​ᠲᠣᠭᠠᠴᠢᠯᠠᠭ᠍ᠰᠠᠨ ᠮᠡᠷᠭᠡᠵᠢᠯ ᠳ᠋ᠤ ᠲᠦᠰᠢᠭᠯᠡᠨ ᠴᠡᠷᠢᠭ ᠤ᠋ᠨ ᠠᠯᠪᠠ ᠡᠴᠨ ᠬᠠᠯᠠᠬᠳᠠᠬᠰᠠᠳ ᠲᠸ᠋ ᠪᠤᠳᠠᠳᠠᠢ ᠬᠠᠷᠠᠭᠠᠯᠵᠠᠯ ᠦᠵᠡᠬᠦᠯᠦᠨ᠎ᠠ
2026-02-28 16:41:43
ᠵᠣᠬᠢᠶᠠᠭ᠍ᠴᠢ᠄
​ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠣᠲᠠ᠎ᠶ᠋ᠢᠨ ᠲᠠᠪᠴᠠᠩ᠎ᠤᠨ ᠳ᠋ᠠᠢᠲᠨ ᠳ᠋ᠤ ᠢᠯᠡᠷᠡᠭᠦᠯᠦᠭ᠌ᠰᠡᠨ᠎ᠢᠶᠡᠷ᠂ ᠥᠷᠭᠡᠨ ᠣᠯᠠᠨ ᠴᠡᠷᠢᠭ᠎ᠢ ᠬᠦᠷᠢᠶᠡᠯᠡᠬᠦ᠌ ᠬᠤᠳᠠᠯᠳᠤᠭᠠᠴᠢᠨ ᠡᠷᠦᠬᠡ᠎ᠶ᠋ᠢᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠲᠤ ᠬᠠᠷᠠᠭᠠᠯᠵᠠᠯ᠎ᠦᠵᠡᠬᠦᠯᠦᠭᠰᠡᠨ ᠵᠣᠭᠣᠰ᠎ᠤᠨ ᠲᠣᠭ᠎ᠠ᠎ᠨᠢ ᠨᠢᠭᠡᠨᠲᠡ 10 ᠲᠦᠮᠡᠨ ᠲᠥᠭᠥᠷᠢᠭ᠎ᠢ ᠳᠠᠪᠠᠵᠤ᠂ ᠪᠣᠳᠠᠲᠠᠶ ᠠᠷᠠᠯᠵᠢᠶ᠎ᠠ ᠪᠦᠲᠦᠭ᠌ᠰᠡᠨ ᠵᠣᠭᠣᠰ᠎ᠤᠨ ᠲᠣᠭ᠎ᠠ᠎ᠨᠢ 100 ᠲᠦᠮᠡᠨ ᠲᠥᠭᠥᠷᠢᠭ᠎ᠢ ᠳᠠᠪᠠᠭ᠍ᠰᠠᠨ ᠪᠠᠢᠨ᠎ᠠ᠃

ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠲᠤ ᠦᠶ᠋ᠯᠡᠴᠢᠯᠡᠬᠦ᠌ ᠲᠣᠭᠠᠴᠢᠯᠠᠭ᠍ᠰᠠᠨ ᠮᠡᠷᠭᠡᠵᠢᠯ᠎ᠤᠨ ᠬᠥᠭᠥᠷᠭᠡ ᠬᠤᠯᠪᠤᠭᠠᠰᠦ ᠪᠣᠯᠤᠭ᠍ᠰᠠᠨ᠎ᠤ ᠬᠤᠪᠢ᠎ᠳᠤ᠂ 《ᠼᠦᠨ ᠽᠦᠡᠭ》 App ᠨᠢ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠴᠠᠲᠠᠶ ᠵᠣᠯᠭᠠᠭᠤᠯᠵᠤ᠂ 9800 ᠭᠠᠷᠤᠶ ᠴᠡᠷᠢᠭ᠎ᠢ ᠬᠦᠷᠢᠶᠡᠯᠡᠬᠦ᠌ ᠬᠤᠳᠠᠯᠳᠤᠭᠠᠴᠢᠨ ᠡᠷᠦᠬᠡ᠎ᠶ᠋ᠢ ᠲᠡᠳᠡᠨ ᠣᠷᠣᠭᠤᠯᠵᠤ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠠᠮᠢᠳᠤᠷᠠᠯ᠎ᠤᠨ ᠦᠶ᠋ᠯᠡᠴᠢᠯᠡᠭᠡ ᠵᠡᠷᠭᠡ ᠬᠦᠷᠢᠶ᠎ᠠ ᠴᠠᠷᠠᠭ᠎ᠠ ᠵᠢ ᠬᠠᠮᠤᠷᠴᠤ᠌᠂ ᠬᠠᠷᠠᠭᠠᠯᠵᠠᠯ ᠦᠵᠡᠬᠦᠯᠬᠦ ᠦᠶ᠋ᠯᠡᠴᠢᠯᠡᠭᠡᠨ᠎ᠦ ᠲᠤᠤᠷ᠎ᠢ ᠪᠠᠢᠭᠤᠯᠪᠠ᠃ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ ᠺᠣᠳ᠋ ᠱᠢᠷᠪᠢᠪᠡᠯ ᠳᠠᠷᠤᠶ ᠬᠠᠷᠠᠭᠠᠯᠵᠠᠯ ᠭᠥᠷᠳᠡᠵᠦ᠍᠂ ᠲᠥᠬᠥᠮ ᠶᠠᠪᠤᠴᠠ᠎ᠪᠠᠷ ᠲᠥᠷᠥ᠎ᠶ᠋ᠢᠨ ᠪᠣᠳᠣᠯᠭ᠎ᠠ᠎ᠶ᠋ᠢᠨ ᠬᠠᠯᠠᠮᠵᠢᠯᠠᠯ᠎ᠢ ᠬᠢᠯᠪᠠᠷᠬᠠᠨ ᠬᠦᠷᠳᠡᠬᠦ ᠪᠤᠯᠤᠨ᠎ᠠ᠃

ᠡᠭᠦᠨ᠎ᠦ ᠬᠠᠮᠲᠤ᠂ 《ᠼᠦᠨ ᠽᠦᠡᠭ》 App ᠵᠢᠨ ᠬᠤᠪᠢ ᠬᠤᠷᠠᠮᠳᠠᠭᠤᠯᠬᠤ ᠴᠢᠳᠠᠮᠵᠢ ᠨᠢ ᠦᠶ᠋ᠯᠡᠴᠢᠯᠡᠭᠡᠨ᠎ᠦ ᠪᠢᠲᠡᠭᠦᠦ ᠴᠠᠭᠠᠷᠢᠭ᠎ᠢ ᠪᠠᠢᠭᠤᠯᠵᠠᠢ᠃ ᠡᠨᠡ ᠬᠦ᠌ ᠠᠷᠭ᠎ᠠ ᠬᠡᠮᠵᠢᠶ᠎ᠡ ᠨᠢ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠤᠨ ᠬᠡᠷᠡᠭ᠌ᠯᠡᠭᠡᠨ᠎ᠦ ᠬᠠᠯᠠᠭᠤᠨ ᠰᠡᠳᠭᠢᠯᠭᠡ᠎ᠶ᠋ᠢ ᠬᠥᠭ᠌ᠵᠢᠭᠡᠭ᠌ᠰᠡᠨ ᠮᠥᠷᠲᠡᠭᠡᠨ ᠴᠡᠷᠢᠭ᠎ᠢᠶᠡᠨ ᠬᠦᠷᠢᠶᠡᠯᠡᠬᠦ᠌ ᠬᠤᠳᠠᠯᠳᠤᠭᠠᠴᠢᠨ ᠡᠷᠦᠬᠡ᠎ᠵᠢᠨ ᠬᠡᠷᠡᠭᠯᠡᠭᠴᠢᠳ ᠢ᠋ ᠲᠣᠭ᠍ᠲᠠᠭᠤᠨ ᠪᠠᠢᠯᠭᠠᠵᠤ ᠂ 《ᠬᠤᠳᠠᠯᠳᠤᠭᠠᠴᠢᠨ ᠡᠷᠦᠬᠡ ᠠᠱᠢᠭ ᠤᠯᠬᠤ ᠂ ᠠᠬᠠᠮᠠᠳ ᠴᠡᠷᠢᠭ᠎ᠲᠦ ᠠᠱᠢᠭ ᠬᠦᠷᠲᠡᠭᠡᠬᠦ᠌᠂ ᠴᠡᠷᠢᠭ᠎ᠢᠶᠡᠨ ᠬᠦᠷᠢᠶᠡᠯᠡᠨ ᠦᠷ᠎ᠡ ᠠᠱᠢᠭ᠎ᠢ ᠨᠡᠮᠡᠭ᠌ᠳᠡᠭᠦᠯᠬᠦ᠌》ᠰᠠᠢᠨ ᠣᠷᠴᠢᠯ᠎ᠢ ᠪᠣᠶ ᠪᠣᠯᠭᠠᠪᠠ᠃ ᠠᠵᠢᠯᠯᠠᠭ᠎ᠠ ᠥᠷᠨᠢᠭᠦᠯᠦᠭ᠌ᠰᠡᠨ᠎ᠡᠴᠡ ᠨᠠᠭᠠᠰᠢ᠂ ᠨᠢᠭᠡᠨᠲᠡ ᠪᠦᠬᠦᠯᠢ 60 ᠨᠠᠰᠤᠨ᠎ᠠᠴᠠ ᠳᠡᠭᠡᠭ᠌ᠰᠢᠬᠢ᠂ ᠢᠷᠠᠭᠤ ᠠᠯᠳᠠᠷ ᠬᠦᠷᠳᠡᠭᠰᠡᠨ᠂ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠭ᠍ᠰᠠᠨ 976 ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠲᠤ 1157 ᠲᠦᠮᠡᠨ ᠬᠤᠪᠢ ᠣᠯᠭᠣᠵᠤ ᠴᠡᠷᠢᠭ᠎ᠦᠨ ᠰᠡᠳᠭᠢᠯ᠎ᠢ ᠳᠤᠯᠠᠭᠠᠴᠠᠭᠤᠯᠪᠠ᠃

ᠣᠷᠳᠣᠰ ᠬᠣᠲᠠ 6 ᠬᠤᠭᠤᠴᠠᠭ᠎ᠠ ᠳᠠᠷᠠᠭᠠᠯᠠᠨ ᠪᠥᠬᠥ᠌ ᠤᠯᠤᠰ᠎ᠤᠨ ᠬᠣᠶᠠᠷ᠎ᠢ ᠬᠦᠷᠢᠶᠡᠯᠡᠬᠦ᠌ ᠵᠢᠱ᠌ᠢᠶᠡᠴᠢ ᠬᠣᠲᠠ᠎ᠪᠠᠷ ᠨᠡᠷᠡᠢᠳᠦᠭ᠌ᠳᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠴᠡᠷᠢᠭ᠎ᠢᠶᠡᠨ ᠬᠦᠷᠢᠶᠡᠯᠡᠨ ᠬᠡᠷ ᠪᠦᠯᠢ᠎ᠶ᠋ᠢ ᠨᠢ ᠬᠠᠷᠠᠭᠠᠯᠵᠠᠬᠤ ᠡᠭᠦᠷᠭᠡ᠎ᠶ᠋ᠢ ᠦᠶ᠋ᠯᠡᠳᠦᠯᠭᠡᠵᠢᠭᠦᠯᠪᠡ᠃ ᠬᠣᠢᠱᠢᠳᠠ᠂ ᠤᠷᠳᠤᠰ᠎ᠬᠤᠳᠠ ᠲᠠᠪᠴᠠᠩ᠎ᠤᠨ ᠴᠢᠳᠠᠮᠵᠢ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠦᠢᠯᠡᠴᠢᠯᠡᠭᠡᠨ᠎ᠦ ᠬᠦᠷᠢᠢ᠎ᠡ᠎ᠪᠡᠨ ᠥᠷᠭᠡᠳᠭᠡᠵᠦ᠍᠂ ᠴᠡᠷᠢᠭ ᠠᠷᠠᠳ᠎ᠤᠨ ᠵᠢᠭᠠᠰᠤ ᠤᠰᠤᠨ᠎ᠤ ᠬᠠᠷᠢᠴᠠᠭ᠎ᠠ ᠵᠢ ᠪᠡᠬᠢᠵᠢᠭᠦᠯᠦᠨ ᠬᠥᠭ᠌ᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号