ᠰᠢᠨ᠎ᠠ ᠪᠡᠷ ᠮᠠᠨᠳᠤᠭᠰᠠᠨ ᠠᠵᠤ ᠦᠢᠯᠡᠰ ᠤ᠋ᠨ ᠨᠠᠨᠳᠢᠨ ᠲᠤᠬᠢᠶᠠᠯ 《ᠰᠢᠨ᠎ᠠ》 ᠵᠢ ᠵᠤᠷᠢᠨ ᠤᠷᠤᠭᠰᠢᠯᠠᠭᠰᠠᠨ ᠠᠶᠠᠨ ᠤ᠋ ᠭᠠᠷᠤᠭ᠎ᠠ
2026-02-28 10:26:21
ᠵᠣᠬᠢᠶᠠᠭ᠍ᠴᠢ᠄
ᠶᠠᠩ ᠸᠧᠢ
ᠣᠩᠱᠢᠭ᠍ᠰᠠᠨ ᠣᠳᠠᠭ᠎ᠠ᠄
★★★☆☆

— ᠦᠪᠦᠷ ᠮᠤᠩᠭᠤᠯ ᠤᠳᠤᠬᠢᠴᠢᠯᠠᠭᠰᠠᠨ ᠠᠵᠤ ᠦᠢᠯᠡᠰ ᠤ᠋ᠨ ᠰᠢᠰᠲ᠋ᠧᠮ ᠢ᠋ ᠪᠦᠬᠦ ᠬᠦᠴᠦᠨ ᠶ᠋ᠢᠡᠷ ᠶ᠋ᠢᠡᠨ ᠪᠠᠢᠭᠤᠯᠵᠤ ᠠᠵᠤ ᠠᠬᠤᠢ ᠶ᠋ᠢᠨ ᠴᠢᠨᠠᠷ ᠰᠠᠢᠳᠠᠢ ᠬᠦᠭᠵᠢᠯᠳᠡ ᠶ᠋ᠢ ᠠᠬᠢᠭᠤᠯᠤᠨ᠎ᠠ


ᠲᠡᠦᠬᠡ ᠶ᠋ᠢᠨ ᠴᠢᠬᠤᠯᠠ ᠴᠠᠭ ᠮᠦᠴᠡ ᠳ᠋ᠤ ᠤᠷᠢᠳᠠᠴᠢ ᠴᠢᠨᠠᠷᠳᠠᠢ ᠪᠠᠢᠷᠢᠰᠢᠭᠤᠯᠤᠯᠳᠠ ᠬᠢᠵᠦ ᠡᠭᠦᠷᠭᠡ ᠬᠠᠷᠢᠭᠤᠴᠠᠯᠭ᠎ᠠ ᠶ᠋ᠢ ᠪᠤᠳᠠᠳᠠᠢᠵᠢᠭᠤᠯᠪᠠᠯ ᠤᠷᠤᠨ ᠨᠤᠳᠤᠭ ᠤ᠋ᠨ ᠬᠦᠭᠵᠢᠯᠳᠡ ᠰᠠᠶᠢ ᠨᠡᠩ ᠠᠯᠤᠰ ᠬᠡᠳᠦ ᠶ᠋ᠢᠨ ᠰᠠᠢᠨ ᠰᠠᠢᠬᠠᠨ ᠢᠷᠡᠭᠡᠳᠦᠢ ᠲᠠᠢ ᠪᠤᠯᠵᠤ ᠴᠢᠳᠠᠨ᠎ᠠ᠃ 《ᠠᠷᠪᠠᠨ ᠳᠠᠪᠤᠳᠤᠭᠠᠷ ᠳᠠᠪᠤᠨ ᠵᠢᠯ》 ᠤ᠋ᠨ ᠡᠬᠢᠨ ᠤ᠋ ᠵᠢᠯ ᠳ᠋ᠤ᠂ ᠪᠦᠬᠦ ᠤᠷᠤᠨ ᠤ᠋ ᠴᠢᠨᠠᠷ ᠰᠠᠢᠳᠠᠢ ᠬᠦᠭᠵᠢᠯᠳᠡ ᠶ᠋ᠢ ᠠᠬᠢᠭᠤᠯᠬᠤ ᠶᠡᠬᠡ ᠬᠤᠷᠠᠯ ᠡᠴᠡ ᠢᠷᠡᠭᠡᠳᠦᠢ ᠳ᠋ᠤ ᠬᠠᠨᠳᠤᠭᠤᠯᠤᠭᠰᠠᠨ ᠳᠠᠢᠴᠢᠯᠠᠯᠳᠠ ᠶ᠋ᠢᠨ ᠵᠠᠷᠯᠢᠭ ᠪᠠᠭᠤᠯᠭᠠᠵᠠᠢ᠄ ᠰᠢᠨ᠎ᠠ ᠡᠨᠧᠷᠬᠢ᠂ ᠰᠢᠨ᠎ᠠ ᠮᠠᠲᠧᠷᠢᠶᠠᠯ᠂ ᠪᠤᠬᠢᠷᠳᠦᠯ ᠦᠭᠡᠢ ᠪᠤᠳᠤᠯᠳᠠ ᠶ᠋ᠢᠨ ᠬᠦᠴᠦᠨ᠂ ᠤᠢᠷ᠎ᠠ ᠤᠭᠳᠠᠷᠭᠤᠢ ᠶ᠋ᠢᠨ ᠠᠵᠤ ᠠᠬᠤᠢ ᠵᠡᠷᠭᠡ ᠪᠠᠢᠯᠳᠤᠬᠤ ᠪᠤᠳᠤᠯᠭ᠎ᠠ ᠶ᠋ᠢᠨ ᠴᠢᠨᠠᠷᠳᠠᠢ ᠰᠢᠨ᠎ᠠ ᠪᠡᠷ ᠮᠠᠨᠳᠤᠭᠰᠠᠨ ᠠᠵᠤ ᠦᠢᠯᠡᠰ ᠤ᠋ᠨ ᠪᠦᠯᠦᠭᠵᠢᠭᠰᠡᠨ ᠬᠦᠭᠵᠢᠯᠳᠡ ᠶ᠋ᠢ ᠠᠬᠢᠭᠤᠯᠤᠨ᠎ᠠ᠃

ᠬᠠᠪᠤᠷ ᠤ᠋ᠨ ᠬᠤᠶᠠᠷ ᠰᠠᠷ᠎ᠠ ᠭᠡᠭᠴᠢ ᠭᠡᠨᠡᠳᠳᠡ ᠳᠤᠯᠠᠭᠠᠷᠠᠭᠠᠳ ᠳᠠᠬᠢᠭᠠᠳ ᠭᠦᠢᠳᠡᠷᠡᠴᠢᠬᠡᠳᠡᠭ ᠴᠤ᠌ ᠦᠪᠦᠷ ᠮᠤᠩᠭᠤᠯ ᠤ᠋ᠨ ᠡᠯ᠎ᠠ ᠭᠠᠵᠠᠷ ᠤ᠋ᠨ ᠠᠵᠤ ᠠᠬᠤᠢ ᠶ᠋ᠢᠨ ᠪᠦᠲᠦᠭᠡᠨ ᠪᠠᠢᠭᠤᠯᠤᠯᠳᠠ ᠶ᠋ᠢᠨ ᠹᠷᠤᠨᠲ ᠲᠦ᠍ ᠬᠠᠷᠢᠨ ᠪᠦᠬᠦ ᠬᠦᠴᠦᠨ ᠶ᠋ᠢᠡᠷ ᠮᠡᠷᠡᠢᠨ ᠴᠢᠷᠮᠠᠢᠵᠤ ᠪᠠᠢᠭ᠎ᠠ  ᠬᠦᠷ ᠬᠦᠭᠵᠢᠶᠡᠨᠳᠤ ᠪᠠᠢᠳᠠᠯ ᠶ᠋ᠢᠡᠷ ᠪᠢᠯᠬᠠᠨ᠎ᠠ᠃

ᠦᠪᠦᠷ ᠮᠤᠩᠭᠤᠯ ᠤ᠋ᠨ ᠵᠡᠭᠦᠨ ᠪᠡᠶ᠎ᠠ (ᠲᠦᠩᠯᠢᠶᠤᠤ) ᠶ᠋ᠢᠨ ᠳᠡᠭᠡᠳᠦ ᠳᠡᠰ ᠤ᠋ᠨ ᠬᠦᠨᠳᠤ ᠬᠡᠯᠪᠡᠷᠢ ᠶ᠋ᠢᠨ ᠰᠠᠭᠤᠷᠢ ᠲᠤᠨᠤᠭᠯᠠᠯ ᠦᠢᠯᠡᠳᠬᠦ ᠠᠵᠤ ᠦᠢᠯᠡᠰ ᠤ᠋ᠨ ᠰᠠᠭᠤᠷᠢᠨ ᠳ᠋ᠤ ᠠᠵᠢᠯᠴᠢᠳ ᠶᠠᠭ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠮᠠᠰᠢᠨ ᠤ᠋ ᠤᠭᠰᠠᠷᠠᠭ᠎ᠠ ᠲᠤᠨᠤᠭ ᠢ᠋ ᠦᠢᠯᠡᠳᠪᠤᠷᠢᠯᠡᠭᠡᠳ ᠶᠠᠭᠠᠷᠠᠵᠤ ᠪᠠᠢᠯ᠎ᠠ᠃

《ᠡᠨᠡ ᠰᠠᠭᠤᠷᠢᠨ᠎ᠢ ᠪᠦᠬᠦᠨ ᠎ᠢ  ᠪᠦᠲᠦᠭᠡᠨ ᠪᠠᠢᠭᠤᠯᠵᠤ ᠳᠠᠭᠤᠰᠬᠠᠨ ᠠᠰᠢᠭᠯᠠᠯᠳᠠ ᠳ᠋ᠤ ᠤᠷᠤᠭᠤᠯᠪᠠᠯ ᠵᠢᠯ ᠤ᠋ᠨ 1 ᠲᠦᠮᠡᠨ ᠢᠵᠢ ᠬᠤᠯᠬᠤᠪᠴᠢ᠂ 2000 ᠰᠠᠭᠤᠷᠢ ᠭᠤᠤᠯ ᠮᠠᠰᠢᠨ᠂ 3000 ᠰᠠᠭᠤᠷᠢ ᠴᠠᠬᠢᠯᠭᠠᠨ ᠮᠠᠰᠢᠨ᠂ 5000 ᠰᠠᠭᠤᠷᠢ (ᠢᠵᠢ) ᠤᠭᠰᠠᠷᠠᠭ᠎ᠠ ᠲᠤᠨᠤᠭ ᠢ᠋ ᠦᠢᠯᠡᠳᠪᠤᠷᠢᠯᠡᠬᠦ ᠴᠢᠳᠠᠪᠤᠷᠢ ᠲᠠᠢ ᠪᠤᠯᠵᠤ᠂ ᠵᠢᠯ ᠤ᠋ᠨ ᠦᠢᠯᠡᠳᠭᠦᠨ ᠤ᠋ ᠦᠷᠳᠡᠭ ᠨᠢ 800 ᠳ᠋ᠦᠩᠰᠢᠭᠤᠷ ᠲᠦᠭᠦᠷᠢᠭ ᠢ᠋ ᠳᠠᠪᠠᠨ᠂ 2 ᠲᠦᠮᠡᠨ ᠬᠦᠮᠦᠨ ᠢ᠋ ᠳᠠᠢᠴᠢᠯᠠᠨ ᠠᠵᠢᠯ ᠤᠯᠭᠤᠬᠤ ᠪᠤᠯᠤᠨ᠎ᠠ》 ᠭᠡᠵᠦ ᠲᠤᠰ ᠰᠠᠭᠤᠷᠢᠨ ᠤ᠋ ᠠᠵᠤ ᠦᠢᠯᠡᠰ ᠤ᠋ᠨ ᠠᠮᠢ ᠠᠬᠤᠢ ᠶ᠋ᠢ ᠭᠤᠤᠯᠯᠠᠨ ᠬᠠᠮᠢᠶᠠᠷᠬᠤ ᠦᠪᠦᠷ ᠮᠤᠩᠭᠤᠯ ᠤ᠋ᠨ ᠯᠦᠩᠮᠠ ᠬᠤᠪᠢ ᠡᠵᠡᠮᠳᠡᠭᠰᠡᠨ ᠪᠦᠯᠦᠭᠯᠡᠯ ᠺᠤᠮᠫᠠᠨᠢ ᠶ᠋ᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠨ᠎ᠠ᠃

