ᠰᠠᠢᠨ ᠰᠠᠢᠬᠠᠨ ᠤᠯᠤᠰ ᠲᠥᠷᠥ᠎ᠶ᠋ᠢᠨ ᠠᠮᠢ ᠠᠬᠤᠶ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠰᠤᠭᠠᠢ
2026-02-28 10:23:45
ᠵᠣᠬᠢᠶᠠᠭ᠍ᠴᠢ᠄
ᠲᠤᠰ ᠰᠤᠨᠢᠨ ᠤ᠋ ᠰᠢᠭᠦᠮᠵᠢᠯᠡᠭᠴᠢ
ᠣᠩᠱᠢᠭ᠍ᠰᠠᠨ ᠣᠳᠠᠭ᠎ᠠ᠄
★★★☆☆

— ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠭᠤᠷᠪᠠᠨᠲᠠ ᠥᠭᠦᠯᠡᠬᠦ᠌ ᠨᠢ

ᠤᠯᠤᠰ ᠲᠦᠷᠦ᠍᠎ᠶ᠋ᠢᠨ ᠠᠮᠢ ᠠᠬᠤᠢ ᠰᠠᠢ᠌ᠨ ᠪᠠᠢᠪᠠᠯ᠂ ᠠᠵᠢᠯ ᠬᠢᠵᠦ᠍ ᠦᠢᠯᠡᠰ ᠪᠤᠰᠭᠠᠬᠤ ᠤᠮᠤᠬ ᠵᠢᠪᠬᠤᠭ᠎ᠠ ᠰᠠᠶᠢ ᠲᠡᠭᠦᠯᠳᠡᠷ ᠪᠣᠯᠤᠨ᠎ᠠ᠃ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ᠎ᠡᠴᠡ ᠢᠳᠡᠪᠬᠢᠲᠡᠢ᠎ᠪᠡᠷ ᠥᠭᠡᠳᠡᠯᠡᠨ ᠲᠠᠪᠱᠢᠬᠤ᠂ ᠠᠵᠢᠯ ᠬᠢᠵᠦ᠍ ᠦᠢᠯᠡᠰ ᠪᠤᠰᠭᠠᠬᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠵᠤ᠂ ᠴᠢᠨᠠᠷ ᠰᠠᠢᠲᠠᠢ ᠬᠥᠭ᠌ᠵᠢᠯᠲᠡ᠎ᠳᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠲᠣᠳᠣᠷᠬᠠᠢ ᠳᠤᠷᠠᠳᠴᠠᠢ᠃

ᠰᠤᠷᠲᠠᠯ ᠴᠢᠬᠡᠴᠢ ᠪᠣᠯ ᠤᠪᠤᠷ ᠲᠥᠪ᠂ ᠤᠪᠤᠷ ᠲᠥᠪ ᠪᠣᠯ ᠰᠡᠳᠭᠢᠯ ᠨᠢᠭᠡᠳᠡᠢ᠂ ᠰᠡᠳᠭᠢᠯ ᠨᠢᠭᠡᠳᠡᠢ ᠪᠣᠯ ᠶᠠᠪᠤᠳᠠᠯ ᠪᠦᠲᠦᠨ᠎ᠡ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠰᠠᠢᠨ ᠰᠠᠢᠬᠠᠨ ᠤᠯᠤᠰ ᠲᠥᠷᠥ᠎ᠶ᠋ᠢᠨ ᠠᠮᠢ ᠠᠬᠤᠶ ᠪᠣᠯ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ᠂ ᠱᠢᠯᠢᠳᠡᠭ ᠰᠠᠢᠨ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠢ ᠬᠠᠳᠠᠭᠠᠯᠠᠬᠤ ᠴᠢᠬᠤᠯᠠ ᠰᠠᠭᠤᠷᠢ ᠪᠣᠯᠬᠤ ᠪᠥᠭᠡᠳ ᠪᠠᠰᠠ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠂ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌᠂ ᠦᠨᠳᠦᠰᠦᠲᠡᠨ ᠎ᠨᠦᠭᠦᠳ᠎ᠦᠨ ᠺᠠᠳ᠋ᠷ ᠣᠯᠠᠨ ᠲᠦᠮᠡᠨ᠎ᠦ ᠣᠶᠤᠨ ᠤᠬᠠᠭᠠᠨ ᠬᠦᠴᠦᠨ ᠴᠢᠳᠠᠯ᠎ᠢ ᠨᠢᠭ᠍ᠲᠠᠷᠠᠭᠤᠯᠬᠤ ᠴᠢᠬᠤᠯᠠ ᠪᠠᠲᠤᠯᠠᠭ᠎ᠠ ᠪᠣᠯᠤᠨ᠎ᠠ᠃ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠰᠤᠷᠤᠯᠴᠠᠯᠭ᠎ᠠ ᠵᠢ ᠶᠡᠭᠡᠳᠠ ᠡᠷᠬᠢᠮᠯᠡᠵᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠲᠥᠪ ᠭᠣᠣᠯᠴᠢ ᠠᠷᠢᠭᠤᠨ ᠴᠢᠬᠡᠴᠢ ᠪᠠᠢᠵᠤ᠂ ᠡᠷᠡᠰ ᠪᠠᠲᠤ ᠤᠯᠤᠰ ᠲᠦᠷᠦ᠍᠎ᠶ᠋ᠢᠨ ᠤᠬᠠᠮᠰᠠᠷ᠎ᠢᠶᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠪᠣᠳᠠᠲᠠᠢ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠎ᠢᠶᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠴᠤᠭ ᠪᠠᠳᠠᠷᠠᠩᠭᠤᠢ ᠡᠷᠡᠮᠡᠬᠡᠢᠯᠡᠨ ᠤᠷᠤᠭ᠍ᠰᠢᠯᠠᠬᠤ ᠳᠦᠷᠰᠦ ᠪᠠᠢᠳᠠᠯ᠎ᠢᠶᠠᠷ ᠭᠠᠪᠱᠢᠭᠠᠢᠯᠠᠨ ᠲᠡᠮᠡᠴᠡᠵᠦ᠍᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠳᠦ ᠱᠢᠨ᠎ᠡ ᠬᠠᠷᠢᠭᠤᠴᠠᠯᠭ᠎ᠠ ᠡᠭᠦᠷᠭᠡᠯᠡᠵᠦ᠍᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ᠃ 

ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠠᠰᠠᠭᠤᠳᠠᠯ ᠪᠣᠯ ᠨᠢᠭᠡᠨ ᠦᠨᠳᠦᠰᠦᠨ ᠴᠢᠨᠠᠷᠲᠠᠢ ᠠᠰᠠᠭᠤᠳᠠᠯ ᠮᠥᠨ᠂ ᠲᠡᠷᠡ ᠨᠢ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ᠍ ᠪᠠᠷᠢᠬᠤ᠎ᠳᠤ ᠬᠣᠯᠪᠣᠭ᠍ᠳᠠᠳᠠᠭ᠃ ᠨᠠᠮ᠎ᠤᠨ ᠲᠥᠪ ᠬᠤᠷᠢᠶ᠎ᠠ ᠵᠢᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠱᠢᠨ᠎ᠡ ᠨᠣᠶᠠᠨ ᠬᠠᠭᠤᠴᠢᠨ ᠲᠠᠨᠭᠰᠠ᠎ᠶ᠋ᠢ ᠬᠠᠮᠢᠶᠠᠷᠬᠤ ᠦᠭᠡᠢ᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ᠂ ᠰᠣᠬᠣᠷ ᠪᠠᠯᠠᠢ᠎ᠪᠠᠷ ᠬᠢᠬᠦ᠌᠂ 《ᠲᠦᠷᠢ ᠲᠥᠷᠬᠦ᠌᠎ᠶ᠋ᠢᠨ ᠢᠨᠵᠧᠨᠧᠷᠢᠩ》 ᠵᠡᠷᠭᠡ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢ ᠭᠠᠵᠢᠭᠤᠳᠠᠭᠤᠯᠬᠤ ᠪᠤᠷᠤᠭᠤ ᠠᠰᠠᠭᠤᠳᠠᠯ᠎ᠢ ᠡᠷᠡᠰ ᠵᠠᠯᠠᠷᠠᠭᠤᠯᠵᠤ᠂ 《ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠵᠤ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》ᠣᠢᠯᠠᠭᠠᠭ᠍ᠳᠠᠬᠤᠨ᠎ᠢ ᠳᠣᠲᠣᠭᠠᠳᠤ ᠰᠡᠳᠭᠢᠯ᠎ᠦᠨ ᠭᠦᠨ᠎ᠳᠡᠭᠡᠨ ᠦᠨᠳᠦᠰᠦᠯᠡᠭᠦᠯᠬᠦ᠌ ᠬᠡᠷᠡᠭ᠌ᠲᠡᠢ᠃ 《ᠱᠢᠪᠲᠤᠯᠬᠤ》 ᠵᠣᠷᠢᠭ ᠰᠠᠨᠠᠭ᠎ᠠ᠂ 《ᠡᠭᠦᠳᠬᠦ》 ᠡᠷᠴᠢ ᠵᠣᠷᠢᠭ᠂ 《ᠠᠵᠢᠯᠯᠠᠬᠤ》 ᠰᠤᠷᠲᠠᠯ᠎ᠢᠶᠠᠷ ᠲᠤᠬᠠᠢᠯᠠᠭ᠍ᠰᠠᠨ ᠠᠵᠢᠯ᠎ᠢᠶᠠᠨ ᠰᠠᠢᠲᠤᠷ ᠠᠳᠭᠤᠵᠤ᠂ ᠠᠵᠢᠯ᠎ᠤᠨ ᠪᠠᠢᠷᠢ᠎ᠳᠠᠭᠠᠨ ᠣᠰᠣᠯᠳᠠᠬᠤ ᠦᠭᠡᠢ ᠠᠮᠵᠢᠯᠲᠠ ᠪᠦᠲᠦᠮᠵᠢ ᠭᠠᠷᠭᠠᠵᠤ᠂ ᠠᠵᠢᠯ ᠨᠢᠭᠡ ᠪᠦᠷᠢ᠎ᠶ᠋ᠢ ᠴᠥᠮ ᠦᠢᠯᠡᠳᠦᠯᠭᠡ᠂ ᠲᠡᠦᠬᠡ ᠪᠠ ᠠᠷᠠᠳ ᠲᠦᠮᠡᠨ᠎ᠦ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠯᠭᠠᠬᠤ ᠬᠡᠷᠡᠭ᠌ᠲᠡᠢ᠃

