ᠪᠦᠬᠦ᠌ ᠤᠯᠤᠰ᠎ᠤᠨ ᠭᠣᠣᠯᠳᠠᠯᠭ᠎ᠠ᠎ᠲᠠᠶ ᠵᠢᠵᠢᠭ᠌ᠯᠡᠨ ᠪᠣᠷᠣᠯᠠᠭᠤᠯᠬᠤ ᠪᠠ ᠢᠳᠡᠭᠡᠨ ᠤᠮᠳᠠᠭᠠᠨ᠎ᠤ ᠠᠵᠤ ᠠᠬᠤᠢᠯᠠᠯ᠎ᠤᠨ ᠡᠳᠦᠷ ᠳᠤᠮᠳᠠᠴᠢ᠎ᠶ᠋ᠢᠨ ᠪᠣᠷᠣᠯᠠᠭᠤᠯᠭ᠎ᠠ᠎ᠶ᠋ᠢᠨ ᠬᠡᠮᠵᠢᠢ᠎ᠡ 2025 ᠣᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠤ ᠬᠢ᠎ᠡᠴᠡ 5.7% ᠪᠡᠷ ᠨᠡᠮᠡᠭ᠌ᠳᠡᠵᠦ᠍᠂ 28 ᠳ᠋ᠦᠩᠱᠢᠭᠤᠷ ᠢᠯᠡᠬᠦᠦ ᠬᠥᠮᠦᠨ ᠤᠳᠠᠭ᠎ᠠ ᠣᠷᠣᠨ ᠪᠦᠰᠡ ᠠᠯᠤᠰᠯᠠᠨ ᠭᠠᠳᠠᠭ᠍ᠰᠢ ᠭᠠᠷᠴᠤ᠂ ᠤᠯᠤᠰ᠎ᠤᠨ ᠳᠣᠲᠣᠭᠠᠳᠤ᠎ᠳᠦ ᠵᠢᠭᠤᠯᠴᠢᠯᠠᠭ᠍ᠰᠠᠨ ᠬᠥᠮᠦᠨ᠎ᠦ ᠲᠣᠭ᠎ᠠ 5.96 ᠳ᠋ᠦᠩᠱᠢᠭᠤᠷ ᠬᠥᠮᠦᠨ ᠤᠳᠠᠭ᠎ᠠ᠎ᠳᠤ ᠬᠦᠷᠴᠦ᠍᠂ ᠤᠯᠤᠰ᠎ᠤᠨ ᠳᠣᠲᠣᠭᠠᠳᠤ᠎ᠳᠦ ᠵᠢᠭᠤᠯᠴᠢᠯᠠᠭᠰᠠᠨ ᠶᠡᠷᠦᠩᠬᠡᠢ ᠵᠠᠷᠤᠳᠠᠯ 8034.83 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠡᠭᠡᠵᠢᠩ᠎ᠦᠨ ᠵᠢᠮᠳᠤ ᠵᠠᠮ ᠬᠠᠷᠢᠯᠴᠠᠭᠠᠨ᠎ᠤ 27 ᠪᠠᠷᠢᠯᠭ᠎ᠠ᠎ᠶ᠋ᠢᠨ ᠠᠵᠢᠯ ᠵᠣᠭ᠍ᠰᠣᠭ᠎ᠠ ᠦᠭᠡᠢ ᠠᠵᠢᠯᠯᠠᠪᠠ ᠁ 9 ᠡᠳᠦᠷ᠎ᠦᠨ 《ᠬᠠᠮᠤᠭ᠎ᠤᠨ ᠤᠷᠳᠤ ᠴᠠᠭᠠᠨ ᠰᠠᠷ᠎ᠠ᠎ᠶ᠋ᠢᠨ ᠠᠮᠠᠷᠠᠯᠲᠠ》 ᠳ᠋ᠤ᠌᠂ ᠬᠦᠷ ᠬᠦᠭᠵᠢᠶᠡᠨᠳᠦ ᠬᠡᠷᠡᠭ᠌ᠯᠡᠭᠡᠨ ᠤ᠋ ᠵᠢᠷᠤᠭ ᠦᠵᠡᠭ᠌ᠳᠡᠯᠦᠳ᠂ ᠲᠠᠰᠤᠷᠠᠯᠳᠡ ᠦᠭᠡᠢ ᠱᠢᠨᠡᠳᠦᠭᠰᠡᠨ ᠲᠦᠷᠦᠯ ᠵᠦᠢᠯ᠎ᠤᠨ ᠠᠬᠢᠴᠠ ᠵᠡᠷᠭᠡ ᠨᠢ ᠳᠣᠲᠣᠭᠠᠳᠤ ᠬᠡᠷᠡᠭ᠌ᠴᠡᠭᠡ᠎ᠶ᠋ᠢᠨ ᠬᠥᠳᠡᠯᠭᠡᠬᠦ᠌ ᠬᠦᠴᠦᠨ ᠶᠠᠪᠤᠬᠤ ᠲᠤᠳᠤᠮ ᠴᠢᠩᠭᠠᠷᠠᠵᠤ ᠪᠠᠢᠬᠤ᠎ᠶ᠋ᠢ ᠬᠠᠷᠠᠭᠤᠯᠪᠠ᠃
ᠴᠠᠭᠠᠨ ᠰᠠᠷ᠎ᠠ ᠪᠣᠯ ᠬᠡᠷᠡᠭ᠌ᠯᠡᠭᠡ ᠬᠥᠭ᠌ᠵᠢᠶᠡᠨᠲᠡᠶ ᠤᠯᠠᠷᠢᠯ ᠮᠥᠨ᠂ ᠣᠷᠳᠣ ᠠᠮᠠᠷᠠᠯᠲᠠ᠎ᠶ᠋ᠢᠨ ᠲᠦᠷᠢᠮ᠎ᠦᠨ ᠱᠢᠯᠢᠳᠡᠭ᠌ᠵᠢᠬᠦᠯᠦᠨ ᠢᠯᠡᠷᠡᠭᠦᠯᠦᠭᠰᠡᠨ ᠴᠠᠭ᠎ᠤᠨ ᠠᠱᠢᠭ᠎ᠨᠢ ᠬᠡᠷᠡᠭ᠌ᠯᠡᠭᠡᠨ᠎ᠦ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠪᠡ᠃
ᠠᠮᠠᠷᠠᠯᠲᠠ᠎ᠶ᠋ᠢᠨ ᠬᠤᠭᠤᠴᠠᠭ᠎ᠠ ᠤᠷᠳᠤᠰᠴᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠬᠥᠭ᠌ᠵᠢᠭᠡᠪᠡ᠃ ᠳᠤᠮᠳᠠᠳᠤ ᠤᠯᠤᠰ᠎ᠤᠨ ᠵᠢᠭᠤᠯᠴᠢᠯᠠᠯ᠎ᠤᠨ ᠨᠡᠢᠭᠡᠮᠯᠢᠭ ᠲᠥ ᠨᠢᠤ ᠳᠠᠪᠴᠠᠩ ᠲᠠᠢ ᠬᠠᠮᠲᠤᠷᠠᠨ ᠮᠡᠳᠡᠭᠦᠯᠦᠯᠲᠡ ᠨᠡᠢᠲᠡᠯᠡᠵᠦ᠍᠂ ᠲᠦ ᠨᠢᠤ ᠳᠠᠪᠴᠠᠩ᠎ᠤᠨ ᠬᠡᠷᠡᠭ᠌ᠯᠡᠭ᠌ᠴᠢ᠎ᠶᠢᠨ ᠡᠨᠡ ᠵᠢᠯ᠎ᠦᠨ ᠴᠠᠭᠠᠨ ᠰᠠᠷ᠎ᠠ᠎ᠳᠦ ᠵᠢᠭᠤᠯᠴᠢᠯᠠᠬᠤ ᠪᠡᠷ ᠭᠠᠷᠤᠭᠰᠠᠨ ᠲᠤᠭ᠎ᠠ ᠬᠥᠮᠦᠨ ᠳᠤᠮᠳᠠᠴᠢ ᠪᠡᠷ 5.9 ᠡᠳᠦᠷ᠎ᠲᠦ ᠬᠦᠷᠴᠦ᠍᠂ ᠳᠡᠭᠡᠷ᠎ᠡ ᠵᠢᠯ᠎ᠦᠨ ᠬᠢ᠎ᠡᠴᠡ 1.1 ᠡᠳᠦᠷ ᠨᠡᠮᠡᠭ᠌ᠳᠡᠪᠡ᠃ ᠮᠠ ᠹᠸᠩ ᠸᠸ ᠲᠤᠮᠤᠳ᠋ᠠᠢᠲ᠋ᠠᠳᠤ ᠢᠯᠡᠷᠡᠭᠦᠯᠦᠭ᠌ᠰᠡᠨ᠎ᠢᠶᠡᠷ᠂ 5 ᠡᠳᠦᠷ᠎ᠡᠴᠡ ᠳᠡᠭᠡᠭ᠌ᠰᠢᠬᠢ ᠬᠤᠭᠤᠴᠠᠭ᠎ᠠ ᠪᠡᠷ ᠭᠠᠳᠠᠭ᠍ᠰᠢ ᠭᠠᠷᠬᠤ ᠵᠠᠬᠢᠶᠠᠯᠠᠭ᠎ᠠ᠎ᠶ᠋ᠢᠨ ᠬᠡᠮᠵᠢᠶ᠎ᠡ᠎ᠶ᠋ᠢᠨ ᠡᠵᠡᠯᠡᠬᠦ᠌ ᠬᠠᠷᠢᠴᠠᠯ᠎ᠨᠢ 59.6% ᠳ᠋ᠤ ᠬᠦᠷᠴᠡᠶ᠃