ᠪᠤᠭᠤᠳᠤ ᠬᠤᠳᠠ ᠶ᠋ᠢᠨ ᠬᠤᠪᠤᠷ ᠰᠢᠷᠤᠢ ᠶ᠋ᠢᠨ ᠳᠡᠭᠡᠳᠦ ᠰᠢᠨ᠎ᠠ ᠮᠡᠷᠭᠡᠵᠢᠯ ᠤ᠋ᠨ ᠠᠵᠤ ᠦᠢᠯᠡᠰ ᠤ᠋ᠨ ᠨᠡᠭᠡᠭᠡᠯᠳᠡ ᠶ᠋ᠢᠨ ᠲᠤᠭᠤᠷᠢᠭ ᠤ᠋ᠨ ᠤᠯᠤᠰ ᠤ᠋ᠨ ᠳᠡᠰ ᠤ᠋ᠨ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠤᠭᠤᠷᠢᠭ ᠤ᠋ᠨ ᠪᠦᠲᠦᠭᠡᠨ ᠪᠠᠢᠭᠤᠯᠤᠯᠳᠠ  ᠡᠮᠬᠢ ᠵᠢᠷᠦᠮ ᠲᠠᠢ ᠠᠬᠢᠵᠤ ᠪᠠᠢᠨ᠎ᠠ᠃ 《2027 ᠤᠨ ᠪᠤᠯᠬᠤ ᠳ᠋ᠤ ᠬᠦᠷᠢᠶᠡᠯᠡᠩ ᠲᠤᠭᠤᠷᠢᠭ ᠤ᠋ᠨ ᠪᠤᠬᠢᠷᠳᠦᠯ ᠦᠭᠡᠢ ᠴᠠᠬᠢᠯᠭᠠᠨ ᠢ᠋ ᠰᠢᠭᠤᠳ ᠬᠠᠩᠭᠠᠬᠤ᠂ ᠴᠡᠪᠡᠷ ᠡᠨᠧᠷᠬᠢ ᠶ᠋ᠢ ᠬᠡᠷᠡᠭᠯᠡᠬᠦ ᠬᠠᠷᠢᠴᠠᠯ ᠲᠤᠰᠪᠤᠷᠢ 50% ᠪᠠ 90% ᠶ᠋ᠢ ᠳᠠᠪᠠᠬᠤ ᠪᠤᠯᠤᠨ᠎ᠠ》 ᠭᠡᠵᠦ ᠳᠡᠭᠡᠳᠦ ᠰᠢᠨ᠎ᠠ ᠮᠡᠷᠭᠡᠵᠢᠯ ᠤ᠋ᠨ ᠠᠵᠤ ᠦᠢᠯᠡᠰ ᠤ᠋ᠨ ᠨᠡᠭᠡᠭᠡᠯᠳᠡ ᠶ᠋ᠢᠨ ᠲᠤᠭᠤᠷᠢᠭ ᠤ᠋ᠨ ᠠᠵᠤ ᠠᠬᠤᠢ ᠶ᠋ᠢᠨ ᠬᠦᠭᠵᠢᠭᠦᠯᠦᠯᠳᠡ ᠶ᠋ᠢᠨ ᠲᠤᠪᠴᠢᠶ᠎ᠠ ᠶ᠋ᠢᠨ ᠡᠨᠧᠷᠬᠢ ᠶ᠋ᠢᠨ ᠬᠦᠭᠵᠢᠭᠦᠯᠦᠯᠳᠡ ᠶ᠋ᠢᠨ ᠰᠠᠯᠠᠭ᠎ᠠ ᠶ᠋ᠢᠨ ᠬᠠᠷᠢᠭᠤᠴᠠᠯᠭᠠᠳᠠᠨ ᠯᠢ ᠬᠤᠩ ᠰᠢᠤᠢ ᠲᠠᠨᠢᠯᠴᠠᠭᠤᠯᠪᠠ᠃

ᠲᠦᠷᠦᠭᠦᠬᠡᠨ ᠴᠠᠬᠢᠯᠭᠠᠨ ᠲᠤᠤᠷ ᠲᠤ᠌ ᠵᠠᠯᠭᠠᠵᠤ ᠠᠰᠢᠭᠯᠠᠯᠳᠠ ᠳ᠋ᠤ ᠤᠷᠤᠭᠰᠠᠨ ᠬᠤᠸᠠᠳ᠋ᠧ ᠶ᠋ᠢᠨ 50 ᠲᠦᠮᠡᠨ ᠺᠢᠯᠤᠸᠠᠲ / 200 ᠲᠦᠮᠡᠨ ᠺᠢᠯᠤᠸᠠᠲ ᠴᠠᠭ ᠤ᠋ᠨ ᠲᠤᠰᠠᠭᠠᠷ ᠡᠨᠧᠷᠬᠢ ᠨᠦᠭᠡᠴᠡᠯᠡᠬᠦ ᠲᠦᠷᠦᠯ ᠵᠦᠢᠯ ᠪᠤᠯᠤᠨ ᠬᠢᠩᠭᠠᠨ ᠠᠢᠮᠠᠭ ᠤ᠋ᠨ 50 ᠲᠦᠮᠡᠨ ᠺᠢᠯᠤᠸᠠᠲ / 200 ᠲᠦᠮᠡᠨ ᠺᠢᠯᠤᠸᠠᠲ ᠴᠠᠭ ᠤ᠋ᠨ ᠡᠨᠧᠷᠬᠢ ᠨᠦᠭᠡᠴᠡᠯᠡᠬᠦ ᠲᠦᠷᠦᠯ ᠵᠦᠢᠯ ᠤ᠋ᠨ ᠲᠤᠭᠤᠷᠢᠭ ᠲᠤ᠌ ᠲᠦᠷᠦᠯ ᠵᠦᠢᠯ ᠢ᠋ ᠴᠠᠬᠢᠯᠭᠠᠨ ᠲᠤᠤᠷ ᠲᠤ᠌ ᠤᠷᠤᠭᠤᠯᠤᠭᠰᠠᠨ ᠤ᠋ ᠳᠠᠷᠠᠭᠠᠬᠢ ᠴᠡᠪᠡᠷ ᠡᠨᠧᠷᠬᠢ ᠶ᠋ᠢ ᠰᠢᠩᠭᠡᠭᠡᠬᠦ ᠪᠠ ᠴᠠᠬᠢᠯᠭᠠᠨ ᠳᠤᠤᠷ ᠤ᠋ᠨ ᠳᠤᠭᠳᠠᠭᠤᠨ ᠤᠷᠴᠢᠯ ᠢ᠋ ᠪᠠᠳᠤᠯᠠᠬᠤ ᠦᠢᠯᠡᠳᠦᠯ ᠢ᠋ ᠪᠦᠲᠦᠮᠵᠢᠳᠠᠢ ᠪᠠᠳᠠᠷᠠᠭᠤᠯᠬᠤ ᠶ᠋ᠢᠨ ᠲᠦᠯᠦᠭᠡ᠂ ᠴᠠᠬᠢᠯᠭᠠᠨ ᠬᠦᠴᠦᠨ ᠤ᠋ ᠠᠵᠢᠯᠴᠢᠳ ᠶᠠᠭ ᠲᠦᠪ ᠬᠢᠨᠡᠨ ᠡᠵᠡᠮᠳᠡᠬᠦ ᠲᠠᠰᠤᠭ ᠲᠤ᠌ ᠲᠤᠨᠤᠭ ᠲᠦᠬᠦᠭᠡᠷᠦᠮᠵᠢ ᠶ᠋ᠢᠨ ᠡᠷᠬᠢᠯᠳᠡ ᠵᠢᠨ ᠪᠠᠢᠳᠠᠯ ᠢ᠋ ᠴᠢᠩᠭ᠎ᠠ ᠨᠢᠮᠪᠠᠢ ᠬᠢᠨᠡᠨ ᠦᠵᠡᠵᠦ ᠪᠠᠢᠯ᠎ᠠ᠃

ᠦᠬᠠᠢ ᠶ᠋ᠢᠨ 20 ᠲᠦᠮᠡᠨ ᠺᠢᠯᠤᠸᠠᠲ / 80 ᠲᠦᠮᠡᠨ ᠺᠢᠯᠤᠸᠠᠲ ᠴᠠᠭ ᠤ᠋ᠨ ᠬᠠᠭᠠᠰ ᠬᠠᠳᠠᠭᠤ ᠪᠡᠶᠡᠳᠦ ᠡᠨᠧᠷᠬᠢ ᠨᠦᠭᠡᠴᠡᠯᠡᠬᠦ ᠴᠠᠬᠢᠯᠭᠠᠨ ᠦᠷᠳᠡᠭᠡ ᠵᠢ ᠵᠢᠯ ᠡᠴᠡ ᠡᠮᠦᠨ᠎ᠠ ᠴᠠᠬᠢᠯᠭᠠᠨ ᠲᠤᠤᠷ ᠲᠤ᠌ ᠤᠷᠤᠵᠤ᠂ ᠦᠪᠦᠷ ᠮᠤᠩᠭᠤᠯ ᠤ᠋ᠨ ᠪᠠᠷᠠᠭᠤᠨ ᠪᠡᠶ᠎ᠠ ᠶ᠋ᠢᠨ ᠴᠠᠬᠢᠯᠭᠠᠨ ᠲᠤᠤᠷ ᠤ᠋ᠨ ᠠᠮᠦᠷ ᠳᠤᠭᠳᠠᠭᠤᠨ ᠡᠷᠬᠢᠯᠳᠡ ᠳ᠋ᠤ ᠴᠢᠬᠤᠯᠠ ᠲᠤᠯᠭᠠᠭᠤᠷᠢᠯᠠᠯ ᠬᠠᠩᠭᠠᠨ᠂ ᠡᠨᠧᠷᠬᠢ ᠨᠦᠭᠡᠴᠡᠯᠡᠬᠦ ᠮᠡᠷᠭᠡᠵᠢᠯ ᠤ᠋ᠨ ᠲᠤᠷᠰᠢᠯᠳᠠ ᠶ᠋ᠢᠨ ᠲᠠᠰᠤᠭ ᠡᠴᠡ ᠭᠠᠷᠴᠤ ᠬᠡᠪᠴᠢᠶᠡᠵᠢᠭᠰᠡᠨ ᠠᠰᠢᠭᠯᠠᠯᠳᠠ ᠳ᠋ᠤ ᠤᠷᠤᠬᠤ ᠶ᠋ᠢ ᠠᠬᠢᠭᠤᠯᠵᠠᠢ᠃

ᠦᠪᠦᠷ ᠮᠤᠩᠭᠤᠯ ᠤ᠋ᠨ ᠠᠩᠬᠠᠨ ᠤ᠋ ᠵᠤᠷᠪᠤᠰ 《ᠡᠯᠡᠰᠦᠨ ᠴᠦᠯ ᠭᠤᠪᠢ ᠨᠤᠳᠤᠭ ᠴᠦᠯᠯᠡᠷᠬᠡᠭ ᠤᠷᠤᠨ》 ᠤ᠋ ᠰᠢᠨ᠎ᠠ ᠡᠨᠧᠷᠬᠢ ᠶ᠋ᠢᠨ ᠴᠠᠬᠢᠯᠭᠠᠨ ᠳᠠᠮᠵᠢᠭᠤᠯᠬᠤ ᠱᠤᠭᠤᠮ — ᠦᠪᠦᠷ ᠮᠤᠩᠭᠤᠯ ᠤ᠋ᠨ ᠪᠠᠷᠠᠭᠤᠨ ᠪᠡᠶ᠎ᠠ ᠡᠴᠡ ᠪᠡᠭᠡᠵᠢᠩ ᠲᠢᠶᠠᠨᠵᠢᠨ ᠾᠧᠪᠧᠢ ᠳ᠋ᠤ ᠬᠦᠷᠬᠦ ±800 ᠺᠢᠯᠤᠸᠤᠯᠲ ᠤ᠋ᠨ ᠤᠨᠴᠠ ᠦᠨᠳᠦᠷ ᠬᠦᠴᠦᠳᠡᠯ ᠤ᠋ᠨ ᠳᠤᠭᠳᠠᠮᠠᠯ ᠭᠦᠶᠦᠳᠡᠯᠳᠦ ᠴᠠᠬᠢᠯᠭᠠᠨ ᠬᠦᠷᠭᠡᠬᠦ ᠢᠨᠵᠧᠨᠧᠷᠢᠩ ᠤ᠋ᠨ ᠪᠦᠲᠦᠭᠡᠨ ᠪᠠᠢᠭᠤᠯᠤᠯᠳᠠ ᠶᠠᠭ ᠱᠠᠯᠠᠪᠳᠠᠨ ᠠᠬᠢᠵᠤ ᠪᠠᠢᠨ᠎ᠠ᠃ ᠡᠨᠡ ᠬᠦ᠌ ᠶᠡᠷᠦᠩᠬᠡᠢ ᠪᠡᠯᠡ ᠤᠷᠤᠭᠤᠯᠤᠯᠳᠠ ᠨᠢ 172 ᠳ᠋ᠦᠩᠰᠢᠭᠤᠷ ᠲᠦᠭᠦᠷᠢᠭ ᠲᠤ᠌ ᠬᠦᠷᠴᠤ᠂ 700 ᠺᠢᠯᠤᠮᠧᠲᠷ ᠤ᠋ᠨ ᠴᠠᠬᠢᠯᠭᠠᠨ ᠳᠠᠮᠵᠢᠭᠤᠯᠬᠤ ᠱᠤᠭᠤᠮ ᠪᠦᠬᠦᠢ ᠴᠠᠬᠢᠯᠭᠠᠨ ᠢ᠋ ᠭᠠᠳᠠᠭᠰᠢ ᠬᠦᠷᠭᠡᠬᠦ ᠱᠤᠭᠤᠮ ᠠᠰᠢᠭᠯᠠᠯᠳᠠ ᠳ᠋ᠤ ᠤᠷᠤᠪᠠᠯ ᠬᠦᠪᠴᠢ ᠶ᠋ᠢᠨ ᠡᠯᠡᠰᠦᠨ ᠤ᠋ 1200 ᠲᠦᠮᠡᠨ ᠺᠢᠯᠤᠸᠠᠲ ᠤ᠋ᠨ ᠰᠢᠨ᠎ᠠ ᠡᠨᠧᠷᠬᠢ ᠶ᠋ᠢᠨ ᠴᠠᠬᠢᠯᠭᠠᠨ ᠢ᠋ ᠮᠠᠨ ᠤ᠋ ᠤᠯᠤᠰ ᠤ᠋ᠨ ᠤᠮᠠᠷᠠᠳᠦ ᠤᠷᠤᠨ ᠳ᠋ᠤ ᠲᠠᠰᠤᠷᠠᠯᠳᠠ ᠦᠭᠡᠢ ᠬᠦᠷᠭᠡᠬᠦ ᠪᠤᠯᠤᠨ᠎ᠠ᠃

ᠦᠪᠦᠷ ᠮᠤᠩᠭᠤᠯ ᠤ᠋ᠨ ᠡᠯ᠎ᠠ ᠭᠠᠵᠠᠷ ᠤ᠋ᠨ ᠬᠢᠨ ᠨᠠᠮ ᠤ᠋ᠨ ᠲᠦᠪ ᠬᠤᠷᠢᠶ᠎ᠠ ᠶ᠋ᠢᠨ ᠦᠪᠦᠷ ᠮᠤᠩᠭᠤᠯ ᠳ᠋ᠤ ᠤᠯᠭᠤᠭᠰᠠᠨ ᠪᠠᠢᠯᠳᠤᠬᠤ ᠪᠤᠳᠤᠯᠭ᠎ᠠ ᠶ᠋ᠢᠨ ᠪᠠᠢᠷᠢ ᠳᠤᠭᠳᠠᠭᠠᠯᠳᠠ ᠶ᠋ᠢ ᠴᠢᠩᠭ᠎ᠠ ᠵᠢᠷᠦᠮᠯᠠᠨ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ 《1571》 ᠠᠵᠢᠯ ᠤ᠋ᠨ ᠪᠠᠢᠷᠢᠯᠠᠭᠤᠯᠤᠯᠳᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢᠨ᠎ᠠ ᠪᠡᠷ ᠮᠠᠨᠳᠤᠭᠰᠠᠨ ᠠᠵᠤ ᠦᠢᠯᠡᠰ ᠢ᠋ ᠪᠦᠬᠦ ᠬᠦᠴᠦᠨ ᠶ᠋ᠢᠡᠷ ᠪᠤᠵᠠᠭᠠᠢᠷᠠᠭᠤᠯᠤᠨ᠂ ᠴᠢᠨᠠᠷ ᠰᠠᠢᠳᠠᠢ ᠬᠦᠭᠵᠢᠯᠳᠡ ᠶ᠋ᠢᠨ ᠰᠢᠨ᠎ᠠ ᠤᠷᠤᠯᠳᠤᠭᠠᠨ ᠤ᠋ ᠵᠠᠮ ᠵᠢᠡᠷ ᠴᠡᠷᠢᠭᠯᠡᠪᠡ᠃

ᠰᠢᠨ᠎ᠠ ᠤᠷᠤᠯᠳᠤᠭᠠᠨ ᠤ᠋ ᠵᠠᠮ ᠵᠢᠡᠷ ᠴᠡᠷᠢᠭᠯᠡᠬᠦ ᠪᠡᠷ ᠪᠦᠬᠦ ᠤᠷᠤᠨ ᠤ᠋ ᠰᠢᠨ᠎ᠠ ᠡᠨᠧᠷᠬᠢ ᠶ᠋ᠢᠨ ᠠᠵᠤ ᠦᠢᠯᠡᠰ ᠰᠦᠷ ᠬᠦᠴᠦᠨ ᠲᠠᠢ ᠪᠡᠷ ᠬᠦᠭᠵᠢᠨ ᠮᠠᠨᠳᠤᠯ᠎ᠠ᠃

ᠤᠳᠤᠬᠠᠨ ᠪᠤᠯᠳᠠᠯ᠎ᠠ ᠦᠪᠦᠷ ᠮᠤᠩᠭᠤᠯ ᠤ᠋ᠨ ᠰᠢᠨ᠎ᠠ ᠡᠨᠧᠷᠬᠢ ᠶ᠋ᠢᠨ ᠮᠠᠰᠢᠨ ᠴᠤᠭᠴᠠᠯᠠᠪᠤᠷᠢ ᠶ᠋ᠢᠨ ᠬᠡᠪᠴᠢᠶ᠎ᠠ 1.7 ᠳ᠋ᠦᠩᠰᠢᠭᠤᠷ ᠺᠢᠯᠤᠸᠠᠲ ᠢ᠋ ᠳᠠᠪᠠᠨ᠂ ᠰᠠᠯᠬᠢᠨ ᠬᠦᠴᠦᠨ ᠤ᠋ ᠴᠠᠬᠢᠯᠭᠠᠨ ᠤ᠋ ᠮᠠᠰᠢᠨ ᠴᠤᠭᠴᠠᠯᠠᠪᠤᠷᠢ ᠵᠢᠨ ᠬᠡᠪᠴᠢᠶ᠎ᠠ ᠪᠦᠬᠦ ᠤᠯᠤᠰ ᠲᠤ᠌ ᠡᠩ ᠲᠡᠷᠢᠭᠦᠨ ᠳ᠋ᠤ 1 ᠳ᠋ᠦᠩᠰᠢᠭᠤᠷ ᠺᠢᠯᠤᠸᠠᠲ ᠢ᠋ ᠳᠠᠪᠠᠵᠤ᠂ ᠰᠢᠨ᠎ᠠ ᠡᠨᠧᠷᠬᠢ ᠪᠡᠷ ᠴᠠᠬᠢᠯᠭᠠᠨ ᠭᠠᠷᠭᠠᠬᠤ ᠬᠡᠮᠵᠢᠶ᠎ᠠ ᠵᠢᠯ ᠳᠠᠷᠠᠭᠠᠯᠠᠨ ᠪᠦᠬᠦ ᠤᠯᠤᠰ ᠲᠤ᠌ ᠮᠠᠩᠯᠠᠢᠯᠠᠪᠠ᠃

ᠴᠠᠭ ᠦᠶ᠎ᠠ ᠲᠠᠰᠤᠷᠠᠯᠳᠠ ᠦᠭᠡᠢ ᠬᠦᠭᠵᠢᠭᠦᠶ᠎ᠠ ᠡᠷᠡᠮᠡᠬᠡᠢᠯᠡᠨ ᠤᠷᠤᠭᠰᠢᠯᠠᠬᠴᠢ ᠠᠰᠢᠭᠳᠠᠢ ᠪᠠᠢᠷᠢ ᠶ᠋ᠢ ᠡᠵᠡᠯᠡᠵᠤ᠂ ᠬᠡᠯᠪᠡᠷᠢ ᠪᠡᠨ ᠬᠤᠪᠢᠷᠠᠭᠤᠯᠵᠤ ᠪᠤᠭᠤᠮᠳᠠ ᠰᠢᠪᠳᠤᠯᠤᠬᠤᠶ᠎ᠠ 《ᠰᠢᠨ᠎ᠠ》 ᠵᠢ ᠵᠤᠷᠢᠭᠰᠠᠳ ᠬᠦᠴᠦᠷᠬᠡᠭᠵᠢᠨ᠎ᠠ᠃ ᠮᠡᠷᠡᠢᠨ ᠤᠷᠤᠭᠰᠢᠯᠠᠬᠤ ᠵᠠᠮ ᠳᠡᠭᠡᠷᠡᠬᠢ ᠦᠪᠦᠷ ᠮᠤᠩᠭᠤᠯ ᠰᠢᠨ᠎ᠠ ᠡᠨᠧᠷᠬᠢ ᠪᠡᠷ ᠭᠤᠤᠯ ᠬᠦᠳᠡᠯᠭᠡᠭᠦᠷ ᠪᠤᠯᠭᠠᠨ ᠰᠢᠨ᠎ᠠ ᠪᠡᠷ ᠮᠠᠨᠳᠤᠭᠰᠠᠨ ᠠᠵᠤ ᠦᠢᠯᠡᠰ ᠤ᠋ᠨ ᠬᠦᠭᠵᠢᠯᠳᠡ ᠶ᠋ᠢ ᠠᠬᠢᠭᠤᠯᠵᠤ᠂ ᠴᠢᠨᠠᠷ ᠰᠠᠢᠳᠠᠢ ᠬᠦᠭᠵᠢᠯᠳᠡ ᠶ᠋ᠢᠨ ᠰᠢᠨ᠎ᠠ ᠤᠷᠤᠯᠳᠤᠭᠠᠨ ᠤ᠋ ᠵᠠᠮ ᠵᠢᠡᠷ ᠬᠤᠷᠳᠤᠴᠠ ᠨᠡᠮᠡᠨ ᠤᠷᠤᠭᠰᠢᠯᠠᠨ᠎ᠠ᠃

ᠤᠷᠳᠤᠰ ᠬᠤᠳᠠ ᠶ᠋ᠢᠨ ᠬᠦᠪᠴᠢ ᠶ᠋ᠢᠨ ᠡᠯᠡᠰᠦᠨ ᠤ᠋ ᠦᠷᠦᠴᠡᠨ ᠳ᠋ᠤ 19.6 ᠲᠦᠮᠡᠨ ᠬᠡᠰᠡᠭ ᠭᠡᠷᠡᠯᠴᠢ ᠴᠡᠨᠡᠭ ᠤ᠋ᠨ ᠬᠠᠪᠳᠠᠰᠤ ᠪᠡᠷ ᠵᠦᠢᠭᠰᠡᠨ 《ᠠᠵᠢᠨᠠᠢ ᠬᠦᠯᠦᠭ》 ᠤ᠋ᠨ ᠬᠡᠯᠪᠡᠷᠢ ᠪᠦᠬᠦᠢ ᠭᠡᠷᠡᠯᠴᠢ ᠴᠡᠨᠡᠭ ᠤ᠋ᠨ ᠬᠠᠪᠳᠠᠰᠤᠨ ᠤ᠋ ᠵᠢᠭᠰᠠᠭᠠᠯ ᠨᠢ ᠬᠤᠯᠠ ᠡᠴᠡ ᠬᠦᠬᠡ ᠭᠡᠷᠡᠯ ᠳᠠᠳᠠᠨ ᠳᠠᠯᠠᠢ ᠮᠡᠳᠦ ᠬᠠᠷᠠᠭᠳᠠᠵᠤ᠂ ᠡᠯᠡᠰᠦ ᠶ᠋ᠢ ᠵᠠᠰᠠᠬᠤ ᠪᠠ ᠴᠠᠬᠢᠯᠭᠠᠨ ᠭᠠᠷᠭᠠᠬᠤ ᠬᠤᠤᠰ ᠦᠷ᠎ᠠ ᠠᠰᠢᠭ ᠢ᠋ ᠡᠭᠦᠳᠴᠦ ᠪᠠᠢᠨ᠎ᠠ᠃

《ᠡᠨᠡ ᠬᠦ᠌ 〈ᠡᠪᠡᠰᠦ ᠢᠳᠡᠬᠦ ᠦᠭᠡᠢ ᠠᠵᠢᠨᠠᠢ ᠬᠦᠯᠦᠭ〉 ᠴᠠᠭ ᠳᠤᠮᠳᠠᠴᠢ ᠪᠡᠷ 20 ᠲᠦᠮᠡᠨ ᠺᠢᠯᠤᠸᠠᠲ ᠴᠠᠭ ᠪᠤᠬᠢᠷᠳᠦᠯ ᠦᠭᠡᠢ ᠴᠠᠬᠢᠯᠭᠠᠨ ᠭᠠᠷᠭᠠᠵᠤ᠂ ᠵᠢᠯ ᠳ᠋ᠤ 165 ᠲᠦᠮᠡᠨ ᠲᠤᠨ ᠨᠡᠭᠦᠷᠡᠰᠦᠳ᠋ᠦ᠋ᠷᠦᠭᠴᠢ ᠶ᠋ᠢᠨ ᠳᠠᠪᠬᠤᠷ ᠢᠰᠦᠯ ᠢ᠋ ᠳᠤᠳᠠᠭᠤ ᠭᠠᠳᠠᠭᠰᠢᠯᠠᠭᠤᠯᠵᠤ ᠪᠤᠢ》 ᠭᠡᠵᠦ ᠳᠠᠯᠠᠳ ᠬᠤᠰᠢᠭᠤᠨ ᠤ᠋ ᠡᠨᠧᠷᠬᠢ ᠶ᠋ᠢᠨ ᠲᠤᠪᠴᠢᠶ᠎ᠠ ᠶ᠋ᠢᠨ ᠶᠡᠷᠦᠩᠬᠡᠢᠯᠡᠭᠰᠡᠨ ᠪᠠᠳᠤᠯᠠᠭ᠎ᠠ ᠶ᠋ᠢᠨ ᠲᠦᠪ ᠤ᠋ᠨ ᠡᠷᠬᠢᠯᠡᠭᠴᠢ ᠯᠢ ᠺᠠᠢ ᠶᠠᠷᠢᠨ᠎ᠠ᠃ ᠲᠡᠬᠦᠨ ᠤ᠋ ᠲᠠᠨᠢᠯᠴᠠᠭᠤᠯᠤᠭᠰᠠᠨ ᠵᠢᠡᠷ᠂ ᠦᠩᠭᠡᠷᠡᠭᠰᠡᠨ 5 ᠵᠢᠯ ᠳ᠋ᠤ ᠳᠠᠯᠠᠳ ᠬᠤᠰᠢᠭᠤᠨ ᠳ᠋ᠤ ᠨᠡᠢᠳᠡ 523 ᠲᠦᠮᠡᠨ ᠺᠢᠯᠤᠸᠠᠲ ᠤ᠋ᠨ ᠭᠡᠷᠡᠯᠴᠢ ᠴᠡᠨᠡᠭ ᠤ᠋ᠨ ᠮᠠᠰᠢᠨ ᠴᠤᠭᠴᠠᠯᠠᠪᠤᠷᠢ ᠶ᠋ᠢ ᠪᠠᠢᠭᠤᠯᠤᠨ 25.8 ᠲᠦᠮᠡᠨ ᠮᠤ᠌ ᠡᠯᠡᠰᠦ ᠶ᠋ᠢ ᠵᠠᠰᠠᠵᠤ᠂ 《ᠠᠷᠪᠠᠨ ᠳᠠᠪᠤᠳᠤᠭᠠᠷ ᠳᠠᠪᠤᠨ ᠵᠢᠯ》 ᠤ᠋ᠨ ᠰᠡᠭᠦᠯᠴᠢ ᠪᠤᠯᠬᠤ ᠳ᠋ᠤ ᠭᠡᠷᠡᠯᠴᠢ ᠴᠡᠨᠡᠭ ᠤ᠋ᠨ ᠮᠠᠰᠢᠨ ᠴᠤᠭᠴᠠᠯᠠᠪᠤᠷᠢ ᠶ᠋ᠢᠨ ᠶᠡᠷᠦᠩᠬᠡᠢ ᠬᠡᠪᠴᠢᠶ᠎ᠠ ᠵᠢ 1900 ᠲᠦᠮᠡᠨ ᠺᠢᠯᠤᠸᠠᠲ ᠲᠤ᠌ ᠬᠦᠷᠬᠡᠨ᠂ ᠵᠢᠯ ᠤ᠋ᠨ 400 ᠳ᠋ᠦᠩᠰᠢᠭᠤᠷ ᠺᠢᠯᠤᠸᠠᠲ ᠴᠠᠭ ᠪᠤᠬᠢᠷᠳᠦᠯ ᠦᠭᠡᠢ ᠴᠠᠬᠢᠯᠭᠠᠨ ᠭᠠᠷᠭᠠᠬᠤ ᠪᠤᠯᠤᠮᠵᠢ ᠲᠠᠢ ᠪᠠᠢᠨ᠎ᠠ᠃

ᠪᠠᠶᠠᠨᠨᠠᠭᠤᠷ ᠤ᠋ᠨ ᠬᠤᠸᠠ ᠨᠧᠩ ᠤ᠋ᠨ ᠰᠡᠭᠦᠵᠢ ᠶ᠋ᠢᠨ ᠡᠯᠡᠰᠦᠷᠬᠡᠭ ᠭᠠᠵᠠᠷ ᠲᠤ᠌ ᠮᠠᠨ ᠤ᠋ ᠤᠯᠤᠰ ᠤ᠋ᠨ ᠠᠩᠬᠠᠳᠠᠭᠴᠢ ᠡᠯᠡᠰᠦᠷᠬᠡᠭ ᠭᠠᠵᠠᠷ ᠤ᠋ᠨ ᠤᠶᠠᠨ ᠬᠠᠳᠠᠨ ᠲᠤᠯᠭᠠᠭᠤᠷᠢ ᠵᠢᠶᠠᠰᠠ ᠲᠠᠢ 200 ᠲᠦᠮᠡᠨ ᠺᠢᠯᠤᠸᠠᠲ ᠤ᠋ᠨ ᠭᠡᠷᠡᠯᠴᠢ ᠴᠡᠨᠡᠭ ᠤ᠋ᠨ ᠮᠠᠰᠢᠨ ᠴᠤᠭᠴᠠᠯᠠᠪᠤᠷᠢ ᠶ᠋ᠢᠨ ᠲᠦᠷᠦᠯ ᠵᠦᠢᠯ ᠤᠢᠷ᠎ᠠ ᠳ᠋ᠤ ᠪᠦᠬᠦ ᠪᠠᠭᠳᠠᠭᠠᠮᠵᠢ ᠪᠡᠷ ᠴᠠᠬᠢᠯᠭᠠᠨ ᠲᠤᠤᠷ ᠲᠤ᠌ ᠤᠷᠤᠵᠤ᠂ 《ᠡᠯᠡᠰᠦᠨ ᠴᠦᠯ ᠭᠤᠪᠢ ᠨᠤᠳᠤᠭ ᠴᠦᠯᠯᠡᠷᠬᠡᠭ ᠤᠷᠤᠨ》 ᠤ᠋ ᠰᠢᠨ᠎ᠠ ᠡᠨᠧᠷᠬᠢ ᠶ᠋ᠢᠨ ᠨᠡᠭᠡᠭᠡᠨ ᠬᠦᠭᠵᠢᠬᠦᠯᠦᠯᠳᠡ ᠳ᠋ᠤ ᠬᠠᠭᠤᠯᠪᠤᠷᠢᠯᠠᠵᠤ ᠪᠤᠯᠬᠤᠢᠴᠠ ᠲᠦᠰᠦᠯ ᠬᠠᠩᠭᠠᠪᠠ᠃

ᠰᠠᠯᠬᠢᠨ ᠬᠦᠴᠦᠨ ᠤ᠋ ᠴᠠᠬᠢᠯᠭᠠᠨ᠂ ᠭᠡᠷᠡᠯᠴᠢ ᠴᠡᠨᠡᠭ ᠤ᠋ᠨ ᠠᠵᠤ ᠦᠢᠯᠡᠰ ᠶ᠋ᠢᠡᠷ ᠵᠤᠭᠰᠤᠬᠤ ᠦᠭᠡᠢ᠃

ᠪᠦᠬᠦ ᠤᠷᠤᠨ ᠤ᠋ ᠰᠢᠨ᠎ᠠ ᠡᠨᠧᠷᠬᠢ ᠶ᠋ᠢᠨ ᠲᠤᠨᠤᠭᠯᠠᠯ ᠦᠢᠯᠡᠳᠬᠦ ᠦᠢᠯᠡᠰ ᠴᠤ᠌ ᠪᠦᠬᠦ ᠬᠡᠯᠬᠢᠶ᠎ᠠ ᠪᠡᠷ ᠬᠦᠭᠵᠢᠨ ᠮᠠᠨᠳᠤᠵᠤ᠂ 2024 ᠤᠨ ᠳ᠋ᠤ ᠠᠵᠤ ᠦᠢᠯᠡᠰ ᠤ᠋ᠨ ᠨᠡᠮᠡᠭᠳᠡᠯ ᠦᠷᠳᠡᠭ ᠨᠢ 2023 ᠤᠨ ᠤ᠋ ᠬᠢ ᠡᠴᠡ 42.4% ᠪᠡᠷ ᠨᠡᠮᠡᠭᠳᠡᠪᠡ; 2025 ᠤᠨ ᠳ᠋ᠤ ᠪᠦᠬᠦ ᠤᠷᠤᠨ ᠤ᠋ ᠰᠢᠨ᠎ᠠ ᠡᠨᠧᠷᠬᠢ ᠶ᠋ᠢᠨ ᠴᠠᠬᠢᠯᠭᠠᠨ ᠭᠠᠷᠭᠠᠯᠳᠠ 2562.8 ᠳ᠋ᠦᠩᠰᠢᠭᠤᠷ ᠺᠢᠯᠤᠸᠠᠲ ᠴᠠᠭ ᠲᠤ᠌ ᠬᠦᠷᠴᠤ᠂ 2024 ᠤᠨ ᠤ᠋ ᠬᠢ ᠡᠴᠡ 28.8% ᠪᠡᠷ ᠨᠡᠮᠡᠭᠳᠡᠭᠰᠡᠨ ᠠᠵᠢ᠃

ᠬᠥᠬᠡᠬᠣᠲᠠ ᠢ᠋ᠢᠨ ᠵᠥᠩ ᠬᠤᠸᠠᠨ ᠠᠵᠤ ᠦᠶ᠋ᠯᠡᠰ ᠤ᠋ᠨ ᠬᠦᠷᠢᠶᠡᠯᠡᠩ ᠤ᠋ᠨ 10GW ᠢ᠋ᠢᠨ ᠥᠨᠳᠥᠷ ᠪᠦᠲᠦᠮᠵᠢᠲᠤ ᠲᠣᠨᠣᠭ᠍ᠯᠠᠯ ᠤ᠋ᠨ ᠦᠶ᠋ᠯᠡᠳᠪᠦᠷᠢ ᠢ᠋ᠢᠨ ᠮᠧᠬᠠᠨᠢᠭ ᠭᠠᠷ ᠨᠢ ᠬᠡᠷᠡᠯᠴᠢ ᠴᠡᠨᠡᠭ ᠤ᠋ᠨ ᠬᠠᠪᠲᠠᠰᠤ ᠢ᠋ᠢ ᠨᠠᠷᠢᠯᠢᠭ ᠣᠨᠣᠴᠠᠲᠠᠶ ᠤᠭ᠍ᠰᠠᠷᠠᠨ᠎ᠠ᠃ ᠡᠨᠡ ᠬᠦ᠌ 45.66 ᠳ᠋ᠦᠩᠱᠢᠭᠤᠷ ᠲᠥᠭᠥᠷᠢᠭ ᠤ᠋ᠨ ᠶᠡᠷᠦᠩᠬᠡᠶ ᠪᠠᠯᠠ ᠣᠷᠣᠭᠤᠯᠤᠯᠲᠠ ᠪᠦᠬᠦᠢ ᠤᠶᠤᠨᠲᠤ ᠦᠶ᠋ᠯᠡᠳᠪᠦᠷᠢ ᠨᠢ ᠣᠲᠣ ᠨᠢᠭᠡᠨᠲᠡ 《ᠠᠵᠤ ᠦᠶ᠋ᠯᠡᠳᠪᠦᠷᠢ ᠢ᠋ᠢᠨ ᠴᠠᠬᠢᠭᠤᠷ — ᠣᠯᠠᠨ ᠲᠠᠯᠠᠰᠲᠤ ᠴᠠᠬᠢᠭᠤᠷ — ᠴᠠᠬᠢᠭᠤᠷ ᠢᠯᠲᠠᠰᠤ — ᠳ᠋ᠢᠶᠠᠨ ᡂᠢ — ᠲᠣᠨᠣᠭ᠍ᠯᠠᠯ》 ᠢ᠋ᠢᠡᠷ ᠣᠨᠴᠠᠯᠢᠭ ᠪᠣᠯᠭᠠᠭ᠍ᠰᠠᠨ ᠱᠢᠨ᠎ᠡ ᠡᠨᠧᠷᠭᠢ ᠢ᠋ᠢᠨ ᠲᠣᠨᠣᠭ᠍ᠯᠠᠯ ᠦᠶ᠋ᠯᠡᠳᠬᠦ᠌ ᠪᠦᠷᠢᠨ ᠪᠢᠲᠡᠭᠦᠦ ᠠᠵᠤ ᠦᠶ᠋ᠯᠡᠰ ᠤ᠋ᠨ ᠬᠡᠯᠬᠢᠶ᠎ᠡ ᠢ᠋ᠢ ᠪᠦᠷᠢᠯᠳᠦᠭᠦᠯᠪᠠ᠃

ᠱᠢᠨ᠎ᠡ ᠡᠨᠧᠷᠭᠢ ᠢ᠋ᠢᠨ ᠲᠣᠨᠣᠭ᠍ᠯᠠᠯ ᠦᠶ᠋ᠯᠡᠳᠬᠦ᠌ ᠪᠡᠷ ᠵᠣᠭ᠍ᠰᠣᠬᠤ ᠤᠤ ᠳ᠋ᠠ⁈

ᠪᠥᠬᠥ᠌ ᠣᠷᠣᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ《ᠪᠦᠰᠡᠯᠡᠯᠳᠡ ᠱᠢᠪᠲᠤᠯᠬᠤ》 ᠢᠨᠵᠧᠨᠧᠷᠢᠩ ᠤ᠋ᠨ ᠭᠦᠨᠵᠡᠭᠡᠢᠷᠡᠨ ᠠᠭᠢᠬᠤ ᠢ᠋ᠢ ᠳᠠᠭᠠᠯᠳᠤᠨ᠂ ᠮᠠᠨ ᠤ᠋ ᠤᠷᠤᠨ ᠡᠨᠧᠷᠭᠢ ᠬᠠᠳᠠᠭᠠᠯᠠᠬᠤ ᠪᠠ ᠱᠢᠨ᠎ᠡ ᠬᠡᠯᠪᠡᠷᠢ ᠢ᠋ᠢᠨ ᠴᠠᠬᠢᠯᠭᠠᠨ ᠬᠦᠴᠦᠨ ᠤ᠋ ᠱᠢᠰᠲ᠋ᠧᠮ᠂ ᠤᠰᠤᠲᠥ᠋ᠷᠥᠭ᠌ᠴᠢ ᠡᠨᠧᠷᠭᠢ᠂ 《ᠵᠣᠬᠢᠶᠠᠮᠠᠯ ᠣᠶᠤᠨ ᠴᠢᠳᠠᠪᠤᠷᠢ +》᠂ ᠠᠮᠢᠳᠤ ᠪᠣᠳᠠᠰ ᠤ᠋ᠨ ᠮᠡᠷᠭᠡᠵᠢᠯ ᠵᠡᠷᠭᠡ ᠬᠦᠷᠢᠶᠡᠨ ᠳ᠋ᠤ ᠣᠯᠠᠨ ᠵᠦᠶ᠋ᠯ ᠤ᠋ᠨ ᠡᠭᠦᠷᠭᠡ ᠢ᠋ᠢ ᠪᠠᠢᠷᠢᠯᠠᠭᠤᠯᠵᠤ᠂ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠤ᠋ᠨ ᠬᠦᠷᠢᠶᠡᠨ ᠳ᠋ᠤ ᠦᠶ ᠣᠯᠠᠨ ᠠᠵᠤ ᠠᠬᠤᠢᠯᠠᠯ ᠤ᠋ᠨ ᠬᠡᠯᠬᠢᠶᠠᠵᠢᠯ ᠪᠦᠯᠦᠭᠵᠢᠯ ᠤ᠋ᠨ ᠪᠠᠢᠷᠢᠱᠢᠯ ᠢ᠋ ᠪᠤᠢ ᠪᠤᠯᠭᠠᠪᠠ᠃

ᠴᠠᠭ ᠬᠤᠭᠤᠴᠠᠭ᠎ᠠ ᠪᠣᠯ ᠡᠭᠦᠷᠭᠡ ᠬᠠᠷᠢᠭᠤᠴᠠᠯᠭ᠎ᠠ ᠢ᠋ᠢ ᠬᠡᠮᠵᠢᠬᠦ᠌ ᠬᠡᠮᠵᠢᠭᠦᠷ ᠮᠥᠨ᠂ ᠲᠣᠭ᠎ᠠ ᠪᠠᠷᠢᠮᠲᠠ ᠪᠣᠯ ᠬᠥᠭ᠌ᠵᠢᠯᠲᠡ ᠢ᠋ᠢ ᠭᠡᠷᠡᠴᠢᠯᠡᠬᠦ᠌ ᠱᠢᠯᠭᠠᠭᠤᠷ ᠮᠥᠨ᠃ ᠣᠯᠠᠨ ᠵᠦᠶ᠋ᠯ ᠤ᠋ᠨ ᠡᠭᠦᠷᠭᠡ ᠢ᠋ᠢ ᠡᠮᠬᠢ ᠵᠠᠮᠪᠠᠷᠠᠭ᠎ᠠ ᠲᠠᠢ ᠪᠡᠷ ᠪᠤᠳᠠᠳᠠᠢ ᠳ᠋ᠤ ᠨᠠᠢᠳᠠᠪᠤᠷᠢᠵᠢᠭᠤᠯᠵᠤ᠂ ᠤᠳᠤ ᠥᠪᠥᠷ ᠮᠣᠩᠭᠣᠯ ᠤ᠋ᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠨᠢᠭᠡᠨᠲᠡ 2005 ᠪᠣᠯᠤᠨ ᠨᠡᠮᠡᠭᠳᠡᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠢ᠋ᠢᠨ ᠳᠤᠮᠳᠠ ᠪᠠᠭ᠎ᠠ ᠠᠵᠤ ᠠᠬᠤᠢᠯᠠᠯ 4700 ᠵᠢ ᠳᠠᠪᠠᠵᠤ᠂ ᠥᠪᠥᠷ ᠮᠣᠩᠭᠣᠯ ᠤ᠋ᠨ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠢ᠋ ᠬᠥᠭ᠌ᠵᠢᠭᠦᠯᠬᠦ᠌ ᠭᠤᠤᠯ ᠲᠤᠯᠭᠠᠭᠤᠷᠢ ᠪᠣᠯᠵᠠᠶ᠃

