2 ᠰᠠᠷ᠎ᠠ᠎ᠶ᠋ᠢᠨ ᠬᠥᠬᠡᠬᠣᠲᠠ᠎ᠳᠦ ᠬᠦᠢᠲᠡᠨ᠎ᠤ ᠡᠷᠴᠢ ᠬᠠᠷᠠᠬᠠᠨ ᠪᠠᠭᠤᠷᠠᠭᠠᠳᠤᠢ᠃ ᠤᠯᠤᠰ᠎ᠤᠨ ᠰᠦ᠎ᠶᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠲᠤᠷᠱᠢᠯᠲᠠ᠎ᠶ᠋ᠢᠨ ᠲᠠᠰᠤᠭ᠎ᠲᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠰᠦ᠎ᠶᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠳᠡᠭᠡᠳᠦ ᠵᠡᠷᠭᠡ᠎ᠶ᠋ᠢᠨ ᠲᠤᠰᠭᠠᠢ ᠮᠡᠷᠭᠡᠵᠢᠯᠲᠡᠨ᠂ ᠢᠯᠢ ᠪᠦᠯᠦᠭ᠌ᠯᠡᠯ᠎ᠦᠨ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠡᠷᠦᠩᠬᠡᠢ ᠪᠠᠢᠴᠠᠭᠠᠭ᠍ᠴᠢ ᠸᠠᠩ ᠼᠠᠢ ᠶᠦᠨ ᠪᠤᠯᠪᠠᠰᠤᠷᠠᠭᠤᠯᠬᠤ ᠲᠥᠬᠥᠭᠡᠷᠦᠮᠵᠢ᠎ᠶ᠋ᠢ ᠠᠵᠢᠭᠯᠠᠨ᠂ ᠳᠡᠯᠭᠡᠴᠡᠡ ᠳᠡᠭᠡᠷᠡᠬᠢ ᠲᠣᠭ᠎ᠠ ᠪᠠᠷᠢᠮᠲᠠ ᠵᠢ ᠨᠢᠮᠪᠠᠢ ᠪᠠᠢᠴᠠᠭᠠᠨ ᠦᠵᠡᠨ᠎ᠡ᠃ 《ᠪᠠᠷᠤᠭ 10 ᠲᠣᠨ ᠲᠦᠭᠦᠬᠡᠶ ᠰᠦ ᠡᠴᠡ ᠰᠠᠶᠢ 1 ᠺᠢᠯᠣᠭ᠌ᠷᠠᠮ ᠰᠦᠨ ᠲᠡᠮᠦᠷ᠎ᠦᠨ ᠤᠭᠤᠷᠠᠭ᠎ᠢ ᠪᠣᠯᠪᠠᠰᠤᠷᠠᠭᠤᠯᠵᠦ ᠴᠢᠳᠠᠨ᠎ᠠ᠂ ᠥᠩᠭᠡᠷᠡᠭ᠌ᠰᠡᠨ᠎ᠳᠦ ᠪᠦᠷᠢᠮᠦᠰᠦᠨ ᠭᠠᠳᠠᠭᠠᠳᠤ ᠡᠴᠡ ᠣᠷᠣᠭᠤᠯᠬᠤ᠎ᠳᠤ ᠲᠦᠱᠢᠭ᠌ᠯᠡᠵᠦ᠍᠂ ᠦᠨ᠎ᠡ ᠬᠠᠩᠰᠢ᠎ᠨᠢ ᠥᠨᠳᠥᠷ ᠪᠦᠭᠡᠳ ᠪᠤᠰᠤᠳ᠎ᠢ ᠴᠢᠷᠠᠢᠳᠠᠵᠤ ᠪᠠᠢᠪᠠ》᠃ ᠮᠡᠷᠭᠡᠵᠢᠯ᠎ᠦᠨ ᠱᠢᠪᠲᠤᠯᠤᠯᠲᠠ ᠬᠢᠬᠰᠡᠨ ᠱᠢᠯᠲᠠᠭᠠᠨ᠎ᠢᠶᠡᠨ ᠶᠠᠷᠢᠬᠤ᠎ᠳᠤ ᠸᠠᠩ ᠼᠠᠢ ᠶᠦᠨ ᠡᠷᠡᠰ ᠪᠠᠲᠤ ᠪᠡᠷ᠄ 《ᠪᠢ ᠲᠡᠷᠡ ᠪᠠᠢᠳᠠᠯ᠎ᠢ ᠲᠦᠢᠯ᠎ᠢᠶᠡᠷ ᠪᠢᠰᠢᠷᠡᠬᠦ ᠥᠬᠡᠶ ᠂ ᠳᠤᠮᠳᠠᠳᠤᠴᠤᠳ ᠶᠠᠭᠠᠬᠢᠭᠠᠳ ᠥᠪᠡᠷ᠎ᠢᠶᠡᠨ ᠪᠤᠯᠪᠠᠰᠤᠷᠠᠭᠤᠯᠵᠤ ᠪᠤᠯᠲᠠᠭ ᠥᠬᠡᠶ ᠶᠤᠮ ᠪᠣᠶ?》 ᠭᠡᠵᠦ ᠪᠠᠢᠯ᠎ᠠ᠃
ᠰᠦᠨ ᠲᠡᠮᠦᠷ᠎ᠦᠨ ᠤᠭᠤᠷᠠᠭ ᠪᠣᠯ ᠡᠭᠡᠯᠢᠯᠡᠭᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢᠨ ᠱᠢᠮ᠎ᠡ ᠲᠡᠵᠢᠭᠡᠯ᠎ᠦᠨ ᠪᠦᠷᠢᠯᠳᠦᠬᠦᠨ ᠮᠥᠨ᠂ ᠲᠡᠭᠦᠨ᠎ᠢ ᠪᠤᠯᠪᠠᠰᠤᠷᠠᠭᠤᠯᠬᠤ ᠮᠡᠷᠭᠡᠵᠢᠯ᠎ᠨᠢ ᠣᠷᠳᠣ ᠬᠤᠭᠤᠴᠠᠭ᠎ᠠ᠎ᠪᠠᠷ ᠭᠠᠳᠠᠭᠠᠳᠤ᠎ᠳᠤ ᠭᠠᠭ᠍ᠴᠠᠭᠠᠷ ᠡᠵᠡᠮᠱᠢᠭ᠌ᠳᠡᠵᠦ᠍᠂ ᠮᠠᠨ᠎ᠤ ᠤᠯᠤᠰ᠎ᠤᠨ ᠰᠦ᠎ᠶᠢᠨ ᠦᠶ᠋ᠯᠡᠰ᠎ᠦᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠮᠤᠷ ᠲᠦᠪᠱᠢᠨ᠎ᠦ ᠢᠯᠡᠳᠲᠡ ᠳᠤᠲᠠᠭᠤᠳᠠᠯ ᠪᠣᠯᠵᠣ ᠪᠠᠢᠵᠠᠢ᠃ 《ᠦᠯᠦ ᠪᠢᠱᠢᠷᠡᠬᠦ᠌》 ᠪᠠ 《ᠬᠠᠷᠢᠭᠤᠴᠠᠯᠭᠠᠲᠤ ᠰᠡᠳᠭᠢᠯᠭᠡ》 ᠨᠢ ᠸᠠᠩ ᠼᠠᠢ ᠶᠦᠨ᠎ᠤ ᠪᠦᠯᠬᠦᠮ᠎ᠢ ᠪᠣᠭᠣᠮᠲᠠ ᠱᠢᠪᠲᠤᠯᠬᠤ ᠳᠠᠢᠯᠠᠯᠳᠤᠭᠠᠨ᠎ᠳᠤ ᠣᠷᠣᠯᠴᠠᠭᠤᠯᠪᠠ — ᠯᠠᠪᠯᠠᠯᠳᠠ ᠪᠤᠯᠭᠠᠮᠠᠷ ᠪᠣᠯᠪᠠᠰᠤᠷᠠᠩᠭᠤᠢ ᠮᠡᠷᠭᠡᠵᠢᠯ ᠦᠭᠡᠢ ᠪᠤᠯᠬᠤᠷ ᠲᠤᠰᠭᠠᠢ ᠪᠦᠲᠦᠭᠡᠯ᠎ᠢ ᠨᠢᠮᠪᠠᠢ ᠰᠤᠳᠤᠯᠵᠤ᠂ ᠤᠷ᠎ᠡ ᠮᠡᠷᠭᠡᠵᠢᠯ᠎ᠢ ᠵᠢᠷᠤᠵᠤ ᠲᠥᠯᠥᠪᠯᠡᠪᠡ; ᠵᠠᠩᠭᠢᠯᠠᠭ᠎ᠠ᠎ᠶ᠋ᠢᠨ ᠲᠥᠬᠥᠭᠡᠷᠦᠮᠵᠢ᠎ᠶ᠋ᠢᠨ ᠪᠣᠯᠵᠣᠯᠲᠤ ᠲᠣᠭ᠎ᠠ ᠳᠤᠲᠠᠭ᠍ᠳᠠᠵᠤ ᠪᠠᠢᠭᠰᠠᠨ ᠪᠤᠯᠬᠤᠷ ᠳᠠᠬᠢᠨ ᠳᠠᠪᠲᠠᠨ ᠲᠤᠷᠱᠢᠵᠤ᠂ ᠪᠡᠶ᠎ᠡ᠎ᠪᠡᠨ ᠳᠠᠭᠠᠭᠠᠵᠤ ᠲᠣᠭ᠍ᠲᠠᠭᠠᠪᠠ᠃ ᠮᠢᠩᠭ᠎ᠠ ᠭᠠᠷᠤᠶ ᠤᠳᠠᠭᠠᠨ᠎ᠤ ᠢᠯᠠᠭ᠍ᠳᠠᠯ ᠪᠠ ᠲᠣᠬᠢᠷᠠᠭᠤᠯᠤᠯᠲᠠ᠎ᠪᠠᠷ ᠳᠡᠮᠵᠢᠨ᠂ ᠸᠠᠩ ᠼᠠᠢ ᠶᠦᠨ᠎ᠤ ᠪᠦᠯᠬᠦᠮ᠎ᠤᠨ ᠬᠢᠨ《ᠰᠦᠨ ᠲᠡᠮᠦᠷ᠎ᠦᠨ ᠤᠭᠤᠷᠠᠭ᠎ᠢ ᠬᠠᠨᠳᠤᠯᠭᠠᠲᠠᠶᠪᠠᠷ ᠬᠠᠮᠠᠭᠠᠯᠠᠬᠤ ᠮᠡᠷᠭᠡᠵᠢᠯ》 ᠢ᠋ ᠠᠩᠬ᠎ᠠ ᠡᠭᠦᠳᠴᠦ᠍᠂ 《ᠪᠦᠷᠢᠮᠦᠰᠦᠨ ᠭᠠᠳᠠᠭᠠᠳᠤ ᠡᠴᠡ ᠣᠷᠣᠭᠤᠯᠬᠤ᠎ᠳᠤ ᠲᠦᠱᠢᠭ᠌ᠯᠡᠵᠦ᠍ ᠪᠠᠢᠭ᠍ᠰᠠᠨ》 ᠡᠴᠡ 《ᠭᠤᠤᠯᠯᠠᠬᠤ ᠮᠡᠷᠭᠡᠵᠢᠯ᠎ᠢ ᠪᠡᠶ᠎ᠡ᠎ᠪᠡᠨ ᠳᠠᠭᠠᠭᠠᠵᠤ ᠡᠵᠡᠮᠱᠢᠬᠦ᠌》 ᠲᠡᠦᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠪᠡ᠃ ᠡᠨᠡ ᠨᠢ ᠵᠥᠪᠬᠡᠨ ᠡᠬᠢᠯᠡᠯᠲᠡ᠎ᠶᠢᠨ ᠴᠡᠭ ᠪᠠᠢᠵᠤ᠂ ᠰᠢᠷᠠᠰᠤ᠎ᠵᠢᠨ ᠤᠭᠤᠷᠠᠭ᠎ᠢ ᠦᠢᠯᠡᠳᠬᠦ ᠮᠡᠷᠭᠡᠵᠢᠯ᠎ᠢ ᠰᠤᠳᠤᠯᠤᠨ ᠨᠡᠭᠡᠭᠡᠵᠦ ᠭᠠᠳᠠᠭᠠᠳᠤ᠎ᠶᠢᠨ ᠭᠠᠭᠴᠠᠭᠠᠷ ᠡᠵᠡᠮᠰᠢᠯ᠎ᠢ ᠡᠪᠳᠡᠵᠦ᠂ ᠠᠰᠢᠭ᠍ᠲᠤ ᠪᠠᠺᠲᠧᠷᠢ᠎ᠶᠢᠨ ᠰᠢᠨ᠎ᠡ ᠬᠡᠯᠪᠡᠷᠢ᠎ᠶᠢᠨ ᠳᠠᠮᠵᠢᠭᠤᠯᠤᠨ ᠬᠦᠷᠭᠡᠬᠦ ᠮᠡᠷᠭᠡᠵᠢᠯ᠎ᠢ ᠨᠡᠭᠡᠭᠡᠨ ᠬᠥᠭᠵᠢᠭᠦᠯᠵᠦ ᠢᠳᠡᠪᠬᠢ ᠴᠢᠨᠠᠷ᠎ᠤᠨ ᠬᠠᠳᠠᠭᠠᠯᠠᠯᠲᠠ᠎ᠶᠢᠨ ᠨᠣᠷᠮ᠎ᠠ᠎ᠶᠢ ᠳᠡᠭᠡᠭᠰᠢᠯᠡᠭᠦᠯᠵᠦ᠂ ᠥᠨᠳᠥᠷ ᠴᠡᠪᠡᠷᠴᠡ᠎ᠲᠠᠢ β- ᠲᠠᠷᠠᠭ ᠤᠨ ᠤᠭᠤᠷᠠᠭ᠎ᠢ ᠭᠠᠷᠭᠠᠨ ᠠᠪᠬᠤ ᠮᠡᠷᠭᠡᠵᠢᠯ᠎ᠤᠨ ᠪᠤᠭᠤᠮᠲᠠ ᠵᠢ ᠰᠢᠪᠲᠤᠯᠵᠤ᠂ ᠡᠬᠡ᠎ᠶᠢᠨ ᠰᠦᠳᠦ ᠨᠠᠩ ᠣᠢᠷᠠᠲᠤᠭᠰᠠᠨ ᠨᠢᠯᠬ᠎ᠠ ᠬᠡᠦᠬᠡᠳ᠎ᠦᠨ ᠨᠠᠢᠷᠠᠯᠭ᠎ᠠ᠎ᠶᠢᠨ ᠰᠦᠨ ᠲᠠᠯᠬᠠᠦᠢᠯᠡᠳᠭᠦ ᠳ᠋ᠦ ᠰᠠᠭᠤᠷᠢ ᠲᠠᠯᠪᠢᠵᠤ ᠥᠭᠪᠡ ᠁
《ᠮᠢᠨᠤ ᠬᠥᠳᠡᠯᠭᠡᠬᠦ ᠬᠦᠴᠦᠨ ᠪᠣᠯ 〈ᠰᠦᠨ᠎ᠤ ᠯᠤᠩᠬᠤ ᠵᠢ ᠳᠤᠮᠳᠠᠳᠤᠴᠤᠳ ᠥᠪᠡᠷ᠎ᠦᠨ ᠭᠠᠷ᠎ᠲᠠᠭᠠᠨ ᠴᠢᠨᠭᠭ᠎ᠠ ᠠᠳᠬᠤᠬᠤ〉ᠢᠲᠡᠭᠡᠯ ᠵᠣᠷᠢᠭ᠋᠎ᠡᠴᠡ ᠢᠷᠡᠭᠰᠡᠨ ᠶᠤᠮ᠂ ᠠᠵᠤ ᠦᠢᠯᠡᠰ᠎ᠦᠨ ᠬᠡᠯᠬᠢᠶ᠎ᠡ᠎ᠶᠢᠨ ᠠᠮᠤᠷ ᠲᠦᠪᠰᠢᠨ᠎ᠢ ᠰᠠᠬᠢᠨ ᠬᠠᠮᠠᠭᠠᠯᠠᠬᠤ ᠬᠠᠷᠢᠭᠤᠴᠠᠯᠭ᠎ᠠ᠎ᠡᠴᠡ ᠢᠷᠡᠭᠰᠡᠨ ᠶᠤᠮ᠂ ᠨᠡᠩ ᠴᠤ᠌ ᠠᠷᠠᠳ ᠤᠯᠠᠨ᠎ᠤ ᠡᠷᠡᠭᠦᠯ ᠮᠡᠨᠳᠦ᠎ᠶᠢᠨ ᠲᠤᠬᠠᠢ ᠬᠦᠰᠡᠯ ᠡᠷᠡᠮᠡᠯᠵᠡᠯ᠎ᠡᠴᠡ ᠢᠷᠡᠭᠰᠡᠨ ᠶᠤᠮ》᠃ ᠸᠠᠩ ᠼᠠᠢ ᠶᠦᠨ᠎ᠤ ᠦᠭᠡ ᠶᠠᠷᠢᠶ᠎ᠠ ᠨᠢ ᠪᠣᠷᠣᠭᠵᠢᠭᠤᠨ ᠪᠥᠭᠡᠳ ᠢᠳᠡᠯᠢᠭ᠃ ᠲᠡᠭᠦᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠤᠯᠠ ᠮᠥᠷ ᠠᠵᠤ ᠦᠢᠯᠡᠰ᠎ᠦᠨ ᠬᠡᠯᠬᠢᠶ᠎ᠡ᠎ᠶᠢᠨ ᠭᠣᠭᠴᠣᠭ᠎ᠠ ᠨᠢᠭᠡ ᠪᠦᠷᠢᠳᠦ ᠬᠦᠷᠲᠡᠯ᠎ᠡ ᠦᠷᠭᠦᠯᠵᠢᠯᠡᠨ᠎ᠡ᠃ 《ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠪᠠᠢᠴᠠᠭᠠᠨ ᠰᠤᠳᠤᠯᠤᠯᠲᠠ ᠬᠢᠵᠦ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠬᠦ ᠨᠢ 〈ᠰᠡᠳᠦᠪ ᠭᠠᠷᠭᠠᠬᠤ〉 ᠲᠠᠢ ᠠᠳᠠᠯᠢ ᠮᠥᠷᠲᠡᠭᠡᠨ ᠪᠠᠰᠠ 〈ᠰᠢᠯᠭᠠᠯᠲᠠ ᠲᠤᠰᠢᠶᠠᠬᠤ〉 ᠲᠠᠢ ᠠᠳᠠᠯᠢ ᠶᠤᠮ᠃ ᠮᠡᠷᠭᠡᠵᠢᠯ᠎ᠦᠨ ᠰᠤᠳᠤᠯᠭᠠᠨ ᠪᠣᠯ ᠳᠠᠷᠤᠢ 〈ᠰᠡᠳᠦᠪ ᠪᠤᠳᠤᠬᠤ〉 ᠶᠠᠪᠤᠴᠠ ᠪᠣᠯᠣᠨ᠎ᠠ》᠃ ᠸᠠᠩ ᠼᠠᠢ ᠶᠦᠨ᠂ 《ᠮᠡᠷᠭᠡᠵᠢᠯ᠎ᠦᠨ ᠰᠢᠪᠲᠤᠯᠤᠯᠲᠠ ᠪᠤᠶᠤ ᠲᠥᠯᠥᠭᠡᠯᠡᠭᠴᠢᠳ᠎ᠦᠨ ᠰᠠᠨᠠᠭᠤᠯᠭ᠎ᠠ ᠭᠡᠰᠡᠨ ᠦᠭᠡᠢ ᠴᠥᠮ ᠪᠢᠳᠡᠨ᠎ᠦ ᠨᠠᠷᠢᠨ ᠬᠢᠨᠠᠮᠠᠭᠠᠢ ᠪᠢᠴᠢᠭᠯᠡᠭᠰᠡᠨ 〈ᠬᠠᠷᠢᠭᠤᠯᠲᠠ᠎ᠶᠢᠨ ᠬᠠᠭᠤᠳᠠᠰᠤ〉 ᠪᠣᠯᠣᠨ᠎ᠠ》᠃ ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ᠎ᠳᠤ᠂ ᠲᠡᠷᠡ ᠦᠷᠭᠦᠯᠵᠢᠯᠡᠨ ᠰᠦ᠎ᠶᠢᠨ ᠴᠢᠳᠠᠪᠬᠢ ᠪᠦᠷᠢᠯᠳᠦᠭᠦᠨ᠎ᠢ ᠠᠭᠤᠳᠠᠯᠬᠤ᠂ ᠰᠦ᠎ᠶᠢᠨ ᠦᠢᠯᠡᠰ᠎ᠦᠨ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠴᠣᠭᠴᠠᠯᠠᠬᠤ᠂ ᠰᠦ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ ᠲᠠᠯ᠎ᠠ᠎ᠪᠠᠷ ᠢᠳᠡᠪᠬᠢᠲᠡᠢ ᠰᠠᠨᠠᠯ ᠰᠠᠨᠠᠭᠤᠯᠭ᠎ᠠ ᠳᠤᠷᠠᠳᠬᠤ ᠪᠡᠷ ᠪᠤᠢ᠃
[ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]