ᠴᠠᠭᠠᠨ ᠰᠠᠷ᠎ᠠ ᠪᠤᠯᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠠᠪᠬᠤᠴᠠᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠬᠠᠯᠠᠭᠤᠷᠠᠯ ᠦᠷᠭᠦᠯᠵᠢᠯᠡᠨ ᠳᠡᠭᠡᠭ᠌ᠰᠢᠯᠡᠪᠡ᠃ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠬᠣᠶᠠᠷ᠎ᠲᠤ᠂ ᠴᠦᠩᠴᠢᠩ᠎ᠦᠨ ᠹᠸᠩ ᠳ᠋ᠦᠶ᠋ᠢᠨ ᠨᠠᠨ ᠲᠢᠶᠠᠨ ᠬᠤ᠌ ᠤᠯᠠᠨ ᠤᠯᠤᠰ᠎ᠤᠨ ᠴᠡᠨᠡᠯᠡᠯᠳᠡ᠎ᠶᠢᠨ ᠲᠠᠯᠠᠪᠠᠢ᠎ᠳᠤ᠂ ᠠᠷᠪᠠᠨ ᠬᠡᠳᠦᠨ ᠮᠣᠳᠣᠨ ᠪᠠᠢᠱᠢᠩ ᠰᠡᠬᠦᠢᠵᠦ᠂ ᠴᠡᠨᠡᠯᠡᠯᠳᠡ᠎ᠶᠢᠨ ᠵᠠᠮ᠎ᠢᠶᠡᠷ ᠬᠦᠮᠦᠨ ᠤᠯᠠᠨ ᠬᠠᠷᠠᠭ᠍ᠳᠠᠨ᠎ᠠ᠃
《ᠥᠩᠭᠡᠷᠡᠭ᠌ᠰᠡᠨ ᠵᠢᠯ᠎ᠦᠳ᠎ᠲᠦ 〈ᠬᠠᠯᠳᠤ ᠮᠦᠯᠳᠦ ᠴᠠᠨᠠᠯᠠᠵᠤ〉᠂ ᠡᠨᠳᠡ ᠨᠢᠭᠡ ᠯᠡ ᠡᠳᠦᠷ ᠪᠤᠯᠳᠠᠭ᠂ ᠡᠨᠡ ᠵᠢᠯ᠎ᠦᠨ ᠴᠠᠭᠠᠨ ᠰᠠᠷ᠎ᠠ ᠰᠡᠯᠡᠬᠦᠦ ᠪᠣᠯᠬᠣᠷ ᠲᠦᠷᠦᠭᠦᠦ ᠬᠡᠳᠦᠨ ᠡᠳᠦᠷ ᠭᠡᠷ᠎ᠦᠨ ᠬᠥᠮᠦᠰ᠎ᠲᠡᠶ᠎ᠪᠡᠨ ᠠᠭᠤᠯᠵᠠᠭᠠᠳ ᠳᠠᠷᠠᠭ᠎ᠠ ᠨᠢ ᠡᠨᠳᠡ ᠬᠡᠳᠦᠨ ᠡᠳᠦᠷ ᠨᠠᠭᠠᠳᠭᠤ᠎ᠪᠠᠷ ᠲᠥᠯᠥᠪᠯᠡᠵᠦ᠍᠂ ᠴᠠᠨᠠᠯᠠᠬᠤ ᠮᠡᠷᠭᠡᠵᠢᠯ᠎ᠢ ᠱᠢᠰᠲ᠋ᠧᠮ᠎ᠲᠡᠶ ᠰᠤᠷᠴᠠᠶ》 ᠭᠡᠵᠦ᠍ ᠴᠧᠩᠳᠥ᠋ ᠡᠴᠡ ᠢᠷᠡᠭ᠌ᠰᠡᠨ ᠼᠤᠤ ᠯᠢᠨ ᠬᠡᠯᠡᠪᠡ᠃
ᠬᠠᠮᠢᠭ᠎ᠠ ᠤᠴᠢᠬᠤ ᠪᠤᠢ ᠲᠣᠮᠣ ᠳ᠋ᠠᠢᠲ᠋ᠠ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠰᠤᠳᠤᠯᠤᠭ᠍ᠴᠢ ᠼᠠᠢ ᠮᠥ᠍ ᠽᠢ᠂ ᠣᠷᠳᠣ ᠠᠮᠠᠷᠠᠯᠲᠠ᠎ᠶ᠋ᠢᠨ ᠬᠤᠭᠤᠴᠠᠭ᠎ᠠ᠎ᠨᠢ ᠵᠢᠭᠤᠯᠴᠢᠯᠠᠯ᠂ ᠵᠠᠮ ᠬᠠᠷᠢᠯᠴᠠᠭ᠎ᠠ᠂ ᠵᠢᠵᠢᠭ᠌ᠯᠡᠨ ᠪᠤᠷᠤᠯᠠᠭᠤᠯᠬᠤ᠂ ᠢᠳᠡᠭᠡᠨ ᠤᠮᠳᠠᠭᠠᠨ ᠵᠡᠷᠭᠡ ᠬᠦᠷᠢᠶ᠎ᠡ᠎ᠳᠦ ᠤᠷᠢᠳ ᠡᠮᠦᠨ᠎ᠡ ᠪᠠᠢᠭ᠎ᠠ ᠥᠬᠡᠶ ᠱᠢᠨ᠎ᠡ ᠠᠵᠠ ᠲᠣᠬᠢᠶᠠᠯ ᠠᠪᠴᠢᠷᠠᠪᠠ᠂ ᠢᠯᠠᠩᠭᠤᠶ᠎ᠠ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠦ ᠠᠪᠴᠤ᠌ ᠬᠡᠯᠡᠪᠡᠯ᠂ ᠴᠥᠭᠡᠨ ᠪᠤᠰᠤ ᠬᠥᠮᠦᠰ 《ᠤᠷᠢᠳᠠᠪᠠᠷ ᠠᠭᠤᠯᠵᠠᠨ ᠵᠤᠯᠭᠠᠵᠤ᠂ ᠳᠠᠷᠠᠭ᠎ᠠ᠎ᠨᠢ ᠠᠮᠠᠷᠠᠬᠤ》᠂ 《ᠬᠡᠰᠡᠭ ᠬᠤᠪᠢᠶᠠᠬᠤ ᠮᠠᠶᠢᠭ᠎ᠢᠶᠠᠷ ᠱᠢᠨᠡᠯᠡᠬᠦ᠌》 ᠵᠠᠭ᠍ᠪᠤᠷ᠎ᠢ ᠰᠣᠩᠭᠣᠵᠤ᠂ ᠦᠵᠡᠮᠵᠢ᠎ᠶ᠋ᠢᠨ ᠣᠷᠣᠨ᠎ᠤ ᠡᠭᠦᠳᠡᠨ ᠪᠢᠯᠧᠲ᠂ ᠪᠠᠭᠤᠳᠠᠯ ᠵᠡᠷᠭᠡ ᠬᠠᠮᠢᠶ᠎ᠠ ᠪᠥᠬᠥᠶ ᠠᠵᠢᠯ ᠲᠥᠷᠥᠯ᠎ᠦᠨ ᠨᠡᠮᠡᠭ᠌ᠳᠡᠯ᠎ᠢ ᠱᠢᠭᠤᠳ ᠳᠠᠢᠴᠢᠯᠠᠭ᠍ᠰᠠᠨ ᠪᠠᠢᠨ᠎ᠠ ᠭᠡᠵᠦ ᠦᠵᠡᠪᠡ᠃
ᠵᠤᠭ᠎ᠠ ᠰᠡᠯᠡᠭᠦᠴᠡᠯ᠎ᠤᠨ ᠠᠷᠭ᠎ᠠ ᠬᠡᠮᠵᠢᠶ᠎ᠡ᠎ᠶᠢᠨ ᠰᠢᠨ᠎ᠡ ᠵᠢ ᠡᠭᠦᠳᠴᠦ᠂ ᠬᠡᠷᠡᠭ᠌ᠯᠡᠭᠡᠨ᠎ᠦ ᠳᠠᠯᠳᠠ ᠴᠢᠳᠠᠪᠤᠷᠢ᠎ᠶ᠋ᠢ ᠦᠷᠭᠦᠯᠵᠢᠯᠡᠨ ᠬᠦᠭᠵᠢᠭᠡᠪᠡ᠃
ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠭᠤᠷᠪᠠᠨ᠎ᠳᠤ᠂ ᠴᠠᠩᠱᠠ᠎ᠶ᠋ᠢᠨ ᠶᠤᠸᠠᠢ ᠹᠠᠩ ᠬᠤᠳᠠᠯᠳᠤᠭᠠᠨ᠎ᠤ ᠲᠠᠯᠠᠪᠠᠢ᠎ᠳᠡᠬᠢ 《ᠺᠢᠨᠤ᠋᠎ᠶ᠋ᠢ ᠳᠠᠭᠠᠵᠤ ᠬᠣᠲᠠ᠎ᠶ᠋ᠢᠨ ᠴᠤᠭ᠍ᠯᠠᠭ᠎ᠠ ᠮᠠᠢᠮᠠᠶ᠎ᠶ᠋ᠢ ᠲᠣᠭᠣᠷᠢᠬᠤ》 ᠠᠵᠢᠯᠯᠠᠭ᠎ᠠ᠎ᠶ᠋ᠢᠨ ᠠᠬᠤᠶ ᠲᠠᠯᠠᠪᠠᠶ᠎ᠳᠤ᠂ ᠬᠣᠲᠠ᠎ᠶ᠋ᠢᠨ ᠠᠷᠠᠳ ᠯᠢ ᠠᠪᠠᠬᠠᠶ ᠪᠢᠯᠧᠲᠵᠢᠡᠨ ᠠᠪᠴᠤ᠌᠂ ᠬᠣᠲᠠ᠎ᠶ᠋ᠢᠨ ᠴᠤᠭ᠍ᠯᠠᠭ᠎ᠠ ᠮᠠᠢᠮᠠᠶ ᠵᠢ ᠵᠠᠬ᠎ᠠ ᠳᠠᠷᠠᠭᠠᠯᠠᠨ ᠰᠤᠨᠢᠷᠬᠠᠨ᠎ᠠ᠃ 《ᠪᠢᠳᠡ 〈ᠪᠠᠭᠠᠪᠠᠭᠠᠢ ᠢᠷᠡᠯ᠎ᠡ· ᠪᠠᠭᠠᠪᠠᠭᠠᠢ᠎ᠶᠢᠨ ᠰᠢᠨ᠎ᠡ ᠵᠢᠯ〉 ᠭᠡᠬᠦ᠌ ᠺᠢᠨᠣ᠋᠎ᠶ᠋ᠢ ᠦᠵᠡᠵᠦ᠍ ᠪᠠᠷᠠᠭᠠᠳ᠂ ᠪᠢᠯᠧᠲᠲᠤ᠌ ᠲᠦᠰᠢᠭᠯᠡᠨ ᠪᠠᠭ᠎ᠠ ᠪᠤᠰᠤ ᠢᠳᠡᠭᠡᠨ᠂ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠢ ᠬᠢᠮᠳᠠ ᠦᠨ᠎ᠡ ᠪᠡᠷ ᠬᠤᠳᠠᠯᠳᠤᠨ ᠠᠪᠴᠠᠢ》 ᠭᠡᠵᠦ ᠯᠢ ᠠᠪᠠᠬᠠᠢ ᠬᠡᠯᠡᠪᠡ᠃
ᠲᠦᠷᠦᠭᠦᠦ ᠪᠦᠯᠦᠭ᠎ᠦᠨ 《ᠺᠢᠨᠣ᠋ +》 ᠬᠡᠷᠡᠭ᠌ᠯᠡᠭᠡᠨ᠎ᠦ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠴᠡᠭ᠎ᠦᠨ ᠬᠣᠲᠠ᠎ᠶ᠋ᠢᠨ ᠨᠢᠭᠡ ᠪᠣᠯᠤᠭ᠍ᠰᠠᠨ᠎ᠤ ᠬᠤᠪᠢ᠎ᠳᠤ᠂ ᠴᠠᠩᠱᠠ ᠬᠣᠲᠠ 《ᠺᠢᠨᠣ᠋ + ᠴᠤᠭ᠍ᠯᠠᠭ᠎ᠠ ᠮᠠᠢᠮᠠᠶ》 ᠬᠡᠷᠡᠭ᠌ᠯᠡᠭᠡᠨ᠎ᠦ ᠱᠢᠨ᠎ᠡ ᠪᠠᠢᠳᠠᠯ᠎ᠢ ᠡᠭᠦᠳᠴᠦ᠍᠂ ᠨᠢᠭᠡ ᠺᠢᠨᠣ᠋᠎ᠶ᠋ᠢᠨ ᠪᠢᠯᠧᠲ᠎ᠢᠶᠡᠷ ᠮᠢᠩᠭᠠᠨ ᠳᠡᠯᠭᠡᠭᠦᠷ ᠵᠠᠭᠤᠨ ᠦᠶ᠋ᠯᠡᠰ᠎ᠢ ᠬᠣᠯᠪᠣᠵᠤ᠂ ᠬᠣᠲᠠ᠎ᠶ᠋ᠢᠨ ᠠᠷᠠᠳ᠎ᠤᠨ ᠠᠮᠠᠷᠠᠯᠲᠠ᠎ᠶ᠋ᠢᠨ ᠡᠳᠦᠷ᠎ᠦᠨ ᠠᠮᠢᠳᠤᠷᠠᠯ᠎ᠢ ᠪᠠᠶᠠᠯᠢᠭ᠍ᠵᠢᠭᠤᠯᠪᠠ᠃
ᠪᠡᠭᠡᠵᠢᠩ᠎ᠳᠦ᠂ 2026 ᠬᠠᠢᠳ᠋ᠢᠶᠠᠨ ᠲᠣᠭᠣᠷᠢᠭ᠎ᠤᠨ ᠴᠠᠭᠠᠨ ᠰᠠᠷ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠦᠮ᠎ᠡ᠎ᠶ᠋ᠢᠨ ᠴᠤᠭᠯᠠᠭᠠᠨ ᠳᠡᠭᠡᠷ᠎ᠡ ᠮᠠᠱᠢᠨ ᠬᠥᠮᠦᠨ 《ᠠᠷᠰᠯᠠᠨ ᠳᠤᠭᠯᠠᠬᠤ ᠪᠥᠵᠢᠭ᠌》 ᠲᠤᠭᠯᠠᠪᠠ; ᠵᠧᠵᠢᠶᠠᠩ᠎ᠤᠨ ᠬᠠᠩᠵᠧᠦ 《〈ᠲᠠᠢᠪᠤᠩ ᠤᠨ〉 ᠢ᠋ ᠳᠠᠭᠠᠵᠤ ᠬᠠᠩᠵᠧᠦ ᠪᠡᠷ ᠵᠤᠭᠠᠯᠠᠬᠤ》 ᠭᠤᠤᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠵᠡᠶ; ᠠᠨᠾᠦ᠋ᠢ᠎ᠶ᠋ᠢᠨ ᠣᠯᠠᠨ ᠭᠠᠵᠠᠷ᠎ᠤᠨ᠎ᠬᠢᠨ 《ᠬᠠᠭᠤᠴᠢᠨ ᠪᠠᠷᠢᠯᠭ᠎ᠠ + ᠱᠢᠨ᠎ᠡ ᠡᠵᠡᠩᠨᠡᠯᠲᠡ᠎ᠶ᠋ᠢᠨ ᠬᠡᠯᠪᠡᠷᠢ》᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ + ᠠᠷᠠᠳ᠎ᠤᠨ ᠵᠠᠩ ᠦᠶ᠋ᠯᠡ》 ᠵᠡᠷᠭᠡ ᠵᠢ ᠠᠭᠤᠰᠤᠯᠴᠠᠭᠤᠯᠤᠨ᠂ ᠵᠤᠭ᠎ᠠ ᠴᠡᠩᠭᠡᠯ᠎ᠲᠡᠶ᠂ ᠭᠣᠶᠣ ᠦᠵᠡᠮᠵᠢ᠎ᠲᠡᠶ ᠪᠥᠭᠡᠳ ᠰᠡᠭᠦᠳᠡᠷ ᠳᠠᠳᠠᠬᠤ᠎ᠳᠦ ᠳᠤᠬᠢᠷᠠᠮᠵᠢᠳᠠᠢ ᠬᠡᠷᠡᠭ᠌ᠯᠡᠭᠡᠨ᠎ᠦ ᠠᠬᠤᠶ ᠲᠠᠯᠠᠪᠠᠶ ᠤᠯᠠᠨ ᠤ᠋ ᠬᠦᠷᠢᠶᠡᠯᠡᠯ᠎ᠢ ᠤᠯᠪᠠ᠁ ᠰᠢᠨ᠎ᠡ ᠪᠠᠢᠳᠠᠯ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠨᠢ ᠪᠠᠶᠠᠷ᠎ᠤᠨ ᠡᠳᠦᠷ᠎ᠦᠨ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠦᠨ ᠳᠠᠯᠳᠠ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠪᠡ᠃
ᠲᠥᠷᠥ᠎ᠶ᠋ᠢᠨ ᠪᠣᠳᠣᠯᠭ᠎ᠠ 《ᠬᠦᠴᠦᠨ ᠨᠡᠮᠡᠷᠢᠯᠡᠵᠦ》᠂ ᠠᠷᠠᠳ᠎ᠤᠨ ᠠᠮᠢᠳᠤᠷᠠᠯ᠎ᠤᠨ ᠠᠰᠠᠷᠠᠮᠵᠢ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠪᠡ᠃
ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠦᠬᠠᠨ ᠬᠤᠳᠠ᠎ᠶ᠋ᠢᠨ ᠬᠤᠩᠱᠠᠨ ᠲᠣᠭᠣᠷᠢᠭ᠎ᠤᠨ ᠵᠢᠨ ᠳ᠋ᠢ ᠠᠭᠤᠳᠠᠮ ᠲᠠᠯᠠᠪᠠᠢ᠎ᠳᠤ᠂ ᠬᠤᠳᠠ᠎ᠶ᠋ᠢᠨ ᠠᠷᠠᠳ ᠫᠸᠩ ᠠᠪᠤᠭᠠᠢ ᠨᠢᠭᠡ ᠵᠦᠢᠯ᠎ᠦᠨ ᠤᠶᠤᠨᠲᠤ ᠭᠠᠷ ᠴᠠᠭ ᠬᠤᠳᠠᠯᠳᠤᠨ ᠠᠪᠴᠠᠢ᠂ 《ᠡᠨᠡ ᠬᠡᠯᠪᠡᠷᠢ᠎ᠶ᠋ᠢᠨ ᠭᠠᠷ ᠴᠠᠭ᠎ᠤᠨ ᠤᠤᠯ ᠦᠨ᠎ᠡ ᠨᠢ 2799 ᠲᠥᠭᠥᠷᠢᠭ ᠪᠠᠢᠵᠠᠢ᠂ ᠤᠯᠤᠰ᠎ᠤᠨ ᠨᠥᠬᠥᠪᠥᠷᠢ ᠪᠠ ᠲᠦᠷᠦᠯ ᠲᠡᠮᠳᠡᠭ᠎ᠦᠨ ᠬᠠᠷᠠᠭᠠᠯᠵᠠᠯ᠎ᠢ ᠬᠦᠷᠳᠡᠭᠰᠡᠨ ᠤ᠋ ᠳᠠᠷᠠᠭ᠎ᠠ ᠭᠠᠷ ᠤᠲᠠᠰᠤᠨ ᠤ᠋ ᠦᠨ᠎ᠡ ᠨᠢ 1950 ᠲᠥᠭᠥᠷᠢᠭ ᠪᠤᠯᠵᠤ᠂ ᠳᠠᠭᠠᠰᠢᠶᠠᠯᠢ ᠬᠦᠷᠳᠡᠯ᠎ᠡ》 ᠭᠡᠪᠡ᠃
ᠡᠨᠡ ᠵᠢᠯ᠎ᠦᠨ ᠲᠦᠷᠦᠭᠦᠦ ᠪᠦᠯᠦᠭ 625 ᠳ᠋ᠦᠩᠱᠢᠭᠤᠷ ᠲᠥᠭᠥᠷᠢᠭ᠎ᠦᠨ ᠬᠡᠷᠡᠭ᠌ᠯᠡᠭᠡᠨ᠎ᠦ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠪᠠᠯᠠ ᠮᠥᠩᠭᠥ᠎ᠶ᠋ᠢ ᠡᠯ᠎ᠡ ᠭᠠᠵᠠᠷ᠎ᠲᠤ ᠨᠢᠭᠡᠨᠲᠡ ᠰᠠᠯᠭᠠᠨ ᠥᠭ᠌ᠴᠦ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠨᠥᠬᠥᠪᠥᠷᠢ ᠥᠭ᠌ᠬᠦ ᠣᠷᠣᠭᠤᠯᠤᠯᠲᠠ᠎ᠪᠠᠨ ᠨᠡᠮᠡᠭ᠌ᠳᠡᠭᠦᠯᠪᠡ; ᠡᠯ᠎ᠡ ᠭᠠᠵᠠᠷ᠎ᠤᠨ᠎ᠬᠢᠨ 20.5 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠠᠮᠠᠷᠠᠯᠲᠠ᠎ᠶ᠋ᠢᠨ ᠬᠤᠭᠤᠴᠠᠭᠠᠨ᠎ᠳᠤ ᠬᠡᠷᠡᠭ᠌ᠯᠡᠭᠡᠨ᠎ᠦ ᠲᠡᠮᠳᠡᠭ᠌ᠲᠦ᠂ ᠨᠥᠬᠥᠪᠥᠷᠢ᠂ ᠤᠯᠠᠭᠠᠨ ᠪᠠᠭᠯᠠᠭ᠎ᠠ ᠵᠡᠷᠭᠡ ᠬᠡᠯᠪᠡᠷᠢ᠎ᠪᠡᠷ ᠳᠠᠮᠵᠢᠨ ᠬᠡᠷᠡᠭ᠌ᠯᠡᠭ᠌ᠴᠢᠳ᠎ᠲᠦ ᠱᠢᠭᠤᠳ ᠬᠦᠷᠭᠡᠪᠡ ᠁ ᠣᠯᠠᠨ ᠰᠠᠯᠠᠭ᠎ᠠ ᠮᠥᠴᠢᠷ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠂ ᠱᠠᠩᠨᠠᠯᠲᠤ ᠪᠠᠷᠢᠮᠲᠠ᠂ ᠮᠥᠩᠭᠥᠨ ᠭᠦᠶ᠋ᠯᠭᠡᠭᠡᠨ᠎ᠦ ᠳᠡᠮᠵᠢᠯᠭᠡ ᠵᠡᠷᠭᠡ ᠴᠠᠭᠠᠨ ᠰᠠᠷ᠎ᠠ᠎ᠶ᠋ᠢᠨ ᠲᠣᠮᠣ ᠪᠡᠯᠡᠭ ᠭᠠᠷᠭᠠᠵᠤ᠂ ᠦᠨᠡᠨ ᠮᠥᠩᠭᠥ᠎ᠪᠡᠷ ᠪᠠᠶᠠᠷ᠎ᠤᠨ ᠡᠳᠦᠷ᠎ᠦᠨ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠢ ᠬᠥᠭ᠌ᠵᠢᠭᠡᠪᠡ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠤᠤᠯᠳᠠᠯᠭ᠎ᠠ᠎ᠲᠠᠶ ᠬᠢᠨᠠᠨ ᠬᠡᠮᠵᠢᠭ᠌ᠰᠡᠨ 78 ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠣᠷᠢᠭ) ᠵᠢᠨ ᠬᠡᠷᠡᠭᠯᠡᠭᠴᠢᠳ᠎ᠤᠨ ᠲᠣᠭ᠎ᠠ᠂ ᠡᠵᠡᠩᠨᠡᠯᠲᠡ᠎ᠶ᠋ᠢᠨ ᠲᠣᠭ᠎ᠠ ᠨᠢ ᠨᠢᠳᠤᠨᠤᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠤ ᠬᠢ᠎ᠡᠴᠡ ᠲᠣᠰ ᠲᠣᠰ 6.7% ᠪᠠ 7.5% ᠪᠡᠷ ᠨᠡᠮᠡᠭ᠌ᠳᠡᠪᠡ; ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠤᠤᠯᠳᠠᠯᠭ᠎ᠠ᠎ᠲᠠᠶ ᠬᠢᠨᠠᠨ ᠬᠡᠮᠵᠢᠭ᠌ᠰᠡᠨ ᠢᠳᠡᠭᠡᠨ ᠤᠮᠳᠠᠭᠠᠨ᠎ᠤ ᠠᠵᠤ ᠠᠬᠤᠢᠯᠠᠯ᠎ᠤᠨ ᠪᠣᠷᠣᠯᠠᠭᠤᠯᠭ᠎ᠠ᠎ᠶ᠋ᠢᠨ ᠬᠡᠮᠵᠢᠶ᠎ᠡ ᠨᠢᠳᠤᠨᠤᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠤ ᠬᠢ᠎ᠡᠴᠡ 5.2%᠎ᠢᠶᠡᠷ ᠨᠡᠮᠡᠭ᠌ᠳᠡᠵᠡᠶ; ᠭᠤᠤᠯᠳᠠᠯᠭ᠎ᠠ᠎ᠲᠠᠶ ᠲᠠᠪᠴᠠᠩ᠎ᠤᠨ ᠤᠶᠤᠨᠲᠤ ᠨᠢᠳᠦᠨ ᠱᠢᠯ᠂ ᠤᠶᠤᠨᠲᠤ ᠮᠠᠱᠢᠨ ᠬᠥᠮᠦᠨ᠎ᠦ ᠪᠣᠷᠣᠯᠠᠭᠤᠯᠭ᠎ᠠ᠎ᠶ᠋ᠢᠨ ᠬᠡᠮᠵᠢᠶ᠎ᠡ ᠨᠢᠳᠤᠨᠤᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠤ᠎ᠬᠢ᠎ᠡᠴᠡ ᠲᠣᠰ ᠲᠣᠰ 47.3% ᠪᠠ 32.7% ᠪᠠᠷ ᠨᠡᠮᠡᠭ᠌ᠳᠡᠪᠡ; ᠪᠥᠬᠥ᠌ ᠤᠯᠤᠰ᠎ᠤᠨ ᠬᠡᠷᠡᠭ᠌ᠯᠡᠭᠡ᠎ᠶ᠋ᠢᠨ ᠬᠣᠯᠪᠣᠭ᠍ᠳᠠᠯ ᠪᠥᠬᠥᠶ ᠠᠵᠢᠯ ᠲᠥᠷᠥᠯ᠎ᠦᠨ ᠡᠳᠦᠷ ᠳᠤᠮᠳᠠᠴᠢ᠎ᠶ᠋ᠢᠨ ᠪᠣᠷᠣᠯᠠᠭᠤᠯᠤᠯᠲᠠ᠎ᠶ᠋ᠢᠨ ᠣᠷᠣᠯᠭ᠎ᠠ᠎ᠶ᠋ᠢ ᠲᠦᠷᠦᠭᠦᠦ ᠵᠢᠯ᠎ᠦᠨ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭ᠎ᠠ᠎ᠲᠠᠶ ᠬᠠᠷᠢᠴᠠᠭᠤᠯᠪᠠᠯ 13.7% ᠪᠡᠷ ᠨᠡᠮᠡᠭ᠌ᠳᠡᠪᠡ᠃