2025 ᠣᠨ ᠳ᠋ᠤ ᠥᠪᠥᠷ ᠮᠣᠩᠭᠣᠯ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠤ᠋ᠨ ᠬᠦᠷᠢᠶᠡᠨ ᠤ᠋ 381 ᠠᠵᠤ ᠠᠬᠤᠢᠯᠠᠯ ᠢ᠋ ᠬᠣᠶᠠᠷ ᠤᠳᠠᠭ᠎ᠠ ᠨᠡᠢᠲᠡᠯᠡᠪᠡ᠃ ᠲᠡᠷᠡ ᠨᠢ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠳᠡᠭᠡᠳᠦ ᠲᠠᠰ ᠤ᠋ᠨ ᠲᠣᠨᠣᠭ᠍ᠯᠠᠯ ᠦᠶ᠋ᠯᠡᠳᠬᠦ᠌᠂ ᠠᠮᠢᠳᠤ ᠪᠣᠳᠠᠰ ᠤ᠋ᠨ ᠡᠮ ᠡᠮᠨᠡᠯᠭᠡ᠂ ᠵᠣᠬᠢᠶᠠᠮᠠᠯ ᠣᠶᠤᠨ ᠴᠢᠳᠠᠪᠤᠷᠢ᠂ ᠲᠣᠭᠠᠴᠢᠯᠠᠭ᠍ᠰᠠᠨ ᠠᠵᠤ ᠠᠬᠤᠶ ᠵᠡᠷᠭᠡ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠤ᠋ᠨ ᠬᠦᠷᠢᠶᠡᠨ ᠤ᠋ ᠬᠡᠯᠬᠢᠶ᠎ᠡ ᠢ᠋ᠢᠨ ᠭᠤᠤᠯ ᠠᠵᠤ ᠠᠬᠤᠢᠯᠠᠯ ᠳ᠋ᠤ ᠬᠣᠯᠪᠣᠭ᠍ᠳᠠᠵᠤ᠂ ᠪᠦᠬᠦ ᠤᠷᠤᠨ ᠤ᠋ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠤ᠋ᠨ ᠬᠡᠯᠬᠢᠶ᠎ᠡ ᠢ᠋ᠢᠨ ᠣᠳᠣᠬᠢᠴᠢᠯᠠᠯᠲᠠ ᠳ᠋ᠤ ᠬᠦᠴᠦᠨ ᠨᠡᠮᠡᠷᠢᠯᠡᠨ ᠵᠠᠮ ᠨᠡᠭᠡᠭᠡᠵᠦ᠍ ᠥᠭ᠌ᠴᠡᠶ᠃

ᠡᠭᠦᠨ ᠤ᠋ ᠬᠠᠮᠲᠤ ᠳᠡᠭᠡᠳᠦ ᠮᠡᠷᠭᠡᠵᠢᠯ ᠤ᠋ᠨ ᠠᠭᠤᠯᠤᠭ᠍ᠳᠠᠴᠠ ᠲᠠᠢ ᠱᠢᠨ᠎ᠡ ᠢ᠋ᠢ ᠡᠭᠦᠳᠦᠭ᠌ᠰᠡᠨ ᠦᠷ᠎ᠡ ᠪᠦᠲᠦᠭᠡᠯ ᠨᠢ ᠴᠦ᠍ ᠥᠪᠥᠷ ᠮᠣᠩᠭᠣᠯ ᠤ᠋ᠨ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠢ᠋ ᠪᠤᠵᠠᠭᠠᠢᠷᠠᠭᠤᠯᠬᠤ᠂ ᠴᠢᠨᠠᠷ ᠰᠠᠢᠲᠠᠶ ᠬᠥᠭ᠌ᠵᠢᠯᠲᠡ ᠢ᠋ᠢᠨ ᠳᠠᠷᠳᠠᠩ ᠵᠠᠮ ᠢ᠋ᠢᠡᠷ ᠵᠠᠮᠨᠠᠬᠤ ᠢ᠋ᠢᠨ ᠴᠢᠬᠤᠯᠠ ᠠᠬᠢᠭᠤᠯᠤᠭ᠍ᠴᠢ ᠪᠣᠯᠤᠬᠰᠠᠨ ᠠᠵᠢ᠃

2025 ᠣᠨ ᠳ᠋ᠤ ᠪᠥᠬᠥ᠌ ᠣᠷᠣᠨ ᠤ᠋ ᠳᠠᠩᠰᠠᠯᠠᠭᠤᠯᠤᠭ᠍ᠰᠠᠨ ᠮᠡᠷᠭᠡᠵᠢᠯ ᠤ᠋ᠨ ᠭᠡᠷ᠎ᠡ 4530 ᠵᠦᠶ᠋ᠯ ᠪᠠᠢᠵᠤ᠂ ᠠᠷᠠᠯᠵᠢᠶ᠎ᠠ ᠪᠦᠲᠦᠭ᠌ᠰᠡᠨ ᠲᠣᠭ᠎ᠠ 122.01 ᠳ᠋ᠦᠩᠱᠢᠭᠤᠷ ᠲᠥᠭᠥᠷᠢᠭ ᠲᠦ᠍ ᠬᠦᠷᠴᠦ᠍᠂ ᠲᠠᠬᠡᠷ᠎ᠠ ᠵᠢᠯ ᠤ᠋ᠨ ᠬᠢ ᠡᠴᠡ ᠪᠠᠨ ᠲᠣᠰ ᠲᠣᠰ 87.81% ᠪᠠ 47.97% ᠪᠡᠷ ᠨᠡᠮᠡᠭ᠌ᠳᠡᠵᠦ᠍᠂ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠦᠭ᠌ᠰᠡᠨ ᠦᠷ᠎ᠡ ᠪᠦᠲᠦᠭᠡᠯ ᠨᠢ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠤ᠋ᠨ ᠬᠦᠷᠢᠶᠡᠨ ᠳ᠋ᠡᠬᠢ ᠪᠣᠳᠠᠲᠤ ᠦᠶ᠋ᠯᠡᠳᠪᠦᠷᠢᠯᠡᠯ ᠤ᠋ᠨ ᠬᠦᠴᠦᠨ ᠪᠣᠯᠤᠨ ᠬᠤᠪᠢᠷᠠᠵᠤ ᠪᠣᠶ᠃

ᠬᠣᠷᠢᠨᠭᠡᠷ ᠲᠣᠭ᠎ᠠ ᠪᠠᠷᠢᠮᠲᠠ ᠢ᠋ᠢᠨ ᠲᠥᠪ ᠲᠦ᠍᠂ ᠪᠦᠬᠦ ᠲᠠᠯᠠᠪᠠᠢ ᠨᠢ 150 ᠬᠥᠯ ᠪᠥᠮᠪᠥᠭᠡ ᠢ᠋ᠢᠨ ᠲᠠᠯᠠᠪᠤᠷ ᠲᠠᠢ ᠲᠠᠩᠴᠡᠬᠦ ᠳᠤᠮᠳᠠᠳᠤ ᠤᠯᠤᠰ ᠤ᠋ᠨ ᠱᠢᠯᠵᠢᠮᠡᠯ ᠤᠶᠤᠨᠲᠤ ᠪᠤᠳᠤᠯᠲᠠ ᠢ᠋ᠢᠨ ᠲᠥᠪ (ᠬᠥᠬᠡᠬᠣᠲᠠ) ᠶᠠᠭ ᠰᠧᠺᠦ᠋ᠨ᠋ᠳ᠋ ᠪᠦᠷᠢ 670 ᠳ᠋ᠦᠩᠱᠢᠭᠤᠷ ᠤᠳᠠᠭ᠎ᠠ ᠢ᠋ᠢᠨ ᠬᠥᠪᠦᠮᠡᠯ ᠴᠡᠭ ᠤ᠋ᠨ ᠪᠤᠳᠤᠯᠲᠠ ᠢ᠋ᠢᠨ ᠬᠦᠴᠦᠨ ᠢ᠋ᠢᠡᠷ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠵᠠᠭ᠍ᠪᠤᠷ ᠢ᠋ ᠥᠭᠡᠷᠡᠴᠢᠯᠡᠨ ᠪᠢᠴᠢᠭᠯᠡᠵᠦ᠍ ᠪᠠᠢᠨ᠎ᠠ᠃

ᠣᠳᠣᠬᠠᠨ ᠳ᠋ᠤ ᠮᠠᠨ ᠤ᠋ ᠤᠷᠤᠨ ᠤ᠋ ᠪᠤᠬᠢᠷᠳᠤᠯ ᠦᠭᠡᠢ ᠤᠰᠤᠲᠥ᠋ᠷᠥᠭ᠌ᠴᠢ ᠢ᠋ᠢᠨ ᠵᠢᠯ ᠤ᠋ᠨ ᠭᠠᠷᠤᠯᠲᠠ ᠨᠢᠭᠡᠨᠲᠡ ᠲᠦᠮᠡᠨ ᠲᠣᠨ ᠢ᠋ ᠳᠠᠪᠠᠵᠤ᠂ ᠥᠨᠳᠥᠷ ᠴᠠᠬᠢᠯᠭᠠᠨ ᠳᠠᠮᠵᠢᠭᠤᠯᠬᠤ ᠨᠤᠷᠮ᠎ᠠ ᠢ᠋ᠢᠨ ᠨᠡᠢᠯᠡᠮᠡᠯ ᠪᠦᠷᠬᠦᠪᠴᠢ᠂ ᠤᠷᠳᠤ ᠨᠠᠰᠤᠲᠤ ᠴᠠᠬᠢᠯᠭᠠᠨ ᠲᠤᠢᠯ ᠵᠡᠷᠭᠡ ᠵᠠᠩᠭᠢᠯᠠᠭ᠎ᠠ ᠢ᠋ᠢᠨ ᠱᠢᠨ᠎ᠡ ᠮᠠᠲ᠋ᠧᠷᠢᠶᠠᠯ ᠤ᠋ᠨ ᠴᠢᠳᠠᠪᠬᠢ ᠳᠡᠯᠡᠬᠡᠢ ᠢ᠋ᠢᠨ ᠲᠦᠷᠦᠭᠦᠨ ᠤ᠋ ᠲᠦᠪᠱᠢᠨ ᠳ᠋ᠤ ᠬᠦᠷᠴᠦ᠍᠂ ᠥᠪᠥᠷ ᠮᠣᠩᠭᠣᠯ ᠪᠤᠬᠢᠷᠳᠤᠯ ᠦᠭᠡᠢ ᠤᠰᠤᠲᠥ᠋ᠷᠥᠭ᠌ᠴᠢ ᠪᠣᠯᠤᠨ ᠱᠢᠨ᠎ᠡ ᠮᠠᠲ᠋ᠧᠷᠢᠶᠠᠯ ᠤ᠋ᠨ ᠠᠵᠤ ᠦᠢᠯᠡᠰ ᠤ᠋ᠨ ᠦᠨᠳᠦᠰᠦᠨ ᠪᠠᠢᠳᠠᠯ ᠢ᠋ ᠲᠣᠭ᠍ᠲᠠᠪᠤᠷᠢᠵᠢᠭᠤᠯᠪᠠ᠃

ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠤ᠋ᠨ ᠲᠠᠰᠤᠷᠠᠯᠳᠠ ᠦᠬᠡᠢ ᠬᠥᠭ᠌ᠵᠢᠨ ᠮᠠᠨᠳᠤᠬᠤ ᠶᠠᠪᠤᠴᠠ ᠳ᠋ᠤ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠨᠢ ᠲᠡᠭᠦᠨ ᠤ᠋ ᠴᠢᠨᠠᠷ ᠰᠠᠢᠲᠠᠶ ᠬᠥᠭ᠌ᠵᠢᠯᠲᠡ ᠢ᠋ᠢᠨ ᠳᠡᠪᠢᠰᠭᠡᠷ ᠥᠩᠭᠡ ᠪᠣᠯᠵᠠᠶ᠃

ᠲᠡᠷᠢᠭᠦᠨ ᠤ᠋ ᠦᠢᠯᠡᠳᠬᠦ᠌ ᠦᠢᠯᠡᠰ ᠤ᠋ᠨ ᠬᠦᠷᠢᠶᠡᠨ ᠳ᠋ᠤ᠂ ᠪᠤᠭᠤᠲᠤ ᠢ᠋ᠢᠨ ᠬᠣᠪᠣᠷ ᠱᠢᠷᠣᠢ ᠢ᠋ᠢᠨ ᠱᠢᠨ᠎ᠡ ᠮᠠᠲ᠋ᠧᠷᠢᠶᠠᠯ ᠤ᠋ᠨ ᠪᠦᠯᠦᠭ᠌ᠵᠢᠯ᠂ ᠤᠷᠳᠤᠰ ᠤ᠋ᠨ ᠨᠡᠭᠦᠷᠡᠰᠦ ᠪᠡᠷ ᠰᠠᠭᠤᠷᠢ ᠪᠣᠯᠭᠠᠵᠤ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠢ᠋ᠢᠡᠷ ᠬᠡᠯᠬᠢᠶ᠎ᠠ ᠪᠣᠯᠭᠠᠭ᠍ᠰᠠᠨ ᠤᠳᠤ ᠦᠶ᠎ᠡ ᠢ᠋ᠢᠨ ᠨᠡᠭᠦᠷᠡᠰᠦ ᠬᠢᠮᠢ ᠢ᠋ᠢᠨ ᠠᠵᠤ ᠦᠢᠯᠡᠳᠪᠦᠷᠢ ᠢ᠋ᠢᠨ ᠪᠦᠯᠦᠭ᠌ᠵᠢᠯ᠂ ᠬᠥᠬᠡᠬᠣᠲᠠ ᠢ᠋ᠢᠨ 《ᠰᠢᠷᠬᠡᠭ ᠡᠪᠡᠰᠦ ᠡᠴᠡ ᠴᠣᠮᠣ ᠰᠦ ᠬᠦᠷᠬᠦ᠌》 ᠪᠡᠷ ᠬᠡᠯᠬᠢᠶ᠎ᠠ ᠪᠣᠯᠭᠠᠭ᠍ᠰᠠᠨ ᠴᠠᠭᠠᠨ ᠢᠳᠡᠭᠡᠨ ᠤ᠋ ᠪᠦᠯᠦᠭ᠌ᠵᠢᠯ ᠨᠢ ᠪᠦᠷ ᠤᠯᠤᠰ ᠤ᠋ᠨ ᠲᠡᠷᠢᠭᠦᠨ ᠤ᠋ ᠦᠢᠯᠡᠳᠬᠦ᠌ ᠦᠢᠯᠡᠰ ᠤ᠋ᠨ ᠪᠦᠯᠦᠭ᠌ᠵᠢᠯ ᠪᠣᠯᠵᠤ ᠳᠡᠰ ᠳᠡᠪᠰᠢᠪᠠ᠃

ᠱᠢᠨ᠎ᠡ ᠡᠨᠧᠷᠭᠢ ᠢ᠋ᠢᠨ ᠠᠵᠤ ᠦᠶ᠋ᠯᠡᠰ ᠤ᠋ᠨ ᠬᠡᠯᠬᠢᠶ᠎ᠡ ᠢ᠋ᠢᠨ ᠲᠠᠯ᠎ᠠ ᠪᠡᠷ᠂ ᠥᠪᠥᠷ ᠮᠣᠩᠭᠣᠯ ᠪᠥᠬᠥ᠌ ᠤᠯᠤᠰ ᠤ᠋ᠨ ᠰᠠᠯᠬᠢᠨ ᠬᠦᠴᠦᠨ ᠤ᠋ ᠴᠠᠬᠢᠯᠭᠠᠨ ᠤ᠋ ᠲᠣᠨᠣᠭ᠍ᠯᠠᠯ ᠤ᠋ᠨ ᠠᠵᠤ ᠦᠶ᠋ᠯᠡᠰ ᠤ᠋ᠨ ᠬᠡᠯᠬᠢᠶ᠎ᠡ ᠪᠡᠷ ᠬᠠᠮᠤᠭ ᠤ᠋ᠨ ᠲᠡᠭᠦᠯᠳᠡᠷ᠂ ᠪᠦᠯᠦᠭᠵᠢᠯ ᠤ᠋ᠨ ᠬᠡᠪᠴᠢᠶ᠎ᠡ ᠪᠡᠷ ᠬᠠᠮᠤᠭ ᠤ᠋ᠨ ᠶᠡᠬᠡ ᠬᠠᠭᠤᠷᠠᠶ ᠳᠡᠭᠡᠷᠡᠬᠢ ᠰᠠᠯᠬᠢᠨ ᠬᠦᠴᠦᠨ ᠤ᠋ ᠴᠠᠬᠢᠯᠭᠠᠨ ᠤ᠋ ᠲᠣᠨᠣᠭ᠍ᠯᠠᠯ ᠦᠶ᠋ᠯᠡᠳᠬᠦ᠌ ᠰᠠᠭᠤᠷᠢᠨ ᠢ᠋ ᠪᠦᠳᠦᠬᠡᠨ ᠪᠠᠢᠭᠤᠯᠵᠤ᠂ ᠬᠡᠷᠡᠯᠴᠢ ᠴᠡᠨᠡᠭ ᠤ᠋ᠨ ᠲᠣᠨᠣᠭ᠍ᠯᠠᠯ ᠤ᠋ᠨ ᠠᠵᠤ ᠦᠶ᠋ᠯᠡᠰ ᠤ᠋ᠨ ᠬᠡᠯᠬᠢᠶ᠎ᠡ ᠢ᠋ᠢᠨ ᠡᠬᠢᠨ ᠤ᠋ ᠦᠢᠯᠡᠳᠬᠦᠨ ᠨᠢ ᠨᠢᠬᠡᠨᠳᠡ ᠪᠥᠬᠥ᠌ ᠪᠥᠮᠪᠥᠷᠴᠡᠭ ᠤ᠋ᠨ ᠥᠷᠢᠰᠥᠯᠳᠦᠭᠡᠨ ᠤ᠋ ᠳᠠᠪᠠᠭᠤᠯᠢᠭ ᠲᠠᠶ ᠪᠤᠯᠵᠠᠢ᠃

ᠱᠢᠨ᠎ᠡ ᠮᠠᠲ᠋ᠧᠷᠢᠶᠠᠯ ᠤ᠋ᠨ ᠠᠵᠤ ᠦᠶ᠋ᠯᠡᠰ ᠤ᠋ᠨ ᠬᠡᠯᠬᠢᠶ᠎ᠡ ᠢ᠋ᠢᠨ ᠲᠠᠯ᠎ᠠ ᠪᠡᠷ᠂ ᠮᠠᠨ ᠤ᠋ ᠤᠷᠤᠨ ᠮᠥᠬᠥᠯᠢᠭ᠌ᠲᠦ ᠴᠠᠬᠢᠭᠤᠷ᠂ ᠬᠠᠭᠠᠰ ᠳᠠᠮᠵᠢᠭᠤᠯᠤᠭ᠍ᠴᠢ ᠳ᠋ᠤ ᠬᠡᠷᠡᠭ᠌ᠯᠡᠬᠦ᠌ ᠲᠣᠮᠣ ᠬᠡᠮᠵᠢᠶᠡᠨ ᠤ᠋ CVD ᠲᠠᠩ ᠲᠠᠯᠠᠰᠲᠤ ᠠᠯᠮᠠᠰ ᠤ᠋ᠨ ᠢᠯᠴᠢ ᠰᠠᠷᠨᠢᠭᠤᠯᠬᠤ ᠢᠯᠲᠠᠰᠤ ᠵᠡᠷᠭᠡ ᠬᠦᠷᠢᠶᠡᠨ ᠳ᠋ᠡᠬᠢ 200 ᠭᠠᠷᠤᠶ ᠲᠥᠷᠥᠯ ᠵᠦᠶ᠋ᠯ ᠢ᠋ ᠲᠦᠷᠭᠡᠳᠭᠡᠨ ᠠᠬᠢᠭᠤᠯᠵᠤ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠤ᠋ᠨ ᠦᠶ᠋ᠯᠡᠳᠪᠦᠷᠢᠯᠡᠯ ᠤ᠋ᠨ ᠴᠢᠳᠠᠪᠤᠷᠢ ᠪᠡᠷ ᠪᠥᠬᠥ᠌ ᠤᠯᠤᠰ ᠤ᠋ᠨ ᠲᠦᠷᠦᠭᠦᠨ ᠳ᠋ᠤ ᠣᠷᠣᠵᠤ᠂ ᠪᠥᠬᠥ᠌ ᠤᠯᠤᠰ ᠴᠢᠨᠠᠭ᠍ᠰᠢᠯᠠᠪᠠᠯ ᠪᠥᠬᠥ᠌ ᠪᠥᠮᠪᠥᠷᠴᠡᠭ ᠤ᠋ᠨ ᠬᠠᠮᠤᠭ ᠤ᠋ᠨ ᠲᠣᠮᠣ ᠲᠠᠯᠠᠰᠲᠤ ᠴᠠᠬᠢᠭᠤᠷ ᠤ᠋ᠨ ᠮᠠᠲ᠋ᠧᠷᠢᠶᠠᠯ ᠦᠶ᠋ᠯᠡᠳᠬᠦ᠌ ᠰᠠᠭᠤᠷᠢᠨ ᠪᠣᠯᠵᠣ᠂ ᠱᠢᠨ᠎ᠡ ᠮᠠᠲ᠋ᠧᠷᠢᠶᠠᠯ ᠤ᠋ᠨ ᠠᠵᠤ ᠦᠶ᠋ᠯᠡᠰ ᠤ᠋ᠨ ᠬᠡᠪᠴᠢᠶᠡᠵᠢᠨ ᠬᠥᠭ᠌ᠵᠢᠬᠦ᠌ ᠱᠢᠨ᠎ᠡ ᠴᠠᠭ ᠦᠶ᠎ᠡ ᠢ᠋ᠢ ᠤᠭ᠍ᠲᠤᠨ ᠠᠪᠴᠢᠷᠠᠪᠠ᠃

ᠠᠮᠢᠳᠤ ᠪᠣᠳᠠᠰ ᠦᠶ᠋ᠯᠡᠳᠬᠡᠯ ᠤ᠋ᠨ ᠠᠵᠤ ᠦᠶ᠋ᠯᠡᠰ ᠤ᠋ᠨ ᠬᠡᠯᠬᠢᠶ᠎ᠡ ᠢ᠋ᠢᠨ ᠲᠠᠯ᠎ᠠ ᠪᠡᠷ᠂ ᠥᠪᠥᠷ ᠮᠣᠩᠭᠣᠯ ᠤ᠋ᠨ ᠵᠢᠨ ᠳ᠋ᠡ ᠸᠧᠶ᠂ ᠱᠤᠸᠠᠩ ᠴᠢ ᠡᠮ ᠤ᠋ᠨ ᠦᠶ᠋ᠯᠡᠰ ᠵᠡᠷᠭᠡ ᠦᠶ ᠣᠯᠠᠨ ᠠᠵᠤ ᠠᠬᠤᠢᠯᠠᠯ ᠨᠢ 《ᠡᠷᠳᠡᠨᠢ ᠱᠢᠰᠢ — ᠴᠠᠷᠳᠠᠭᠤᠯ — ᠱᠢᠩᠭᠡᠨ ᠱᠢᠬᠢᠷ — ᠵᠠᠪᠰᠠᠷ ᠤ᠋ᠨ ᠴᠤᠬᠴᠠ — ᠲᠦᠭᠦᠬᠡᠶ ᠮᠠᠲ᠋ᠧᠷᠢᠶᠠᠯ ᠤ᠋ᠨ ᠡᠮ —ᠪᠣᠯᠪᠠᠰᠤᠷᠠᠭᠤᠯᠤᠭ᠍ᠰᠠᠨ ᠡᠮ》 ᠤ᠋ᠨ ᠠᠮᠢᠳᠤ ᠪᠣᠳᠠᠰ ᠤ᠋ᠨ ᠦᠢᠯᠡᠳᠬᠡᠯ ᠤ᠋ᠨ᠌ ᠪᠦᠷᠢᠨ ᠪᠦᠲᠦᠨ ᠬᠡᠯᠬᠢᠶ᠎ᠡ ᠢ᠋ᠢ ᠪᠠᠢᠭᠤᠯᠵᠤ᠂ ᠵᠥᠪᠬᠡᠨ ᠬᠥᠬᠡᠬᠣᠲᠠ ᠳ᠋ᠤ ᠲᠠᠷᠤᠢ ᠵᠢᠯ ᠤ᠋ᠨ ᠦᠶ᠋ᠯᠡᠳᠬᠦᠨ ᠤ᠋ ᠥᠷᠲᠡᠭ ᠨᠢ 200 ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠠᠵᠤ ᠦᠶ᠋ᠯᠡᠰ ᠤ᠋ᠨ ᠬᠡᠪᠴᠢᠶ᠎ᠡ ᠢ᠋ᠢ ᠪᠦᠷᠢᠯᠳᠦᠭᠦᠯᠵᠦ᠍᠂ ᠬᠤᠷᠳᠤ ᠰᠢᠯᠭᠠᠬᠰᠠᠨ ᠠᠮᠢᠳᠤ ᠪᠣᠳᠠᠰ ᠤ᠋ᠨ ᠦᠢᠯᠡᠳᠬᠡᠯ ᠤ᠋ᠨ ᠶᠡᠬᠡ ᠳᠠᠯᠠᠢ ᠳ᠋ᠤ ᠥᠪᠥᠷ ᠮᠣᠩᠭᠣᠯ ᠤ᠋ᠨ ᠠᠸ᠋ᠭ᠎ᠠ ᠵᠣᠷᠢᠭ ᠢ᠋ ᠭᠠᠢᠬᠠᠭᠤᠯᠪᠠ᠃

