ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠬᠡᠷᠡᠭᠯᠡᠭᠡ᠎ᠶᠢᠨ ᠵᠠᠬ᠎ᠠ ᠳᠡᠯᠭᠡᠭᠦᠷ ᠲᠤ᠌ ᠬᠦᠭᠵᠢᠶᠡᠨᠲᠡᠢ ᠬᠢᠯᠠᠰ ᠴᠡᠭ ᠤᠯᠠᠨ ᠢᠯᠡᠷᠡᠵᠡᠢ
2026-02-28 09:56:47
ᠵᠣᠬᠢᠶᠠᠭ᠍ᠴᠢ᠄
ᠰᠢᠶᠸ ᠰᠢ ᠶᠤᠤ᠂ ᠸᠠᠩ ᠵᠢᠨ ᠬᠤᠤ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 24᠎ᠤ᠋ ᠡᠳᠦᠷ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠡᠴᠡ ᠣᠢᠯᠠᠭᠠᠭᠰᠠᠨ ᠵᠢᠡᠷ᠂ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ ᠡᠯ᠎ᠡ ᠭᠠᠵᠠᠷ᠎ᠤᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠦᠳ 《ᠴᠠᠭᠠᠨ ᠰᠠᠷ᠎ᠠ᠎ᠶᠢᠨ ᠬᠦᠭᠵᠢᠶᠡᠨᠳᠦ ᠬᠤᠳᠠᠯᠳᠤᠭ᠎ᠠ》 ᠴᠠᠭᠠᠨ ᠰᠠᠷ᠎ᠠ᠎ᠶᠢᠨ ᠣᠨᠴᠠᠭᠠᠶ ᠠᠵᠢᠯᠯᠠᠭ᠎ᠠ᠎ᠶᠢ ᠭᠦᠨᠵᠡᠭᠡᠢ ᠵᠣᠬᠢᠶᠠᠨ ᠪᠠᠢᠭᠤᠯᠤᠨ ᠥᠷᠨᠢᠭᠦᠯᠵᠦ᠂ ᠬᠡᠷᠡᠭᠯᠡᠭᠡᠨ᠎ᠦ ᠵᠦᠢᠯ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠂ ᠱᠠᠩᠨᠠᠯᠲᠤ ᠭᠠᠷᠲᠠᠮ ᠵᠡᠷᠭᠡ ᠲᠥᠷᠥ᠎ᠶᠢᠨ ᠪᠣᠳᠣᠯᠭ᠎ᠠ᠎ᠶᠢ ᠬᠦᠴᠦᠯᠡᠨ ᠬᠡᠷᠡᠭᠵᠢᠭᠦᠯᠵᠦ᠂ ᠠᠮᠠᠷᠠᠯᠲᠠ᠎ᠶᠢᠨ ᠡᠳᠦᠷ᠎ᠦᠨ ᠬᠡᠷᠡᠭᠯᠡᠭᠡᠨ᠎ᠦ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠪᠠ᠃

ᠬᠤᠳᠠᠯᠳᠤᠭᠠᠨ᠎ᠤ ᠶᠠᠪᠤᠳᠠᠯ᠎ᠤᠨ᠎ᠲᠤᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 2026 ᠣᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ᠂ ᠪᠥᠬᠥ ᠤᠯᠤᠰ᠎ᠤᠨ ᠭᠣᠣᠯᠳᠠᠯᠭ᠎ᠠ᠎ᠲᠠᠢ ᠵᠢᠵᠢᠭᠯᠡᠨ ᠬᠤᠳᠠᠯᠳᠤᠬᠤ ᠪᠠ ᠢᠳᠡᠭᠡᠨ ᠤᠮᠳᠠᠭᠠᠨ᠎ᠤ ᠠᠵᠤ ᠠᠬᠤᠢᠯᠠᠯ᠎ᠤᠨ ᠡᠳᠦᠷ ᠳᠤᠮᠳᠠᠴᠢ᠎ᠶᠢᠨ ᠪᠣᠷᠣᠯᠠᠭᠤᠯᠤᠯᠲᠠ᠎ᠶᠢᠨ ᠬᠡᠮᠵᠢᠶ᠎ᠡ 2025 ᠣᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠬᠢ᠎ᠡᠴᠡ 5.7% ᠪᠡᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠵᠠᠭᠤᠨ᠎ᠤ ᠬᠠᠷᠢᠴᠠᠯ ᠵᠢᠡᠷ 1.6 ᠬᠤᠪᠢ ᠲᠦᠷᠭᠡᠳᠪᠡ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠣᠣᠯᠳᠠᠯᠭ᠎ᠠ᠎ᠲᠠᠢ ᠬᠢᠨᠠᠨ ᠬᠡᠮᠵᠢᠭᠰᠡᠨ 78 ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠣᠷᠢᠭ᠋) ᠶ᠋ᠢᠨ ᠬᠡᠷᠡᠭᠯᠡᠭᠴᠢᠳ᠎ᠤᠨ ᠲᠣᠭ᠎ᠠ ᠬᠡᠮᠵᠢᠶ᠎ᠡ᠂ ᠡᠵᠡᠩᠨᠡᠯᠲᠡ᠎ᠶᠢᠨ ᠨᠣᠷᠮ᠎ᠠ ᠨᠢ ᠨᠢᠳᠤᠨᠤᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠬᠢ᠎ᠡᠴᠡ ᠲᠣᠰ ᠲᠣᠰ 6.7% ᠪᠠ 7.5% ᠪᠡᠷ ᠨᠡᠮᠡᠭᠳᠡᠪᠠ᠃

ᠲᠠᠸᠠᠷ᠎ᠤᠨ ᠬᠡᠷᠡᠭᠯᠡᠭᠡᠨ᠎ᠦ ᠲᠠᠯ᠎ᠠ᠎ᠪᠠᠷ᠂ ᠬᠠᠭᠤᠴᠢᠨ᠎ᠢᠶᠠᠷ ᠰᠢᠨ᠎ᠡ᠎ᠶᠢ ᠰᠣᠯᠢᠵᠤ ᠬᠡᠷᠡᠭᠯᠡᠭᠡᠨ᠎ᠦ ᠬᠡᠷᠡᠭᠴᠡᠭᠡ᠎ᠶᠢ ᠦᠷᠭᠦᠯᠵᠢᠯᠡᠨ ᠪᠠᠳᠠᠷᠠᠭᠤᠯᠪᠠ᠃ 2 ᠰᠠᠷ᠎ᠠ᠎ᠶᠢᠨ 23᠎ᠤ᠋ ᠡᠳᠦᠷ ᠪᠣᠯᠲᠠᠯ᠎ᠠ᠂ 2026 ᠣᠨ᠎ᠳᠤ ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠎ᠳᠤ 3112.7 ᠲᠦᠮᠡᠨ ᠬᠥᠮᠥᠨ ᠤᠳᠠᠭ᠎ᠠ᠎ᠳᠤ ᠠᠰᠢᠭ᠋ ᠬᠦᠷᠲᠡᠭᠡᠵᠦ᠂ ᠪᠣᠷᠤᠯᠠᠭᠤᠯᠭ᠎ᠠ᠎ᠶᠢᠨ ᠬᠡᠮᠵᠢᠶ᠎ᠡ᠎ᠶᠢ 2070.3 ᠳ᠋ᠦᠩᠰᠢᠭᠤᠷ ᠲᠥᠭᠥᠷᠢᠭ ᠳᠠᠶ᠋ᠢᠴᠢᠯᠠᠪᠠ᠃ ᠣᠶᠤᠨᠲᠤ᠂ ᠪᠣᠬᠢᠷᠲᠤᠯ ᠦᠭᠡᠢ ᠪᠦᠲᠦᠭᠡᠭᠳᠡᠬᠦᠨ᠎ᠦ ᠬᠡᠷᠡᠭᠴᠡᠭᠡ ᠶᠡᠬᠡ᠎ᠪᠡᠷ ᠨᠡᠮᠡᠭᠳᠡᠵᠦ᠂ ᠬᠤᠳᠠᠯᠳᠤᠭᠠᠨ᠎ᠤ ᠶᠠᠪᠤᠳᠠᠯ᠎ᠤᠨ ᠲᠤᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠡᠨᠡ ᠵᠢᠯ᠎ᠦᠨ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ ᠭᠣᠣᠯᠳᠠᠯᠭ᠎ᠠ᠎ᠲᠠᠢ ᠲᠠᠪᠴᠠᠩ᠎ᠤᠨ ᠣᠶᠤᠨᠲᠤ ᠨᠢᠳᠦᠨ ᠰᠢᠯ᠂ ᠪᠡᠶ᠎ᠡ ᠴᠤᠬᠴᠠᠳᠤ ᠣᠶᠤᠨᠲᠤ ᠮᠠᠰᠢᠨ ᠬᠥᠮᠥᠨ᠎ᠦ ᠪᠣᠷᠣᠯᠠᠭᠤᠯᠤᠯᠲᠠ᠎ᠶᠢᠨ ᠬᠡᠮᠵᠢᠶ᠎ᠡ ᠨᠢᠳᠤᠨᠤᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠬᠢ᠎ᠡᠴᠡ ᠲᠣᠰ ᠲᠣᠰ 47.3% ᠪᠠ 32.7% ᠪᠡᠷ ᠨᠡᠮᠡᠭᠳᠡᠵᠦ᠂ ᠤᠰᠤ ᠠᠷᠪᠢᠯᠠᠬᠤ ᠤᠬᠢᠶᠠᠯᠭ᠎ᠠ᠎ᠶᠢᠨ ᠪᠠᠭᠠᠵᠢ ᠬᠡᠷᠡᠭᠰᠡᠯ᠂ ᠣᠷᠭᠠᠨᠢᠭ᠋ ᠢᠳᠡᠭᠡᠨ᠎ᠦ ᠵᠦᠢᠯ ᠲᠣᠰ ᠲᠣᠰ 23.2% ᠪᠠ 26.5% ᠪᠡᠷ ᠨᠡᠮᠡᠭᠳᠡᠪᠡ᠃

ᠦᠢᠯᠡᠴᠢᠯᠡᠭᠡᠨ᠎ᠦ ᠬᠡᠷᠡᠭᠯᠡᠭᠡ᠎ᠶᠢᠨ ᠲᠠᠯ᠎ᠠ᠎ᠪᠠᠷ᠂ ᠬᠤᠳᠠᠯᠳᠤᠭᠠᠨ᠎ᠤ ᠶᠠᠪᠤᠳᠠᠯ᠎ᠤᠨ ᠲᠤᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠡᠨᠡ ᠵᠢᠯ᠎ᠦᠨ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠣᠣᠯᠳᠠᠯᠭ᠎ᠠ᠎ᠲᠠᠢ ᠬᠢᠨᠠᠨ ᠬᠡᠮᠵᠢᠭᠰᠡᠨ ᠢᠳᠡᠭᠡᠨ ᠤᠮᠳᠠᠭᠠᠨ᠎ᠤ ᠠᠵᠤ ᠠᠬᠤᠢᠯᠠᠯ᠎ᠤᠨ ᠪᠤᠷᠤᠯᠠᠭᠤᠯᠭ᠎ᠠ ᠵᠢᠨ ᠬᠡᠮᠵᠢᠶ᠎ᠡ ᠨᠢᠳᠤᠨᠤᠨ᠎ᠤ ᠴᠠᠭᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭᠠᠨ᠎ᠤ ᠬᠢ ᠡᠴᠡ 5.2% ᠵᠢᠡᠷ ᠨᠡᠮᠡᠭᠳᠡᠪᠡ᠋; ᠭᠣᠣᠯᠳᠠᠯᠭ᠎ᠠ᠎ᠲᠠᠢ ᠲᠠᠪᠴᠠᠩ᠎ᠤᠨ ᠲᠡᠷᠭᠡ ᠲᠦᠷᠢᠶᠡᠰᠦᠯᠡᠬᠦ ᠵᠠᠬᠢᠶᠠᠯᠠᠭ᠎ᠠ᠎ᠶᠢᠨ ᠲᠣᠭ᠎ᠠ ᠨᠢᠳᠤᠨᠤᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠬᠢ᠎ᠡᠴᠡ 51% ᠪᠡᠷ ᠨᠡᠮᠡᠭᠳᠡᠵᠦ᠂ ᠡᠭᠦᠨ᠎ᠳᠦ ᠲᠦᠷᠢᠶᠡᠰᠦᠯᠡᠬᠦ ᠬᠤᠭᠤᠴᠠᠭ᠎ᠠ ᠨᠢ 7 ᠡᠳᠦᠷ ᠪᠠ 8 ᠡᠳᠦᠷ᠎ᠦᠨ ᠵᠠᠬᠢᠶᠠᠯᠠᠭ᠎ᠠ᠎ᠶᠢᠨ ᠲᠣᠭ᠎ᠠ ᠲᠣᠰ ᠲᠣᠰ 95% ᠪᠠ 73% ᠪᠡᠷ ᠨᠡᠮᠡᠭᠳᠡᠵᠦ᠂ ᠡᠮᠦᠨᠡᠲᠦ ᠤᠮᠠᠷᠠᠲᠤ ᠵᠢ ᠠᠯᠤᠰᠯᠠᠭᠰᠠᠨ ᠵᠠᠬᠢᠶᠠᠯᠠᠭ᠎ᠠ᠎ᠶᠢᠨ ᠲᠣᠭ᠎ᠠ 251% ᠪᠡᠷ ᠨᠡᠮᠡᠭᠳᠡᠪᠡ; ᠮᠥᠰᠥ ᠴᠠᠰᠤᠨ᠎ᠤ ᠵᠢᠭᠤᠯᠴᠢᠯᠠᠯ᠎ᠤᠨ ᠬᠡᠷᠡᠭᠯᠡᠭᠡ ᠨᠢᠳᠤᠨᠤᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠬᠢ᠎ᠡᠴᠡ 12.1% ᠪᠡᠷ ᠨᠡᠮᠡᠭᠳᠡᠵᠦ᠂ ᠬᠦᠢᠲᠡᠨ᠎ᠡᠴᠡ ᠵᠠᠢᠯᠠᠬᠤ ᠵᠢᠭᠤᠯᠴᠢᠯᠠᠯ᠎ᠤᠨ ᠬᠡᠷᠡᠭᠯᠡᠭᠡ ᠨᠢᠳᠤᠨᠤᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠬᠢ᠎ᠡᠴᠡ 29.8% ᠪᠡᠷ ᠨᠡᠮᠡᠭᠳᠡᠪᠠ; ᠭᠠᠳᠠᠭᠠᠳᠤ᠎ᠶᠢᠨ ᠬᠥᠮᠥᠨ᠎ᠦ ᠳᠤᠮᠳᠠᠳᠤ ᠤᠯᠤᠰ᠎ᠲᠤ ᠢᠷᠡᠵᠤ ᠰᠢᠨᠡᠯᠡᠬᠦ ᠨᠢ 《ᠰᠢᠨ᠎ᠡ ᠵᠢᠯ᠎ᠦᠨ ᠵᠠᠩᠰᠢᠯ》 ᠪᠣᠯᠵᠤ᠂ ᠬᠢᠯᠢ᠎ᠪᠡᠷ ᠣᠷᠣᠵᠤ ᠵᠢᠭᠤᠯᠴᠢᠯᠠᠬᠤ ᠦᠢᠯᠡᠳᠬᠦᠨ᠎ᠦ ᠵᠠᠬᠢᠶᠠᠯᠠᠭ᠎ᠠ᠎ᠶᠢᠨ ᠬᠡᠮᠵᠢᠶ᠎ᠡ ᠨᠢᠳᠤᠨᠤᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠤ ᠬᠢ᠎ᠡᠴᠡ 18.4% ᠪᠡᠷ ᠨᠡᠮᠡᠭᠳᠡᠵᠡᠢ᠃

(ᠰᠢᠨᠬᠤᠸᠠ ᠬᠤᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 24 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号