ᠤᠯᠠᠭᠠᠨ ᠮᠣᠷᠢᠨ ᠵᠢᠯ᠎ᠦᠨ ᠠᠨᠭᠬᠠᠳᠤᠭᠠᠷ ᠡᠳᠦᠷ᠂ ᠳᠤᠮᠳᠠᠳᠤ ᠤᠯᠤᠰ ᠡᠴᠡ ᠺᠠᠨᠠᠳᠠ᠂ ᠠᠩᠭ᠌ᠯᠢ᠎ᠶᠢᠨ ᠡᠩ᠎ᠦᠨ ᠫᠠᠰᠫᠣᠷᠲ᠎ᠲᠠᠢ ᠬᠥᠮᠥᠰ᠎ᠲᠦ ᠥᠯᠥ ᠸᠢᠰᠠᠯᠠᠬᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠭᠠᠭᠴᠠ ᠲᠠᠯ᠎ᠠ᠎ᠶᠢᠨ ᠦᠯᠦ ᠸᠢᠰᠠᠯᠠᠬᠤ 《ᠨᠠᠢᠵᠠ᠎ᠶᠢᠨ ᠲᠣᠭᠣᠷᠢᠭ᠋》 ᠨᠡᠮᠡᠭᠳᠡᠭᠡᠳ 50 ᠤᠯᠤᠰ ᠪᠣᠯᠪᠠ᠃
ᠲᠤᠬᠠᠢ᠎ᠶᠢᠨ ᠡᠳᠦᠷ᠎ᠦᠨ ᠲᠡᠭ ᠴᠠᠭ ᠰᠠᠶᠢᠬᠠᠨ ᠥᠩᠭᠡᠷᠡᠵᠦ᠂ ᠮᠠᠨᠢᠯᠠ᠎ᠡᠴᠡ ᠱᠠᠩᠬᠠᠢ ᠬᠦᠷᠬᠦ 5J678 ᠡᠭᠡᠯᠵᠢ᠎ᠶᠢᠨ ᠨᠢᠰᠬᠡᠯ ᠫᠦᠳᠦᠢ᠍ᠩᠤᠨ ᠨᠢᠰᠬᠡᠯ᠎ᠦᠨ ᠪᠠᠭᠤᠳᠠᠯ᠎ᠳᠦ ᠭᠠᠵᠠᠷᠳᠠᠪᠠ᠃ 《ᠳᠤᠮᠳᠠᠳᠤ ᠵᠢᠨ ᠨᠠᠢᠵᠠ ᠦᠯᠦ ᠸᠢᠰᠠᠯᠠᠬᠤ ᠲᠦᠷᠦ ᠵᠢᠨ ᠪᠤᠳᠤᠯᠭ᠎ᠠ ᠵᠢ ᠨᠠᠳᠠ᠎ᠳᠤ ᠮᠡᠳᠡᠭᠳᠡᠵᠦ᠂ ᠳᠤᠮᠳᠠᠳᠤ ᠤᠯᠤᠰ᠎ᠲᠤ ᠢᠷᠡᠵᠤ ᠴᠠᠭᠠᠨ ᠰᠠᠷ᠎ᠠ᠎ᠶᠢᠨ ᠪᠠᠶᠠᠷ᠎ᠢ ᠥᠩᠭᠡᠷᠡᠭᠦᠯᠬᠦ᠎ᠪᠡᠷ ᠤᠷᠢᠵᠠᠢ᠃ ᠪᠢᠳᠡ ᠱᠠᠩᠬᠠᠢ᠂ ᠬᠠᠩᠵᠧᠦ᠂ ᠪᠡᠭᠡᠵᠢᠩ ᠵᠡᠷᠭᠡ ᠣᠯᠠᠨ ᠭᠠᠵᠠᠷ᠎ᠢᠶᠠᠷ ᠵᠢᠭᠤᠯᠴᠢᠯᠠᠨ ᠨᠠᠭᠠᠳᠬᠤ᠎ᠪᠠᠷ ᠲᠥᠯᠥᠪᠯᠡᠵᠦ ᠪᠠᠢᠨ᠎ᠠ》 ᠭᠡᠵᠤ ᠠᠩᠭ᠌ᠯᠢ᠎ᠶᠢᠨ ᠠᠶᠠᠨᠴᠢᠨ ᠳ᠋ᠤᠰ᠎ᠤᠨ ᠱᠠᠩᠬᠠᠢ᠎ᠶᠢᠨ ᠬᠢᠯᠢ ᠵᠢᠨ ᠪᠣᠭᠣᠮᠲᠠ᠎ᠶᠢᠨ ᠦᠯᠦ ᠸᠢᠰᠠᠯᠠᠬᠤ ᠰᠢᠨ᠎ᠡ ᠲᠦᠷᠦ ᠵᠢᠨ ᠪᠤᠳᠤᠯᠭ᠎ᠠ ᠪᠡᠷ ᠬᠢᠯᠢ᠎ᠪᠡᠷ ᠣᠷᠣᠵᠤ ᠢᠷᠡᠭᠰᠡᠨ ᠠᠩᠬᠠᠨ᠎ᠤ ᠪᠦᠯᠦᠭ ᠠᠶᠠᠨᠴᠢᠨ ᠪᠣᠯᠵᠠᠢ᠃
《ᠳᠤᠮᠳᠠᠳᠤ ᠤᠯᠤᠰ ᠲᠡᠬᠢ ᠵᠢᠭᠤᠯᠴᠢᠯᠠᠯ》᠂ 《ᠳᠤᠮᠳᠠᠳᠤ ᠤᠯᠤᠰ ᠲᠡᠬᠢ ᠬᠤᠳᠠᠯᠳᠤᠨ ᠠᠪᠤᠯᠳᠠ》 ᠦᠷᠭᠦᠯᠵᠢᠯᠡᠨ ᠨᠡᠮᠡᠭᠳᠡᠵᠦ᠂ ᠤᠯᠤᠰ᠎ᠤᠨ ᠳᠣᠲᠣᠭᠠᠳᠤ᠎ᠶᠢᠨ ᠬᠡᠷᠡᠭᠯᠡᠭᠡ᠎ᠶᠢ ᠳᠠᠢᠴᠢᠯᠠᠪᠠ᠃ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ ᠬᠢᠯᠢ᠎ᠪᠡᠷ ᠣᠷᠣᠵᠤ ᠢᠷᠡᠭᠰᠡᠨ ᠭᠠᠳᠠᠭᠠᠳᠤ᠎ᠶᠢᠨ ᠬᠥᠮᠥᠨ᠎ᠦ ᠳᠣᠲᠣᠷ᠎ᠠ᠂ ᠦᠯᠦ ᠸᠢᠰᠠᠯᠠᠬᠤ ᠲᠥᠷᠥ᠎ᠶᠢᠨ ᠪᠣᠳᠣᠯᠭ᠎ᠠ᠎ᠪᠡᠷ ᠬᠢᠯᠢ᠎ᠪᠡᠷ ᠣᠷᠣᠵᠤ ᠢᠷᠡᠭᠰᠡᠨ ᠨᠢ 46 ᠲᠦᠮᠡᠨ ᠬᠥᠮᠥᠨ ᠤᠳᠠᠭ᠎ᠠ ᠳ᠋ᠦ ᠬᠦᠷᠴᠦ᠂ ᠨᠢᠳᠤᠨᠤᠨ᠎ᠤ ᠠᠮᠠᠷᠠᠯᠲᠠ᠎ᠶᠢᠨ ᠬᠤᠭᠤᠴᠠᠭᠠᠨ᠎ᠤ ᠬᠢ ᠲᠡᠢ ᠬᠠᠷᠢᠴᠠᠭᠤᠯᠪᠠᠯ ᠡᠳᠦᠷ ᠳᠤᠮᠳᠠᠴᠢ ᠪᠡᠷ 28.5% ᠪᠡᠷ ᠨᠡᠮᠡᠭᠳᠡᠪᠡ᠃ ᠬᠢᠯᠢ᠎ᠪᠡᠷ ᠣᠷᠣᠵᠤ ᠵᠢᠭᠤᠯᠴᠢᠯᠠᠬᠤ ᠦᠢᠯᠡᠳᠬᠦᠨ᠎ᠦ ᠵᠠᠬᠢᠶᠠᠯᠠᠭ᠎ᠠ᠎ᠶᠢᠨ ᠬᠡᠮᠵᠢᠶ᠎ᠡ ᠨᠢᠳᠤᠨᠤᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠬᠢ᠎ᠡᠴᠡ 18.4% ᠪᠡᠷ ᠨᠡᠮᠡᠭᠳᠡᠪᠡ᠃
ᠵᠠᠬ᠎ᠠ ᠳᠡᠯᠭᠡᠭᠦᠷ ᠬᠥᠭᠵᠢᠶᠡᠨ᠎ᠲᠠᠢ ᠪᠣᠯᠵᠤ᠂ ᠴᠢᠬᠤᠯᠠ ᠶᠡᠬᠡ ᠲᠦᠷᠦᠯ ᠵᠦᠢᠯ ᠴᠦ᠍ ᠯᠠᠪᠳᠠᠭᠤᠨ᠎ᠢᠶᠠᠷ ᠠᠬᠢᠵᠦ ᠪᠠᠢᠨ᠎ᠠ᠃