ᠲᠣᠭᠠᠴᠢᠯᠠᠭ᠍ᠰᠠᠨ ᠠᠵᠤ ᠠᠬᠤᠶ ᠢ᠋ᠢᠨ ᠬᠡᠯᠬᠢᠶ᠎ᠡ ᠢ᠋ᠢᠨ ᠲᠠᠯ᠎ᠠ ᠪᠡᠷ᠂ ᠪᠥᠬᠥ᠌ ᠣᠷᠣᠨ ᠤ᠋ 9.5 ᠲᠦᠮᠡᠨ ᠰᠠᠭᠤᠷᠢ 5G ᠢ᠋ᠢᠨ ᠰᠠᠭᠤᠷᠢ ᠥᠷᠲᠡᠭᠡ ᠨᠢ ᠠᠵᠤ ᠦᠶ᠋ᠯᠡᠳᠪᠦᠷᠢ ᠢ᠋ᠢᠨ ᠬᠦᠷᠢᠶᠡᠯᠡᠩ ᠲᠣᠭᠣᠷᠢᠭ ᠤ᠋ᠨ ᠦᠶ᠋ᠯᠡᠳᠪᠦᠷᠢᠯᠡᠯ ᠤ᠋ᠨ ᠲᠠᠯᠠᠪᠤᠷ ᠢ᠋ ᠬᠠᠮᠤᠷᠴᠤ᠌᠂ 41 ᠠᠵᠤ ᠦᠶ᠋ᠯᠡᠳᠪᠦᠷᠢ ᠢ᠋ᠢᠨ ᠢᠨᠲ᠋ᠧᠷ ᠰᠦᠯᠵᠢᠶᠡᠨ ᠤ᠋ ᠲᠠᠪᠴᠠᠩ ᠨᠢ ᠲᠡᠮᠦᠷᠯᠢᠭ ᠬᠠᠢᠯᠤᠭᠤᠯᠬᠤ᠂ ᠬᠢᠮᠢ ᠢ᠋ᠢᠨ ᠠᠵᠤ ᠦᠶ᠋ᠯᠡᠳᠪᠦᠷᠢ᠂ ᠲᠣᠨᠣᠭᠯᠠᠯ ᠦᠶ᠋ᠯᠡᠳᠬᠦ᠌ ᠵᠡᠷᠭᠡ ᠲᠤᠯᠭᠠᠭᠤᠷᠢ ᠠᠵᠢᠯ ᠲᠥᠷᠥᠯ ᠢ᠋ ᠬᠠᠮᠤᠷᠴᠤ᠌᠂ ᠥᠪᠥᠷ ᠮᠣᠩᠭᠣᠯ ᠤ᠋ᠨ ᠪᠤᠳᠤᠯᠲᠠ ᠢ᠋ᠢᠨ ᠬᠦᠴᠦᠨ᠂ ᠤᠶᠤᠨᠲᠤ ᠪᠤᠳᠤᠯᠲᠠ ᠢ᠋ᠢᠨ ᠬᠡᠪᠴᠢᠶ᠎ᠡ ᠨᠢ ᠴᠥᠮ 20 ᠲᠦᠮᠡᠨ P ᠢ᠋ᠢ ᠳᠠᠪᠠᠨ ᠪᠥᠬᠥ᠌ ᠤᠯᠤᠰ ᠤ᠋ᠨ ᠲᠦᠷᠦᠭᠦᠨ ᠳ᠋ᠤ ᠣᠷᠣᠵᠤ᠂ ᠲᠤᠭᠠᠴᠢᠯᠠᠯᠳᠠ ᠵᠢ ᠠᠵᠤ ᠦᠢᠯᠡᠰᠵᠢᠬᠦᠯᠬᠦ᠂ ᠠᠵᠤ ᠦᠶ᠋ᠯᠡᠰ ᠢ᠋ ᠲᠣᠭᠠᠴᠢᠵᠢᠭᠤᠯᠬᠤ ᠠᠯᠤᠰ ᠬᠡᠲᠦ᠍ ᠢ᠋ᠢᠨ ᠬᠦᠰᠡᠯ ᠵᠣᠷᠢᠭ ᠢ᠋ᠢᠡᠷ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠬᠡᠭᠡᠨ ᠰᠠᠷᠠᠭᠤᠯ ᠢᠷᠡᠭᠡᠳᠦᠶ ᠢ᠋ᠢ ᠤᠭᠳᠤᠨ ᠠᠪᠴᠠᠢ᠃

ᠬᠥᠭ᠌ᠵᠢᠯ ᠳ᠋ᠤ ᠬᠢᠵᠠᠭᠠᠷ ᠦᠭᠡᠢ᠂ ᠲᠡᠮᠡᠴᠡᠯ ᠳ᠋ᠤ ᠦᠵᠤᠬᠦᠷ ᠦᠭᠡᠢ ᠶᠤᠮ᠃ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠤ᠋ᠨ ᠳᠣᠲᠣᠭᠠᠳᠤ ᠬᠡᠷᠡᠭ᠌ᠴᠡᠭᠡ ᠢ᠋ᠢ ᠥᠷᠭᠡᠳᠭᠡᠬᠦ ᠨᠠᠨᠳᠢᠨ ᠲᠣᠬᠢᠶᠠᠯ ᠢ᠋ ᠴᠢᠩᠭ᠎ᠠ ᠠᠳᠬᠤᠨ ᠨᠢᠬᠡᠳᠤᠯᠳᠠᠢ ᠲᠥᠯᠥᠪᠵᠢᠭᠦᠯᠦᠨ ᠪᠠᠢᠷᠢᠰᠢᠭᠤᠯᠵᠤ᠂ 《ᠱᠢᠨ᠎ᠡ》 ᠵᠢ ᠵᠤᠷᠢᠨ ᠤᠷᠤᠭᠰᠢᠯᠠᠬᠤ ᠪᠣᠯ ᠨᠢᠭᠡᠨ ᠤᠳᠠᠭ᠎ᠠ ᠢ᠋ᠢᠨ ᠬᠤᠯᠠ ᠭᠦᠶᠦᠯᠲᠡ ᠪᠣᠯᠤᠨ᠎ᠠ᠃ ᠶᠠᠭ ᠡᠢᠮᠦ᠍᠎ᠪᠤᠯᠬᠤᠷ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠢ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠨ ᠨᠢᠭᠡᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ ᠤ᠋ ᠠᠵᠤ ᠠᠬᠤᠢ ᠢ᠋ᠢᠨ ᠠᠵᠢᠯ ᠤ᠋ᠨ ᠬᠤᠷᠠᠯ ᠳᠡᠭᠡᠷ᠎ᠡ ᠲᠤᠭᠳᠠᠭᠰᠠᠨ ᠥᠪᠥᠷ ᠮᠣᠩᠭᠣᠯ ᠤ᠋ᠨ ᠰᠣᠩᠭᠣᠯᠲᠠ ᠨᠢ ᠬᠦᠰᠡᠯ ᠡᠷᠡᠮᠡᠯᠵᠡᠯ ᠢ᠋ᠢᠡᠷ ᠪᠢᠯᠬᠠᠭᠰᠠᠨ ᠢᠷᠡᠭᠡᠳᠦᠢ ᠵᠢ ᠴᠢᠭᠯᠡᠯ᠎ᠠ᠄ ᠤᠯᠠᠮᠵᠢᠯᠠᠯᠲᠤ ᠠᠵᠤ ᠦᠢᠯᠡᠰ ᠤ᠋ᠨ ᠬᠡᠯᠪᠡᠷᠢ ᠢ᠋ᠢ ᠬᠤᠪᠢᠷᠠᠭᠤᠯᠤᠨ ᠲᠡᠰ ᠳᠡᠪᠱᠢᠭᠦᠯᠬᠦ᠌ ᠪᠠ ᠱᠢᠨ᠎ᠡ ᠪᠡᠷ ᠮᠠᠨᠳᠤᠭ᠍ᠰᠠᠨ ᠠᠵᠤ ᠦᠢᠯᠡᠰ᠂ ᠢᠷᠡᠭᠡᠳᠦᠢ ᠢ᠋ᠢᠨ ᠠᠵᠤ ᠦᠢᠯᠡᠰ ᠤ᠋ᠨ ᠲᠦᠷᠦᠯ ᠵᠦᠢᠯ ᠢ᠋ ᠱᠢᠨᠵᠢᠯᠡᠬᠦ᠌ ᠤᠬᠠᠭᠠᠨᠴᠢ ᠪᠡᠷ ᠪᠠᠢᠷᠢᠱᠢᠭᠤᠯᠵᠤ᠂ ᠥᠪᠥᠷ ᠮᠣᠩᠭᠣᠯ ᠤ᠋ᠨ ᠣᠨᠴᠠᠯᠢᠭ ᠳᠠᠪᠠᠭᠤᠯᠢᠭ ᠢ᠋ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ ᠤ᠋ᠨ ᠱᠢᠰᠲ᠋ᠧᠮ ᠢ᠋ ᠪᠣᠳᠠᠲᠠᠢᠵᠢᠭᠤᠯᠤᠨ᠎ᠠ᠃

ᠰᠣᠩᠭᠣᠯᠲᠠ ᠢᠷᠡᠭᠡᠳᠦᠢ ᠢ᠋ᠢ ᠲᠠᠯᠠᠯᠤᠨ᠎ᠠ᠃ ᠥᠩᠭᠡᠷᠡᠭ᠌ᠰᠡᠨ ᠢ᠋ ᠡᠷᠬᠢᠴᠡᠬᠦᠯᠬᠦᠶ᠎ᠠ ᠦᠪᠤᠷ ᠮᠤᠩᠭᠤᠯ ᠤ᠋ᠨ ᠠᠮᠵᠢᠯᠲᠠ ᠪᠦᠲᠦᠮᠵᠢ ᠬᠥᠮᠦᠰ ᠢ᠋ ᠵᠤᠷᠢᠭᠵᠢᠭᠤᠯᠵᠤ᠂ ᠢᠷᠡᠭᠡᠳᠦᠢ ᠵᠢ ᠪᠠᠷᠠᠯᠠᠬᠤᠶ᠎ᠠ ᠦᠪᠤᠷ ᠮᠤᠩᠭᠤᠯ ᠤ᠋ᠨ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠬᠦᠮᠦᠰ ᠢ᠋ ᠤᠷᠮᠠᠰᠢᠭᠤᠯᠤᠨ᠎ᠠ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号