《ᠪᠣᠭᠣᠮᠢ》 ᠪᠤᠯᠵᠤ ᠪᠠᠢᠭ᠎ᠠ ᠮᠡᠷᠭᠡᠵᠢᠯ᠎ᠢ ᠰᠢᠪᠲᠤᠯᠬᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠣᠰᠢᠭᠤᠴᠢ᠎ᠡᠴᠡ᠂ ᠦᠨᠳᠦᠰᠦᠨ ᠱᠠᠲᠤᠨ ᠳ᠋ᠤ ᠭᠦᠨᠵᠡᠭᠡᠢᠷᠡᠭᠰᠡᠨ 《ᠪᠠᠢᠴᠠᠭᠠᠨ ᠰᠤᠳᠤᠯᠤᠭ᠍ᠴᠢ》ᠪᠤᠯᠳᠠᠯ᠎ᠠ᠂ ᠠᠷᠠᠳ᠎ᠤᠨ ᠳᠠᠭᠤᠨ᠎ᠢ ᠲᠤᠰᠬᠠᠭᠰᠠᠨ《ᠣᠷᠣᠯᠠᠨ ᠥᠭᠦᠯᠡᠭᠴᠢ》᠎ᠡᠴᠡ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠤᠭᠰᠠᠨ 《ᠪᠣᠭᠣᠮᠲᠠ ᠰᠢᠪᠲᠤᠯᠤᠭ᠍ᠴᠢ》 ᠬᠦᠷᠲᠡᠯ᠎ᠡ᠂ ᠸᠠᠩ ᠼᠠᠢ ᠶᠦᠨ ᠲᠤᠷᠰᠢᠯᠲᠠ᠎ᠶᠢᠨ ᠲᠠᠰᠤᠭ᠎ᠤᠨ ᠳᠣᠲᠣᠷᠠᠬᠢ ᠬᠦᠴᠢᠷᠳᠡᠯ ᠪᠣᠯᠣᠨ ᠬᠦᠴᠢᠷ ᠠᠰᠠᠭᠤᠳᠠᠯ᠎ᠢ ᠰᠢᠪᠲᠤᠯᠬᠤ ᠬᠠᠳᠠᠨ ᠵᠣᠷᠢᠭ᠋᠎ᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠶᠠᠪᠤᠴᠠ᠎ᠳᠠᠬᠢ ᠠᠵᠤ ᠦᠢᠯᠡᠰ᠎ᠦᠨ ᠡᠪᠡᠷᠰᠢᠶᠡᠯ ᠠᠰᠠᠭᠤᠳᠠᠯ ᠳ᠋ᠤ ᠰᠠᠢᠨ ᠵᠣᠷ ᠡᠷᠢᠬᠦ ᠪᠠᠷᠢᠮᠲᠠᠯᠠᠯ ᠪᠣᠯᠭᠠᠨ ᠬᠤᠪᠢᠷᠠᠭᠤᠯᠵᠤ᠂ ᠠᠷᠠᠳ ᠤᠯᠠᠨ᠎ᠤ ᠡᠷᠡᠭᠦᠯ ᠮᠡᠨᠳᠦ᠎ᠶᠢᠨ ᠲᠤᠬᠠᠢ ᠬᠦᠰᠡᠯ ᠡᠷᠡᠮᠡᠯᠵᠡᠯ᠎ᠢ ᠨᠢᠭᠡ ᠨᠢᠭᠡ ᠬᠤᠪᠢ ᠯᠠᠪᠳᠠᠭᠤᠨ ᠪᠠᠲᠤᠲᠠᠢ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ ᠪᠣᠯᠣᠨ ᠲᠦᠷᠦ᠎ᠶᠢᠨ ᠪᠣᠳᠣᠯᠭ᠎ᠠ᠎ᠶᠢᠨ ᠰᠠᠨᠠᠭᠤᠯᠭ᠎ᠠ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠤᠭ ᠰᠠᠨᠠᠭ᠎ᠠ ᠢᠲᠡᠭᠡᠯ ᠪᠢᠰᠢᠷᠡᠯ᠎ᠢ ᠲᠠᠢᠯᠪᠤᠷᠢᠯᠠᠭᠰᠠᠨ ᠪᠠᠢᠨ᠎ᠠ᠃