ ᠪᠠ ᠤᠯᠤᠰ ᠲᠦᠷᠦ᠎ᠶᠢᠨ ᠢᠯᠭᠠᠨ ᠲᠠᠨᠢᠬᠤ ᠴᠢᠳᠠᠪᠤᠷᠢ᠎ᠪᠠᠨ ᠨᠡᠮᠡᠭᠳᠡᠭᠦᠯᠵᠦ᠂ ᠡᠯ᠎ᠡ ᠵᠦᠢᠯ᠎ᠦᠨ ᠠᠶᠤᠯ ᠲᠦᠭᠰᠢᠭᠦᠷᠢ ᠭᠡᠮ ᠰᠤᠭᠤᠭ᠎ᠢ ᠴᠠᠭ ᠲᠤᠬᠠᠢ ᠳ᠋ᠤᠨᠢ ᠠᠷᠢᠯᠭᠠᠬᠤ ᠬᠡᠷᠡᠭᠲᠡᠢ᠃ ᠨᠡᠢᠭᠡᠮ᠎ᠦᠨ ᠵᠠᠰᠠᠯᠲᠠ᠎ᠶᠢᠨ ᠰᠢᠰᠲᠧᠮ᠎ᠢ ᠬᠦᠴᠦᠯᠡᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ᠎ᠶᠢᠨ 《ᠹᠧᠩᠴᠢᠶᠣᠤ᠎ᠶᠢᠨ ᠲᠤᠷᠰᠢᠯᠭ᠎ᠠ》 ᠶ᠋ᠢ ᠪᠠᠷᠢᠮᠲᠠᠯᠠᠨ ᠬᠥᠭᠵᠢᠭᠦᠯᠵᠦ᠂ ᠨᠡᠢᠭᠡᠮ᠎ᠦᠨ ᠵᠥᠷᠢᠴᠡᠯ ᠵᠠᠭᠤᠷᠠᠯᠳᠤᠭᠠᠨ᠎ᠢ ᠤᠯᠠᠨ ᠡᠰᠢᠴᠢᠯᠡᠨ ᠤᠷᠢᠳᠴᠢᠯᠠᠨ ᠰᠡᠷᠭᠡᠢᠯᠡᠵᠦ ᠡᠶᠡᠳᠡᠭᠦᠯᠦᠨ ᠰᠢᠢᠳᠪᠦᠷᠢᠯᠡᠬᠦ ᠶᠡᠷᠦᠩᠬᠡᠢᠯᠡᠭᠰᠡᠨ ᠲᠣᠭᠲᠡᠴᠡ᠎ᠶᠢ ᠪᠦᠷᠢᠨᠰᠢᠭᠦᠯᠦᠨ᠂ ᠨᠡᠢᠭᠡᠮ᠎ᠦᠨ ᠠᠮᠤᠷ ᠲᠦᠪᠰᠢᠨ᠎ᠦ ᠪᠦᠬᠦᠯᠢ ᠴᠣᠭᠴᠠ᠎ᠶᠢᠨ ᠰᠡᠷᠭᠡᠢᠯᠡᠨ ᠡᠵᠡᠮᠳᠡᠬᠦ ᠰᠢᠰᠲᠧᠮ ᠪᠠ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠤᠯᠠᠨ ᠲᠦᠮᠡᠨ᠎ᠦ ᠲᠤᠰᠬᠠᠯ ᠶᠡᠬᠡᠲᠡᠢ ᠡᠯ᠎ᠡ ᠲᠦᠷᠦᠯ᠎ᠦᠨ ᠬᠠᠤᠯᠢ᠎ᠶᠢ ᠵᠥᠷᠢᠴᠡᠭᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠰᠢᠢᠳᠬᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠎ᠦᠨ ᠤᠷᠲᠤ ᠬᠤᠭᠤᠴᠠᠭᠠᠨ᠎ᠤ ᠪᠦᠲᠦᠮᠵᠢᠲᠡᠢ ᠲᠣᠭᠲᠡᠴᠡ᠎ᠶᠢ ᠪᠦᠷᠢᠨᠰᠢᠭᠦᠯᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠬᠢᠯᠢ ᠬᠢᠵᠠᠭᠠᠷ ᠣᠷᠣᠨ᠎ᠢ ᠬᠥᠭᠵᠢᠭᠦᠯᠵᠦ ᠬᠢᠯᠢ ᠬᠢᠵᠠᠭᠠᠷ ᠣᠷᠣᠨ᠎ᠢ ᠲᠣᠭᠲᠠᠪᠤᠷᠢᠵᠢᠭᠤᠯᠵᠤ ᠬᠢᠯᠢ ᠬᠢᠵᠠᠭᠠᠷ ᠣᠷᠣᠨ᠎ᠢ ᠪᠡᠬᠢᠵᠢᠭᠦᠯᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠤᠮᠠᠷᠠᠲᠤ ᠬᠢᠯᠢ᠎ᠶᠢᠨ ᠬᠠᠯᠬᠠᠪᠴᠢ᠎ᠶᠢᠨ ᠤᠯᠤᠰ᠎ᠤᠨ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ᠎ᠶᠢ ᠨᠢᠭᠡ ᠴᠣᠭᠴᠠᠵᠢᠭᠤᠯᠤᠨ ᠳᠡᠭᠡᠭᠰᠢᠯᠡᠭᠦᠯᠬᠦ ᠢᠨᠵᠧᠨᠧᠷᠢᠩ᠎ᠢ ᠰᠠᠢᠲᠤᠷ ᠬᠡᠷᠡᠭᠵᠢᠭᠦᠯᠵᠦ᠂ ᠬᠢᠯᠢ ᠬᠢᠵᠠᠭᠠᠷ᠎ᠤᠨ ᠣᠷᠳᠣ᠌ ᠬᠤᠭᠤᠴᠠᠭ᠎ᠠ᠎ᠪᠠᠷ ᠠᠮᠤᠷ ᠲᠣᠭᠲᠠᠭᠤᠨ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠰᠢᠨᠵᠢᠯᠡᠬᠦ ᠤᠬᠠᠭᠠᠨᠴᠢ᠎ᠪᠠᠷ ᠬᠠᠤᠯᠢ ᠲᠣᠭᠲᠠᠭᠠᠬᠤ᠂ ᠬᠠᠤᠯᠢ᠎ᠶᠢ ᠴᠢᠩᠭ᠎ᠠ ᠬᠡᠷᠡᠭᠵᠢᠭᠦᠯᠬᠦ᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ᠎ᠢᠶᠠᠷ᠎ᠢᠶᠠᠨ ᠬᠠᠤᠯᠢ᠎ᠶᠢ ᠰᠠᠬᠢᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠡᠯ᠎ᠡ ᠲᠠᠯ᠎ᠠ᠎ᠶᠢᠨ ᠠᠵᠢᠯ᠎ᠢ ᠬᠠᠤᠯᠢ ᠪᠡᠷ ᠵᠠᠰᠠᠬᠤ ᠪᠤᠯᠭᠠᠬᠤ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠭᠡᠬᠦ ᠡᠨᠡ ᠬᠦ᠌ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠢ᠋ ᠰᠠᠢᠲᠤᠷ ᠠᠳᠬᠤᠬᠤ᠎ᠳᠤ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠲᠦᠷᠦᠭᠦᠯᠡᠨ ᠬᠠᠤᠯᠢ᠎ᠶᠢ ᠬᠦᠨᠳᠦᠳᠬᠡᠵᠦ ᠬᠠᠤᠯᠢ᠎ᠶᠢ ᠰᠤᠷᠴᠤ ᠬᠠᠤᠯᠢ᠎ᠶᠢ ᠰᠠᠬᠢᠵᠤ ᠬᠠᠤᠯᠢ᠎ᠶᠢ ᠬᠡᠷᠡᠭᠯᠡᠵᠦ᠂ ᠬᠠᠤᠯᠢ᠎ᠪᠠᠷ ᠲᠣᠭᠲᠠᠭᠠᠭᠰᠠᠨ ᠡᠷᠬᠡ᠎ᠶᠢᠨ ᠬᠡᠪᠴᠢᠶ᠎ᠡ ᠪᠠ ᠲᠡᠰ ᠲᠡᠷᠠᠭᠠᠯᠠᠯᠢ ᠴᠢᠩᠭ᠎ᠠ ᠵᠢᠷᠤᠮᠯᠠᠨ ᠡᠷᠬᠡ᠎ᠪᠡᠨ ᠬᠡᠷᠡᠭᠵᠢᠭᠦᠯᠵᠦ᠂ ᠤᠬᠠᠮᠰᠠᠷ᠎ᠡᠴᠡ᠎ᠪᠠᠨ ᠬᠠᠤᠯᠢ᠎ᠪᠠᠷ ᠵᠠᠰᠠᠬᠤ ᠪᠠᠢᠭᠤᠯᠤᠯᠲᠠ᠎ᠶᠢᠨ ᠠᠬᠢᠭᠤᠯᠤᠭ᠍ᠴᠢ᠂ ᠰᠠᠬᠢᠨ ᠬᠠᠮᠠᠭᠠᠯᠠᠭ᠍ᠴᠢ ᠪᠣᠯᠬᠤ ᠬᠡᠷᠡᠭᠲᠡᠢ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠵᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ ᠪᠠᠢᠭᠤᠯᠤᠯᠲᠠ᠎ᠶᠢ ᠴᠢᠩᠭᠠᠳᠬᠠᠨ᠂ ᠲᠣᠭᠲᠠᠭᠠᠯ᠎ᠢ ᠵᠥᠷᠢᠴᠡᠨ ᠣᠨᠳᠣᠣ ᠭᠠᠵᠠᠷ᠎ᠲᠤ ᠬᠠᠤᠯᠢ ᠬᠡᠷᠡᠭᠵᠢᠭᠦᠯᠬᠦ᠂ 《ᠨᠢᠭᠡᠯᠡ ᠠᠳᠠᠯᠢ》 ᠪᠡᠷ ᠬᠠᠤᠯᠢ ᠬᠡᠷᠡᠭᠵᠢᠭᠦᠯᠬᠦ᠂ ᠠᠰᠢᠭ᠋ ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠬᠦ᠂ ᠳᠥᠭᠥᠮ ᠪᠦᠳᠦᠭᠦᠯᠢᠭ᠎ᠢᠶᠡᠷ ᠬᠠᠤᠯᠢ ᠬᠡᠷᠡᠭᠵᠢᠭᠦᠯᠬᠦ᠎ᠶᠢ ᠴᠢᠩᠭ᠎ᠠ ᠰᠡᠷᠭᠡᠢᠯᠡᠬᠦ ᠬᠡᠷᠡᠭᠲᠡᠢ᠃ ᠬᠠᠤᠯᠢ ᠴᠠᠭᠠᠵᠠ ᠵᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠠᠤᠯᠢ ᠪᠠᠷᠢᠬᠤ ᠡᠷᠬᠡ᠎ᠶᠢᠨ ᠠᠵᠢᠯᠯᠠᠭ᠎ᠠ᠎ᠨᠢ ᠵᠢᠷᠤᠮᠵᠢᠭᠤᠯᠤᠨ᠂ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠬᠤ ᠡᠴᠦᠰ᠎ᠦᠨ ᠰᠡᠷᠭᠡᠢᠯᠡᠯᠲᠡ᠎ᠶᠢᠨ ᠱᠤᠭᠤᠮ᠎ᠢ ᠡᠷᠡᠰ ᠰᠠᠢᠲᠤᠷ ᠬᠠᠮᠠᠭᠠᠯᠠᠬᠤ ᠬᠡᠷᠡᠭᠲᠡᠢ᠃ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠦᠨ ᠬᠠᠤᠯᠢ》 ᠶ᠋ᠢ ᠭᠦᠨᠵᠡᠭᠡᠢ ᠨᠠᠢᠳᠠᠪᠤᠷᠢᠵᠢᠭᠤᠯᠵᠤ᠂ 《ᠶᠢᠰᠦᠳᠦᠭᠡᠷ ᠲᠠᠪᠤᠨ ᠵᠢᠯ》 ᠤ᠋ᠨ ᠬᠠᠤᠯᠢ ᠲᠦᠭᠡᠮᠡᠯᠵᠢᠭᠦᠯᠬᠦ ᠠᠵᠢᠯ᠎ᠢ ᠴᠢᠨᠠᠷ ᠰᠠᠢᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ)ᠠᠮᠤᠭᠤᠯᠠᠩᠲᠤ ᠪᠠᠢᠭᠤᠯᠤᠯᠲᠠ᠂ ᠬᠠᠤᠯᠢ ᠪᠡᠷ ᠵᠠᠰᠠᠬᠤ ᠪᠠᠢᠭᠤᠯᠤᠯᠲᠠ᠎ᠳᠠᠬᠢ ᠤᠳᠤᠷᠢᠳᠤᠯᠭ᠎ᠠ᠎ᠪᠠᠨ ᠦᠨᠡᠨ ᠬᠦ᠌ ᠴᠢᠩᠭᠠᠳᠬᠠᠵᠤ᠂ ᠡᠯ᠎ᠡ ᠵᠦᠢᠯ᠎ᠦᠨ ᠠᠵᠢᠯ᠎ᠢ ᠠᠵᠤ ᠠᠬᠤᠢ ᠨᠡᠢᠭᠡᠮ᠎ᠦᠨ ᠬᠥᠭᠵᠢᠯᠲᠡ᠎ᠲᠠᠢ ᠬᠠᠮᠲᠤ᠎ᠪᠠᠷ ᠲᠥᠯᠥᠪᠵᠢᠭᠦᠯᠬᠦ᠂ ᠨᠢᠭᠡ ᠴᠣᠭᠴᠠᠵᠢᠭᠤᠯᠤᠨ ᠪᠠᠢᠷᠢᠯᠠᠭᠤᠯᠬᠤ᠂ ᠬᠠᠷᠢᠯᠴᠠᠨ ᠤᠷᠤᠬᠰᠢᠯᠠᠭᠤᠯᠬᠤ ᠵᠢ ᠠᠬᠢᠭᠤᠯᠬᠤ ᠬᠡᠷᠡᠭᠲᠡᠢ᠃ ᠨᠠᠮ ᠵᠠᠰᠠᠭ᠎ᠤᠨ ᠭᠣᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠳᠤᠷᠢᠳᠬᠤ ᠪᠠᠭ᠎ᠤᠨ ᠪᠦᠷᠢᠯᠳᠦᠭᠦᠨ 《ᠨᠢᠭᠡ ᠠᠵᠢᠯ᠎ᠤᠨ ᠪᠠᠢᠷᠢ ᠳ᠋ᠤ ᠬᠤᠤᠰ ᠬᠠᠷᠢᠭᠤᠴᠠᠯᠭ᠎ᠠ ᠡᠬᠦᠷᠭᠡᠯᠡᠬᠦ》 ᠶ᠋ᠢ ᠰᠠᠢᠲᠤᠷ ᠨᠠᠢᠳᠠᠪᠤᠷᠢᠵᠢᠭᠤᠯᠵᠤ᠂ ᠵᠣᠷᠢᠭ᠍ᠲᠠᠢ ᠠᠳᠬᠤᠨ ᠵᠣᠷᠢᠭ᠍ᠲᠠᠢ ᠬᠠᠮᠢᠶᠠᠷᠴᠤ᠂ ᠦᠨᠡᠨ ᠬᠦ᠌ ᠠᠳᠬᠤᠨ ᠦᠨᠡᠨ ᠬᠦ᠌ ᠬᠠᠮᠢᠶᠠᠷᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠬᠡᠵᠦ᠂ ᠬᠠᠮᠵᠢᠯᠴᠠᠬᠤ ᠲᠣᠭᠲᠡᠴᠡ᠎ᠪᠠᠨ ᠲᠡᠭᠦᠯᠳᠡᠷᠵᠢᠭᠦᠯᠦᠨ᠂ ᠠᠵᠢᠯ᠎ᠤᠨ ᠬᠠᠮᠲᠤᠷᠠᠯ ᠬᠦᠴᠦᠨ᠎ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