ᠴᠠᠭᠠᠨ ᠰᠠᠷ᠎ᠠ ᠶ᠋ᠢᠨ ᠬᠤᠭᠤᠴᠠᠭᠠᠨ ᠳ᠋ᠡᠬᠢ ᠵᠠᠬ᠎ᠠ ᠳᠡᠯᠭᠡᠭᠦᠷ ᠤ᠋ᠨ ᠡᠵᠡᠩᠨᠡᠯᠲᠡ ᠶ᠋ᠢᠨ ᠡᠮᠬᠢ ᠵᠢᠷᠦᠮ ᠢ᠋ ᠦᠨᠡᠨ ᠬᠦ᠌ ᠴᠢᠩᠭᠠᠳᠭᠠᠵᠤ᠂ ᠦᠢᠯᠡᠳᠬᠦᠨ ᠤ᠋ ᠶᠠᠰᠤ ᠴᠢᠨᠠᠷ ᠤ᠋ᠨ ᠠᠮᠤᠷ ᠲᠦᠪᠰᠢᠨ ᠤ᠋ ᠬᠤᠷᠢᠭ᠎ᠠ ᠱᠤᠭᠤᠮ ᠢ᠋ ᠪᠠᠲᠤ ᠰᠠᠬᠢᠨ᠂ ᠠᠷᠠᠳ ᠣᠯᠠᠨ ᠤ᠋ ᠠᠮᠢ ᠨᠠᠰᠤ ᠡᠳ᠋ ᠬᠥᠷᠥᠩᠭᠡ ᠶ᠋ᠢᠨ ᠠᠮᠤᠷ ᠲᠦᠪᠱᠢᠨ ᠢ᠋ ᠪᠠᠲᠤᠯᠠᠬᠤ ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠤᠸᠠᠷ ᠫᠤᠤᠵᠢᠩ ᠤ᠋ᠨ ᠶᠠᠰᠤ ᠴᠢᠨᠠᠷ ᠤ᠋ᠨ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠶ᠋ᠢᠨ ᠶᠡᠬᠡ ᠪᠠᠢᠴᠠᠭᠠᠯᠲᠠ ᠥᠷᠨᠢᠭᠦᠯᠵᠦ᠂ ᠡᠯ᠎ᠡ ᠭᠠᠵᠠᠷ ᠤ᠋ᠨ ᠴᠢᠩᠭ᠎ᠠ ᠵᠢᠭ᠍ᠰᠠᠭᠠᠨ ᠪᠠᠢᠴᠠᠭᠠᠵᠤ᠂ ᠬᠠᠤᠯᠢ ᠵᠢ ᠴᠢᠩᠭ᠎ᠠ ᠬᠡᠷᠡᠭ᠌ᠵᠢᠭᠦᠯᠬᠦ ᠵᠢ ᠱᠠᠯᠠᠪᠳᠠᠭᠤᠯᠤᠨ ᠵᠢᠯᠤᠭᠤᠳᠴᠤ᠂ ᠬᠤᠸᠠᠷ ᠫᠤᠤᠵᠢᠩ ᠤ᠋ᠨ ᠦᠶ᠋ᠯᠡᠳᠬᠦᠨ ᠤ᠋ ᠶᠠᠰᠤ ᠴᠢᠨᠠᠷ ᠤ᠋ᠨ ᠠᠮᠤᠷ ᠲᠦᠪᠱᠢᠨ ᠤ᠋ ᠠᠶᠤᠯ ᠲᠦᠭᠰᠢᠭᠦᠷᠢ ᠵᠢ ᠴᠢᠨᠭᠭ᠎ᠠ ᠰᠡᠷᠭᠡᠢᠯᠡᠨ ᠡᠵᠡᠮᠳᠡᠪᠡ᠃
ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨᠠᠨ ᠪᠠᠢᠴᠠᠭᠠᠬᠤ ᠲᠤᠭᠤᠢᠯᠠᠩ ᠬᠥᠬᠡᠬᠣᠲᠠ ᠶ᠋ᠢᠨ ᠬᠤᠸᠠᠷ ᠫᠤᠤᠵᠢᠩ ᠪᠣᠷᠣᠯᠠᠭᠤᠯᠬᠤ ᠳᠡᠯᠭᠡᠭᠦᠷ ᠲᠦ᠍ ᠭᠦᠨᠵᠡᠭᠡᠢᠷᠡᠨ ᠲᠡᠳᠡᠨ ᠤ᠋ ᠡᠵᠡᠩᠨᠡᠯᠲᠡ ᠶ᠋ᠢᠨ ᠬᠢᠷᠢ ᠬᠡᠮ᠂ ᠪᠠᠷᠠᠭ᠎ᠠ ᠣᠷᠣᠭᠤᠯᠵᠤ ᠪᠣᠷᠣᠯᠠᠭᠤᠯᠤᠭ᠍ᠰᠠᠨ ᠡᠬᠡ ᠲᠠᠩᠰᠠ᠂ ᠦᠶ᠋ᠯᠡᠳᠬᠦᠨ ᠤ᠋ ᠬᠢᠷᠢ ᠲᠡᠩᠴᠡᠭ᠌ᠰᠡᠨ ᠦᠨᠡᠮᠯᠡᠯ ᠵᠡᠷᠭᠡ ᠵᠢ ᠪᠠᠢᠴᠠᠭᠠᠵᠤ᠂ ᠠᠵᠢᠯᠯᠠᠵᠤ ᠪᠠᠢᠭ᠎ᠠ ᠬᠥᠮᠦᠰ ᠢ᠋ ᠠᠮᠤᠷ ᠲᠦᠪᠱᠢᠨ ᠤ᠋ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠪᠠᠨ ᠴᠢᠩᠭ᠎ᠠ ᠭᠦᠶ᠋ᠴᠡᠳᠭᠡᠵᠦ᠍᠂ ᠶᠠᠰᠤ ᠴᠢᠨᠠᠷᠨᠢ ᠬᠢᠷᠢ ᠲᠡᠩᠴᠡᠭ᠌ᠰᠡᠨ ᠬᠤᠸᠠᠷ ᠫᠤᠤᠵᠢᠩ ᠢ᠋ ᠪᠤᠷᠤᠯᠠᠭᠤᠯᠵᠤ᠂ ᠬᠠᠤᠯᠢ ᠲᠣᠭ᠍ᠲᠠᠭᠠᠯ ᠳ᠋ᠤ ᠨᠡᠢᠴᠡᠭᠦᠯᠦᠨ ᠠᠮᠤᠷ ᠲᠦᠪᠱᠢᠨ ᠢ᠋ᠶ᠋ᠡᠷ ᠡᠵᠡᠩᠨᠡᠬᠦ᠌ ᠵᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃ ᠤᠯᠠᠭᠠᠨᠴᠠᠪ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨᠠᠨ ᠪᠠᠢᠴᠠᠭᠠᠬᠤ ᠲᠤᠭᠤᠢᠯᠠᠩ ᠵᠢᠨᠢᠩ ᠲᠣᠭᠣᠷᠢᠭ ᠤ᠋ᠨ ᠬᠤᠸᠠᠷ ᠫᠤᠤᠵᠢᠩ ᠪᠣᠷᠣᠯᠠᠭᠤᠯᠬᠤ ᠳᠡᠯᠭᠡᠭᠦᠷ ᠲᠦ᠍ ᠦᠶ᠋ᠯᠡᠳᠬᠦᠨ ᠤ᠋ ᠶᠠᠰᠤ ᠴᠢᠨᠠᠷ ᠤ᠋ᠨ ᠲᠤᠰᠭᠠᠶ ᠪᠠᠢᠴᠠᠭᠠᠯᠲᠠ ᠥᠷᠨᠢᠭᠦᠯᠵᠦ᠂ 《 ᠦᠢᠯᠡᠳᠪᠦᠷᠢᠯᠡᠭᠰᠡᠨ ᠡᠳᠦᠷ ᠬᠤᠭᠤᠴᠠᠭ᠎ᠠ ᠦᠭᠡᠢ᠂ ᠶᠠᠰᠤ ᠴᠢᠨᠠᠷ ᠤ᠋ᠨ ᠬᠢᠷᠢ ᠲᠡᠨᠭᠴᠡᠭᠰᠡᠨ ᠦᠨᠡᠮᠯᠡᠯ ᠦᠭᠡᠢ᠂ ᠦᠢᠯᠡᠳᠪᠦᠷᠢᠯᠡᠭᠰᠡᠨ ᠦᠢᠯᠡᠳᠪᠦᠷᠢ ᠦᠭᠡᠢ 》 ᠦᠢᠯᠡᠳᠬᠦᠨ ᠢ᠋ ᠪᠣᠷᠣᠯᠠᠭᠤᠯᠤᠭ᠍ᠰᠠᠨ ᠡᠰᠡᠬᠦ᠌ ᠵᠢ ᠭᠣᠣᠯᠳᠠᠯᠭ᠎ᠠ ᠲᠠᠢ ᠪᠠᠢᠴᠠᠭᠠᠪᠠ᠃ ᠣᠷᠳᠣᠰ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨᠠᠨ ᠪᠠᠢᠴᠠᠭᠠᠬᠤ ᠲᠤᠭᠤᠢᠯᠠᠩ 《ᠲᠤᠬᠠᠶ ᠶ᠋ᠢᠨ ᠭᠠᠵᠠᠷ ᠲᠤᠨᠢ ᠬᠢᠨᠠᠨ ᠪᠠᠢᠴᠠᠭᠠᠬᠤ + ᠲᠤᠬᠠᠶ ᠶ᠋ᠢᠨ ᠭᠠᠵᠠᠷ ᠲᠤᠨᠢ ᠵᠢᠭᠠᠨ ᠵᠢᠯᠣᠭᠣᠳᠭᠤ + ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠦᠷᠨᠢᠭᠦᠯᠬᠦ 》 ᠵᠠᠭ᠍ᠪᠤᠷ ᠢ᠋ ᠠᠪᠴᠤ᠌᠂ ᠬᠤᠸᠠᠷ ᠫᠤᠤᠵᠢᠩ ᠤ᠋ᠨ ᠦᠢᠯᠡᠳᠬᠦᠨ ᠤ᠋ ᠬᠢᠨᠠᠨ ᠪᠠᠢᠴᠠᠭᠠᠯᠲᠠ ᠦᠷᠨᠢᠭᠦᠯᠪᠡ᠃ ᠪᠤᠭᠤᠲᠤ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨᠠᠨ ᠪᠠᠢᠴᠠᠭᠠᠬᠤ ᠲᠤᠭᠤᠢᠯᠠᠩ ᠬᠤᠸᠠᠷ ᠫᠤᠤᠵᠢᠩ ᠪᠥᠭᠡᠮ ᠢ᠋ᠶ᠋ᠡᠷ ᠪᠤᠷᠤᠯᠠᠭᠤᠯᠬᠤ ᠪᠠ ᠵᠢᠵᠢᠭ᠌ᠯᠡᠨ ᠬᠤᠳᠠᠯᠳᠤᠬᠤ ᠳᠡᠯᠭᠡᠭᠦᠷ ᠤ᠋ᠨ ᠡᠵᠡᠩᠨᠡᠯᠲᠡ ᠶ᠋ᠢᠨ ᠬᠢᠷᠢ ᠬᠡᠮ᠂ ᠪᠠᠷᠠᠭ᠎ᠠ ᠣᠷᠣᠭᠤᠯᠬᠤ ᠳ᠋ᠠᠭᠠᠨ ᠪᠠᠢᠴᠠᠭᠠᠨ ᠱᠢᠯᠭᠠᠭ᠍ᠰᠠᠨ ᠲᠡᠮᠳᠡᠭ᠌ᠯᠡᠯ᠂ ᠦᠶ᠋ᠯᠡᠳᠬᠦᠨ ᠤ᠋ ᠶᠠᠰᠤ ᠴᠢᠨᠠᠷ ᠵᠡᠷᠭᠡ ᠵᠢ ᠭᠤᠤᠯᠳᠠᠯᠭ᠎ᠠ ᠲᠠᠢ ᠪᠠᠢᠴᠠᠭᠠᠬᠤ ᠶ᠋ᠢᠨ ᠬᠠᠮᠲᠤ᠂ ᠤᠬᠠᠭᠤᠯᠤᠨ ᠵᠢᠯᠣᠭᠣᠳᠭᠤ ᠡᠷᠴᠢᠮ ᠢ᠋ᠶ᠋ᠡᠨ ᠴᠢᠩᠭᠠᠷᠠᠭᠤᠯᠪᠠ᠃ ᠲᠦᠩᠯᠢᠶᠣᠤ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠣᠲᠠ ᠶ᠋ᠢᠨ ᠪᠠᠴᠢᠮ ᠪᠠᠢᠳᠠᠯ ᠢ᠋ ᠠᠷᠭᠠᠴᠠᠭᠠᠬᠤ ᠲᠣᠪᠴᠢᠶ᠎ᠠ᠂ ᠳᠣᠲᠣᠭᠠᠳᠤ ᠵᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠱᠠᠯᠠᠪᠳᠠᠭᠤᠯᠤᠨ ᠵᠢᠯᠣᠭᠣᠳᠭᠤ ᠳᠤᠭᠤᠢᠯᠠᠩ ᠪᠠᠢᠭᠤᠯᠤᠨ᠂ ᠵᠠᠷᠤᠳ ᠬᠣᠱᠢᠭᠤᠨ ᠳ᠋ᠤ ᠬᠦᠷᠴᠦ᠍ ᠬᠤᠸᠠᠷ ᠫᠤᠤᠵᠢᠩ ᠪᠥᠭᠡᠮ ᠢ᠋ᠶ᠋ᠡᠷ ᠪᠤᠷᠤᠯᠠᠭᠤᠯᠬᠤ ᠠᠵᠤ ᠠᠬᠤᠢᠯᠠᠯ᠂ ᠵᠢᠵᠢᠭ᠌ᠯᠡᠨ ᠬᠤᠳᠠᠯᠳᠤᠬᠤ ᠳᠡᠯᠭᠡᠭᠦᠷ ᠲᠦ᠍ ᠪᠠᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠤ᠋ᠨ ᠭᠡᠮ ᠰᠤᠭᠤᠭ ᠤ᠋ᠨ ᠲᠤᠬᠠᠢ ᠪᠦᠬᠦᠨ ᠢ᠋ ᠵᠢᠭᠠᠨ ᠵᠢᠯᠣᠭᠣᠳᠴᠤ ᠴᠠᠭ ᠲᠤᠬᠠᠢ ᠳ᠋ᠤᠨᠢ ᠰᠠᠢᠵᠢᠷᠠᠭᠤᠯᠪᠠ᠃
ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠳ᠋ᠤ᠂ ᠪᠥᠬᠥ᠌ ᠣᠷᠣᠨ ᠤ᠋ ᠡᠯ᠎ᠡ ᠱᠠᠲᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠪᠦᠬᠦᠨ ᠢ᠋ ᠬᠠᠮᠤᠷᠴᠤ ᠨᠡᠢᠳᠡᠮ ᠪᠠᠢᠴᠠᠭᠠᠬᠤ ᠬᠡᠯᠪᠡᠷᠢ ᠶ᠋ᠢᠨ ᠵᠢᠭ᠍ᠰᠠᠭᠠᠨ ᠪᠠᠢᠴᠠᠭᠠᠯᠲᠠ ᠥᠷᠨᠢᠭᠦᠯᠵᠦ᠍᠂ ᠣᠲᠣ ᠪᠣᠯᠲᠠᠯ᠎ᠠ ᠨᠢᠭᠡᠨᠲᠡ 3416 ᠬᠤᠸᠠᠷ ᠫᠤᠤᠵᠢᠩ ᠤ᠋ᠨ ᠪᠥᠭᠡᠮ ᠢ᠋ᠶ᠋ᠡᠷ ᠪᠤᠷᠤᠯᠠᠭᠤᠯᠬᠤ ᠪᠠ ᠵᠢᠵᠢᠭᠯᠡᠨ ᠬᠤᠳᠠᠯᠳᠤᠬᠤ ᠳᠡᠯᠭᠡᠭᠦᠷ ᠢ᠋ ᠪᠠᠢᠴᠠᠭᠠᠵᠤ᠂ ᠦᠶ᠋ᠯᠡᠳᠬᠦᠨ ᠤ᠋ ᠶᠠᠰᠤ ᠴᠢᠨᠠᠷ ᠤ᠋ᠨ ᠬᠡᠮ ᠰᠣᠭᠣᠭ ᠤ᠋ᠨ ᠠᠰᠠᠭᠤᠳᠠᠯ ᠢ᠋ 121 ᠢᠯᠡᠷᠡᠭᠦᠯᠦᠨ ᠱᠢᠶ᠋ᠳᠪᠦᠷᠢᠯᠡᠵᠦ᠍᠂ ᠪᠠᠷᠢᠨ ᠪᠠᠢᠴᠠᠭᠠᠵᠤ ᠪᠠᠷᠢᠨ ᠰᠠᠢᠵᠢᠷᠠᠭᠤᠯᠬᠤ᠂ ᠪᠢᠲᠡᠭᠦᠮᠵᠢᠯᠡᠭ᠌ᠰᠡᠨ ᠬᠠᠮᠢᠶᠠᠷᠤᠯᠲᠠ ᠵᠢ ᠪᠡᠶᠡᠯᠡᠭᠦᠯᠪᠡ᠃ ᠦᠶ᠋ᠯᠡᠳᠬᠦᠨ ᠤ᠋ ᠶᠠᠰᠤ ᠴᠢᠨᠠᠷ ᠤ᠋ᠨ ᠠᠮᠤᠷ ᠲᠦᠪᠱᠢᠨ ᠤ᠋ ᠤᠬᠠᠭᠤᠯᠭ᠎ᠠ ᠬᠢᠭᠡᠳ ᠰᠡᠷᠡᠮᠵᠢᠯᠡᠭᠦᠯᠬᠦ᠌ ᠬᠥᠮᠦᠵᠢᠯ ᠢ᠋ ᠵᠡᠷᠭᠡ ᠪᠡᠷ ᠴᠢᠩᠭᠠᠳᠭᠠᠵᠤ᠂ ᠡᠵᠡᠩᠨᠡᠯᠲᠡ ᠶ᠋ᠢᠨ ᠡᠷᠦᠬᠡ ᠪᠣᠯᠤᠨ ᠬᠡᠷᠡᠭ᠌ᠯᠡᠭ᠌ᠴᠢᠳ ᠲᠦ᠍ ᠬᠤᠸᠠᠷ ᠫᠤᠤᠵᠢᠩ ᠰᠣᠩᠭᠣᠨ ᠬᠤᠳᠠᠯᠳᠤᠨ ᠠᠪᠬᠤ ᠂ ᠬᠠᠳᠠᠭᠠᠯᠠᠬᠤ ᠂ ᠲᠠᠯᠪᠢᠬᠤ ᠠᠮᠤᠷ ᠲᠦᠪᠱᠢᠨ ᠤ᠋ ᠮᠡᠳᠡᠯᠭᠡ ᠵᠢ ᠲᠦᠭᠡᠮᠡᠯᠵᠢᠭᠦᠯᠪᠡ᠃