ᠴᠠᠭᠠᠨ ᠰᠠᠷ᠎ᠠ᠎ᠶᠢᠨ ᠰᠢᠨ᠎ᠡ᠎ᠶᠢᠨ ᠵᠢᠷᠭᠤᠭᠠᠨ᠎ᠳᠤ᠂ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠭᠣᠣᠯᠳᠠᠯᠭ᠎ᠠ᠎ᠲᠠᠢ ᠡᠨᠧᠷᠭᠢ᠎ᠶᠢᠨ ᠢᠨᠵᠧᠨᠧᠷᠢᠩ ᠪᠣᠯᠤᠭᠰᠠᠨ᠎ᠤ ᠬᠤᠪᠢ᠎ᠳᠤ᠂ ᠭᠦᠢᠯᠢᠨᠦ ᠭᠤᠸᠠᠨᠶᠠᠩᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠲᠡᠭᠡ᠎ᠶᠢᠨ ᠪᠠᠷᠢᠯᠭ᠎ᠠ ᠶᠠᠭ ᠶᠠᠭᠠᠷᠠᠯᠲᠠᠢ ᠶᠠᠪᠤᠭᠳᠠᠵᠤ ᠪᠠᠢᠯ᠎ᠡ᠃ ᠪᠦᠲᠦᠭᠡᠨ ᠪᠠᠢᠭᠤᠯᠤᠭ᠍ᠴᠢᠳ ᠬᠠᠪᠤᠷ᠎ᠤᠨ ᠡᠬᠢᠨ᠎ᠦ ᠪᠠᠷᠢᠯᠭ᠎ᠠ᠎ᠶᠢᠨ ᠠᠵᠢᠯ᠎ᠤᠨ ᠵᠠᠩᠭᠢᠯᠠᠭ᠎ᠠ ᠵᠢᠨ ᠬᠤᠭᠤᠴᠠᠭ᠎ᠠ᠎ᠶᠢ ᠠᠮᠵᠢᠵᠤ᠂ ᠣᠯᠠᠨ ᠠᠵᠢᠯ᠎ᠤᠨ ᠪᠠᠷᠢᠯᠭ᠎ᠠ᠎ᠶᠢᠨ ᠠᠵᠢᠯ᠎ᠤᠨ ᠡᠭᠦᠷᠭᠡ ᠵᠢ ᠠᠬᠢᠭᠤᠯᠵᠤ ᠪᠠᠢᠨ᠎ᠠ᠃
《ᠪᠢᠳᠡ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠬᠦ᠂ ᠴᠢᠬᠤᠯᠠ ᠶᠡᠬᠡ ᠲᠦᠷᠦᠯ ᠵᠦᠢᠯ᠎ᠦᠨ ᠭᠣᠣᠯ ᠡᠭᠦᠷᠭᠡ᠎ᠶᠢ ᠡᠭᠦᠷᠭᠡᠯᠡᠬᠦ ᠱᠠᠭᠠᠷᠳᠠᠯᠭ᠎ᠠ᠎ᠪᠠᠷ ᠭᠣᠣᠯᠳᠠᠭᠤᠯᠵᠤ᠂ ᠴᠢᠬᠤᠯᠠ ᠶᠡᠬᠡ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠵᠤ ᠪᠠᠢᠨ᠎ᠠ》᠃ ᠡᠮᠦᠨᠡᠲᠦ ᠤᠷᠤᠨ᠎ᠤ ᠴᠠᠬᠢᠯᠭᠠᠨ ᠲᠣᠣᠷ᠎ᠤᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠭᠡᠯᠳᠡᠰ᠎ᠤᠨ ᠳᠡᠳ᠋ ᠶᠡᠷᠦᠩᠬᠡᠢ ᠳᠠᠭᠠᠭᠠᠮᠠᠯ ᠳ᠋ᠦᠩ ᠶᠠᠨ ᠯᠸ᠂ ᠺᠣᠮᠫᠠᠨᠢ᠎ᠶᠢᠨ ᠨᠢᠭᠡᠳᠦᠭᠡᠷ ᠤᠯᠠᠷᠢᠯ᠎ᠳᠤ ᠪᠡᠯᠡ ᠣᠷᠣᠭᠤᠯᠤᠯᠲᠠ᠎ᠶᠢᠨ ᠶᠡᠷᠦᠩᠬᠡᠢ ᠬᠡᠮᠵᠢᠶ᠎ᠡ ᠵᠢ 30 ᠳ᠋ᠦᠩᠰᠢᠭᠤᠷ ᠲᠥᠭᠥᠷᠢᠭ᠎ᠢ ᠳᠠᠪᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠵᠦ᠂ ᠬᠥᠭᠵᠢᠯᠲᠡ᠎ᠶᠢᠨ ᠰᠡᠯᠭᠦᠬᠦ ᠬᠦᠴᠦᠨ᠎ᠢ ᠨᠡᠮᠡᠭᠳᠡᠭᠦᠯᠬᠦ᠎ᠪᠡᠷ ᠲᠥᠯᠥᠪᠯᠡᠵᠦ ᠪᠤᠢ ᠭᠡᠵᠤ ᠲᠠᠨᠢᠯᠴᠠᠭᠤᠯᠪᠠ᠃
ᠠᠮᠠᠷᠠᠯᠲᠠ᠎ᠶᠢᠨ ᠬᠤᠭᠤᠴᠠᠭᠠᠨ᠎ᠳᠤ᠂ ᠪᠡᠭᠡᠵᠢᠩ᠎ᠦᠨ ᠵᠢᠮᠲᠦ ᠵᠠᠮ ᠬᠠᠷᠢᠯᠴᠠᠭᠠᠨ᠎ᠤ ᠪᠠᠢᠭᠤᠯᠵᠤ ᠪᠠᠢᠭ᠎ᠠ ᠵᠠᠮ ᠱᠤᠭᠤᠮ᠎ᠤᠨ 27 ᠬᠡᠰᠡᠭ᠎ᠲᠦ ᠵᠠᠯᠭᠠᠭ᠎ᠠ᠎ᠪᠠᠷ ᠠᠵᠢᠯ ᠡᠬᠢᠯᠡᠪᠡ; ᠵᠧᠵᠢᠶᠠᠩ᠎ᠤᠨ ᠱᠣᠤᠰᠢᠩ᠎ᠤᠨ 35 ᠴᠢᠬᠤᠯᠠ ᠶᠡᠬᠡ ᠲᠦᠷᠦᠯ ᠵᠦᠢᠯ᠎ᠤᠨ ᠠᠵᠢᠯ ᠦᠷᠭᠦᠯᠵᠢᠯᠡᠨ ᠠᠬᠢᠪᠠ; ᠭᠤᠸᠠᠨᠭᠳᠦᠢ᠍ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠤᠷᠤᠨ᠂ ᠱᠢ ᠽᠢ ᠶᠠᠩ ᠵᠠᠮ᠂ ᠭᠤᠸᠠᠨᠭᠵᠸᠦ ᠡᠴᠡ ᠱᠧᠨᠵᠧᠨ ᠬᠦᠷᠬᠦ ᠲᠦᠷᠭᠡᠨ᠎ᠤ ᠵᠠᠰᠠᠮᠠᠯ ᠵᠠᠮ᠎ᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠬᠣᠶᠠᠷ ᠶᠡᠬᠡ ᠭᠣᠣᠯᠳᠠᠯᠭ᠎ᠠ᠎ᠲᠠᠢ ᠲᠦᠷᠦᠯ ᠵᠦᠢᠯ᠎ᠦᠨ ᠵᠠᠩᠭᠢᠯᠠᠭ᠎ᠠ᠎ᠶᠢᠨ ᠠᠵᠢᠯ ᠲᠡᠰ ᠳᠠᠷᠠᠭ᠎ᠠ ᠲᠡᠢ ᠦᠷᠭᠦᠯᠵᠢᠯᠡᠨ ᠪᠣᠭᠣᠮᠲᠠ ᠰᠢᠪᠲᠤᠯᠪᠠ ᠁