ᠠᠵᠢᠯ ᠬᠢᠵᠦ᠍ ᠦᠢᠯᠡᠰ ᠪᠤᠰᠭᠠᠬᠤ᠎ᠳᠤ ᠴᠢᠳᠠᠪᠤᠷᠢ᠎ᠶ᠋ᠢ ᠲᠡᠷᠢᠭᠦᠨ᠎ᠳᠦ ᠲᠠᠯᠪᠢᠬᠤ ᠬᠡᠷᠡᠭ᠌ᠲᠡᠢ᠃ ᠡᠬᠢᠯᠡᠯᠲᠡ᠎ᠶ᠋ᠢᠨ ᠵᠢᠯ᠎ᠦᠨ ᠱᠢᠨ᠎ᠡ ᠡᠭᠦᠷᠭᠡ ᠱᠢᠨ᠎ᠡ ᠥᠷᠢᠰᠥᠯᠳᠦᠭᠡᠨ᠎ᠦ ᠡᠮᠦᠨ᠎ᠡ᠂ ᠴᠢᠨᠠᠷ ᠰᠠᠢᠲᠠᠢ ᠬᠥᠭ᠌ᠵᠢᠯᠲᠡ ᠳᠤᠮᠳᠠᠬᠢ ᠱᠢᠨ᠎ᠡ ᠵᠥᠷᠢᠴᠡᠯ ᠱᠢᠨ᠎ᠡ ᠠᠰᠠᠭᠤᠳᠠᠯ᠎ᠤᠨ ᠡᠮᠦᠨ᠎ᠡ᠂ ᠨᠠᠮ᠎ᠤᠨ ᠭᠡᠱᠢᠭᠦᠨ ᠺᠠᠳ᠋ᠷ᠎ᠤᠨ ᠴᠢᠳᠠᠪᠤᠷᠢ ᠨᠢ ᠬᠥᠭ᠌ᠵᠢᠯᠲᠡ᠎ᠶ᠋ᠢᠨ ᠶᠠᠰᠤ ᠴᠢᠨᠠᠷ᠎ᠲᠠᠶ ᠱᠢᠭᠤᠳ ᠬᠣᠯᠪᠣᠭ᠍ᠳᠠᠨ᠎ᠠ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠴᠦᠬᠦᠷᠡᠰᠢ ᠦᠭᠡᠢ ᠵᠡᠪᠰᠡᠭ᠌ᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠰᠡᠳᠭᠢᠯ ᠳᠡᠯᠪᠢᠨ ᠣᠢᠯᠠᠭᠠᠵᠤ᠂ ᠰᠡᠳᠭᠢᠯ ᠳᠡᠯᠪᠢᠨ ᠰᠤᠳᠤᠯᠵᠤ᠂ ᠦᠶ᠋ᠯᠡᠳᠦᠯᠭᠡ᠎ᠪᠡᠨ ᠨᠠᠩ ᠰᠠᠢᠲᠤᠷ ᠵᠢᠯᠣᠭᠣᠳᠭᠤ ᠬᠡᠷᠡᠭ᠌ᠲᠡᠶ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠣᠱᠢᠭᠤᠷᠠᠯ ᠮᠡᠳᠡᠯᠭᠡ᠎ᠶ᠋ᠢᠨ ᠰᠤᠷᠤᠯᠴᠠᠯᠭ᠎ᠠ᠎ᠶ᠋ᠢ ᠴᠢᠩᠭᠠᠳᠭᠠᠵᠤ᠂ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ ᠪᠠ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠮᠡᠳᠡᠬᠦ᠌᠂ ᠠᠵᠤ ᠦᠶ᠋ᠯᠡᠰ᠎ᠢ ᠣᠢᠯᠠᠭᠠᠬᠤ᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠳᠤ ᠴᠢᠳᠠᠮᠠᠭᠠᠶ ᠮᠡᠷᠭᠡᠵᠢᠯᠲᠡᠨ ᠪᠣᠯᠬᠤ᠎ᠪᠠᠷ ᠴᠢᠷᠮᠠᠢᠵᠤ᠂ ᠴᠠᠭᠠᠷᠠᠭ᠍ᠰᠠᠨ ᠡᠷᠳᠡᠮ ᠴᠢᠳᠠᠪᠤᠷᠢ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢᠨ ᠡᠯ᠎ᠡ ᠵᠦᠶ᠋ᠯ᠎ᠦᠨ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠶ᠃ ᠪᠠᠢᠴᠠᠭᠠᠨ ᠰᠤᠳᠤᠯᠤᠯᠲᠠ ᠬᠢᠬᠦ᠌ ᠰᠤᠷᠲᠠᠯ᠎ᠢ ᠶᠡᠬᠡ᠎ᠪᠡᠷ ᠪᠠᠳᠠᠷᠠᠭᠤᠯᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠨ ᠣᠯᠠᠨ ᠲᠦᠮᠡᠨ᠎ᠦ ᠬᠦᠰᠡᠯ ᠰᠠᠨᠠᠭ᠎ᠠ᠎ᠶ᠋ᠢ ᠰᠣᠨᠣᠰᠴᠤ᠌᠂ ᠪᠣᠳᠠᠲᠠᠶ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠴᠢᠬᠤᠯᠠᠴᠢᠯᠠᠬᠤ ᠬᠡᠷᠡᠭ᠌ᠲᠡᠶ᠃

ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠤᠬ᠍ᠰᠤᠰᠢ ᠦᠭᠡᠢ ᠶᠠᠪᠤᠭ᠍ᠳᠠᠵᠤ᠂ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ ᠬᠢᠬᠦ᠌ ᠠᠵᠢᠯ ᠡᠭᠦᠷᠢᠳᠡ ᠵᠤᠬ᠍ᠰᠤᠰᠢ ᠦᠭᠡᠢ ᠶᠠᠪᠤᠭ᠍ᠳᠠᠨ᠎ᠠ᠃ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠪᠦᠷᠢᠯᠳᠦᠯ ᠨᠢ ᠨᠢᠭᠡ ᠯᠡ ᠳᠡᠭᠡᠷ᠎ᠡ ᠱᠢᠢᠳᠪᠦᠷᠢᠯᠡᠭᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠶᠠᠪᠤᠳᠠᠯ ᠪᠢᠰᠢ᠂ ᠬᠠᠷᠢᠨ ᠤᠷᠳᠤ ᠬᠤᠭᠤᠴᠠᠭᠠᠨ᠎ᠤ ᠡᠭᠦᠷᠭᠡ ᠪᠠ ᠱᠢᠰᠲ᠋ᠧᠮᠲᠦ ᠢᠨᠵᠧᠨᠧᠷᠢᠩ ᠪᠣᠯᠬᠤ ᠶᠤᠮ᠃ ᠢᠮᠠᠭ᠍ᠲᠠ ᠴᠢᠩᠭ᠎ᠠ ᠬᠦᠭ ᠠᠶᠠᠰ᠎ᠢᠶᠠᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ 《ᠬᠣᠶᠠᠷ᠎ᠢ ᠤᠬ᠍ᠳᠤ ᠠᠭᠤᠴᠢᠯᠠᠬᠤ ᠦᠭᠡᠢ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠢᠯᠵᠠᠷᠠᠬᠤ᠎ᠠᠴᠠ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠦᠷᠭᠦᠯᠵᠢᠯᠡᠨ ᠨᠢᠭᠡ ᠴᠤᠬ᠍ᠴᠠᠵᠢᠭᠤᠯᠤᠨ ᠠᠬᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠪᠠᠷ ᠬᠦᠳᠦᠯᠦᠨ ᠳᠠᠭᠠᠭᠤᠯᠵᠤ ᠪᠠᠢᠭᠠᠳ ᠰᠠᠢ᠌ᠨ ᠰᠠᠢᠬᠠᠨ ᠴᠢᠳᠠᠪᠤᠷᠢᠲᠠᠨ᠎ᠤ ᠣᠷᠴᠢᠨ ᠨᠦᠬᠦᠴᠡᠯ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠦᠬᠦᠴᠡᠯ᠂ ᠱᠢᠨ᠎ᠡ᠎ᠶ᠋ᠢ ᠡᠭᠦᠳᠬᠦ᠌ ᠣᠷᠴᠢᠨ ᠨᠦᠬᠦᠴᠡᠯ᠂ ᠶᠠᠷᠢᠶ᠎ᠠ ᠬᠡᠯᠡᠯᠴᠡᠭᠡᠨ᠎ᠦ ᠣᠷᠴᠢᠨ ᠨᠦᠬᠦᠴᠡᠯ᠎ᠢ ᠪᠦᠷᠢᠯᠳᠦᠭᠦᠯᠬᠦ᠌ ᠬᠡᠷᠡᠭ᠌ᠲᠡᠢ᠃

ᠡᠬᠢᠯᠡᠯᠲᠡ᠎ᠶ᠋ᠢᠨ ᠵᠢᠯ᠎ᠳᠤ ᠡᠬᠢᠯᠡᠯᠲᠡ᠎ᠶ᠋ᠢᠨ ᠴᠤᠬ ᠵᠢᠪᠬᠤᠭ᠎ᠠ ᠲᠠᠢ ᠪᠠᠢᠵᠦ᠂ ᠡᠬᠢᠯᠡᠯᠲᠡ᠎ᠶ᠋ᠢᠨ ᠠᠯᠬᠤᠮ᠎ᠳᠠᠭᠠᠨ ᠵᠠᠩᠭᠢᠯᠠᠭ᠎ᠠ᠎ᠶ᠋ᠢᠨ ᠬᠢᠳᠡᠯ ᠲᠠᠢ ᠪᠠᠢᠬᠤ ᠬᠡᠷᠡᠭ᠌ᠲᠡᠢ᠃ ᠪᠥᠬᠥ᠌ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ 《ᠴᠠᠭᠠᠨ ᠰᠠᠷ᠎ᠠ᠎ᠶ᠋ᠢᠨ ᠠᠩᠬᠠᠳᠤᠭᠠᠷ ᠬᠤᠷᠠᠯ》ᠵᠢᠡᠷ ᠭᠠᠷᠤᠭ᠎ᠠ ᠪᠣᠯᠭᠠᠵᠤ᠂ ᠤᠮᠤᠬ ᠵᠢᠪᠬᠤᠭ᠎ᠠ᠎ᠪᠡᠨ ᠴᠢᠨᠠᠭ᠍ᠰᠢᠳᠠ ᠪᠠᠳᠠᠷᠠᠭᠤᠯᠵᠤ᠂ ᠤᠷᠤᠢᠯᠠᠬᠰᠠᠨ ᠰᠤᠷᠲᠠᠯ᠎ᠢ ᠳᠠᠪᠲᠠᠨ ᠪᠣᠯᠪᠠᠰᠤᠷᠠᠭᠤᠯᠵᠤ᠂ ᠢᠳᠡᠪᠬᠢᠲᠡᠶ᠎ᠪᠡᠷ ᠥᠭᠡᠳᠡᠯᠡᠨ ᠳᠠᠪᠱᠢᠬᠤ᠂ ᠠᠵᠢᠯ ᠬᠢᠵᠦ᠍ ᠦᠶ᠋ᠯᠡᠰ ᠪᠤᠰᠭᠠᠬᠤ᠂ ᠰᠤᠷᠲᠠᠯ ᠴᠢᠬᠡᠴᠢ ᠣᠪᠣᠷ ᠲᠥᠪ ᠰᠠᠢᠨ ᠰᠠᠢᠬᠠᠨ ᠤᠯᠤᠰ ᠲᠥᠷᠥ᠎ᠶ᠋ᠢᠨ ᠠᠮᠢ ᠠᠬᠤᠶ᠎ᠶ᠋ᠢ ᠬᠠᠮᠲᠤ᠎ᠪᠠᠷ ᠪᠣᠶ ᠪᠣᠯᠭᠠᠵᠤ᠂ ᠨᠠᠮ ᠪᠣᠯᠤᠨ ᠠᠷᠠᠳ ᠲᠦᠮᠡᠨ᠎ᠳᠦ ᠭᠣᠢᠳᠠ ᠰᠠᠢᠬᠠᠨ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ ᠬᠡᠷᠡᠭ᠌ᠲᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号