ᠴᠠᠭᠠᠨ ᠰᠠᠷ᠎ᠠ᠎ᠶᠢᠨ ᠬᠤᠭᠤᠴᠠᠭᠠᠨ᠎ᠳᠤ ᠬᠥᠮᠥᠨ ᠬᠠᠷ᠎ᠠ ᠴᠤᠭᠯᠠᠷᠠᠵᠤ᠂ ᠬᠤᠳᠠᠯᠳᠤᠭ᠎ᠠ ᠮᠠᠢᠮᠠᠢ ᠤᠯᠠᠰᠢᠷᠠᠳᠠᠭ ᠡᠴᠡ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ 《ᠰᠢᠵᠢᠷ ᠠᠯᠲᠠᠨ ᠴᠠᠭ ᠬᠤᠭᠤᠴᠠᠭ᠎ᠠ》 ᠪᠤᠯᠳᠠᠭ ᠪᠠᠢᠨ᠎ᠠ᠃
ᠴᠠᠭᠠᠨ ᠰᠠᠷ᠎ᠠ᠎ᠶᠢᠨ ᠰᠢᠨ᠎ᠡ᠎ᠶᠢᠨ ᠭᠤᠷᠪᠠᠨ᠎ᠳᠤ᠂ ᠬᠤᠪᠧᠢ᠎ᠶᠢᠨ ᠶᠢᠩᠱᠠᠨ ᠰᠢᠶᠠᠨ ᠭᠣᠣᠯᠳᠠᠯᠭ᠎ᠠ᠎ᠲᠠᠢ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠲᠤᠬᠠᠢ᠎ᠶᠢᠨ ᠲᠠᠯᠠᠪᠠᠢ᠎ᠳᠤ 43 ᠲᠦᠷᠦᠯ ᠵᠦᠢᠯ᠎ᠦᠨ ᠭᠡᠷ᠎ᠡ ᠲᠣᠭᠲᠠᠪᠠ; ᠴᠠᠭᠠᠨ ᠰᠠᠷ᠎ᠠ᠎ᠶᠢᠨ ᠰᠢᠨ᠎ᠡ᠎ᠶᠢᠨ ᠲᠠᠪᠤᠨ᠎ᠳᠤ᠂ ᠹᠦᠵᠧᠦ᠎ᠶᠢᠨ ᠰᠢᠨ᠎ᠡ ᠲᠣᠭᠣᠷᠢᠭ᠋ (ᠴᠠᠩ ᠯᠸ ᠲᠣᠭᠣᠷᠢᠭ᠋) ᠤ᠋ᠨ 2026 ᠣᠨ᠎ᠤ ᠴᠠᠭᠠᠨ ᠰᠠᠷ᠎ᠠ᠎ᠶᠢᠨ ᠠᠵᠤ ᠠᠬᠤᠢᠯᠠᠯᠲᠠᠳ᠎ᠤᠨ ᠶᠡᠬᠡ ᠬᠤᠷᠠᠯ ᠬᠤᠷᠠᠯᠳᠤᠵᠤ᠂ ᠲᠤᠬᠠᠢ᠎ᠶᠢᠨ ᠲᠠᠯᠠᠪᠠᠢ᠎ᠳᠤ ᠴᠠᠬᠢᠮ ᠢᠯᠳᠠᠰᠤ᠂ ᠰᠢᠨ᠎ᠡ ᠮᠠᠲᠧᠷᠢᠶᠠᠯ᠂ ᠭᠡᠷᠡᠯᠴᠢ ᠴᠡᠨᠡᠭ᠎ᠦᠨ ᠴᠠᠬᠢᠯᠭᠠᠨ ᠦᠷᠳᠡᠭᠡ ᠵᠡᠷᠭᠡ ᠤᠯᠠᠨ ᠭᠣᠣᠯᠳᠠᠯᠭ᠎ᠠ᠎ᠲᠠᠢ ᠬᠦᠷᠢᠶ᠎ᠡ᠎ᠶᠢ ᠬᠠᠮᠤᠷᠤᠭᠰᠠᠨ 20 ᠲᠦᠷᠦᠯ ᠵᠦᠢᠯ᠎ᠳᠦ ᠭᠠᠷᠤᠨ ᠦᠰᠦᠭ ᠵᠢᠷᠤᠵᠠᠢ ᠁
《ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠢ ᠪᠦᠲᠦᠭᠡᠨ ᠪᠠᠶ᠋ᠢᠭᠤᠯᠬᠤ》 ᠶ᠋ᠢ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠡᠴᠡ 2026 ᠣᠨ᠎ᠤ ᠠᠵᠤ ᠠᠬᠤᠢ᠎ᠶᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ᠎ᠶᠢᠨ ᠲᠡᠷᠢᠭᠦᠨ᠎ᠳᠦ ᠵᠢᠭᠰᠠᠭᠠᠪᠠ᠃ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠰᠢᠨ᠎ᠡ ᠪᠠᠢᠳᠠᠯ ᠨᠢ ᠠᠵᠤ ᠠᠬᠤᠢ᠎ᠶᠢᠨ ᠠᠮᠢᠵᠢᠷᠠᠯ᠎ᠤᠨ ᠬᠦᠴᠦᠨ᠎ᠦ ᠰᠢᠭᠤᠳ ᠢᠯᠡᠷᠡᠯ ᠪᠣᠯᠬᠤ ᠪᠥᠭᠡᠳ ᠳᠣᠲᠣᠭᠠᠳᠤ ᠬᠡᠷᠡᠭᠴᠡᠭᠡ᠎ᠶᠢᠨ ᠳᠠᠯᠳᠠ ᠬᠦᠴᠦᠨ᠎ᠢ ᠪᠦᠲᠦᠮᠵᠢᠲᠡᠢ ᠪᠠᠳᠠᠷᠠᠭᠤᠯᠵᠤ ᠪᠠᠢᠬᠤ᠎ᠶᠢ ᠬᠠᠷᠠᠭᠤᠯᠵᠤ ᠪᠠᠢᠭ᠎ᠠ ᠶᠤᠮ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ)